ᠰᠤᠷᠭᠠᠨ ᠬᠥᠮᠦᠵᠢᠯ ᠤᠨ ᠶᠠᠮᠤᠨ ᠮᠡᠳᠡᠭᠳᠡᠯ ᠪᠠᠭᠤᠯᠭᠠᠪᠠ
ᠨᠡᠶᠢᠲᠡᠯᠡᠭᠰᠡᠨ ᠴᠠᠭ᠄
2022/11/7
     ᠰᠤᠷᠭᠠᠨ  ᠬᠥᠮᠦᠵᠢᠯ ᠤᠨ  ᠶᠠᠮᠤᠨ ᠠᠴᠠ  ᠣᠶᠢᠯᠠᠭᠠᠭᠰᠠᠨ  ᠢᠶᠠᠷ᠂ ᠰᠤᠷᠭᠠᠨ ᠬᠥᠮᠦᠵᠢᠯ ᠤᠨ ᠶᠠᠮᠤᠨ ᠦᠨᠦᠬᠡᠨ ︽ᠰᠢᠨ᠎ᠡ ᠬᠦᠳᠡᠭᠡ ᠠᠵᠦ ᠠᠬᠤᠢ ᠶᠢᠨ  ᠰᠢᠨᠵᠢᠯᠡᠬᠦ  ᠤᠬᠠᠭᠠᠨ ᠤ  ᠴᠢᠳᠠᠪᠤᠷᠢᠲᠠᠨ ᠢ ᠬᠥᠮᠦᠵᠢᠭᠦᠯᠬᠦ ᠵᠢᠯᠤᠭᠤᠳᠤᠮᠵᠢ ᠶᠢᠨ ᠴᠢᠨᠠᠷᠲᠠᠶ ᠲᠤᠰᠬᠠᠶ ᠮᠡᠷᠭᠡᠵᠢᠯ ᠤᠨ  ᠵᠦᠭᠯᠡᠭᠦᠷ︾ ᠢ  ᠳᠠᠷᠤᠮᠠᠯᠯᠠᠨ  ᠲᠠᠷᠬᠠᠭᠠᠵᠤ᠂  ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠰᠢᠨᠵᠢᠯᠡᠬᠦ  ᠤᠬᠠᠭᠠᠨ  ᠵᠡᠷᠭᠡ  12  ᠲᠤᠰᠬᠠᠶ  ᠮᠡᠷᠭᠡᠵᠢᠯ ᠢ  ᠰᠢᠨ᠎ᠡ  ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠵᠢᠯᠤᠭᠤᠳᠤᠮᠵᠢ ᠶᠢᠨ  ᠴᠢᠨᠠᠷᠲᠠᠶ  ᠲᠤᠰᠬᠠᠶ  ᠮᠡᠷᠭᠡᠵᠢᠯ ᠳᠤ ᠣᠷᠣᠭᠤᠯᠪᠠ᠃      ᠵᠦᠭᠯᠡᠭᠦᠷ ᠲᠤ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠶ ᠶᠢᠨ ᠪᠣᠯᠪᠠᠰᠤᠨ᠂ ᠣᠶᠤᠨᠴᠢ ᠲᠠᠷᠢᠶᠠᠯᠠᠩ᠂ ᠰᠢᠮ᠎ᠡ ᠲᠡᠵᠢᠭᠡᠯ  ᠬᠢᠭᠡᠳ  ᠡᠷᠡᠭᠦᠯ  ᠮᠡᠨᠳᠦ᠂  ᠬᠥᠳᠡᠭᠡ  ᠲᠣᠰᠬᠤᠨ ᠤ  ᠬᠥᠭᠵᠢᠯᠲᠡ  ᠵᠡᠷᠭᠡ  ᠲᠠᠪᠤᠨ  ᠶᠡᠭᠡ  ᠬᠦᠷᠢᠶᠡᠨ ᠳᠤ ᠬᠠᠨᠳᠤᠭᠤᠯᠤᠨ᠂ 12 ᠰᠢᠨ᠎ᠡ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠢ ᠬᠦᠮᠤᠵᠢᠭᠦᠯᠬᠦ ᠬᠥᠲᠥᠯᠥᠨ ᠵᠢᠯᠣᠭᠤᠳᠬᠤ ᠴᠢᠨᠠᠷᠲᠠᠶ ᠲᠤᠰᠬᠠᠶ ᠮᠡᠷᠭᠡᠵᠢᠯ ᠲᠤᠬᠢᠷᠠᠭᠤᠯᠪᠠ᠃ ᠡᠭᠦᠨ ᠳᠤ᠂ ᠠᠮᠤ ᠪᠤᠳᠠᠭᠠᠨ ᠤ ᠠᠮᠤᠷ ᠲᠦᠪᠰᠢᠨ ᠤ ᠬᠦᠷᠢᠶᠡᠨ ᠳᠤ᠂ ᠠᠮᠢᠳᠤ ᠪᠣᠳᠠᠰ ᠤᠨ  ᠡᠭᠦᠯᠳᠡᠷ  ᠪᠤᠶᠢᠵᠢᠭᠤᠯᠬᠤ᠂ ᠰᠢᠨᠵᠢᠯᠡᠬᠦ ᠤᠬᠠᠭᠠᠨ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠮᠡᠷᠭᠡᠵᠢᠯ᠂ ᠭᠠᠵᠠᠷ  ᠰᠢᠷᠣᠶ ᠶᠢᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ ᠤᠨ ᠲᠤᠰᠬᠠᠶ ᠮᠡᠷᠭᠡᠵᠢᠯ ᠢ ᠲᠣᠬᠢᠷᠠᠭᠤᠯᠤᠨ᠎ᠠ︔ ᠠᠮᠢ ᠠᠬᠤᠶ ᠶᠢᠨ ᠪᠣᠯᠪᠠᠰᠤᠨ ᠤ ᠬᠦᠷᠢᠶ᠎ᠡ ᠴᠠᠷ᠎ᠠ ᠳᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠬᠢᠭᠡᠳ  ᠢᠨᠵᠧᠨᠧᠷᠢᠩ᠂  ᠠᠮᠢ  ᠠᠬᠤᠶ ᠶᠢ  ᠵᠠᠰᠠᠨ  ᠰᠡᠷᠭᠦᠭᠡᠬᠦ  ᠤᠬᠠᠭᠠᠨ᠂  ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ‌‍ᠬᠢᠭᠡᠳ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠢ ᠲᠣᠬᠢᠷᠠᠭᠤᠯᠤᠨ᠎ᠠ︔ ᠤᠶᠤᠨᠴᠢ ᠲᠠᠷᠢᠶᠠᠯᠠᠩ ᠤᠨ ᠬᠦᠷᠢᠶᠡᠨ ᠳᠤ᠂ ᠤᠶᠤᠨᠴᠢ ᠲᠠᠷᠢᠶᠠᠯᠠᠩ᠂ ᠤᠶᠤᠨᠴᠢ ᠲᠣᠨᠣᠭᠯᠠᠯ ᠤᠨ ᠢᠨᠵᠧᠨᠧᠷᠢᠩ ᠤᠨ ᠲᠤᠰᠬᠠᠶ ᠮᠡᠷᠭᠡᠵᠢᠯ ᠢ ᠲᠣᠬᠢᠷᠠᠭᠤᠯᠤᠨ᠎ᠠ︔ ᠰᠢᠮ᠎ᠡ ᠲᠡᠵᠢᠭᠡᠯ ᠪᠠ ᠡᠷᠡᠭᠦᠯ ᠮᠡᠨᠳᠦ ᠶᠢᠨ ᠬᠦᠷᠢᠶᠡᠨ ᠳᠤ᠂ ᠢᠳᠡᠭᠡᠨ ᠤ ᠰᠢᠮ᠎ᠡ  ᠲᠡᠵᠢᠭᠡᠯ  ᠪᠠ ᠡᠷᠡᠭᠦᠯ ᠮᠡᠨᠳᠦ᠂ ᠮᠠᠯ ᠡᠮᠨᠡᠯᠭᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠢ  ᠲᠣᠬᠢᠷᠠᠭᠤᠯᠤᠨ᠎ᠠ︔ ᠬᠥᠳᠡᠭᠡ ᠲᠣᠰᠬᠤᠨ ᠤ ᠬᠥᠭᠵᠢᠯᠲᠡ ᠶᠢᠨ ᠬᠦᠷᠢᠶᠡᠨ ᠳᠤ᠂ ᠬᠥᠳᠡᠭᠡ ᠲᠣᠰᠬᠤᠨ ᠤ ᠵᠠᠰᠠᠯᠲᠠ᠂ ᠪᠦᠬᠦ ᠪᠥᠮᠪᠥᠷᠴᠡᠭ ᠤᠨ  ᠬᠦᠳᠡᠭᠡ ᠠᠵᠦ ᠠᠬᠤᠢ ᠶᠢᠨ ᠬᠥᠭᠵᠢᠯᠲᠡ ᠶᠢᠨ ᠵᠠᠰᠠᠯᠲᠠ ᠶᠢᠨ ᠲᠤᠰᠬᠠᠶ ᠮᠡᠷᠭᠡᠵᠢᠯ ᠲᠣᠬᠢᠷᠠᠭᠤᠯᠤᠨ᠎ᠠ᠃      ᠣᠶᠢᠯᠠᠭᠠᠭᠰᠠᠨ ᠢᠶᠠᠷ᠂ ᠵᠦᠭᠯᠡᠭᠦᠷ ᠢ ᠨᠡᠶᠢᠲᠡᠯᠡᠭᠰᠡᠨ ᠨᠢ ᠲᠤᠰᠬᠠᠶ  ᠮᠡᠷᠭᠡᠵᠢᠯ ᠤᠨ  ᠲᠣᠬᠢᠷᠠᠭᠤᠯᠤᠯᠲᠠ  ᠬᠢᠭᠡᠳ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ᠂ ᠣᠷᠭᠠᠨᠢᠭ ᠵᠣᠯᠭᠠᠯᠴᠠᠭ᠎ᠠ ᠶᠢ ᠠᠬᠢᠭᠤᠯᠵᠤ᠂ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠶᠢ ᠬᠥᠲᠥᠯᠥᠨ ᠳᠠᠭᠠᠭᠤᠯᠵᠤ ᠪᠠᠶᠢᠭᠠᠳ ᠰᠢᠨ᠎ᠡ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ ᠢ ᠲᠣᠬᠢᠷᠠᠭᠤᠯᠬᠤ ᠶᠢᠨ ᠲᠤᠰᠠᠲᠠ ᠶᠤᠮ᠃ ᠰᠤᠷᠭᠠᠨ ᠬᠥᠮᠦᠵᠢᠯ ᠤᠨ ᠶᠠᠮᠤᠨ  ᠢᠯᠡᠷᠬᠡᠶᠢᠯᠡᠬᠦ ᠳᠡᠭᠡᠨ᠂  ᠬᠥᠲᠥᠯᠥᠨ  ᠵᠢᠯᠣᠭᠤᠳᠬᠤ  ᠴᠢᠨᠠᠷᠲᠠᠶ  ᠲᠤᠰᠬᠠᠶ  ᠮᠡᠷᠭᠡᠵᠢᠯ ᠤᠨ ᠭᠠᠷᠴᠠᠭ ᠢ ᠬᠥᠳᠡᠯᠦᠩᠭᠦᠶ ᠪᠠᠷ  ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠰᠢᠨᠵᠢᠯᠡᠭᠡᠨ ᠤ ᠰᠠᠯᠠᠭ᠎ᠠ ᠲᠤᠰᠬᠠᠶ ᠮᠡᠷᠭᠡᠵᠢᠯ ᠤᠨ  ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠬᠦᠳᠡᠭᠡ ᠠᠵᠦ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠷᠡᠭᠴᠡᠭᠡ ᠶᠢ ᠴᠠᠭ ᠲᠤᠬᠠᠶ ᠳᠤᠨᠢ ᠴᠤᠤᠷᠢᠶᠠᠲᠤᠨ ᠳᠠᠭᠠᠵᠤ᠂ ᠪᠣᠯᠭᠤᠮᠵᠢᠲᠠᠶ  ᠨᠤᠲᠠᠯᠠᠯᠲᠠ  ᠬᠢᠵᠦ᠂ ᠵᠦᠭᠯᠡᠭᠦᠷ ᠢ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠦᠨ᠎ᠡ ᠬᠡᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号