ᠲᠠᠯ᠎ᠠ ᠨᠣᠲᠤᠭ ᠤᠨ ᠨᠠᠶᠢᠰᠯᠡᠯ ᠬᠤᠲᠠ - ᠱᠠᠩᠳᠤ ᠬᠤᠲᠠ
ᠨᠡᠶᠢᠲᠡᠯᠡᠭᠰᠡᠨ ᠴᠠᠭ᠄
2022/11/30
     ᠱᠠᠩᠳᠤ ᠬᠤᠲᠠ ᠪᠣᠯ ᠨᠡᠭᠦᠳᠡᠯᠴᠢᠨ ᠦᠨᠳᠦᠰᠦᠲᠡᠨ ᠤ ᠰᠣᠶᠣᠯ ᠤᠨ ᠦᠨᠦᠷ ᠬᠠᠩᠬᠤᠯᠣᠭᠰᠠᠨ ᠥᠪᠡᠷᠮᠢᠴᠡ ᠣᠨᠴᠠᠯᠢᠭ ᠪᠥᠬᠦᠢ ᠲᠠᠯ᠎ᠠ ᠨᠣᠲᠤᠭ ᠤᠨ ᠮᠣᠩᠭᠤᠯ ᠬᠤᠲᠠ ᠪᠣᠯᠣᠨ᠎ᠠ᠃ 1251 ᠣᠨ ᠳᠤ᠂ ᠬᠤᠪᠢᠯᠠᠢ ᠬᠠᠭᠠᠨ᠂ ᠠᠬ᠎ᠠ ᠮᠥᠩᠭᠡ ᠬᠠᠭᠠᠨ ᠤ ᠵᠠᠷᠯᠢᠭ ᠶᠣᠰᠣᠭᠠᠷ ᠭᠤᠪᠢ ᠶᠢᠨ ᠡᠮᠦᠨᠡᠬᠢ ᠮᠣᠩᠭᠤᠯ ᠣᠪᠣᠭ ᠠᠶᠢᠮᠠᠭ ᠪᠠ ᠣᠮᠠᠷᠠᠲᠤ ᠶᠢᠨ ᠢᠷᠭᠡᠨ ᠤ ᠶᠠᠪᠣᠳᠠᠯ ᠢ ᠶᠡᠷᠦᠩᠬᠡᠶᠢᠯᠡᠨ ᠬᠠᠮᠢᠶᠠᠷᠬᠤ ᠳᠣᠰᠢᠶᠠᠯ ᠢᠶᠠᠷ ᠡᠨᠡᠬᠦ ᠭᠤᠪᠢ ᠶᠢᠨ ᠠᠷᠤ ᠡᠮᠦᠨ᠎ᠡ ᠶᠢ ᠬᠤᠯᠪᠣᠭᠰᠠᠨ ᠪᠣᠭᠤᠮᠳᠠ ᠭᠠᠵᠠᠷ - ᠱᠠᠩᠳᠤ ᠶᠢᠨ ᠰᠢᠷ᠎ᠠ ᠲᠠᠯ᠎ᠠ ᠳᠡᠭᠡᠷ᠎ᠡ ᠨᠡᠭᠦᠳᠡᠯ ᠣᠷᠳᠣᠨ ᠢᠶᠠᠨ ᠪᠠᠶᠢᠭᠤᠯᠵᠠᠢ᠃ 1256 ᠣᠨ ᠳᠤ ᠬᠤᠪᠢᠯᠠᠢ ᠰᠢᠳᠠᠷ ᠳᠦᠰᠢᠮᠡᠯ ᠯᠢᠦ ᠪᠢᠩ ᠵᠦᠩ ᠳᠤ ᠵᠠᠷᠯᠢᠭ ᠪᠠᠭᠤᠯᠭᠠᠨ ᠭᠠᠵᠠᠷ ᠰᠣᠩᠭᠤᠭᠤᠯᠵᠤ ᠂ ᠬᠤᠷᠠᠬᠤ ᠶᠢᠨ ᠠᠭᠤᠯᠠᠨ ᠤ ᠡᠮᠦᠨ᠎ᠡ ᠪᠡᠯ᠂ ᠣᠣᠯ ᠤᠨ ᠯᠣᠸᠠᠨ ᠡᠾᠧ ᠭᠤᠣᠯ ᠤᠨ ᠠᠷᠤ ᠳᠡᠨᠵᠢᠨ ᠳᠡᠭᠡᠷ᠎ᠡ ᠬᠤᠲᠠ ᠶᠢᠨ ᠪᠠᠭᠤᠴᠠ ᠲᠠᠯᠪᠢᠪᠠ᠃ ᠪᠠᠷᠢᠯᠭ᠎ᠠ ᠶᠢᠨ ᠠᠵᠢᠯ ᠢ ᠶᠢᠰᠦᠨᠪᠣᠬ᠎ᠠ ᠵᠠᠬᠢᠷᠴᠤ᠂ ᠭᠤᠷᠪᠠᠨ ᠵᠢᠯ ᠰᠢᠬᠠᠮ ᠤᠨ ᠴᠠᠭ ᠵᠠᠷᠣᠴᠠᠭᠤᠯᠵᠤ᠂ 1259 ᠣᠨ ᠳᠤ ᠬᠤᠲᠠ ᠶᠢᠨ ᠠᠩᠬᠠᠨ ᠤ ᠬᠡᠷᠡᠮ ᠬᠦᠷᠢᠶ᠎ᠡ ᠣᠷᠳᠣᠨ ᠬᠠᠷᠰᠢ ᠶᠢ ᠪᠠᠷᠢᠵᠤ ᠳᠠᠭᠤᠰᠬᠠᠭᠠᠳ᠂ ᠬᠤᠲᠠ ᠶᠢᠨ ᠨᠡᠷ᠎ᠡ ᠪᠠᠨ ᠠᠩᠬ᠎ᠠ ᠬᠡᠶᠢᠪᠦᠩ ︵ᠺᠠᠶᠢᠫᠢᠩ︶ ᠣᠷᠳᠣᠨ ᠭᠡᠵᠡᠢ᠃ 1260 ᠣᠨ ᠳᠤ ᠂ ᠬᠤᠪᠢᠯᠠᠢ ᠬᠡᠶᠢᠪᠦᠩ ︵ᠺᠠᠶᠢᠫᠢᠩ︶ ᠣᠷᠳᠣᠨ ᠳᠤ ᠬᠠᠭᠠᠨ ᠣᠷᠣ ᠵᠠᠯᠭᠠᠮᠵᠢᠯᠠᠵᠤ᠂ ᠮᠣᠩᠭᠤᠯ ᠤᠨ ᠶᠡᠭᠡ ᠬᠠᠭᠠᠨ ᠰᠠᠭᠤᠭᠠᠳ ᠭᠤᠷᠪᠠᠨ ᠵᠢᠯ ᠤᠨ ᠳᠠᠷᠠᠭ᠎ᠠ ᠬᠡᠶᠢᠪᠦᠩ ︵ᠺᠠᠶᠢᠫᠢᠩ︶ ᠣᠷᠳᠣᠨ ᠢ ᠳᠡᠭᠡᠳᠦ ᠨᠡᠶᠢᠰᠯᠡᠯ ᠬᠡᠮᠡᠨ ᠡᠷᠭᠦᠮᠵᠢᠯᠡᠨ᠂ ᠣᠨ ᠤ ᠴᠣᠯᠠ ᠪᠠᠨ ︽ᡁᠢ ᠶᠣᠸᠠᠨ︾ ᠬᠡᠮᠡᠪᠡ᠃ 1264 ᠣᠨ ᠳᠤ᠂ ᠬᠤᠪᠢᠯᠠᠢ ᠬᠠᠭᠠᠨ ᠠᠯᠳᠠᠨ ᠤᠯᠤᠰ ᠤᠨ ᠳᠣᠮᠳᠠᠳᠤ ᠨᠠᠶᠢᠰᠯᠡᠯ ︵ᠣᠳᠤ ᠶᠢᠨ ᠪᠡᠭᠡᠵᠢᠩ︶ ᠢ ᠡᠪᠦᠯᠵᠢᠬᠦ ᠨᠡᠶᠢᠰᠯᠡᠯ ᠪᠣᠯᠭᠠᠨ᠂ ᠳᠡᠭᠡᠳᠦ ᠨᠡᠶᠢᠰᠯᠡᠯ ᠱᠠᠩᠳᠤ ᠶᠢ ᠵᠣᠰᠠᠬᠤ ᠨᠠᠶᠢᠰᠯᠠᠯ ᠪᠣᠯᠭᠠᠵᠤ᠂ ᠬᠤᠶᠠᠷ ᠨᠡᠶᠢᠰᠯᠡᠯ ᠤᠨ ᠳᠦᠷᠢᠮ ᠢ ᠬᠡᠷᠡᠭᠵᠢᠭᠦᠯᠵᠡᠢ᠃      1271 ᠣᠨ ᠳᠤ ᠬᠤᠪᠢᠯᠠᠢ ᠬᠠᠭᠠᠨ ︽ᠵᠢᠷᠣᠬᠠᠶᠢᠲᠤ ᠨᠣᠮ︾ ᠳᠡᠭᠡᠷ᠎ᠡ ᠦᠭᠦᠯᠡᠭᠰᠡᠨ ︽ᠴᠢᠶᠠᠨ ᠶᠣᠸᠠᠨ ︵ᠮᠥᠩᠬᠡ ᠠᠭᠤᠤ︶ ᠬᠡᠮᠡᠭᠴᠢ ᠶᠡᠭᠡ ᠶᠢᠨ ᠲᠦᠢᠯ ᠪᠣᠶᠤ︾ ᠭᠡᠳᠡᠭ ᠣᠬᠠᠭᠠᠨ ᠢ ᠡᠰᠢᠯᠡᠵᠦ᠂ ᠤᠯᠤᠰ ᠤᠨ ᠴᠣᠯᠠ ᠪᠠᠨ ︽ᠶᠡᠭᠡ ᠶᠣᠸᠠᠨ︾ ᠬᠡᠮᠡᠨ ᠨᠡᠷᠡᠶᠢᠳᠪᠡ᠃ ᠰᠢᠨ᠎ᠡ ᠸᠠᠩᠲᠤ ᠲᠥᠷᠦ ᠶᠢ ᠪᠠᠶᠢᠭᠤᠯᠣᠭᠠᠳ᠂ ᠣᠮᠠᠷᠠᠲᠤ ᠣᠷᠣᠨ ᠤ ᠨᠣᠶᠠᠷᠬᠠᠯ ᠢᠶᠠᠨ ᠪᠠᠳᠣᠳᠬᠠᠬᠤ ᠶᠢᠨ ᠬᠠᠮᠲᠤ ᠪᠠᠷ᠂ ᠬᠤᠪᠢᠯᠠᠢ ᠬᠠᠭᠠᠨ ᠪᠠᠰᠠ ᠡᠮᠦᠨᠡᠲᠦ ᠰᠦᠩ ᠤᠯᠤᠰ ᠢ ᠨᠢᠭᠡᠳᠭᠡᠬᠦ ᠪᠠᠷ ᠪᠡᠯᠡᠳᠬᠡᠨ᠂ 1273 ᠣᠨ ᠳᠤ ᠯᠢᠨ ᠠᠨ ︵ᠣᠳᠤ ᠶᠢᠨ ᠬᠠᠩᠵᠸᠤ︶ ᠢ ᠡᠵᠡᠯᠡᠵᠦ᠂ 1279 ᠣᠨ ᠳᠤ ᠡᠮᠦᠨᠡᠲᠦ ᠰᠦᠩ ᠤᠯᠤᠰ ᠢ ᠰᠥᠨᠦᠭᠡᠭᠡᠳ᠂ ᠪᠥᠬᠦ ᠤᠯᠤᠰ ᠤᠨ ᠲᠤᠮᠤ ᠨᠢᠭᠡᠳᠦᠯ ᠢ ᠪᠡᠶᠡᠯᠡᠭᠦᠯᠦᠭᠰᠡᠨ ᠪᠠᠶᠢᠨ᠎ᠠ᠃      ᠶᠣᠸᠠᠨ ᠤ ᠳᠡᠭᠡᠳᠦ ᠨᠡᠶᠢᠰᠯᠠᠯ᠂ ᠱᠠᠩᠳᠤ ᠬᠤᠲᠠ ᠨᠢ ᠳᠣᠮᠳᠠᠳᠤ ᠤᠯᠤᠰ ᠤᠨ ᠬᠠᠮᠤᠭ ᠤᠨ ᠶᠡᠭᠡ ᠨᠢᠭᠡᠳᠦᠯ ᠢ ᠪᠡᠶᠡᠯᠡᠭᠦᠯᠦᠭᠰᠡᠨ ᠨᠡᠶᠢᠰᠯᠠᠯ ᠬᠤᠲᠠ ᠮᠦᠨ᠃ ᠬᠤᠪᠢᠯᠠᠢ ᠬᠠᠭᠠᠨ ᠪᠣᠯᠣᠨ ᠲᠡᠭᠦᠨ ᠤ ᠵᠠᠯᠭᠠᠮᠵᠢᠯᠠᠭᠴᠢᠳ ᠥᠪᠡᠷ ᠤᠨ ᠮᠣᠩᠭᠤᠯ ᠦᠨᠳᠦᠰᠦᠲᠡᠨ ᠤ ᠥᠪᠡᠷᠮᠢᠴᠡ ᠣᠨᠴᠠᠯᠢᠭ ᠢᠶᠠᠷ ᠱᠠᠩᠳᠤ ᠬᠤᠲᠠ ᠶᠢ ᠪᠥᠲᠦᠭᠡᠨ ᠪᠠᠶᠢᠭᠤᠯᠣᠭᠰᠠᠨ ᠶᠤᠮ᠃ ᠲᠡᠷᠡ ᠨᠢ 13 -14 ᠳ᠋ᠣᠭᠡᠷ ᠵᠠᠭᠤᠨ ᠳᠤ᠂ ᠶᠣᠸᠠᠨ ᠤᠯᠤᠰ ᠤᠨ ᠠᠵᠤ ᠠᠬᠤᠢ᠂ ᠰᠤᠶᠤᠯ᠂ ᠱᠠᠰᠢᠨ ᠰᠣᠷᠲᠠᠬᠤᠨ᠂ ᠴᠡᠷᠢᠭ ᠳᠠᠶᠢᠨ ᠤ ᠲᠥᠪ ᠮᠥᠷᠲᠡᠭᠡᠨ ᠳᠡᠯᠡᠬᠡᠢ ᠶᠢᠨ ᠲᠥᠪ ᠬᠤᠲᠠ ᠪᠣᠯᠣᠭᠰᠠᠨ ᠬᠤᠪᠢ ᠳᠤ᠂ ᠠᠳᠡ ᠡᠭᠦᠰᠴᠦ ᠥᠩᠭᠡᠷᠡᠭᠰᠡᠨ ᠮᠠᠰᠢ ᠣᠯᠠᠨ ᠴᠢᠬᠤᠯᠠ ᠪᠥᠬᠦᠢ ᠬᠡᠷᠡᠭ ᠣᠴᠢᠷ ᠤᠳ ᠨᠢ ᠳᠣᠮᠳᠠᠳᠤ ᠤᠯᠤᠰ ᠤᠨ ᠲᠡᠦᠬᠡ ᠴᠢᠨᠠᠭᠰᠢᠯᠠᠨ ᠳᠡᠯᠡᠬᠡᠢ ᠶᠢᠨ ᠲᠡᠦᠬᠡᠨ ᠳᠤ ᠴᠣ᠋ ᠴᠢᠬᠤᠯᠠ ᠨᠥᠯᠦᠭᠡ ᠦᠵᠡᠭᠦᠯᠵᠡᠢ᠃ 1358 - 1368 ᠣᠨ ᠤ ᠬᠤᠭᠤᠷᠣᠨᠳᠤ ᠱᠠᠩᠳᠤ ᠬᠤᠲᠠ ᠨᠢ ᠶᠣᠸᠠᠨ ᠤ ᠰᠡᠭᠦᠯᠴᠢ ᠶᠢᠨ ᠦᠶ᠎ᠡ ᠶᠢᠨ ᠲᠠᠷᠢᠶᠠᠴᠢᠨ ᠤ ᠪᠣᠰᠣᠯᠭ᠎ᠠ ᠳᠤ ᠭᠠᠯᠳᠠᠭᠳᠠᠨ ᠳᠠᠯᠬᠢᠭᠳᠠᠪᠠ᠃ 1358 ᠣᠨ ᠳᠤ ᠤᠯᠠᠭᠠᠨ ᠠᠯᠴᠢᠭᠤᠷᠳᠠᠨ ᠤ ᠪᠣᠰᠣᠯᠭ᠎ᠠ ᠶᠢᠨ ᠴᠡᠷᠢᠭ ᠤᠨ ᠭᠤᠸᠠᠨ ᠰᠢᠶᠠᠨᠱᠧᠩ᠂ ᠫᠦᠸᠧ ᠲᠸᠤ ᠫᠠᠨ ᠨᠠᠷ ᠳ᠋ᠠᠲ᠋ᠦ᠋ᠩ ᠠᠴᠠ ᠴᠡᠷᠢᠭᠯᠡᠨ᠂ ᠱᠠᠩᠳᠤ ᠨᠡᠶᠢᠰᠯᠠᠯ ᠢ ᠰᠢᠭᠤᠳ ᠳᠠᠭᠠᠷᠢᠨ ᠬᠤᠲᠠ ᠶᠢ ᠡᠵᠡᠯᠡᠨ ᠂ ᠤᠷᠳᠤ ᠬᠠᠷᠰᠢ ᠶᠢ ᠭᠠᠯᠳᠠᠨ ᠳᠠᠯᠬᠢᠭᠳᠠᠪᠠ᠃      1369 ᠣᠨ ᠳᠤ ᠮᠢᠩ ᠤᠯᠤᠰ ᠤᠨ ᠴᠡᠷᠢᠭ ᠳᠠᠶᠢᠳᠤ ︵ᠣᠳᠤ ᠶᠢᠨ ᠪᠡᠭᠡᠵᠢᠩ︶ ᠶᠢ ᠡᠵᠡᠯᠡᠨ᠂ ᠶᠣᠸᠠᠨ ᠤ ᠨᠣᠶᠠᠷᠬᠠᠯ ᠢ ᠡᠴᠦᠰᠯᠡᠭᠦᠯᠵᠦ᠂ ᠳᠠᠷᠠᠭ᠎ᠠ ᠵᠢᠯ ᠨᠢ ᠱᠠᠩᠳᠤ ᠬᠤᠲᠠ ᠤᠷᠣᠭᠤ ᠴᠡᠷᠢᠭ ᠲᠣᠮᠢᠯᠠᠨ ᠬᠤᠲᠠ ᠶᠢ ᠡᠵᠡᠯᠡᠨ ᠭᠠᠯᠳᠠᠪᠠ᠃ ᠨᠣᠭᠤᠴᠠᠭ᠎ᠠ ᠶᠡᠬᠡᠲᠡᠢ ᠲᠡᠦᠬᠡ ᠶᠢᠨ ᠠᠶᠠᠨ ᠳᠤ ᠱᠠᠩᠳᠤ ᠬᠤᠲᠠ ᠨᠢ ᠣᠣᠯ ᠤᠨ ᠳᠦᠷᠢ ᠲᠦᠷᠬᠦ ᠪᠠᠨ ᠠᠯᠳᠠᠭᠰᠠᠨ ᠪᠣᠯᠪᠠᠴᠤ ᠲᠡᠭᠦᠨ ᠤ ᠲᠡᠦᠬᠡᠨ ᠦᠢᠯᠡᠳᠦᠯ ᠨᠢ ᠬᠠᠷᠢᠨ ᠰᠢᠳᠠᠭᠳᠠᠨ ᠳᠠᠭᠤᠰᠣᠭᠰᠠᠨ ᠦᠭᠡᠢ᠃ ᠶᠣᠸᠠᠨ ᠤ ᠳᠡᠭᠡᠳᠦ ᠨᠡᠶᠢᠰᠯᠠᠯ ᠨᠢ 13 - 14 ᠳ᠋ᠣᠭᠡᠷ ᠵᠠᠭᠤᠨ ᠳᠤ᠂ ᠳᠡᠯᠡᠬᠡᠢ ᠳᠤ ᠬᠤᠣᠰ ᠦᠭᠡᠢ ᠳᠣᠷᠣᠨ᠎ᠠ ᠶᠢᠨ ᠶᠡᠭᠡ ᠭᠦᠷᠦᠨ ᠤ ᠵᠣᠰᠠᠯᠠᠩ ᠤᠨ ᠣᠷᠳᠣᠨ ᠪᠠᠶᠢᠭᠰᠠᠨ ᠢᠶᠠᠷ ᠢᠶᠠᠨ ᠠᠽᠢᠶ᠎ᠠ ᠡᠸᠦ᠋ᠷᠣᠫᠡ ᠶᠢᠨ ᠡᠬᠡ ᠬᠠᠭᠤᠷᠠᠢ ᠳᠡᠭᠡᠷ᠎ᠡ ᠨᠡᠭᠦᠳᠡᠯ ᠰᠤᠶᠣᠯ᠂ ᠲᠠᠷᠢᠶᠠᠯᠠᠬᠤ ᠰᠣᠶᠣᠯ ᠢ ᠪᠣᠢ ᠪᠣᠯᠭᠠᠵᠤ᠂ ᠬᠤᠶᠠᠷ ᠶᠡᠭᠡ ᠦᠨᠳᠦᠰᠦᠲᠡᠨ ᠣᠭᠰᠠᠭᠠᠳᠠᠨ ᠪᠣᠯᠬᠤ ᠮᠣᠩᠭᠤᠯ᠂ ᠬᠢᠲᠠᠳ ᠦᠨᠳᠦᠰᠦᠲᠡᠨ ᠤ ᠬᠠᠷᠢᠴᠠᠭ᠎ᠠ ᠬᠤᠯᠪᠣᠭ᠎ᠠ ᠶᠢ ᠢᠯᠡᠳᠬᠡᠵᠦ᠂ ᠨᠡᠭᠦᠳᠡᠯ ᠰᠣᠶᠣᠯ᠂ ᠲᠠᠷᠢᠶᠠᠯᠠᠬᠤ ᠰᠣᠶᠣᠯ᠂ ᠡᠸᠦ᠋ᠷᠣᠫᠡ ᠶᠢᠨ ᠰᠣᠶᠣᠯ ᠤᠨ ᠬᠠᠷᠢᠯᠴᠠᠨ ᠮᠥᠷᠭᠦᠯᠳᠦᠨ ᠠᠭᠤᠰᠣᠯᠴᠠᠭᠰᠠᠨ ᠪᠥᠬᠦᠢ ᠦᠷ᠎ᠡ ᠪᠥᠲᠦᠭᠡᠯ ᠤᠨ ᠲᠤᠳᠤ ᠵᠢᠱᠢᠶ᠎ᠡ ᠪᠣᠯᠣᠭᠰᠠᠨ ᠶᠤᠮ᠃ ᠶᠣᠸᠠᠨ ᠤ ᠳᠡᠭᠡᠳᠦ ᠨᠡᠶᠢᠰᠯᠠᠯ ᠨᠢ ᠮᠣᠩᠭᠤᠯ ᠬᠠᠭᠠᠨᠳᠤ ᠤᠯᠤᠰ ᠤᠨ ᠡᠷᠬᠡ ᠮᠡᠳᠡᠯ ᠤᠨ ᠲᠥᠪ ᠪᠣᠯᠣᠭᠰᠠᠨ ᠤ ᠬᠤᠪᠢ ᠳᠤ᠂ ᠶᠣᠸᠠᠨ ᠤ ᠦᠶ᠎ᠡ ᠶᠢᠨ ᠨᠠᠶᠢᠰᠯᠠᠯ ᠬᠤᠲᠠ ᠳᠠᠬᠢ ᠬᠠᠮᠤᠭ ᠤᠨ ᠡᠷᠲᠡ ᠪᠠᠶᠢᠭᠤᠯᠣᠭᠰᠠᠨ᠂ ᠬᠠᠮᠤᠭ ᠤᠨ ᠦᠨᠢ ᠣᠳᠠᠭᠠᠨ ᠲᠡᠦᠬᠡ ᠲᠠᠢ᠂ ᠬᠠᠮᠤᠭ ᠤᠨ ᠪᠦᠷᠢᠨ ᠪᠥᠲᠦᠨ ᠬᠠᠳᠠᠭᠠᠯᠠᠭᠳᠠᠭᠰᠠᠨ ᠪᠠᠭᠤᠷᠢ ᠪᠣᠯᠬᠤ ᠶᠤᠮ᠃
 
ᠢᠷᠡᠯᠲᠡ᠄ ᠶᠣᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠠᠯᠪᠠᠨ ᠤ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号