ᠬᠠᠯᠳᠠᠪᠤᠷᠢᠲᠤ ᠡᠪᠡᠳᠴᠢᠨ ᠲᠠᠢ ᠮᠠᠯ ᠤᠨ ᠪᠡᠶ᠎ᠡ ᠴᠣᠭᠴᠠ ᠳᠤ ᠴᠢᠭᠯᠡᠭᠦᠯᠦᠭᠰᠡᠨ ᠡᠮᠴᠢᠯᠡᠭᠡ ᠶᠢᠨ ᠠᠷᠭ᠎ᠠ
ᠨᠡᠶᠢᠲᠡᠯᠡᠭᠰᠡᠨ ᠴᠠᠭ᠄
2022/11/30
     ︵ᠨᠢᠭᠡ︶ ᠠᠷᠠᠴᠢᠯᠠᠯᠲᠠ ᠶᠢ ᠴᠢᠩᠭᠠᠳᠬᠠᠬᠤ ᠡᠨᠡ ᠨᠢ ᠡᠮᠴᠢᠯᠡᠭᠡ ᠶᠢᠨ ᠠᠵᠢᠯ ᠤᠨ ᠰᠠᠭᠤᠷᠢ ᠪᠣᠯᠣᠨ᠎ᠠ᠃ ᠬᠠᠯᠳᠠᠪᠤᠷᠢᠲᠤ ᠡᠪᠡᠳᠴᠢᠨ ᠲᠠᠢ ᠮᠠᠯ ᠢ ᠮᠠᠯ ᠤᠨ ᠬᠠᠰᠢᠶᠠᠨ ᠳᠤ ᠲᠤᠰᠠᠭᠠᠷᠯᠠᠵᠤ ᠡᠪᠦᠯ ᠤᠨ ᠤᠯᠠᠷᠢᠯ ᠳᠤ ᠬᠦᠢᠲᠡᠨ ᠠᠴᠠ ᠰᠡᠷᠭᠡᠶᠢᠯᠡᠨ ᠳᠤᠯᠠᠭᠠᠯᠠᠬᠤ᠂ ᠵᠤᠨ ᠤ ᠤᠯᠠᠷᠢᠯ ᠳᠤ ᠬᠠᠯᠠᠭᠤᠨ ᠠᠴᠠ ᠰᠡᠷᠭᠡᠶᠢᠯᠡᠨ ᠰᠡᠷᠢᠭᠦᠴᠡᠭᠦᠯᠬᠦ ᠶᠢᠨ ᠬᠠᠮᠲᠤ ᠰᠢᠩᠭᠡᠭᠡᠯᠲᠡ ᠰᠠᠶᠢᠲᠠᠢ ᠪᠣᠷᠳᠣᠭᠠᠨ ᠤ ᠵᠦᠢᠯ ᠢ ᠭᠦᠢᠴᠡᠳ ᠬᠠᠩᠭᠠᠵᠤ᠂ ᠡᠪᠡᠳᠴᠢᠨ ᠲᠠᠢ ᠮᠠᠯ ᠢ ᠭᠡᠷᠡᠯ᠂ ᠰᠠᠯᠬᠢ ᠨᠡᠪᠲᠡᠷᠡᠯᠲᠡ ᠰᠠᠶᠢᠲᠠᠢ᠂ ᠴᠡᠪᠡᠷ ᠬᠠᠭᠤᠷᠠᠢ ᠣᠷᠴᠢᠨ ᠳᠤ ᠡᠮᠴᠢᠯᠡᠬᠦ ᠬᠡᠷᠡᠭᠲᠡᠢ᠃ ᠴᠢᠬᠤᠯᠠ ᠲᠠᠢ ᠦᠶ᠎ᠡ ᠳᠤ ᠬᠥᠮᠥᠨ ᠤ ᠬᠦᠴᠦ ᠪᠠᠷ ᠤᠤᠭᠤᠯᠭᠠᠨ᠎ᠠ᠂ ᠡᠪᠡᠳᠴᠢᠨ ᠢ ᠨᠢ ᠦᠨᠳᠦᠰᠦᠯᠡᠨ ᠦᠵᠦᠮ ᠤᠨ ᠰᠢᠬᠢᠷ᠂ ᠸᠢᠲ᠋ᠠᠮᠢᠨ ᠪᠠ ᠪᠤᠰᠤᠳ ᠰᠢᠮ᠎ᠡ ᠲᠡᠵᠢᠭᠡᠯ ᠥᠭᠭᠦᠨ᠎ᠡ᠃      ︵ᠬᠤᠶᠠᠷ︶ ᠰᠢᠨᠵᠢ ᠲᠡᠮᠳᠡᠭ ᠤᠨ ᠡᠮᠴᠢᠯᠡᠭᠡ ᠬᠠᠯᠳᠠᠪᠤᠷᠢᠲᠤ ᠡᠪᠡᠳᠴᠢᠨ ᠢ ᠡᠮᠴᠢᠯᠡᠬᠦ ᠳᠤ ᠵᠠᠷᠢᠮ ᠬᠦᠨᠳᠦ ᠨᠣᠴᠢᠲᠠᠢ ᠰᠢᠨᠵᠢ ᠲᠡᠮᠳᠡᠭ ᠢ ᠨᠠᠮᠳᠠᠭᠤᠯᠬᠤ ᠪᠤᠶᠤ ᠠᠷᠢᠯᠭᠠᠵᠤ᠂ ᠪᠡᠶ᠎ᠡ ᠶᠢᠨ ᠹᠢᠽᠢᠣᠯᠣᠭᠢ ᠶᠢᠨ ᠠᠵᠢᠯᠯᠠᠭ᠎ᠠ ᠶᠢ ᠲᠣᠬᠢᠷᠠᠭᠤᠯᠬᠤ ᠪᠠ ᠰᠡᠷᠭᠦᠭᠡᠬᠦ ᠶᠢᠨ ᠲᠥᠯᠥᠭᠡ ᠳᠣᠲᠣᠷ᠎ᠠ᠂ ᠭᠠᠳᠠᠷ ᠡᠮᠨᠡᠯᠭᠡ ᠶᠢᠨ ᠡᠮᠴᠢᠯᠡᠭᠡ ᠬᠢᠨ᠎ᠡ᠃ ᠵᠢᠱᠢᠶᠡᠯᠡᠪᠡᠯ ᠂ ᠬᠠᠯᠠᠭᠤᠨ ᠢ ᠪᠠᠭᠤᠷᠠᠭᠤᠯᠬᠤ᠂ ᠡᠪᠡᠳᠬᠦ ᠶᠢ ᠵᠣᠭᠰᠤᠭᠠᠬᠤ᠂ ᠴᠢᠰᠤ ᠵᠣᠭᠰᠤᠭᠠᠬᠤ᠂ ᠠᠮᠤᠷᠵᠢᠭᠤᠯᠬᠤ᠂ ᠵᠢᠷᠦᠬᠡ ᠰᠠᠶᠢᠵᠢᠷᠠᠭᠤᠯᠬᠤ᠂ ᠰᠢᠭᠡᠯᠭᠡᠬᠦ᠂ ᠴᠢᠴᠠᠭ᠎ᠠ ᠠᠯᠳᠠᠬᠤ ᠶᠢ ᠵᠣᠭᠰᠤᠭᠠᠬᠤ᠂ ᠬᠦᠴᠢᠯ ᠱᠦᠯᠲᠦ ᠳᠤ ᠬᠤᠣᠷᠳᠠᠭᠳᠠᠬᠤ ᠶᠢ ᠰᠡᠷᠭᠡᠶᠢᠯᠡᠬᠦ᠂ ᠲᠦᠷᠭᠡᠨ ᠠᠪᠤᠷᠠᠯᠲᠠ ᠶᠢᠨ ᠮᠡᠰᠡ ᠵᠠᠰᠠᠯ᠂ ᠬᠡᠰᠡᠭ ᠭᠠᠵᠠᠷ ᠤᠨ ᠡᠮᠴᠢᠯᠡᠭᠡ ᠵᠡᠷᠭᠡ ᠪᠠᠭᠲᠠᠨ᠎ᠠ᠃      ︵ᠭᠤᠷᠪᠠ︶ ᠰᠦᠷᠦᠭ ᠤᠨ ᠡᠮᠴᠢᠯᠡᠭᠡ ᠰᠦᠷᠦᠭ ᠲᠤ ᠡᠮ ᠦᠭᠬᠦ ᠠᠴᠠ ᠭᠠᠳᠠᠨ᠎ᠠ ᠪᠠᠰᠠ ᠸᠠᠺᠽᠢᠨ ᠪᠠ ᠴᠢᠰᠤᠨ ᠴᠠᠶᠢᠪᠠᠩ ᠤᠨ ᠲᠠᠷᠢᠯᠭ᠎ᠠ ᠲᠠᠷᠢᠨ᠎ᠠ᠃      ︽ᠮᠠᠯ ᠤᠨ ᠬᠠᠯᠳᠠᠪᠤᠷᠢᠲᠤ ᠡᠪᠡᠳᠴᠢᠨ ᠤ ᠤᠬᠠᠭᠠᠨ︾ ᠭᠡᠬᠦ ᠨᠣᠮ ᠠᠴᠠ ᠪᠠᠭᠤᠯᠭᠠᠪᠠ
 
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号