ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠭᠦᠭᠵᠢᠬᠦᠯᠦᠯᠳᠡ ᠶᠢᠨ ᠪᠠᠶᠢᠳᠠᠯ ᠤᠨ ᠲᠤᠬᠠᠶ ᠮᠡᠳᠡᠭᠦᠯᠦᠯᠳᠡ
ᠨᠡᠶᠢᠲᠡᠯᠡᠭᠰᠡᠨ ᠴᠠᠭ᠄
2022/2/11
ᠲᠡᠷᠢᠭᠦᠯᠡᠭᠴᠢ ᠨᠠᠷ᠂ ᠭᠡᠰᠢᠭᠦᠳ ᠡ᠄       ᠳᠤᠤᠷ᠎ᠠ᠂ ᠪᠢ ᠵᠠᠬᠢᠷᠭ᠎ᠠ ᠶᠢᠨ ᠡᠮᠦᠨ᠎ᠡ ᠠᠴᠠ 2021 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠦᠭᠵᠢᠬᠦᠯᠦᠯᠳᠡ ᠶᠢᠨ ᠪᠠᠶᠢᠳᠠᠯ ᠪᠠ 2022 ᠣᠨ ᠤ ᠭᠤᠤᠯᠳᠠᠯᠭ᠎ᠠ ᠲᠠᠢ ᠠᠵᠢᠯ ᠤᠨ  ᠪᠠᠶᠢᠷᠢᠯᠠᠭᠤᠯᠣᠯᠳᠠ ᠶᠢ ᠮᠡᠳᠡᠭᠳᠡᠶ᠎ᠡ᠂  ᠲᠡᠷᠢᠭᠦᠯᠡᠭᠴᠢ ᠨᠠᠷ᠂ ᠭᠡᠰᠢᠭᠦᠳ ᠰᠠᠨᠠᠯ ᠰᠠᠨᠠᠭᠤᠯᠭ᠎ᠠ ᠪᠠᠨ ᠳᠤᠷᠠᠳᠤᠭᠠᠷᠠᠶ᠃     ᠨᠢᠭᠡ᠂ 2021 ᠣᠨ ᠤ ᠠᠵᠤ ᠠᠬᠤᠢ ᠨᠡᠶᠢᠭᠡᠮ ᠤᠨ ᠭᠦᠭᠵᠢᠬᠦᠯᠦᠯᠳᠡ ᠶᠢᠨ ᠪᠠᠶᠢᠳᠠᠯ     ᠥᠩᠭᠡᠷᠡᠭᠰᠡᠨ ᠨᠢᠭᠡ ᠵᠢᠯ ᠳᠤ᠂ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠪᠣᠯᠤᠨ ᠬᠦᠨᠳᠦ ᠨᠣᠴᠢᠲᠠᠶ ᠬᠢᠵᠢᠭ ᠤᠨ ᠪᠠᠶᠢᠳᠠᠯ ᠤᠨ ᠡᠮᠦᠨ᠎ᠡ᠂ ᠪᠥᠬᠦ ᠠᠶᠢᠮᠠᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠵᠣ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠳᠠᠭᠠᠭᠤᠯᠭ᠎ᠠ ᠳᠤᠤᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠵᠢᠬᠦᠯᠵᠣ᠂  ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠣ᠂ ︽ᠬᠤᠤᠰ ᠵᠠᠭᠤᠨ ᠡᠳᠦᠷ︾᠎ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠤᠨ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ  ᠪᠡᠶᠡᠯᠡᠬᠦᠯᠵᠣ᠂ ᠪᠥᠬᠦ ᠵᠢᠯ ᠤᠨ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠶ ᠥᠷᠲᠡᠭ  ᠮᠢᠩᠭᠠᠨ  ᠳ᠋ᠦᠩᠰᠢᠭᠤᠷ  ᠲᠥᠭᠦᠷᠢᠭ ᠎ ᠤᠨ  ᠶᠡᠭᠡ  ᠪᠣᠭᠤᠮᠲᠠ ᠎ ᠶᠢ  ᠳᠠᠪᠠᠵᠣ᠂ 5.8%᠎ ᠪᠠᠷ ᠨᠡᠮᠡᠭᠳᠡᠵᠡᠶ︔ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ 4.6 %᠎ ᠪᠠᠷ ᠨᠡᠮᠡᠭᠳᠡᠵᠦ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 6.7 %᠎ ᠪᠠᠷ ᠨᠡᠮᠡᠭᠳᠡᠵᠦ  ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 7.1 %᠎ ᠪᠠᠷ ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠳᠤ ᠲᠣᠬᠢᠷᠠᠭᠤᠯᠵᠣ ᠪᠣᠯᠬᠤᠶᠢᠴᠠ ᠣᠷᠣᠯᠭ᠎ᠠ ᠲᠣᠰ ᠲᠣᠰ 7.3 % ᠪᠠ 10.1 %᠎ ᠪᠠᠷ ᠨᠡᠮᠡᠭᠳᠡᠭᠡᠳ᠂ ᠠᠵᠤ ᠠᠬᠤᠶ ᠶᠢᠨ ᠠᠵᠢᠯᠯᠠᠭ᠎ᠠ ᠬᠡᠪ ᠤᠨ ᠬᠡᠪᠴᠢᠶᠡᠨ ᠳᠤ ᠪᠠᠶᠢᠬᠤ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠎ ᠳᠤ ᠣᠬᠢ ᠰᠠᠶᠢᠨ ᠡᠬᠢᠯᠡᠯᠲᠡ ᠲᠠᠢ ᠪᠣᠯᠭᠠᠵᠠᠢ᠃ ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄     ︵ᠨᠢᠭᠡ︶ ᠬᠦᠴᠢᠷ ᠢ ᠢᠯᠠᠨ ᠪᠡᠷᠭᠡ ᠶᠢ ᠳᠣᠭᠤᠯᠵᠣ ᠪᠠᠶᠢᠭᠠᠳ ᠵᠢᠱᠢᠭᠰᠡᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ᠪᠦᠬᠦ ᠠᠶᠢᠮᠠᠭ ᠢᠶᠠᠷ ᠢᠶᠠᠨ ᠬᠦᠴᠦᠨ ᠢᠶᠠᠨ ᠲᠥᠪᠯᠡᠷᠡᠭᠦᠯᠦᠨ ᠲᠥᠷᠦᠯ ᠵᠦᠢᠯ ᠢ ᠠᠳᠬᠤᠵᠤ᠂ ᠲᠣᠬᠢᠷᠠᠭᠤᠯᠣᠯᠳᠠ ᠶᠢ ᠬᠦᠴᠦᠷᠭᠡᠭᠵᠢᠬᠦᠯᠦᠨ᠂  ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠦᠯ ᠵᠦᠢᠯ 151᠎ ᠶᠢ ᠬᠡᠷᠡᠭᠵᠢᠭᠦᠯᠵᠦ᠂ ᠪᠦᠬᠦ ᠵᠢᠯ ᠳᠤ 310 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ  ᠎ ᠢ 6.7 %᠎ ᠪᠠᠷ ᠳᠠᠶᠢᠴᠢᠯᠠᠵᠤ᠂  ᠴᠢᠬᠤᠯᠠ ᠶᠡᠭᠡ ᠠᠵᠤ ᠦᠢᠯᠡᠰ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠵᠡᠷᠭᠡ ᠬᠦᠷᠢᠶ᠎ᠡ ᠬᠡᠪᠴᠢᠶᠡᠨ ᠳᠠᠬᠢ 70 ᠭᠠᠷᠤᠢ ᠲᠥᠷᠦᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃  ᠡᠨᠧᠷᠭᠢ ᠶᠢᠨ ᠡᠬᠢ ᠰᠣᠷᠪᠣᠯᠵᠢ ᠶᠢᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠳᠣᠯᠠᠨ᠂ ᠪᠦᠬᠦ ᠵᠢᠯ ᠳᠤ ᠲᠦᠬᠦᠭᠡᠢ ᠨᠡᠭᠦᠷᠡᠰᠦᠨ ᠤ ᠭᠠᠷᠤᠯᠲᠠ ᠶᠢ 1.2 ᠳ᠋ᠦᠩᠰᠢᠭᠤᠷ ᠲᠣᠨ ᠳᠤ ᠬᠦᠷᠭᠡᠵᠦ᠂ 11.1 %᠎ ᠪᠠᠷ ᠨᠡᠮᠡᠭᠳᠡᠭᠦᠯᠵᠠᠢ︔ ᠢᠯᠴᠢ ᠶᠢᠨ ᠴᠠᠬᠢᠯᠭᠠᠨ ᠪᠠ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠲᠣᠰ ᠲᠣᠰ 8.1 % ᠪᠠ 130 %᠎ ᠪᠠᠷ ᠨᠡᠮᠡᠭᠳᠡᠵᠦ᠂ ᠤᠯᠤᠰ ᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠳᠤ ᠰᠢᠯᠢ ᠶᠢᠨ ᠭᠤᠣᠯ ᠠᠶᠢᠮᠠᠭ ᠤᠨ ᠢᠶᠠᠨ ᠬᠤᠪᠢ ᠨᠡᠮᠡᠷᠢ ᠪᠠᠨ ᠦᠵᠡᠭᠦᠯᠪᠡ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠦᠴᠦᠯᠡᠨ ᠲᠣᠭᠲᠠᠪᠤᠷᠢᠵᠢᠭᠤᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠭᠰᠠᠨ ᠲᠤᠭ᠎ᠠ 7 ᠳ᠋ᠦᠩᠰᠢᠭᠤᠷ ᠲᠥᠭᠦᠷᠢᠭ ᠢ ᠳᠠᠪᠠᠵᠤ᠂ ᠵᠢᠵᠢᠭ ᠪᠠᠭ᠎ᠠ ᠠᠵᠤ ᠠᠬᠤᠶᠢᠯᠠᠯ ᠳᠤ ᠰᠢᠨ᠎ᠡ ᠪᠠᠷ 138 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ 1.94 ᠲᠦᠮᠡᠨ ᠡᠷᠦᠬᠡ ᠰᠢᠨ᠎ᠡ ᠪᠠᠷ ᠨᠡᠮᠡᠭᠳᠡᠪᠡ︔ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠲᠣᠭᠳᠠᠭᠰᠠᠨ ᠬᠤᠭᠤᠴᠠᠭ᠎ᠠ ᠪᠠᠷ 31 ᠡᠷᠦᠬᠡ ᠶᠢ ᠨᠢᠭᠡᠳᠦᠯᠲᠡᠶ ᠲᠦᠯᠦᠪᠵᠢᠬᠦᠯᠦᠨ ᠣᠷᠣᠭᠤᠯᠵᠣ᠂ 2015 ᠣᠨ ᠠᠴᠠ ᠨᠠᠰᠢᠬᠢ ᠰᠢᠨ᠎ᠡ ᠲᠡᠮᠳᠡᠭᠯᠡᠯ ᠢ ᠡᠭᠦᠳᠪᠡ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠲᠥᠷᠥᠯ ᠤᠨ ᠰᠢᠯᠵᠢᠭᠦᠯᠦᠨ ᠥᠭᠬᠦ ᠵᠠᠷᠤᠯᠭ᠎ᠠ ᠳᠤ 159.4 ᠳ᠋ᠦᠩᠰᠢᠭᠤᠷ ᠲᠥᠭᠦᠷᠢᠭ ᠢ ᠪᠡᠶᠡᠯᠡᠬᠦᠯᠵᠣ᠂ 6.7 %᠎ ᠪᠠᠷ ᠨᠡᠮᠡᠭᠳᠡᠭᠦᠯᠪᠡ᠂ ᠡᠭᠦᠨ ᠳᠤ ᠲᠣᠰ ᠵᠢᠯ ᠤᠨ ᠰᠠᠭᠤᠷᠢ ᠲᠤᠭ᠎ᠠ ᠳᠤ 6.6 ᠳ᠋ᠦᠩᠰᠢᠭᠤᠷ ᠲᠥᠭᠦᠷᠢᠭ ᠣᠷᠣᠭᠤᠯᠵᠤ᠂ 17 %᠎ ᠪᠠᠷ ᠨᠡᠮᠡᠭᠳᠡᠭᠦᠯᠦᠨ᠂ ︽ᠭᠤᠷᠪᠠ ᠶᠢ ᠪᠠᠲᠤᠯᠠᠬᠤ︾ ᠵᠡᠷᠭᠡ ᠵᠠᠪᠠᠯ ᠵᠠᠷᠣᠬᠤ ᠵᠠᠷᠤᠯᠭ᠎ᠠ ᠶᠢ ᠬᠦᠴᠦᠲᠡᠶ ᠪᠠᠲᠤᠯᠠᠪᠠ᠃ ᠡᠳ᠋ ᠤᠨ ᠵᠠᠰᠠᠭ ᠤᠨ ᠬᠦᠷᠢᠶᠡᠨ ᠳᠠᠬᠢ ᠲᠦᠭᠰᠢᠭᠦᠷᠢ ᠶᠢ ᠯᠠᠪᠳᠠᠭᠤᠨ ᠪᠠᠲᠤᠲᠠᠢ ᠨᠠᠮᠳᠠᠭᠤᠯᠵᠣ᠂ ᠪᠦᠬᠦ ᠠᠶᠢᠮᠠᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠶᠢ 8 %᠎ ᠠᠴᠠ ᠳᠡᠭᠡᠭᠰᠢ ᠪᠠᠭᠤᠷᠠᠭᠤᠯᠪᠠ᠃ ᠡᠷᠢᠶᠡᠨ ᠬᠤᠲᠠ ᠶᠢᠨ ᠬᠢᠯᠢ ᠶᠢᠨ ᠪᠣᠭᠤᠮᠲᠠ ᠳᠤ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠣᠰᠠᠳᠬᠠᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠭᠠᠳᠠᠭᠰᠢ ᠨᠢᠭᠡ ᠶᠢ ᠴᠣ᠋ ᠳᠡᠯᠭᠡᠷᠡᠭᠦᠯᠦᠭᠰᠡᠨ ᠦᠭᠡᠢ ᠪᠠᠷ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠦᠭᠵᠢᠬᠦᠯᠦᠯᠳᠡ ᠶᠢᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ᠃     ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠦᠷᠭᠦᠯᠵᠢᠯᠡᠨ ᠲᠦᠷᠭᠡᠳᠪᠡ᠃ ᠨᠠᠷᠠᠲᠤ ᠲᠡᠮᠳᠡᠭ ᠤᠨ ᠪᠠᠶᠢᠯᠳᠤᠬᠤ ᠪᠣᠳᠣᠯᠭ᠎ᠠ ᠪᠠᠷ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠠᠬᠢᠭᠤᠯᠵᠤ᠂ ᠰᠢᠯᠢ ᠶᠢᠨ ᠭᠤᠤᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠲᠥᠯᠥᠪᠵᠢᠭᠦᠯᠭᠡ ᠪᠠ ᠨᠠᠷᠠᠲᠤ ᠲᠡᠮᠳᠡᠭ ᠤᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ᠂ ᠨᠠᠷᠠᠲᠤ ᠲᠡᠮᠳᠡᠭ ᠤᠨ ᠪᠠᠷᠢᠮᠵᠢᠶᠠᠨ ᠤ ᠰᠢᠰᠲ᠋ᠧᠮ ᠢ ᠲᠣᠭᠲᠠᠭᠠᠵᠤ᠂ ᠳᠤᠮᠳᠠᠳᠤ ᠤᠯᠤᠰ ᠤᠨ ᠣᠯᠠᠭᠠᠨ ᠢᠳᠡᠭᠡᠨ ᠤ ᠨᠡᠶᠢᠭᠡᠮᠯᠢᠭ ᠤᠨ ᠪᠡᠯᠴᠢᠭᠡᠷ ᠤᠨ ᠬᠤᠨᠢᠨ ᠤ ᠠᠵᠤ ᠦᠢᠯᠡᠰ ᠤᠨ ᠲᠦᠷᠦᠭᠦᠴᠦᠳ ᠤᠨ ᠬᠤᠷᠠᠯ ᠢ ᠠᠮᠵᠢᠯᠲᠠ ᠲᠠᠢ ᠡᠷᠭᠢᠯᠡᠵᠦ᠂ ᠮᠠᠨ ᠤ ᠠᠶᠢᠮᠠᠭ ︽ᠳᠤᠮᠳᠠᠳᠤ ᠤᠯᠤᠰ ᠤᠨ ᠪᠡᠯᠴᠢᠭᠡᠷ ᠤᠨ ᠬᠤᠨᠢᠨ ᠤ ᠲᠥᠪ︾ ᠭᠡᠰᠡᠨ ᠴᠣᠯᠠ ᠭᠥᠷᠳᠡᠪᠡ᠃ ᠵᠢᠩ ᠳ᠋ᠦᠩ᠂  ᠾᠧ ᠮᠠ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ᠂ ᠰᠢᠨ᠎ᠡ ᠵᠢᠵᠢᠭᠯᠡᠨ ᠬᠤᠳᠠᠯᠳᠤᠬᠤ ᠲᠠᠪᠴᠠᠩ ᠵᠢᠴᠢ ᠰᠢ ᠪᠸᠢ ᠵᠡᠷᠭᠡ ᠢᠳᠡᠭᠡᠨ ᠤᠮᠳᠠᠭᠠᠨ ᠤ ᠳᠠᠭᠠᠭᠤᠯᠣᠭᠴᠢ ᠠᠵᠤ ᠠᠬᠤᠶᠢᠯᠠᠯ ᠲᠠᠢ ᠬᠤᠯᠪᠣᠭᠠᠯᠠᠨ᠂ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠠᠯᠪᠠᠨ ᠤ ᠲᠠᠯ᠎ᠠ ᠶᠢᠨ ᠬᠤᠰᠢᠭᠤᠴᠢ ᠳᠡᠯᠭᠡᠭᠦᠷ ᠢ ᠨᠡᠭᠡᠭᠡᠵᠦ᠂ ᠬᠤᠨᠢᠨ ᠮᠢᠬᠠᠨ ᠤ ᠠᠮᠲᠠᠲᠤ ᠢᠳᠡᠭᠡᠨ ᠤ ᠨᠠᠶᠢᠷ᠂ ᠰᠢᠯᠭᠠᠨ ᠪᠠᠶᠢᠴᠠᠭᠠᠬᠤ ᠬᠤᠷᠠᠯ ᠵᠡᠷᠭᠡ ᠰᠢᠷᠢᠰ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ 18 ᠲᠦᠮᠡᠨ ᠠᠯᠠᠰᠢᠨ ᠬᠤᠨᠢᠨ ᠤ ᠪᠦᠬᠦ ᠠᠵᠤ ᠦᠢᠯᠡᠰ ᠤᠨ ᠬᠡᠯᠬᠢᠶᠡᠰᠣ ᠶᠢ ᠮᠥᠷᠳᠡᠵᠦ ᠬᠠᠭᠤᠷᠮᠠᠭ ᠢ ᠰᠡᠷᠭᠡᠶᠢᠯᠡᠬᠦ ᠰᠢᠰᠲ᠋ᠧᠮ ᠢ ᠬᠡᠷᠡᠭᠵᠢᠭᠦᠯᠵᠦ᠂ ᠲᠦᠷᠦᠯ ᠲᠡᠮᠳᠡᠭ ᠤᠨ ᠦᠷ᠎ᠡ ᠠᠰᠢᠭ ᠮᠡᠳᠡᠭᠳᠡᠮ᠎ᠡ ᠰᠠᠶᠢᠵᠢᠷᠠᠪᠠ᠃ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠠᠷᠭ᠎ᠠ ᠳᠤ ᠵᠠᠰᠠᠪᠤᠷᠢ ᠣᠷᠣᠭᠤᠯᠵᠤ᠂ ᠳᠤᠮᠳᠠ ᠪᠠᠭ᠎ᠠ ᠬᠡᠪᠴᠢᠶᠡᠨ ᠤ ᠲᠡᠵᠢᠭᠡᠨ ᠦᠷᠡᠵᠢᠭᠦᠯᠬᠦ ᠡᠷᠦᠬᠡ ᠳᠤ 1.2 ᠳ᠋ᠦᠩᠰᠢᠭᠤᠷ ᠲᠥᠭᠦᠷᠢᠭ ᠤᠨ ᠵᠢᠭᠡᠯᠡᠯᠭᠡ ᠣᠯᠭᠤᠵᠤ᠂ ᠰᠢᠯᠢᠳᠡᠭ ᠡᠭᠦᠯᠳᠡᠷ ᠤᠨ ᠦᠬᠡᠷ ᠪᠠ ᠪᠣᠷᠳᠣᠨ ᠲᠠᠷᠭᠤᠯᠠᠭᠤᠯᠬᠤ ᠦᠬᠡᠷ ᠤᠨ ᠲᠤᠭ᠎ᠠ ᠲᠣᠰᠪᠣᠷᠢ 8100 ᠲᠣᠯᠣᠭᠠᠢ ᠪᠠ 2.3 ᠲᠦᠮᠡ ᠳᠤ ᠬᠦᠷᠴᠦ᠂ ᠮᠠᠯᠵᠢᠯ ᠤᠨ ᠣᠨ ᠤ ᠦᠬᠡᠷ ᠤᠨ ᠲᠤᠭ᠎ᠠ 24 ᠲᠦᠮᠡ ᠰᠢᠨ᠎ᠡ ᠪᠠᠷ ᠨᠡᠮᠡᠭᠳᠡᠵᠦ᠂ 197 ᠲᠦᠮᠡ ᠳᠤ ᠬᠥᠷᠪᠡ᠃ ︽ᠬᠤᠸᠠᠰᠢ ᠦᠬᠡᠷ︾᠎ ᠤᠨ ᠰᠢᠨ᠎ᠡ ᠡᠭᠦᠯᠳᠡᠷ ᠢ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠠᠴᠠ ᠬᠢᠨᠠᠨ ᠲᠣᠭᠲᠠᠭᠠᠬᠤ ᠶᠢᠨ ᠬᠠᠮᠲᠤ ᠨᠡᠷᠡᠶᠢᠳᠴᠦ᠂ ᠦᠵᠦᠮᠦᠴᠢᠨ ᠬᠤᠨᠢ᠂ ᠰᠥᠨᠢᠳ ᠬᠤᠨᠢᠨ ᠤ ᠰᠠᠶᠢᠨ ᠡᠭᠦᠯᠳᠡᠷ ᠤᠨ ᠲᠠᠯᠠᠪᠠᠢ ᠪᠠ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠰᠠᠭᠤᠷᠢᠨ ᠭᠠᠵᠠᠷ ᠢ ᠤᠯᠤᠰ ᠤᠨ ᠲᠡᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠬᠠᠮᠠᠭᠠᠯᠠᠬᠤ ᠲᠠᠯᠠᠪᠠᠢ ︵ᠲᠣᠭᠤᠷᠢᠭ︶᠎ ᠳᠤ ᠣᠷᠣᠭᠤᠯᠪᠠ᠃ ︽ᠰᠢᠯᠢ ᠶᠢᠨ ᠭᠤᠤᠯ ᠴᠠᠭᠠᠨ ᠢᠳᠡᠭᠡ︾᠎ ᠨᠢ ᠤᠯᠤᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠢᠯᠡᠳᠭᠡᠮᠵᠢ ᠶᠢᠨ ᠲᠡᠮᠳᠡᠭᠲᠦ ᠦᠢᠯᠡᠳᠬᠦᠨ ᠪᠣᠯᠵᠣ᠂ ᠤᠯᠠᠮᠵᠢᠯᠠᠯᠲᠤ ᠴᠠᠭᠠᠨ ᠢᠳᠡᠭᠡᠨ ᠤ ᠵᠢᠵᠢᠭ  ᠦᠢᠯᠡᠳᠪᠦᠷᠢ 700᠎ ᠳᠤ ᠬᠦᠷᠴᠦ᠂ ᠪᠥᠬᠦ ᠣᠷᠣᠨ ᠤ ᠶᠡᠷᠦᠩᠬᠡᠶ ᠲᠣᠭᠠᠨ ᠤ 50 %᠎ ᠠᠴᠠ ᠳᠡᠭᠡᠭᠰᠢᠬᠢ ᠶᠢ ᠡᠵᠡᠯᠡᠪᠡ᠃ ᠡᠨᠧᠷᠭᠢ ᠶᠢᠨ ᠠᠵᠤ ᠦᠢᠯᠡᠰ ᠦᠳᠲᠡᠷ ᠲᠦᠷᠭᠡᠨ ᠪᠤᠵᠠᠭᠠᠶᠢᠷᠠᠵᠤ᠂  600 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠲᠦᠷᠥᠯ ᠵᠦᠢᠯ ᠨᠢ ᠤᠯᠤᠰ ᠤᠨ ᠨᠢᠭᠡᠳᠦᠭᠡᠷ ᠪᠦᠯᠦᠭ ᠲᠣᠮᠣ ᠬᠡᠯᠪᠡᠷᠢ ᠶᠢᠨ ᠨᠠᠷᠠ ᠰᠠᠯᠬᠢᠨ ᠡᠨᠧᠷᠭᠢ ᠶᠢᠨ ᠰᠠᠭᠤᠷᠢᠨ ᠭᠠᠵᠠᠷ ᠤᠨ ᠵᠢᠭᠰᠠᠭᠠᠯ ᠳᠤ ᠣᠷᠣᠪᠠ᠂ ᠡᠭᠦᠨ ᠳᠤ ᠱᠠᠩᠳᠤ ᠶᠢᠨ 200 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠦᠷᠥᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠰᠢᠨ᠎ᠡ ᠪᠠᠷ ᠲᠥᠯᠥᠪᠵᠢᠭᠦᠯᠦᠭᠰᠡᠨ 400 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠎ ᠳᠤ ᠠᠶᠢᠮᠠᠭ ᠤᠨ ᠳᠣᠲᠣᠷ᠎ᠠ ᠪᠠᠨ ᠡᠮᠦᠨᠡᠬᠢ ᠬᠤᠭᠤᠴᠠᠭᠠᠨ ᠤ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠭᠰᠠᠨ ᠤ ᠬᠠᠮᠲᠤ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠵᠣ᠂  ᠪᠦᠬᠦ ᠠᠶᠢᠮᠠᠭ ᠤᠨ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ 1145 ᠲᠦᠮᠡᠨ ᠺᠢᠯᠣᠸᠠᠲ ᠲᠤ ᠬᠦᠷᠴᠦ᠂ ᠪᠦᠬᠦ ᠣᠷᠣᠨ ᠤ ᠲᠡᠷᠢᠭᠦᠨ ᠳᠤ ᠣᠷᠣᠵᠤ᠂ ᠪᠦᠬᠦ ᠠᠶᠢᠮᠠᠭ ᠤᠨ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ 45.6 %᠎ ᠶᠢ ᠡᠵᠡᠯᠡᠪᠡ᠃ ᠱᠧᠨ ᠬᠤᠸᠠ ᠴᠠᠬᠢᠯᠭᠠᠨ ᠤ ᠦᠢᠯᠡᠳᠪᠦᠷᠢ ︽ᠬᠤᠣᠰ ᠪᠡᠯᠡ ᠣᠷᠣᠭᠤᠯᠤᠯᠲᠠ︾᠎ ᠶᠢ ᠪᠡᠶᠡᠯᠡᠭᠦᠯᠵᠦ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ 132 ᠲᠦᠮᠡᠨ ᠺᠢᠯᠣᠸᠠᠲ ᠰᠢᠨ᠎ᠡ ᠪᠠᠷ ᠨᠡᠮᠡᠭᠳᠡᠵᠦ᠂ ᠪᠦᠬᠦ ᠠᠶᠢᠮᠠᠭ ᠤᠨ ᠢᠯᠴᠢ ᠶᠢᠨ ᠴᠠᠬᠢᠯᠭᠠᠨ ᠤ ᠶᠡᠷᠦᠩᠬᠡᠢ ᠮᠠᠰᠢᠨ ᠴᠣᠭᠴᠠᠯᠠᠪᠤᠷᠢ 1365 ᠲᠦᠮᠡᠨ ᠺᠢᠯᠣᠸᠠᠲ ᠲᠤ ᠬᠦᠷᠴᠦ᠂ ᠪᠦᠬᠦ ᠣᠷᠣᠨ ᠤ ᠬᠤᠶᠠᠳᠤᠭᠠᠷ ᠲᠤ ᠣᠷᠣᠪᠠ᠃ ᠲᠠᠯ᠎ᠠ ᠨᠤᠲᠤᠭ ᠤᠨ ᠵᠤᠭᠠᠴᠠᠯ ᠤᠨ ᠦᠢᠯᠡᠰ ᠢ ᠬᠦᠴᠦᠯᠡᠨ ᠳᠡᠯᠭᠡᠷᠡᠭᠦᠯᠦᠨ᠂ ᠲᠡᠰ ᠳᠡᠪᠰᠢᠭᠦᠯᠵᠣ᠂ ᠠᠮᠢ ᠠᠬᠤᠢ ᠶᠢᠨ ᠵᠤᠭᠠᠴᠠᠯ ᠤᠨ ᠨᠠᠶᠢᠷ ᠵᠡᠷᠭᠡ ᠰᠢᠷᠢᠰ ᠰᠣᠶᠣᠯ ᠵᠤᠭᠠᠴᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠤᠬᠠᠭᠠᠯᠠᠨ ᠰᠡᠳᠦᠵᠦ ᠤᠬᠠᠭᠤᠯᠤᠨ ᠳᠡᠯᠭᠡᠷᠡᠭᠦᠯᠵᠦ᠂ ᠨᠡᠶᠢᠲᠡ 266 ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠲᠡᠳᠡᠨ ᠠᠪᠴᠢᠷᠠᠵᠤ᠂ ᠵᠢᠷᠤᠭ ᠦᠰᠦᠭᠲᠦ ᠮᠡᠳᠡᠭᠡ ᠵᠠᠩᠭᠢ ᠪᠠ ᠸᠢᠳᠢᠣ᠋ ᠶᠢ 5000 ᠰᠢᠬᠠᠮ ᠵᠤᠷᠪᠤᠰ ᠨᠡᠶᠢᠲᠡᠯᠡᠵᠦ᠂ 8.8 ᠳ᠋ᠦᠩᠰᠢᠭᠤᠷ ᠤᠳᠠᠭ᠎ᠠ ᠥᠷᠭᠡᠨ ᠢᠶᠠᠷ ᠨᠡᠪᠳᠡᠷᠡᠭᠦᠯᠵᠣ ᠰᠣᠨᠢᠷᠬᠠᠵᠠᠢ᠃ ᠭᠤᠤᠯᠳᠠᠯᠭ᠎ᠠ ᠲᠠᠢ ᠵᠢᠭᠤᠯᠴᠢᠯᠠᠯ ᠤᠨ 10 ᠲᠥᠷᠥᠯ ᠵᠦᠢᠯ ᠳᠤ 3.