ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢᠬᠢ ᠰᠢᠯᠭᠠᠯᠲᠠ ᠪᠠᠷ ᠳᠠᠮᠵᠢᠨ ᠰᠣᠷᠣᠭᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢᠨ | ᠦᠷ᠎ᠡ ᠪᠦᠲᠦᠮᠵᠢ ᠶᠢ ᠲᠠᠨᠢᠯᠴᠠᠭᠤᠯᠪᠠ᠃ ᠬᠠᠮᠢᠶᠠᠳᠠᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠶᠢᠷ᠎ᠠ ᠶᠢᠨ | ᠵᠢᠯ ᠳᠤ᠂ ᠰᠤᠷᠭᠠᠨ ᠬᠥᠮᠦᠵᠢᠯ ᠤᠨ ᠶᠠᠮᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ | ᠨᠢᠭᠡᠳᠦᠯᠲᠡᠢ ᠰᠢᠯᠭᠠᠯᠲᠠ ᠳᠤ ᠬᠤᠪᠢ ᠨᠡᠮᠡᠬᠦ ᠳᠦᠷᠢᠮ ᠢ ᠲᠡᠭᠦᠯᠳᠡᠷᠵᠢᠭᠦᠯᠬᠦ ᠪᠠᠷ ᠳᠠᠮᠵᠢᠨ ᠪᠥᠬᠦ ᠤᠯᠤᠰ ᠤᠨ | ᠴᠢᠨᠠᠷᠲᠠᠢ ᠰᠢᠯᠭᠠᠯᠲᠠ ᠳᠤ ᠬᠤᠪᠢ ᠨᠡᠮᠡᠬᠦ 5 ᠲᠥᠷᠥᠯ ᠢ ᠬᠦᠴᠦᠨ ᠦᠭᠡᠢ ᠪᠣᠯᠭᠠᠵᠤ᠂ ᠣᠷᠣᠨ ᠨᠤᠲᠤᠭ ᠤᠨ | ᠴᠢᠨᠠᠷᠲᠠᠢ ᠬᠤᠪᠢ ᠨᠡᠮᠡᠬᠦ 95 ᠲᠥᠷᠥᠯ ᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠪᠠ ᠬᠡᠵᠠᠢ᠃ | 2015 ᠣᠨ ᠪᠣᠯᠣᠨ 2019 ᠣᠨ ᠳᠤ᠂ ᠰᠤᠷᠭᠠᠨ ᠬᠥᠮᠦᠵᠢᠯ ᠤᠨ ᠶᠠᠮᠤᠨ ᠬᠠᠮᠢᠶᠠᠳᠠᠢ ᠰᠠᠯᠠᠭ᠎ᠠ | ᠮᠥᠴᠢᠷ ᠲᠠᠢ ᠬᠠᠮᠲᠤ ᠪᠠᠷ ︽ᠡᠷᠬᠡ ᠲᠡᠭᠰᠢ ᠪᠠᠶᠢᠬᠤ᠂ ᠬᠠᠮᠢᠶᠠᠷᠤᠯᠲᠠ ᠶᠢ ᠴᠢᠩᠭᠠᠳᠬᠠᠬᠤ ᠪᠠ ᠰᠢᠨᠵᠢᠯᠡᠬᠦ | ᠤᠬᠠᠭᠠᠨᠴᠢ ᠪᠠᠷ ᠵᠥᠪ ᠡᠵᠡᠮᠳᠡᠬᠦ︾ ᠵᠠᠷᠴᠢᠮ ᠢ ᠦᠨᠳᠦᠰᠦᠯᠡᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠬᠤᠪᠢ ᠨᠡᠮᠡᠬᠦ ᠠᠵᠢᠯ ᠢ ᠤᠷᠢᠳ ᠬᠤᠵᠢᠳ ᠬᠤᠶᠠᠷ ᠤᠳᠠᠭ᠎ᠠ | ᠥᠷᠨᠢᠭᠦᠯᠵᠦ᠂ ᠲᠠᠮᠢᠷ ᠲᠠᠭᠠᠨ ᠰᠠᠶᠢᠨ ᠰᠣᠷᠣᠭᠴᠢ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ | ᠣᠯᠧᠮᠫᠢᠺ ᠤᠨ ᠤᠷᠤᠯᠳᠤᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠤᠷᠤᠯᠳᠤᠭᠠᠨ᠂ ᠮᠤᠵᠢ | ᠶᠢᠨ ᠳᠡᠰ ᠤᠨ ᠰᠢᠯᠢᠳᠡᠭ ᠰᠣᠷᠣᠭᠴᠢ ᠵᠡᠷᠭᠡ ᠲᠠᠪᠤᠨ ᠲᠥᠷᠥᠯ ᠤᠨ ᠪᠥᠬᠦ ᠤᠯᠤᠰ ᠤᠨ ᠴᠢᠨᠠᠷᠲᠠᠢ ᠬᠤᠪᠢ ᠨᠡᠮᠡᠬᠦ | ᠵᠦᠢᠯᠡᠰ ᠢ ᠬᠦᠴᠦᠨ ᠦᠭᠡᠢ ᠪᠣᠯᠭᠠᠵᠤ᠂ ᠪᠠᠰᠠ ᠣᠷᠣᠨ ᠨᠤᠲᠤᠭ ᠤᠨ ᠴᠢᠨᠠᠷᠲᠠᠢ ᠬᠤᠪᠢ ᠨᠡᠮᠡᠬᠦ ᠵᠦᠢᠯᠡᠰ ᠢ | ᠬᠠᠰᠤᠵᠤ᠂ ᠡᠨᠡ ᠠᠵᠢᠯ ᠢ ᠴᠢᠨᠠᠭᠰᠢᠳᠠ ᠴᠢᠩᠭᠠᠳᠬᠠᠨ᠎ᠠ ᠭᠡᠵᠤ ᠲᠣᠳᠣᠷᠬᠠᠢ ᠲᠣᠭᠲᠠᠭᠠᠵᠠᠢ᠃ | ᠡᠭᠦᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠶᠠᠮᠤᠨ ᠳᠤᠮᠳᠠ ᠪᠠᠷᠠᠭᠤᠨ ᠣᠷᠣᠨ ᠢ ᠳᠡᠮᠵᠢᠵᠦ᠂ ᠲᠡᠨᠳᠡ | ᠠᠴᠠ ᠰᠣᠷᠣᠭᠴᠢ ᠡᠯᠰᠡᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠪᠦᠷᠢ ᠪᠥᠬᠦ ᠤᠯᠤᠰ ᠤᠨ | ᠬᠡᠪᠴᠢᠶᠡᠨ ᠳᠤ ᠰᠣᠷᠣᠭᠴᠢ ᠡᠯᠰᠡᠬᠦ ᠲᠥᠯᠥᠪᠯᠡᠭᠡ ᠶᠢᠨ ᠬᠡᠰᠡᠭ ᠣᠷᠣᠨ ᠲᠤᠭ᠎ᠠ ᠶᠢ ᠲᠤᠰᠬᠠᠶᠢᠯᠠᠨ ᠳᠤᠮᠳᠠ ᠪᠠᠷᠠᠭᠤᠨ | ᠣᠷᠣᠨ ᠤ ᠰᠣᠷᠣᠭᠴᠢᠳ ᠲᠤ ᠥᠭᠬᠦ ᠪᠠᠷ ᠲᠣᠭᠲᠠᠵᠠᠢ᠃ |