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠰᠢᠯᠢ ᠶᠢᠨ ᠭᠤᠤᠯ ᠤᠨ ᠲᠦᠮᠡᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠳᠠᠷᠳᠠᠩ ᠵᠠᠮ ᠤᠨ ᠡᠵᠡᠩᠨᠡᠯᠳᠡ ᠶᠢᠨ ᠪᠠᠷᠢᠮᠵᠢᠶ᠎ᠠ ᠶᠢ ᠨᠡᠶᠢᠲᠡᠯᠡᠵᠦ᠂ ᠣᠳᠣᠨ ᠲᠠᠰ ᠤᠨ ᠥᠷᠲᠡᠭᠡ᠂ 36 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠥᠭᠡᠷᠡᠴᠢᠯᠡᠨ ᠱᠠᠩᠨᠠᠨ ᠨᠥᠬᠦᠪᠥᠷᠢᠯᠡᠵᠦ᠂ ᠵᠢᠭᠤᠯᠴᠢᠯᠠᠯ ᠤᠨ ᠰᠠᠭᠤᠷᠢ ᠲᠦᠬᠦᠭᠡᠷᠣᠮᠵᠢ ᠪᠠ  ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠪᠦᠬᠦ ᠠᠶᠢᠮᠠᠭ ᠤᠨ ᠰᠠᠯᠬᠢᠨ ᠬᠦᠴᠦᠨ ᠤ ᠮᠠᠰᠢᠨ ᠴᠣᠭᠴᠠ ᠶᠢᠨ ᠵᠢᠯ ᠤᠨ ᠦᠢᠯᠡᠳᠪᠦᠷᠢᠯᠡᠯ ᠤᠨ ᠴᠢᠳᠠᠮᠵᠢ 600 ᠲᠦᠮᠡᠨ ᠺᠢᠯᠣᠸᠠᠲ ᠲᠤ ᠬᠦᠷᠴᠦ᠂ ᠪᠦᠬᠦ ᠣᠷᠣᠨ ᠤ ᠲᠡᠷᠢᠭᠦᠨ ᠳᠤ ᠣᠷᠣᠵᠤ᠂ ᠰᠠᠯᠬᠢᠨ ᠬᠦᠴᠦᠨ ᠤ ᠮᠠᠰᠢᠨ ᠴᠣᠭᠴᠠᠯᠠᠪᠤᠷᠢ ᠶᠢᠨ ᠪᠦᠬᠦ ᠠᠵᠤ ᠦᠢᠯᠡᠰ ᠤᠨ ᠬᠡᠯᠬᠢᠶᠡᠰᠣ ᠲᠠᠢ ᠠᠩᠬᠠᠳᠠᠭᠴᠢ ᠠᠶᠢᠮᠠᠭ ᠬᠤᠲᠠ ᠪᠣᠯᠪᠠ᠃ 5 G + ᠤᠶᠤᠨᠲᠤ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ 3.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠠᠭᠤᠷᠬᠠᠶ ᠶᠢᠨ ᠤᠶᠤᠨᠴᠢᠯᠠᠭᠰᠠᠨ ᠲᠥᠷᠥᠯ ᠵᠦᠢᠯ ᠢ 83 ᠬᠡᠷᠡᠭᠵᠢᠭᠦᠯᠵᠦ᠂ ᠨᠢᠭᠡ ᠪᠦᠯᠦᠭ ᠲᠣᠮᠣ ᠬᠡᠯᠪᠡᠷᠢ ᠶᠢᠨ ᠨᠡᠭᠦᠷᠡᠰᠦᠨ ᠠᠭᠤᠷᠬᠠᠶ ᠶᠢᠨ ᠤᠶᠤᠨᠴᠢᠯᠠᠭᠰᠠᠨ ᠬᠢᠷᠢ ᠲᠦᠪᠰᠢᠨ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠬᠤᠸᠠ ᠷᠦᠨ᠂ ᠳ᠋ᠠ ᠳᠠᠩ ᠰᠢᠨ᠎ᠡ ᠡᠨᠧᠷᠭᠢ ᠶᠢᠨ ᠠᠯᠤᠰ ᠡᠵᠡᠮᠰᠢᠯᠲᠦ ᠣᠶᠤᠨᠴᠢ ᠲᠣᠬᠢᠷᠠᠭᠤᠯᠤᠯᠲᠠ ᠶᠢᠨ ᠲᠠᠪᠴᠠᠩ ᠤᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠵᠢᠩ ᠨᠧᠩ᠂ ᠲᠠᠢ ᠹᠦ᠋ ᠰᠢᠨ᠎ᠡ ᠡᠨᠧᠷᠭᠢ ᠎ ᠶᠢᠨ ᠠᠵᠢᠯᠯᠠᠭᠤᠯᠣᠨ ᠬᠠᠮᠠᠭᠠᠯᠠᠬᠤ ᠲᠥᠪ ︵ᠶᠡᠷᠦᠩᠬᠡᠢ ᠬᠡᠯᠲᠡᠰ︶᠎ ᠤᠨ ᠲᠥᠷᠥᠯ ᠵᠦᠢᠯ ᠨᠢ ᠰᠢᠯᠢ ᠶᠢᠨ ᠬᠤᠳᠠ ᠳᠤ  ᠨᠣᠳᠣᠭᠰᠢᠵᠣ᠂ ᠴᠠᠭᠠᠨᠨᠠᠭᠤᠷ ᠤᠨ ᠰᠠᠯᠬᠢ ᠭᠡᠷᠡᠯ ᠢᠯᠴᠢ ᠪᠠᠷ ᠤᠰᠤᠲᠥ᠋ᠷᠥᠭᠴᠢ ᠨᠦᠭᠡᠴᠡᠯᠡᠬᠦ ᠶᠢ ᠨᠢᠭᠡ ᠴᠣᠭᠴᠠᠵᠢᠭᠤᠯᠬᠤ᠂ ᠵᠢᠩ ᠨᠧᠩ ᠪᠦᠯᠦᠭᠯᠡᠯ ᠤᠨ ᠳᠠᠪᠣᠨ ᠳᠠᠰᠣᠯᠭ᠎ᠠ ᠪᠠᠶᠢᠰᠢᠩ ᠤᠨ ᠨᠡᠭᠦᠷᠡᠰᠦᠲᠥ᠋ᠷᠥᠭᠴᠢ ᠶᠢ ᠬᠤᠷᠢᠶᠠᠨ ᠴᠤᠭᠯᠠᠭᠤᠯᠵᠤ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠨᠢ ᠶᠠᠭ ᠡᠮᠦᠨᠡᠬᠢ ᠬᠤᠭᠤᠴᠠᠭᠠᠨ ᠤ ᠠᠵᠢᠯ ᠢᠶᠠᠨ ᠠᠬᠢᠭᠤᠯᠵᠤ ᠪᠤᠢ᠃ ᠤᠶᠤᠨᠲᠤ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂  ᠬᠦᠴᠦᠳᠡᠯ ᠥᠭᠡᠷᠡᠴᠢᠯᠡᠬᠦ 2 ᠤᠶᠤᠨᠲᠤ ᠥᠷᠲᠡᠭᠡ ᠎ ᠶᠢ ᠰᠢᠨ᠎ᠡ ᠪᠠᠷ  ᠪᠠᠶᠢᠭᠤᠯᠵᠠᠢ᠃ ᠠᠯᠮᠠᠰ ᠴᠢᠯᠠᠭᠤᠨ ᠰᠢᠬᠠᠭᠤᠷ ᠤᠨ ᠲᠥᠬᠦᠭᠡᠷᠦᠮᠵᠢ ᠦᠢᠯᠡᠳᠬᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠪᠠᠯ ᠴᠢᠯᠠᠭᠤᠨ ᠤ ᠠᠯᠺᠧᠨ ᠴᠠᠬᠢᠯᠭᠠᠨ ᠢᠯᠴᠢ ᠶᠢᠨ ᠮᠠᠲ᠋ᠧᠷᠢᠶᠠᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠡᠭᠡᠭᠦᠯᠦᠨ ᠬᠤᠷᠢᠶᠠᠬᠤ᠂ ᠮᠠᠰᠢᠨ ᠲᠡᠷᠭᠡᠨ ᠤ ᠰᠡᠯᠪᠢᠭ ᠲᠤᠨᠤᠭ ᠦᠢᠯᠡᠳᠪᠦᠷᠢᠯᠡᠬᠦ ᠵᠡᠷᠭᠡ ᠡᠨᠧᠷᠭᠢ ᠶᠢᠨ ᠰᠤᠷᠪᠤᠯᠵᠢ ᠶᠢᠨ ᠪᠤᠰᠤ ᠶᠢᠨ ᠨᠢᠭᠡ ᠪᠦᠯᠦᠭ ᠵᠦᠢᠯᠡᠰ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠪᠤᠶᠢᠵᠢᠭᠤᠯᠵᠤ᠂ ᠰᠦᠯᠵᠢᠶᠡᠨ ᠣᠳᠣᠳ ᠤᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠲᠣᠭᠲᠠᠭᠠᠵᠤ᠂ ᠪᠦᠬᠦ ᠠᠶᠢᠮᠠᠭ ᠤᠨ ᠰᠦᠯᠵᠢᠶᠡᠨ ᠣᠳᠣᠳ ᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠪᠡ᠃     ︵ᠭᠤᠷᠪᠠ︶ ᠠᠮᠢ ᠠᠬᠤᠢ ᠶᠢᠨ ᠠᠶᠣᠯᠬᠦᠢ ᠶᠢᠨ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂  ᠡᠭᠦᠳᠦᠨ ᠪᠠᠶᠢᠭᠤᠯᠬᠤ 36  ᠬᠦᠢᠴᠡᠳᠭᠡᠯ ᠲᠣᠭᠠᠨ ᠤ ᠬᠢᠨᠢ 20᠎ ᠨᠢ  ᠪᠠᠷᠢᠮᠵᠢᠶᠠᠨ ᠳᠤ ᠬᠦᠷᠴᠡᠶ᠃ ᠪᠦᠬᠦ ᠠᠶᠢᠮᠠᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠶᠢᠨ ᠡᠬᠡ ᠨᠣᠣᠷᠠᠭ ᠢ ᠨᠠᠶᠢᠷᠠᠭᠤᠯᠤᠨ ᠳᠠᠭᠤᠰᠬᠠᠵᠤ᠂ ᠠᠶᠢᠮᠠᠭ ᠤᠨ ᠬᠡᠪᠴᠢᠶᠡᠨ ᠳᠠᠬᠢ ᠭᠠᠵᠠᠷ ᠨᠣᠳᠤᠭ ᠤᠨ ᠲᠠᠯᠠᠪᠠᠢ ᠶᠢᠨ 64.18 %᠎ ᠎ ᠶᠢ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠳᠤ ᠣᠷᠣᠭᠤᠯᠵᠤ᠂ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ 80 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠵᠤ᠂ 36 ᠲᠦᠮᠡᠨ ᠮᠦ ᠡᠯᠡᠰᠦᠷᠬᠡᠭ ᠭᠠᠵᠠᠷ ᠤᠨ ᠶᠡᠭᠡ ᠬᠥᠨᠥᠭᠡᠯᠲᠦ ᠣᠷᠣᠨ ᠢ ᠵᠠᠰᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ 50.7 %᠎ ᠳᠤ ᠬᠦᠷᠪᠡ᠃ ︽ᠰᠢᠯᠢ ᠶᠢᠨ ᠬᠤᠳᠠ ᠶᠢᠨ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ︾᠎ ᠤᠨ ᠬᠡᠷᠡᠭ ᠤᠨ  ᠵᠢᠱᠢᠶ᠎ᠡ ᠶᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾᠎ ᠶᠢᠨ ᠭᠡᠷᠡᠲᠦ ᠲᠠᠯ᠎ᠠ ᠶᠢᠨ ᠶᠡᠭᠡ ᠬᠤᠷᠠᠯᠳᠣᠭᠠᠨ ᠤ ᠠᠷᠪᠠᠨ ᠲᠠᠪᠤᠳᠤᠭᠠᠷ ᠣᠳᠠᠭᠠᠨ ᠤ ᠬᠤᠷᠠᠯ ᠳᠡᠭᠡᠷ᠎ᠡ ᠳᠡᠯᠭᠡᠨ ᠦᠵᠡᠭᠦᠯᠪᠡ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠡᠬᠢᠯᠡᠨ ᠬᠡᠷᠡᠭᠵᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠣ ᠪᠡᠯᠴᠢᠭᠡᠷ ᠰᠡᠷᠭᠦᠭᠡᠬᠦ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠵᠡᠷᠭᠡ ᠲᠦᠷᠢᠮ ᠢ ᠲᠣᠭᠲᠠᠭᠠᠨ ᠲᠡᠭᠦᠯᠳᠡᠷᠵᠢᠭᠦᠯᠪᠡ᠃  ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠎ ᠪᠠᠨ  ᠲᠦᠷᠭᠡᠳᠬᠡᠵᠦ᠂ ︽ᠪᠣᠬᠢᠷᠲᠤᠯ ᠥᠬᠡᠶ ᠠᠭᠤᠷᠬᠠᠶ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠤᠮᠵᠢ︾ ᠪᠠ ︽ᠠᠭᠤᠷᠬᠠᠶ ᠶᠢᠨ ᠤᠷᠭᠤᠮᠠᠯ ᠤᠨ ᠪᠦᠷᠬᠦᠴᠡ ᠶᠢ ᠰᠡᠷᠭᠦᠭᠡᠨ ᠵᠠᠰᠠᠬᠤ ᠮᠡᠷᠭᠡᠵᠢᠯ ᠤᠨ ᠵᠢᠯᠣᠭᠤᠳᠤᠮᠵᠢ ᠶᠢᠨ ᠲᠦᠷᠢᠮ︾᠎ ᠢ ᠲᠣᠭᠲᠠᠭᠠᠵᠤ᠂ 16.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠠᠶᠢᠭᠠᠳ ᠵᠠᠰᠠᠬᠤ  ᠬᠤᠭᠤᠴᠠᠭᠠᠨ ᠳᠤ ᠪᠠᠶᠢᠭ᠎ᠠ ᠠᠭᠤᠷᠬᠠᠶ ᠶᠢ 55.8  ᠬᠠᠪᠳᠠᠭᠠᠢ ᠳᠥᠷᠪᠡᠯᠵᠢᠨ ᠺᠢᠯᠣᠮᠧᠲᠷ ᠵᠠᠰᠠᠵᠤ᠂ ᠪᠥᠬᠦ ᠵᠢᠯ ᠤᠨ ᠪᠠᠯᠠ ᠮᠦᠩᠭᠦᠨ ᠤ ᠣᠷᠣᠭᠤᠯᠤᠯᠲᠠ ᠪᠠ ᠵᠠᠰᠠᠯᠲᠠ ᠶᠢᠨ ᠲᠠᠯᠠᠪᠠᠶ ᠨᠢ ︽ᠠᠷᠪᠠᠨ ᠭᠤᠷᠪᠠᠳᠣᠭᠠᠷ ᠳᠠᠪᠣᠨ ᠵᠢᠯ︾᠎ ᠤᠨ ᠬᠤᠭᠤᠴᠠᠭᠠᠨ ᠤ ᠶᠡᠷᠦᠩᠬᠡᠶ ᠨᠡᠶᠢᠯᠡᠪᠦᠷᠢ ᠶᠢᠨ 74 % ᠪᠠ 42 %  ᠪᠣᠯᠵᠣ᠂ 7 ᠠᠭᠤᠷᠬᠠᠶ ᠶᠢ ᠪᠥᠬᠦ ᠠᠶᠢᠮᠠᠭ ᠤᠨ ᠲᠦᠷᠦᠭᠦᠦ ᠪᠦᠯᠦᠭ ᠪᠣᠬᠢᠷᠲᠤᠯ ᠥᠬᠡᠶ ᠠᠭᠤᠷᠬᠠᠶ ᠶᠢᠨ ᠵᠢᠱᠢᠶ᠎ᠡ ᠦᠵᠡᠭᠦᠯᠬᠦ ᠲᠥᠷᠥᠯ  ᠵᠦᠢᠯ ᠳᠤ ᠣᠷᠣᠭᠤᠯᠵᠤ᠂  16 ᠠᠭᠤᠷᠬᠠᠶ ᠨᠢ ᠪᠣᠬᠢᠷᠲᠤᠯ ᠥᠬᠡᠶ ᠠᠭᠤᠷᠬᠠᠶ ᠶᠢᠨ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠥᠩᠭᠡᠷᠡᠭᠡᠪᠡ᠃ 2 ᠳ᠋ᠦᠩᠰᠢᠭᠤᠷ ᠢᠯᠡᠭᠦᠣ ᠲᠥᠭᠦᠷᠢᠭ ᠤᠨ ᠪᠡᠯᠡ ᠣᠷᠣᠭᠤᠯᠵᠤ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠬᠠᠶᠠᠭᠳᠠᠮᠠᠯ ᠨᠦᠬᠡ ᠶᠢ 40 ᠬᠠᠪᠳᠠᠭᠠᠢ  ᠳᠥᠷᠪᠡᠯᠵᠢᠨ ᠺᠢᠯᠣᠮᠧᠲᠷ ᠵᠠᠰᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠥᠬᠦ ᠠᠶᠢᠮᠠᠭ ᠤᠨ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠵᠤ᠂ ᠭᠠᠵᠠᠷ ᠳᠡᠭᠡᠷᠡᠬᠢ ᠤᠰᠤᠨ ᠤ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠨᠢ ᠴᠥᠮ ᠪᠠᠷᠢᠮᠵᠢᠶᠠᠨ ᠳᠤ ᠬᠦᠷᠴᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠴᠢᠩᠭᠠᠳᠬᠠᠵᠤ᠂ ᠪᠠᠷᠢᠮᠵᠢᠶᠠᠨ ᠳᠤ ᠬᠦᠷᠬᠦ ᠦᠭᠡᠢ 7 ᠰᠠᠭᠤᠷᠢ ᠠᠭᠤᠷᠬᠠᠢ ᠶᠢᠨ ᠢᠯᠴᠢ ᠶᠢᠨ ᠵᠤᠤᠬ᠎ᠠ᠂ 8.5 ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠶᠢ ᠬᠠᠤᠯᠢ ᠶᠣᠰᠣᠭᠠᠷ ᠰᠢᠭᠰᠢᠭᠳᠡᠭᠦᠯᠵᠦ᠂  ︽ᠬᠡᠶᠢᠰᠪᠦᠷᠢ ᠵᠣᠭᠤᠰ ︾᠎ ᠢᠶᠠᠷ ︽ᠠᠭᠤᠷᠬᠠᠢ ᠮᠠᠯᠲᠠᠬᠤ︾ 9 ᠲᠥᠷᠥᠯ ᠵᠦᠢᠯ ᠢ ᠪᠦᠬᠦ ᠲᠠᠯ᠎ᠠ ᠪᠠᠷ ᠴᠡᠪᠡᠷᠯᠡᠵᠦ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ  ᠣᠨ ᠤ ᠡᠭᠦᠷᠭᠡ ᠪᠠᠨ ᠡᠮᠬᠢ ᠵᠢᠷᠤᠮ ᠲᠠᠢ ᠪᠠᠷ ᠪᠡᠶᠡᠯᠡᠭᠦᠯᠪᠡ᠃     ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠨᠡᠭᠡᠭᠡᠯᠲᠡ ᠬᠢᠬᠦ ᠠᠷᠭ᠎ᠠ ᠬᠡᠮᠵᠢᠶ᠎ᠡ ᠪᠠᠨ ᠦᠷᠭᠦᠯᠵᠢᠯᠡᠨ ᠭᠦᠨᠵᠡᠭᠡᠶᠢᠷᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠪᠥᠬᠦ ᠠᠶᠢᠮᠠᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠣᠨ ᠤ ᠲᠥᠰᠦᠯ ᠵᠢᠴᠢ 21 ᠲᠤᠰᠬᠠᠶ ᠲᠥᠰᠦᠯ ᠢ ᠲᠣᠭᠲᠠᠭᠠᠵᠤ᠂ 110  ᠵᠦᠢᠯ ᠤᠨ ᠪᠣᠳᠠᠲᠠᠶ ᠠᠷᠭ᠎ᠠ ᠬᠡᠮᠵᠢᠶ᠎ᠡ ᠪᠣᠯᠭᠠᠨ ᠨᠠᠷᠢᠯᠢᠬᠵᠢᠭᠤᠯᠵᠤ᠂  ᠵᠦᠢᠯ ᠳᠠᠷᠠᠭᠠᠯᠠᠨ ᠲᠣᠬᠢᠷᠠᠭᠤᠯᠵᠤ ᠱᠠᠯᠠᠪᠳᠠᠭᠤᠯᠣᠨ ᠰᠢᠢᠳᠪᠦᠷᠢᠯᠡᠬᠦᠯᠵᠣ᠂ ᠭᠤᠤᠯ ᠪᠣᠯᠬᠤ ᠬᠦᠢᠴᠡᠳᠭᠡᠯ ᠲᠤᠭ᠎ᠠ ᠨᠢ ᠴᠥᠮ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠬᠢᠷᠢ ᠲᠦᠪᠰᠢᠨ ᠳᠤ ᠬᠥᠷᠪᠡ᠃ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠠᠷᠢᠯᠢᠬᠵᠢᠭᠤᠯᠤᠨ ᠡᠮᠬᠢᠯᠡᠬᠦ ᠪᠠ ᠰᠢᠰᠲ᠋ᠧᠮ ᠢ ᠰᠢᠭᠤᠳ ᠵᠣᠯᠭᠠᠭᠤᠯᠬᠤ ᠲᠤᠷᠰᠢᠯᠲᠠ ᠶᠢᠨ ᠴᠡᠭ ᠤᠨ ᠭᠠᠵᠠᠷ ᠣᠷᠣᠨ ᠪᠣᠯᠤᠭᠰᠠᠨ ᠤ ᠬᠤᠪᠢ ᠳᠤ᠂ ᠣᠷᠣᠨ ᠤ ᠰᠢᠭᠤᠳ ᠬᠠᠷᠢᠶ᠎ᠠ 13 ᠰᠠᠯᠠᠭ᠎ᠠ ᠮᠥᠴᠢᠷ ᠤᠨ 34 ᠲᠤᠬᠠᠶᠢᠯᠠᠭᠰᠠᠨ ᠠᠵᠢᠯ ᠤᠨ ᠰᠢᠰᠲ᠋ᠧᠮ ᠲᠠᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠤᠷᠢᠳᠠᠪᠠᠷ ᠪᠡᠶᠡᠯᠡᠭᠦᠯᠵᠦ᠂ ᠦᠪᠡᠷᠳᠡᠭᠡᠨ ᠪᠠᠶᠢᠭᠤᠯᠤᠭᠰᠠᠨ 3 ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠦᠬᠦᠨ ᠢ ᠨᠡᠪᠲᠡᠷᠡᠭᠦᠯᠵᠦ᠂ 2.6 ᠲᠦᠮᠡᠨ  ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠎ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠬᠦᠢᠴᠡᠳᠭᠡᠵᠣ ᠪᠣᠯᠬᠤ ᠨᠣᠷᠮ᠎ᠠ ᠂ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠭᠡᠬᠦ ᠨᠣᠷᠮ᠎ᠠ ᠨᠢ ᠲᠣᠰ ᠲᠣᠰ 99.7% ᠪᠠ 92.9%᠎ ᠳᠤ ᠬᠦᠷᠴᠦ᠂ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠲᠠᠪᠴᠠᠩ ᠢ ᠤᠷᠢᠳᠠᠪᠠᠷ  ᠬᠡᠷᠡᠭᠯᠡᠵᠦ᠂ ᠠᠶᠢᠮᠠᠭ ᠬᠤᠰᠢᠭᠤ ᠬᠤᠶᠠᠷ ᠱᠠᠲᠤᠨ ᠤ 204 ᠰᠠᠯᠠᠭ᠎ᠠ ᠮᠥᠴᠢᠷ ᠤᠨ 7055 ᠬᠡᠷᠡᠭ ᠶᠠᠪᠤᠳᠠᠯ ᠢ ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠪᠡ᠃ ︽ᠦᠨᠡᠮᠯᠡᠯ ᠠᠪᠬᠤ ᠳᠤ ᠭᠠᠷᠳᠠᠮ ᠢ ᠬᠠᠰᠤᠵᠤ ᠭᠡᠯᠳᠦᠷᠢᠭᠦᠯᠬᠦ︾᠎ ᠪᠠᠨ ᠢᠳᠡᠪᠬᠢᠲᠡᠶ ᠪᠠᠷ ᠠᠬᠢᠭᠤᠯᠵᠤ᠂ ᠡᠯᠧᠺᠲᠷᠣᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ ᠶᠢ ᠤᠷᠢᠳᠠᠪᠠᠷ ᠲᠣᠭᠲᠠᠭᠠᠵᠤ᠂ 72 ᠲᠦᠮᠡᠨ ᠡᠯᠧᠺᠲᠷᠣᠨ ᠦᠨᠡᠮᠯᠡᠯ ᠣᠯᠭᠤᠪᠠ᠃ ᠤᠰᠤ᠂ ᠴᠠᠬᠢᠯᠭᠠᠨ᠂ ᠰᠢᠲᠠᠮᠠᠬᠠᠶ ᠬᠡᠶ᠂ ᠳᠣᠯᠠᠭᠠᠯᠠᠭ᠎ᠠ᠂ ᠪᠣᠬᠢᠷ ᠣᠰᠣ ᠭᠠᠳᠠᠭᠰᠢᠯᠠᠭᠤᠯᠬᠤ᠂ ᠴᠢᠮᠡᠭᠡ ᠬᠤᠯᠪᠣᠭ᠎ᠠ ᠵᠡᠷᠭᠡ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠠᠵᠤ ᠠᠬᠤᠶᠢᠯᠠᠯ ᠢ ᠪᠦᠬᠦᠨ ᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠣ᠂ ᠬᠠᠮᠲᠤᠷᠠᠨ ᠬᠢᠨᠠᠬᠤ ᠵᠦᠢᠯᠡᠰ ᠢ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠰᠢᠰᠲ᠋ᠧᠮ ᠳᠤ ᠵᠠᠯᠭᠠᠨ ᠣᠷᠣᠭᠤᠯᠵᠤ᠂ ᠢᠨᠵᠧᠨᠧᠷᠢᠩ ᠤᠨ ᠲᠥᠷᠥᠯ ᠵᠦᠢᠯ ᠤᠨ ᠪᠥᠬᠦ ᠶᠠᠪᠤᠴᠠ ᠶᠢᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 45 ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠵᠤ᠂ ᠪᠥᠬᠦ ᠣᠷᠣᠨ ᠤ ᠲᠡᠷᠢᠭᠦᠨ ᠳᠤ ᠣᠷᠣᠭᠤᠯᠪᠠ᠃ ᠥᠯᠥ ᠬᠥᠳᠡᠯᠬᠦ ᠬᠥᠷᠥᠩᠭᠡ ᠪᠠᠷ ᠪᠠᠷᠢᠴᠠᠭᠠᠯᠠᠬᠤ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠ ᠮᠥᠩᠭᠦᠨ ᠬᠦᠢᠯᠭᠡᠭᠡᠨ ᠤ ᠪᠠᠶᠢᠭᠤᠯᠤᠮᠵᠢ ᠳᠤ ᠬᠦᠷᠲᠡᠯ᠎ᠡ ᠦᠷᠭᠦᠯᠵᠢᠯᠡᠭᠦᠯᠵᠦ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠠ ᠪᠠᠷᠢᠴᠠᠭᠠᠨ ᠤ ᠳᠡᠩᠰᠡᠯᠡᠯᠲᠡ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠦᠢᠴᠡᠳᠭᠡᠨ᠂ ᠨᠢᠭᠡ ᠯᠡ ᠤᠳᠠᠭ᠎ᠠ ᠳᠤ ᠬᠦᠢᠴᠡᠳᠭᠡᠵᠣ ᠳᠠᠭᠤᠰᠬᠠᠬᠤ ᠶᠢ ᠪᠡᠶᠡᠯᠡᠭᠦᠯᠪᠡ᠃ ︽ᠮᠥᠩᠬᠡ ᠰᠤᠪᠠᠭ︾᠎ ᠨᠢ ᠤᠨᠴᠠᠯᠢᠬᠳᠤ ᠬᠡᠷᠡᠭᠯᠡᠭᠡᠨ ᠤ 267  ᠵᠦᠢᠯ ᠢ ᠴᠤᠭᠯᠠᠭᠤᠯᠤᠨ᠂ 122 ᠵᠦᠢᠯ ᠢ ᠵᠠᠯᠭᠠᠨ ᠣᠷᠣᠭᠤᠯᠵᠤ᠂ ᠲᠣᠰ ᠲᠣᠰ ᠪᠥᠬᠦ ᠣᠷᠣᠨ ᠤ 3 ᠳ᠋ᠤᠭᠠᠷ ᠪᠠ 2 ᠳ᠋ᠤᠭᠠᠷ ᠲᠤ ᠵᠢᠭᠰᠠᠭᠠᠭᠳᠠᠵᠣ᠂ 7300 ᠭᠠᠷᠤᠶ ᠵᠦᠢᠯᠡᠰ ᠢ  ᠣᠷᠢᠳᠴᠢᠯᠡᠨ ᠪᠣᠯᠵᠣᠵᠤ ᠬᠦᠢᠴᠡᠳᠭᠡᠪᠡ᠃ ᠤᠰᠤ ᠴᠠᠬᠢᠯᠭᠠᠨ ᠰᠢᠲᠠᠮᠠᠬᠠᠶ ᠬᠡᠢ ᠳᠤᠯᠠᠭᠠᠯᠠᠭ᠎ᠠ ᠶᠢᠨ ᠰᠦᠢᠳᠬᠡᠯ ᠲᠤᠰᠢᠶᠠᠬᠤ᠂ ᠡᠮᠨᠡᠯᠭᠡ ᠶᠢᠨ ᠬᠤᠷᠢᠶᠠᠨ ᠤ ᠤᠷᠢᠳᠴᠢᠯᠠᠨ ᠪᠣᠯᠵᠣᠬᠤ᠂ ᠦᠯᠦ ᠬᠥᠳᠡᠯᠬᠦ ᠬᠦᠷᠦᠩᠭᠡ ᠶᠢ ᠳᠠᠩᠰᠠᠯᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠵᠡᠷᠭᠡ ᠥᠨᠳᠥᠷ ᠲᠠᠪᠳᠠᠮᠵᠢᠳᠤ ᠵᠦᠢᠯᠡᠰ ᠢ ︽ᠭᠠᠷᠳᠠᠨ ᠭᠦᠢᠴᠡᠳᠬᠡᠬᠦ︾᠎ ᠶᠢ ᠲᠦᠯᠬᠢᠨ ᠠᠬᠢᠭᠤᠯᠪᠠ᠃ 103 ᠵᠦᠢᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠠᠶ᠋ᠢ ᠲᠥᠷᠥᠭᠰᠡᠨ ᠬᠡᠤᠬᠡᠳ᠂ ᠰᠢᠨ᠎ᠡ ᠲᠡᠷᠭᠡᠨ ᠳᠤ ᠫᠠᠶᠢᠰᠠ ᠡᠯᠭᠦᠬᠦ ᠵᠡᠷᠭᠡ 5 ᠵᠦᠢᠯ ᠤᠨ ᠥᠨᠳᠥᠷ ᠲᠠᠪᠳᠠᠮᠵᠢᠳᠤ ᠵᠦᠢᠯᠡᠰ ᠢ ᠭᠤᠤᠯᠳᠠᠯᠭ᠎ᠠ ᠲᠠᠢ ᠳᠥᠯᠭᠢᠨ ᠠᠬᠢᠭᠤᠯᠵᠤ ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠴᠥᠮ 100%᠎ ᠳᠤ ᠬᠥᠷᠪᠡ᠃ ᠪᠥᠬᠦ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ ᠰᠦᠯᠵᠢᠶᠡᠨ ᠳᠤ ᠣᠷᠣᠭᠤᠯᠤᠨ ᠠᠵᠢᠯᠯᠠᠭᠤᠯᠵᠣ᠂ ᠲᠣᠭᠲᠠᠭᠰᠠᠨ ᠴᠠᠭ ᠲᠤᠨᠢ ᠬᠦᠢᠴᠡᠳᠭᠡᠵᠣ ᠳᠠᠭᠤᠰᠬᠠᠭᠰᠠᠨ ᠨᠣᠷᠮ᠎ᠠ᠂ ᠬᠦᠢᠴᠡᠳᠭᠡᠵᠣ ᠳᠠᠭᠤᠰᠬᠠᠭᠰᠠᠨ ᠬᠠᠨᠣᠮᠵᠢ ᠶᠢᠨ ᠬᠡᠮᠵᠢᠶ᠎ᠡ ᠲᠣᠰ ᠲᠣᠰ 98.7 % ᠪᠠ 99.1 %᠎ ᠳᠤ ᠬᠥᠷᠪᠡ︔ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠠᠵᠤ ᠠᠬᠤᠶᠢᠯᠠᠯ ᠴᠦᠮ ᠲᠤᠰᠬᠠᠶ ᠲᠣᠭᠤᠷᠢᠭ ᠨᠡᠭᠡᠭᠡᠨ ᠡᠷᠬᠢᠯᠡᠵᠣ᠂ ᠪᠥᠬᠦ ᠣᠷᠣᠨ ᠳᠤ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ︽ᠥᠪᠡᠷ ᠤᠨ ᠥᠷᠲᠡᠭ ᠥᠬᠡᠶ︾ ᠪᠠᠶᠢᠬᠤ ᠶᠢ ᠤᠷᠢᠳᠠᠪᠠᠷ ᠪᠡᠶᠡᠯᠡᠭᠦᠯᠵᠦ᠂ ᠬᠦᠢᠴᠡᠳᠭᠡᠬᠦ ᠴᠠᠭ ᠢ ᠬᠠᠭᠠᠰ ᠡᠳᠦᠷ ᠪᠣᠯᠭᠠᠨ ᠪᠣᠭᠤᠨᠢᠰᠬᠠᠪᠠ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠱᠠᠩᠨᠠᠯ ᠨᠥᠬᠦᠪᠥᠷᠢ ᠶᠢᠨ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠲᠤᠭ᠎ᠠ ᠪᠦᠷᠢᠳᠬᠡᠯ ᠤᠨ ᠵᠣᠬᠢᠴᠠᠮᠵᠢ ᠶᠢ ᠪᠠᠶᠢᠭᠤᠯᠵᠤ᠂ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ 23᠎ ᠶᠢ ᠬᠡᠷᠡᠭᠵᠢᠭᠦᠯᠵᠦ᠂ 59 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠢᠨᠵᠢᠯᠡᠭᠡ ᠮᠡᠷᠭᠡᠵᠢᠯ ᠤᠨ ᠲᠥᠷᠥᠯ ᠵᠦᠢᠯ ᠤᠨ ᠵᠠᠷᠤᠳᠠᠯ ᠳᠤ 3.48 ᠳ᠋ᠦᠩᠰᠢᠭᠤᠷ ᠲᠥᠭᠦᠷᠢᠭ ᠵᠠᠷᠤᠴᠠᠭᠤᠯᠵᠤ᠂ 7.6 %᠎ ᠪᠠᠷ ᠨᠡᠮᠡᠭᠳᠡᠪᠡ᠃ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠭᠤᠯᠤᠭᠰᠠᠨ ᠲᠤᠭ᠎ᠠ 276 %᠎ ᠪᠠᠷ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠠᠵᠢᠯᠯᠠᠭᠠᠨ ᠤ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠲᠣᠰ ᠲᠣᠰ 3 ᠪᠠ 8 ᠰᠢᠨ᠎ᠡ ᠪᠠᠷ ᠨᠡᠮᠡᠭᠳᠡᠪᠡ᠃ ᠠᠷᠠᠯᠵᠢᠶᠠᠴᠢᠨ ᠤᠷᠢᠵᠤ ᠪᠠᠯᠠ ᠳᠠᠳᠠᠨ ᠣᠷᠣᠭᠤᠯᠬᠤ ᠪᠠ ᠭᠠᠳᠠᠭᠠᠳᠤ ᠨᠡᠭᠡᠭᠡᠯᠲᠡ ᠶᠢ ᠬᠦᠴᠦᠯᠡᠨ ᠥᠷᠭᠡᠳᠬᠡᠵᠦ᠂ ᠠᠷᠠᠯᠵᠢᠶᠠᠴᠢᠨ ᠤᠷᠢᠵᠤ ᠪᠠᠯᠠ ᠳᠠᠳᠠᠨ ᠣᠷᠣᠭᠤᠯᠬᠤ ᠶᠢ ᠰᠢᠯᠭᠠᠵᠤ ᠱᠠᠩᠨᠠᠨ ᠨᠥᠬᠦᠪᠥᠷᠢᠯᠡᠬᠦ ᠠᠷᠭ᠎ᠠ ᠶᠢ ᠲᠣᠭᠲᠠᠭᠠᠵᠤ᠂ ᠠᠷᠠᠯᠵᠢᠶᠠᠴᠢᠨ ᠤᠷᠢᠬᠤ 5 ᠠᠵᠢᠯᠯᠠᠬᠤ ᠳᠤᠭᠤᠶᠢᠯᠠᠩ ᠪᠠᠶᠢᠭᠤᠯᠵᠤ᠂ 100 ᠭᠤᠤᠯᠳᠠᠯᠭ᠎ᠠ ᠲᠠᠢ ᠠᠷᠠᠯᠵᠢᠶᠠᠴᠢᠨ ᠤᠷᠢᠬᠤ ᠲᠥᠷᠥᠯ ᠵᠦᠢᠯ ᠢ ᠵᠢᠷᠣᠭᠯᠠᠨ ᠲᠥᠰᠦᠪᠯᠡᠵᠦ᠂ 50 ᠲᠥᠷᠥᠯ ᠵᠦᠢᠯ ᠢ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢᠨ ᠠᠷᠠᠯᠵᠢᠶᠠᠴᠢᠨ ᠤᠷᠢᠵᠤ ᠪᠠᠯᠠ ᠳᠠᠳᠠᠨ ᠣᠷᠣᠭᠤᠯᠬᠤ ᠲᠥᠷᠥᠯ  ᠵᠦᠢᠯ ᠤᠨ ᠬᠥᠮᠥᠷᠭᠡ ᠳᠤ ᠣᠷᠣᠭᠤᠯᠵᠤ᠂ ᠪᠥᠬᠦ ᠵᠢᠯ ᠳᠤ ᠤᠯᠤᠰ ᠤᠨ ᠳᠣᠲᠣᠭᠠᠳᠤ ︵ᠣᠷᠣᠨ ᠤ ᠭᠠᠳᠠᠨ᠎ᠠ︶᠎ ᠶᠢᠨ ᠪᠠᠯᠠ ᠮᠥᠩᠭᠦ ᠶᠢ 230.8 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ 9 %᠎ ᠪᠠᠷ ᠨᠡᠮᠡᠭᠳᠡᠭᠦᠯᠵᠠᠢ᠃ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠡᠯ᠎ᠡ ᠲᠣᠮᠣ ᠡᠨᠧᠷᠭᠢ ᠶᠢᠨ ᠲᠣᠮᠣ ᠠᠵᠤ ᠠᠬᠤᠶᠢᠯᠠᠯ᠂ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠢᠳᠡᠭᠡᠨ ᠤ ᠵᠦᠢᠯᠡᠰ ᠵᠡᠷᠭᠡ ᠠᠵᠢᠯ ᠲᠥᠷᠥᠯ ᠤᠨ ᠲᠦᠷᠦᠭᠦᠦ ᠠᠵᠤ ᠠᠬᠤᠶᠢᠯᠠᠯ ᠲᠠᠢ ᠢᠳᠡᠪᠬᠢᠲᠡᠢ ᠪᠠᠷ ᠬᠠᠮᠲᠤᠷᠠᠯᠴᠠᠭ᠎ᠠ ᠬᠢᠵᠦ᠂ ᠰᠠᠯᠬᠢ ᠭᠡᠷᠡᠯ ᠢᠯᠴᠢ ᠪᠠᠷ ᠤᠰᠤᠲᠥ᠋ᠷᠥᠭᠴᠢ ᠨᠦᠭᠡᠴᠡᠯᠡᠬᠦ᠂ ᠰᠠᠯᠬᠢᠨ ᠬᠦᠴᠦᠨ ᠤ ᠮᠠᠰᠢᠨ ᠲᠣᠨᠤᠭ ᠲᠥᠬᠦᠭᠡᠷᠦᠮᠵᠢ ᠦᠢᠯᠡᠳᠬᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠳᠡᠭᠡᠳᠣ ᠳᠡᠰ ᠤᠨ ᠬᠡᠯᠬᠢᠶᠡᠰᠣ ᠨᠥᠬᠦᠪᠥᠷᠢᠯᠡᠬᠦ ᠵᠡᠷᠭᠡ ᠨᠢᠭᠡ ᠪᠦᠯᠦᠭ ᠲᠥᠷᠥᠯ ᠵᠦᠢᠯ ᠭᠡᠷ᠎ᠡ ᠲᠣᠭᠳᠠᠪᠠ᠃ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠣᠯᠤᠨ ᠴᠢᠳᠠᠮᠵᠢ ᠶᠢᠨ ᠳᠡᠭᠡᠭᠰᠢᠯᠡᠯᠲᠡ ᠶᠢ ᠲᠦᠷᠭᠡᠳᠬᠡᠨ ᠠᠬᠢᠭᠤᠯᠵᠤ᠂ ᠬᠦᠨᠳᠦ ᠨᠣᠴᠢᠲᠠᠶ ᠬᠢᠵᠢᠭ ᠤᠨ ᠲᠠᠭᠠᠷᠢᠯᠲᠠ ᠳᠤ ᠤᠴᠠᠷᠠᠭᠰᠠᠨ ᠪᠠᠶᠢᠳᠠᠯ ᠳᠤᠤᠷ᠎ᠠ᠂ ᠪᠥᠬᠦ ᠵᠢᠯ ᠤᠨ ᠪᠣᠭᠤᠮᠲᠠ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠮᠥᠨ 1855 ᠲᠦᠮᠡᠨ ᠲᠣᠨ ᠳᠤ ᠬᠦᠷᠴᠦ᠂ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ 15.1 %᠎ ᠪᠠᠷ ᠨᠡᠮᠡᠭᠳᠡᠪᠡ᠃     ︵ᠲᠠᠪᠤ︶ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠰᠢᠨ᠎ᠡ ᠠᠬᠢᠴᠠ ᠲᠠᠢ ᠪᠣᠯᠪᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠠᠴᠠ 6.64 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 371 ᠵᠣᠯᠭᠠᠭᠤᠯᠬᠤ ᠲᠥᠷᠥᠯ ᠵᠦᠢᠯ ᠢ ᠬᠡᠷᠡᠭᠵᠢᠭᠦᠯᠪᠡ︔ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠲᠡᠳᠬᠦᠬᠦ ᠳᠤ 1.45 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 98 ᠲᠥᠷᠥᠯ ᠵᠦᠢᠯ ᠢ ᠬᠡᠷᠡᠭᠵᠢᠭᠦᠯᠪᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ 9.4 ᠲᠦᠮᠡᠨ ᠬᠥᠮᠦᠨ ᠤ  ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠨ᠂ ᠮᠠᠯᠵᠢᠬᠤ ᠲᠠᠷᠢᠶᠠᠯᠠᠬᠤ ᠣᠷᠣᠨ ᠳᠤ 381ᠺᠢᠯᠣᠮᠧᠲᠷ ᠣᠷᠳᠣ ᠵᠠᠰᠠᠮᠠᠯ ᠵᠠᠮ ᠢ ᠪᠦᠲᠦᠭᠡᠨ ᠪᠠᠶᠢᠭᠤᠯᠵᠤ᠂ ᠪᠦᠬᠦ ᠠᠶᠢᠮᠠᠭ ᠤᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ 4 G᠎ ᠶᠢᠨ ᠪᠦᠷᠬᠦᠴᠡ ᠶᠢᠨ ᠨᠣᠷᠮ᠎ᠠ ᠶᠢ 98 %᠎ ᠠᠴᠠ ᠳᠡᠭᠡᠭᠰᠢ ᠳᠤ ᠬᠦᠷᠭᠡᠵᠦ᠂ ᠭᠠᠴᠠᠭ᠎ᠠ ᠲᠣᠰᠬᠤᠨ ᠤ ᠲᠦᠷᠭᠡᠨ ᠬᠦᠷᠭᠡᠯᠳᠡ ᠶᠢᠨ ᠪᠦᠷᠬᠦᠴᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ 6841 ᠡᠷᠦᠬᠡ ᠳᠤ ᠵᠣᠷᠯᠣᠩ ᠪᠠᠷᠢᠵᠣ ᠦᠭᠪᠡ᠃ ᠠᠪᠠᠭ᠎ᠠ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠡᠶᠢᠲᠡ 56 ᠲᠥᠷᠥᠯ ᠵᠦᠢᠯ ᠢ ᠬᠡᠷᠡᠭᠵᠢᠭᠦᠯᠦᠨ᠂ 3.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠳᠣ ᠦᠶ᠎ᠡ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ᠂ ᠡᠪᠡᠰᠦ ᠪᠣᠷᠳᠤᠭ᠎ᠠ ᠨᠥᠭᠡᠴᠡᠯᠡᠬᠦ ᠂ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠲᠠᠯ᠎ᠠ ᠪᠠᠷ ᠬᠠᠰᠢᠷ ᠲᠤᠷᠰᠢᠯᠭ᠎ᠠ ᠶᠢ ᠬᠤᠷᠠᠮᠳᠣᠭᠤᠯᠵᠠᠢ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠢᠯ ᠤᠨ ᠳᠣᠲᠣᠷ᠎ᠠ 19 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠬᠦᠯᠪᠡ︔ 2.26 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 77 ᠬᠠᠭᠤᠴᠢᠨ ᠰᠠᠭᠤᠭᠠᠯᠢ ᠲᠣᠭᠤᠷᠢᠭ᠂ 5616 ᠡᠷᠦᠬᠡ ᠶᠢ ᠵᠠᠰᠠᠨ ᠰᠢᠨᠡᠳᠬᠡᠵᠦ᠂ ᠠᠶᠢᠮᠠᠭ ᠤᠨ ᠲᠣᠰ ᠱᠠᠲᠤᠨ ᠳᠤ 5000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ 7.9 ᠲᠦᠮᠡᠨ ᠢᠵᠢ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠵᠦ ᠪᠠᠶᠢᠭ᠎ᠠ ᠦᠨᠡᠮᠯᠡᠯ  ᠬᠦᠢᠴᠡᠳᠬᠡᠬᠦ ᠠᠰᠠᠭᠤᠳᠠᠯ ᠢ ᠠᠩᠬ᠎ᠠ ᠤᠳᠠᠭ᠎ᠠ ᠪᠦᠬᠦᠨ ᠢ ᠳᠡᠩᠰᠡᠯᠡᠵᠦ᠂ ᠪᠥᠬᠦ ᠣᠷᠣᠨ ᠤ ᠲᠡᠷᠢᠭᠦᠨ ᠳᠤ ᠣᠷᠣᠪᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠳᠤ 42 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 164 ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠡᠪ ᠤᠨ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠪᠠ᠃ ᠰᠠᠭᠤᠷᠢ ᠲᠤᠯᠭᠠᠭᠤᠷᠢᠯᠠᠯ ᠤᠨ ᠪᠠᠲᠤᠯᠠᠭ᠎ᠠ  ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠬᠤᠱᠢᠭ᠎ᠠ ᠠᠴᠠ ᠹᠧᠩ ᠨᠢᠩ ᠬᠦᠷᠬᠦ ᠨᠢᠭᠡᠳᠦᠭᠡᠷ ᠬᠤᠭᠤᠴᠠᠭᠠᠨ ᠤ ᠲᠡᠮᠦᠷ ᠵᠠᠮ ᠲᠡᠷᠭᠡ ᠨᠡᠪᠲᠡᠷᠡᠨ᠂ ᠵᠢᠨᠢᠩ ᠠᠴᠠ ᠲᠦᠩᠯᠢᠶᠣᠤ  ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠲᠥᠷᠥᠯ ᠵᠦᠢᠯ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠨ ᠳᠡᠰᠵᠢᠬᠦᠯᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ 14.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠨ᠂ 10 ᠵᠤᠷᠪᠤᠰ ᠭᠤᠣᠯᠳᠠᠯᠭ᠎ᠠ ᠲᠠᠢ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ 4 ᠵᠤᠷᠪᠤᠰ ᠵᠠᠰᠠᠮᠠᠯ ᠵᠠᠮ ᠳᠤᠨᠢ ᠲᠡᠷᠭᠡ ᠨᠡᠪᠳᠡᠷᠡᠭᠦᠯᠵᠣ᠂ ᠬᠦᠪᠡᠭᠡᠳᠣ ᠰᠢᠷ᠎ᠠ ᠬᠤᠰᠢᠭᠤ ᠬᠢᠭᠡᠳ‌‍ᠰᠢᠯᠣᠭᠤᠨ ᠬᠦᠪᠡᠭᠡᠳᠣ ᠴᠠᠭᠠᠨ  ᠬᠤᠰᠢᠭᠤᠨ ᠤ  ᠬᠤᠭᠤᠷᠣᠨᠳᠣ ᠬᠤᠶᠠᠳᠤᠭᠠᠷ ᠳᠡᠰ ᠤᠨ ᠵᠠᠰᠠᠮᠠᠯ ᠵᠠᠮ ᠦᠭᠡᠢ ᠪᠠᠶᠢᠭᠰᠠᠨ ᠲᠡᠦᠬᠡ ᠶᠢ ᠡᠴᠦᠰᠯᠡᠭᠦᠯᠪᠡ᠃ ᠰᠢᠯᠢ ᠶᠢᠨ ᠬᠤᠲᠠ ᠶᠢᠨ ᠬᠡᠪᠴᠢᠶᠡᠨ ᠳᠠᠬᠢ ᠴᠠᠬᠢᠯᠭᠠᠨ ᠤ ᠲᠣᠣᠷ ᠤᠨ ᠪᠦᠷᠢᠯᠳᠦᠴᠡ ᠶᠢ ᠭᠤᠷᠪᠠᠨ ᠵᠢᠯ ᠳᠡᠭᠡᠭᠰᠢᠯᠡᠭᠦᠯᠬᠦ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠵᠢᠯ ᠤᠨ ᠳᠣᠲᠣᠷ᠎ᠠ ᠪᠦᠬᠦ ᠠᠶᠢᠮᠠᠭ ᠤᠨ ᠴᠠᠬᠢᠯᠭᠠᠨ ᠤ ᠲᠣᠣᠷ ᠤᠨ ᠪᠦᠲᠦᠭᠡᠨ ᠪᠠᠶᠢᠭᠤᠯᠤᠯᠲᠠ ᠳᠤ 5.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃     ︵ᠵᠢᠷᠭᠤᠭ᠎ᠠ︶ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠪᠦᠬᠦ ᠠᠶᠢᠮᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠣᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢᠨ 64.4 %᠎ ᠶᠢ ᠡᠵᠡᠯᠡᠪᠡ᠃ ᠬᠤᠲᠠ ᠪᠠᠯᠭᠠᠰᠤᠨ ᠤ 1.28 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ  ᠎ ᠨᠢ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠨ ᠡᠵᠡᠮᠳᠡᠬᠦ ᠬᠠᠷᠠᠯᠲᠠ ᠠᠴᠠ 1.6 ᠵᠠᠭᠤᠨ ᠤ ᠬᠤᠪᠢ ᠎ ᠶᠢᠨ ᠴᠡᠭ ᠳᠤᠤᠷ᠎ᠠ ᠪᠣᠯᠪᠠ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 8᠎ ᠶᠢ ᠰᠢᠨ᠎ᠡ ᠪᠠᠷ ᠪᠠᠶᠢᠭᠤᠯᠬᠤ ᠪᠣᠶᠣ ᠦᠷᠭᠦᠯᠵᠢᠯᠡᠨ ᠪᠠᠶᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠠᠬᠢ ᠬᠡᠦᠬᠡᠳ ᠤᠨ ᠡᠵᠡᠯᠡᠬᠦ ᠬᠠᠷᠢᠴᠠᠯ ᠢ 73 % ᠪᠣᠯᠲᠠᠯ᠎ᠠ ᠳᠡᠭᠡᠭᠰᠢᠯᠡᠭᠦᠯᠦᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠬᠠᠮᠤᠷᠬᠤ ᠨᠣᠷᠮ᠎ᠠ ᠶᠢ 92 %᠎ ᠲᠤ ᠬᠦᠷᠦᠭᠦᠯᠵᠦ᠂ ᠴᠥᠮ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ︽ᠬᠤᠶᠠᠷ ᠢ ᠬᠦᠩᠭᠡᠷᠡᠭᠦᠯᠬᠦ︾᠂ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠶᠢᠮᠠᠭ ᠤᠨ ᠮᠣᠩᠭᠤᠯ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠬᠤᠭᠤᠴᠠᠭ᠎ᠠ ᠶᠣᠰᠣᠭᠠᠷ ᠠᠰᠢᠭᠯᠠᠯᠲᠠ ᠳᠤ ᠣᠷᠣᠭᠤᠯᠵᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠲᠠᠢ ᠬᠠᠮᠲᠤᠷᠠᠨ ᠠᠶᠢᠮᠠᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠠᠯᠪᠣᠷᠢ ᠰᠤᠷᠭᠠᠭᠤᠯᠢ ᠶᠢ ᠪᠠᠶᠢᠭᠤᠯᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠮᠣᠩᠭᠤᠯ  ᠡᠮᠴᠢᠯᠡᠭᠡᠨ ᠤ ᠡᠮᠨᠡᠯᠭᠡ ᠶᠢᠨ ᠳᠡᠭᠡᠳᠦ ᠰᠤᠷᠭᠠᠭᠤᠯᠢ ᠫᠠᠶᠢᠰᠠ ᠡᠯᠭᠦᠨ ᠪᠠᠶᠢᠭᠤᠯᠤᠭᠳᠠᠵᠤ ᠂ ᠠᠶᠢᠮᠠᠭ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠪᠠ  ᠠᠨ ᠱᠧᠨ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠲᠤᠰᠬᠠᠶ ᠡᠮᠨᠡᠯᠭᠡ ᠶᠢᠨ ᠬᠤᠷᠢᠶ᠎ᠠ ᠪᠣᠯᠭᠠᠨ ᠲᠠᠰ ᠳᠡᠪᠰᠢᠭᠦᠯᠬᠦ ᠶᠢ ᠳᠡᠮᠵᠢᠪᠡ᠃ ᠨᠡᠶᠢᠭᠡᠮ ᠤᠨ ᠪᠠᠲᠤᠯᠠᠭ᠎ᠠ᠂ ᠡᠮᠨᠡᠯᠭᠡ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠪᠠᠨ ᠳᠡᠭᠡᠭᠰᠢᠯᠡᠭᠦᠯᠬᠦ ᠶᠢ ᠢᠳᠡᠪᠬᠢᠲᠡᠢ ᠪᠡᠶᠡᠯᠡᠭᠦᠯᠵᠦ᠂ ᠬᠤᠲᠠ ᠬᠥᠳᠡᠭᠡ ᠶᠢᠨ ᠡᠮᠨᠡᠯᠭᠡ ᠶᠢᠨ ᠠᠪᠤᠷᠠᠨ ᠲᠤᠰᠠᠯᠠᠯᠲᠠ ᠶᠢ ᠠᠶᠢᠮᠠᠭ ᠤᠨ ᠱᠠᠲᠤᠨ ᠳᠤ ᠨᠢᠭᠡᠳᠦᠯᠲᠡᠢ ᠳᠤ ᠲᠥᠯᠥᠪᠵᠢᠭᠦᠯᠬᠦ ᠶᠢ ᠪᠡᠶᠡᠯᠡᠭᠦᠯᠪᠡ᠃ ᠨᠡᠶᠢᠭᠡᠮ ᠲᠣᠭᠤᠷᠢᠭ ᠲᠠᠬᠢ ᠨᠠᠰᠤᠵᠢᠯ ᠤᠨ ᠦᠢᠯᠡᠴᠢᠯᠡᠬᠡᠨ ᠤ ᠲᠦᠬᠦᠭᠡᠷᠣᠮᠵᠢ ᠶᠢ 28 ᠪᠠᠶᠢᠭᠤᠯᠵᠤ᠂ ᠨᠡᠶᠢᠭᠡᠮ ᠲᠣᠭᠤᠷᠢᠭ ᠲᠠᠬᠢ ᠨᠠᠰᠤᠵᠢᠯ ᠤᠨ ᠦᠢᠯᠡᠴᠢᠯᠡᠬᠡᠨ ᠤ ᠬᠠᠮᠤᠷᠬᠤ ᠨᠣᠷᠮ᠎ᠠ ᠶᠢ 60 %᠎ ᠠᠴᠠ ᠳᠡᠭᠡᠭᠰᠢ ᠳᠤ ᠬᠦᠷᠦᠭᠦᠯᠵᠦ᠂ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠨᠢᠭᠡᠪᠦᠷᠢ ᠳᠤ 2 ᠲᠣᠨ ᠠᠴᠠ ᠳᠡᠭᠡᠭᠰᠢ ᠡᠩ ᠤᠨ ᠦᠨ᠎ᠡ ᠲᠠᠢ ᠨᠡᠭᠦᠷᠡᠰᠦ ᠬᠠᠩᠭᠠᠪᠠ᠃ ᠠᠶᠢᠮᠠᠭ ᠬᠤᠰᠢᠭᠤ ᠬᠤᠶᠠᠷ ᠱᠠᠲᠤᠨ ᠳᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢ 1238᠎  ᠣᠳᠠᠭ᠎ᠠ ᠥᠷᠨᠢᠭᠦᠯᠵᠦ᠂ ᠣᠯᠠᠨ ᠲᠦᠮᠡᠨ ᠤ ︽ ᠪᠠᠴᠢᠮ ᠲᠣᠯᠭᠠᠮ᠎ᠠ ᠬᠦᠴᠢᠷ ᠵᠣᠪᠠᠭᠤᠷᠢ ᠵᠣᠪᠠᠨᠢᠯ ᠵᠦᠳᠡᠭᠦᠷᠢ ᠬᠦᠰᠡᠯ ᠡᠷᠡᠮᠡᠯᠵᠡᠯ︾᠎ ᠤᠨ ᠠᠰᠠᠭᠤᠳᠠᠯ ᠢ ᠰᠢᠢᠳᠪᠦᠷᠢᠯᠡᠪᠡ᠃     ︵ᠲᠤᠯᠤᠭ᠎ᠠ︶ ᠨᠡᠶᠢᠭᠡᠮ ᠤᠨ ᠲᠦᠪᠰᠢᠷᠡᠯ ᠪᠦᠯᠬᠦᠮᠳᠡᠯ ᠤᠨ ᠶᠡᠭᠡ ᠲᠠᠯ᠎ᠠ ᠤᠯᠠᠮ ᠨᠢᠭᠡ ᠠᠯᠬᠤᠮ ᠪᠠᠬᠢᠵᠢᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠪᠣᠯᠪᠠᠰᠤᠷᠠᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠤ  ᠣᠷᠣᠨ ᠤ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠲᠡᠨ ᠤ ᠵᠥᠷᠢᠶᠡᠲᠦ ᠴᠢᠨᠠᠷ ᠢ ᠴᠢᠩᠭᠠᠳᠬᠠᠬᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠡᠮᠬᠢᠯᠡᠬᠦ ᠶᠢᠨ ᠬᠠᠮᠲᠤ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ  ᠴᠢᠩᠭᠠᠳᠬᠠᠪᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠪᠥᠬᠦ ᠠᠶᠢᠮᠠᠭ ᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠨᠣᠷᠮ᠎ᠠ᠂ ᠬᠡᠦᠬᠡᠳ ᠤᠨ ᠴᠡᠴᠡᠷᠯᠢᠭ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠠᠰᠠᠷᠠᠨ ᠬᠥᠮᠦᠵᠢᠭᠦᠯᠬᠦ ᠪᠦᠷᠬᠦᠴᠡ ᠶᠢᠨ ᠨᠣᠷᠮ᠎ᠠ ᠶᠢ ᠴᠥᠮ 100 %᠎ ᠳᠤ ᠬᠦᠷᠦᠬᠦᠯᠵᠠᠢ᠃ ︽ᠲᠣᠷᠠᠨᠳᠣ ᠢᠨᠵᠧᠨᠧᠷᠢᠩ︾ ᠪᠠ ︽ᠤᠶᠤᠨᠲᠤ ᠳᠣᠲᠣᠭᠠᠳᠤ ᠶᠢ ᠬᠠᠮᠠᠭᠠᠯᠠᠬᠤ︾ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠵᠡᠭᠦᠨ ᠦᠵᠦᠮᠦᠴᠢᠨ ᠬᠤᠰᠢᠭᠤᠨ ᠤ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠨᠢ ᠤᠯᠤᠰ ᠎ ᠤᠨ ᠳᠤᠮᠳᠠ ᠬᠤᠭᠤᠴᠠᠭᠠᠨ ᠤ ᠦᠨᠡᠯᠡᠯᠲᠡ ᠳᠤ ᠬᠢᠷᠢ ᠲᠡᠩᠴᠡᠪᠡ᠃  ᠬᠢᠵᠢᠭ ᠤᠨ ᠪᠠᠶᠢᠳᠠᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠭᠤᠮᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠵᠢᠷᠠᠭᠤᠯᠵᠤ᠂ ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠵᠣᠬᠢᠶᠠᠨ ᠪᠠᠶᠢᠭᠤᠯᠵᠤ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠵᠡᠷᠭᠡ ᠠᠵᠢᠯ ᠢ ᠴᠢᠩᠭᠠᠳᠬᠠᠵᠠᠢ᠃ ᠠᠭᠤᠷᠬᠠᠶ ᠳᠤ ᠬᠡᠷᠡᠭᠯᠡᠬᠦ ᠲᠡᠷᠭᠡ ᠬᠥᠰᠬᠡ ᠲᠥᠬᠦᠭᠡᠷᠦᠮᠵᠢ᠂ ᠰᠢᠲᠠᠮᠠᠬᠠᠶ ᠬᠡᠶ ᠪᠠ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠶᠢᠨ ᠠᠶᠣᠯᠬᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠭᠤᠷᠬᠠᠶ ᠶᠢᠨ ᠬᠦᠰᠢᠬᠦᠷᠳᠣ ᠲᠣᠰᠣ ᠨᠡᠮᠡᠬᠦ ᠥᠷᠲᠡᠭᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠥᠬᠦ ᠵᠢᠯ ᠤᠨ ᠠᠶᠣᠯᠬᠦᠢ ᠦᠢᠯᠡᠳᠪᠦᠷᠢᠯᠡᠯ ᠤᠨ ᠠᠳᠠᠯ ᠭᠠᠷᠬᠤ ᠲᠤᠭ᠎ᠠ ᠪᠣᠯᠤᠨ ᠠᠳᠡᠭᠰᠡᠨ ᠬᠥᠮᠦᠨ ᠤ ᠲᠤᠭ᠎ᠠ ᠶᠢᠨ ︽ᠬᠤᠣᠰ ᠪᠠᠭᠤᠷᠠᠯᠳᠠ︾᠎ ᠶᠢ  ᠪᠡᠶᠡᠯᠡᠬᠦᠯᠪᠡ᠃     ᠲᠡᠷᠢᠭᠦᠯᠡᠭᠴᠢ ᠨᠠᠷ᠂ ᠭᠡᠰᠢᠭᠦᠳ ᠡ᠂ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠪᠣᠯᠤᠨ ᠬᠦᠨᠳᠦ ᠨᠣᠴᠢᠲᠠᠶ ᠬᠢᠵᠢᠭ ᠤᠨ ᠪᠠᠶᠢᠳᠠᠯ ᠤᠨ ᠡᠮᠦᠨ᠎ᠡ᠂ ᠥᠩᠭᠡᠷᠡᠭᠰᠡᠨ ᠨᠢᠭᠡ ᠵᠢᠯ ᠤᠨ ᠠᠮᠵᠢᠯᠲᠠ ᠶᠢ ᠬᠢᠯᠪᠠᠷ ᠪᠤᠰᠤ ᠪᠠᠷ ᠣᠯᠣᠭᠰᠠᠨ ᠶᠤᠮ᠂  ᠲᠡᠷᠡ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠭᠰᠠᠨ ᠤ ᠦᠷ᠎ᠡ ᠳ᠋ᠦᠩ ᠮᠥᠨ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠨᠤᠭᠤᠷᠠᠰᠢ ᠥᠬᠡᠶ ᠲᠡᠮᠡᠴᠡᠵᠦ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠪᠣᠯᠤᠨ ᠡᠯ᠎ᠡ ᠱᠠᠲᠤᠨ ᠤ ᠲᠡᠷᠢᠭᠦᠯᠡᠭᠴᠢ᠂ ᠭᠡᠰᠢᠭᠦᠳ ᠤᠨ ᠬᠦᠴᠦᠲᠡᠶ ᠬᠠᠪᠰᠤᠷᠤᠯᠭ᠎ᠠ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠮᠥᠨ᠃ ᠠᠳᠡ ᠪᠢ ᠵᠠᠬᠢᠷᠭ᠎ᠠ ᠎ ᠶᠢᠨ ᠡᠮᠦᠨ᠎ᠡ ᠠᠴᠠ ᠤᠯᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠠ ᠬᠥᠭᠵᠢᠯᠲᠡ ᠶᠢᠨ ᠳᠤᠮᠳᠠ ᠪᠠᠰᠠ ᠵᠠᠷᠢᠮ ᠵᠠᠶᠢᠯᠠᠭᠤᠯᠵᠤ ᠪᠣᠯᠤᠰᠢ ᠦᠭᠡᠢ ᠵᠥᠷᠢᠴᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠪᠠᠶᠢᠨ᠎ᠠ᠂ ᠭᠤᠣᠯ ᠢᠯᠡᠷᠡᠯ ᠨᠢ᠄ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠳᠤ ᠲᠣᠯᠭᠠᠭᠤᠷᠢᠯᠠᠬᠤ ᠰᠢᠨ᠎ᠡ ᠲᠥᠷᠥᠯ ᠵᠦᠢᠯ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠴᠥᠭᠡᠨ ᠪᠠᠶᠢᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠤᠴᠣᠷᠤᠩᠭᠤᠢ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠳᠤᠲᠠᠭᠳᠠᠵᠤ ᠪᠠᠶᠢᠬᠤ ᠵᠡᠷᠭᠡ ᠪᠣᠭᠤᠮᠢ ᠬᠦᠯᠢᠶᠡᠰᠦᠯᠡᠯ ᠢᠯᠡᠷᠬᠡᠢ ᠪᠠᠶᠢᠨ᠎ᠠ︔ ᠭᠠᠳᠠᠭᠠᠳᠤ ᠨᠡᠭᠡᠭᠡᠯᠲᠡ ᠶᠢᠨ ᠳᠡᠰ ᠳᠠᠪᠬᠤᠷᠭ᠎ᠠ ᠥᠨᠳᠥᠷ ᠪᠢᠰᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠳᠤ ᠪᠠᠰᠠ ᠴᠥᠭᠡᠨ ᠪᠤᠰᠤ ᠬᠦᠴᠢᠷ ᠠᠰᠠᠭᠤᠳᠠᠯ ᠪᠠ ᠰᠠᠭᠠᠳ ᠲᠦᠭᠵᠢᠷᠡᠯ ᠣᠷᠣᠰᠢᠵᠤ ᠪᠠᠶᠢᠨ᠎ᠠ︔ ᠠᠮᠢ ᠠᠬᠤᠢ ᠶᠢᠨ ᠣᠷᠴᠢᠨ ᠨᠥᠬᠦᠴᠡᠯ ᠲᠣᠭᠲᠠᠭᠤᠨ ᠤ ᠲᠣᠮᠳᠠ ᠰᠠᠶᠢᠵᠢᠷᠠᠬᠤ ᠰᠠᠭᠤᠷᠢ ᠬᠡᠪᠡᠷᠡᠭ ᠪᠠᠶᠢᠵᠤ᠂ ᠠᠮᠢ ᠠᠬᠤᠢ ᠶᠢ ᠵᠠᠰᠠᠨ ᠰᠡᠷᠭᠦᠭᠡᠬᠦ ᠪᠠ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ︔ ᠰᠠᠭᠤᠷᠢ ᠲᠥᠬᠦᠭᠡᠷᠦᠮᠵᠢ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠤᠯᠠᠨ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠦᠪᠰᠢᠨ ᠪᠣᠯᠤᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠵᠦᠷᠢᠶ᠎ᠡ ᠨᠡᠯᠢᠶᠡᠳ ᠶᠡᠭᠡ ᠪᠠᠶᠢᠨ᠎ᠠ︔ ᠬᠡᠰᠡᠭ ᠬᠤᠰᠢᠭᠤ ᠰᠢᠶᠠᠨ ᠤ ᠥᠷᠢ ᠦᠭᠴᠡᠭᠡᠨ ᠤ ᠲᠦᠭᠰᠢᠭᠦᠷᠢ ᠶᠢᠨ ᠵᠡᠷᠭᠡ ᠳᠡᠰ ᠨᠡᠯᠢᠶᠡᠳ ᠥᠨᠳᠥᠷ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠬᠤ ᠵᠡᠷᠭᠡ ᠬᠡᠬᠦ ᠮᠡᠳᠣ᠂ ᠡᠳᠡᠭᠡᠷ ᠵᠥᠷᠢᠴᠡᠯ ᠪᠠ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠮᠠᠭᠠᠢ ᠰᠤᠳᠤᠯᠤᠨ ᠰᠢᠢᠳᠪᠦᠷᠢᠯᠡᠭᠦᠰᠢᠲᠠᠢ ᠶᠣᠮ᠃       ᠬᠤᠶᠠᠷ᠂ 2022 ᠣᠨ ᠤ ᠠᠵᠢᠯ ᠤᠨ ᠪᠠᠶᠢᠷᠢᠯᠠᠭᠤᠯᠣᠯᠳᠠ     2022 ᠣᠨ ᠳᠤ᠂ ᠪᠢᠳᠡ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ ᠶᠢᠨ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠣᠬᠠᠢ  ᠰᠢᠨᠵᠢᠯᠡᠬᠦ ᠤᠬᠠᠭᠠᠨᠴᠢ ᠮᠠᠭᠠᠳᠯᠠᠯᠳᠠ ᠪᠠ ᠶᠡᠷᠦᠩᠬᠡᠢ ᠱᠠᠭᠠᠷᠳᠠᠯᠭ᠎ᠠ ᠶᠢ ᠪᠠᠳᠣ ᠡᠵᠡᠮᠳᠡᠵᠣ᠂       ︽ᠲᠣᠭᠲᠠᠭᠤᠨ ᠢ ᠲᠡᠷᠢᠭᠦᠨ ᠳᠤ ᠲᠠᠯᠪᠢᠬᠤ᠂ ᠳᠠᠪᠰᠢᠬᠤ ᠪᠠᠷ ᠬᠦᠴᠦᠯᠡᠬᠦ ᠶᠢ ᠴᠢᠬᠤᠯᠠᠴᠢᠯᠠᠬᠤ᠂ ᠭᠤᠤᠯ ᠰᠡᠳᠦᠪ ᠢᠶᠠᠷ ᠤᠳᠤᠷᠢᠳᠤᠮᠵᠢ ᠪᠣᠯᠭᠠᠬᠤ ᠶᠢ ᠡᠵᠡᠮᠰᠢᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ  ᠴᠢᠩᠭᠠᠷᠠᠭᠤᠯᠬᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠬᠦᠯᠬᠦ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠶ ᠠᠬᠢᠭᠤᠯᠬᠤ︾ ᠠᠵᠢᠯ ᠤᠨ ᠵᠠᠷᠴᠢᠮ ᠶᠣᠰᠣᠭᠠᠷ᠂ 2022 ᠣᠨ ᠤ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠬᠦᠯᠦᠯᠳᠡ ᠶᠢᠨ ᠭᠤᠣᠯ ᠵᠢᠱᠢᠭᠰᠡᠨ ᠬᠠᠷᠠᠯᠲᠠ ᠶᠢ ᠲᠣᠭᠲᠠᠭᠠᠪᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6 % ᠣᠷᠴᠢᠮ ᠨᠡᠮᠡᠭᠳᠡᠭᠦᠯᠦᠨ᠎ᠡ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠎ ᠶᠢ 6.2 %᠎ ᠢᠶᠠᠷ ᠨᠡᠮᠡᠭᠳᠡᠭᠦᠯᠦᠨ᠎ᠡ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6.5 % ᠣᠷᠴᠢᠮ ᠨᠡᠮᠡᠭᠳᠡᠭᠦᠯᠦᠨ᠎ᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3 % ᠣᠷᠴᠢᠮ ᠳᠤ ᠪᠠᠶᠢᠯᠭᠠᠨ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠨ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ  ᠰᠠᠶᠢᠵᠢᠷᠠᠭᠤᠯᠣᠨ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠢ ᠪᠠᠭᠠᠰᠬᠠᠬᠤ ᠡᠭᠦᠷᠭᠡ ᠪᠠᠨ ᠪᠡᠶᠡᠯᠡᠭᠦᠯᠦᠨ᠎ᠡ᠃     ︵ᠨᠢᠭᠡ︶ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠨᠢᠭᠡ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠪᠦᠬᠦ ᠠᠶᠢᠮᠠᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠬᠤ ᠶᠢ ᠲᠦᠷᠭᠡᠳᠬᠡᠵᠦ᠂ ︽ᠭᠤᠷᠪᠠᠨ ᠱᠤᠭᠤᠮ ᠨᠢᠭᠡ ᠬᠠᠭᠤᠳᠠᠰᠣ︾᠎ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠪᠦᠬᠦ ᠲᠠᠯ᠎ᠠ ᠪᠠᠷ ᠬᠡᠷᠡᠭᠵᠢᠭᠦᠯᠵᠦ᠂ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠨᠠᠶᠢᠳᠠᠪᠣᠷᠢᠵᠢᠭᠤᠯᠣᠯᠳᠠ ᠶᠢ ᠠᠬᠢᠭᠤᠯᠵᠤ᠂ ᠪᠦᠬᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠬᠤᠰᠢᠭᠤ ᠰᠢᠶᠠᠨ ᠤ ᠬᠡᠪᠴᠢᠶᠡᠨ ᠳᠤ ᠨᠤᠲᠤᠭᠰᠢᠭᠤᠯᠬᠤ ᠶᠢ ᠲᠦᠷᠭᠡᠳᠬᠡᠨ ᠠᠬᠢᠭᠤᠯᠤᠨ᠎ᠠ ᠃ ᠬᠤᠶᠠᠷ ᠲᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠎ ᠢᠶᠠᠨ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃  ᠵᠢᠯ ᠤᠨ ᠳᠣᠳᠣᠷ᠎ᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠪᠠ ᠤᠯᠠᠭᠠᠶ ᠵᠢᠱᠢᠶ᠎ᠡ ᠦᠵᠡᠭᠦᠯᠬᠦ ᠣᠷᠣᠨ᠂ ᠳᠣᠯᠣᠨ ᠨᠤᠤᠷ ᠰᠢᠶᠠᠨ ᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠳᠡᠭ ᠢ ᠬᠠᠷᠠᠭᠤᠯᠣᠭᠰᠠᠨ ᠰᠠᠭᠤᠷᠢᠨ ᠭᠠᠵᠠᠷ ᠢ ᠦᠨᠳᠦᠰᠦᠨ ᠳᠡᠭᠡᠨ ᠪᠠᠷᠢᠮᠵᠢᠶᠠᠨ ᠳᠤ ᠬᠦᠷᠦᠭᠦᠯᠬᠦ ᠪᠠᠷ ᠴᠢᠷᠮᠠᠶᠢᠬᠤ ᠶᠢᠨ ᠬᠠᠮᠲᠤ ᠡᠷᠡᠮᠡᠯᠵᠡᠯᠡᠨ ᠮᠡᠳᠡᠭᠦᠯᠬᠦ ᠠᠵᠢᠯ ᠢ ᠥᠷᠨᠢᠭᠦᠯᠵᠦ᠂ 2023 ᠣᠨ ᠤ ᠡᠴᠦᠰ ᠲᠤ ᠡᠭᠦᠳᠦᠨ ᠪᠠᠶᠢᠭᠤᠯᠬᠤ ᠳᠠᠭᠠᠨ ᠰᠠᠭᠤᠷᠢ ᠲᠠᠯᠪᠢᠨ᠎ᠠ᠃ ᠪᠤᠰᠤᠳ ᠬᠤᠰᠢᠭᠤ ᠬᠤᠲᠠ ᠶᠢᠨ ᠡᠭᠦᠳᠦᠨ ᠪᠠᠶᠢᠭᠤᠯᠬᠤ ᠠᠵᠢᠯ ᠢ ᠴᠤᠭ ᠎ ᠲᠤᠨᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠪᠦᠬᠦᠨ ᠢ ᠪᠠᠷᠢᠮᠵᠢᠶᠠᠨ ᠳᠤ ᠬᠦᠷᠦᠭᠦᠯᠬᠦ ᠪᠠᠷ ᠴᠢᠷᠮᠠᠶᠢᠨ᠎ᠠ᠃ ᠭᠤᠷᠪᠠ ᠳᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠡᠷᠴᠢᠮ ᠢᠶᠠᠨ ᠴᠢᠩᠭᠠᠷᠠᠭᠤᠯᠤᠨ᠎ᠠ᠃ ᠪᠠᠶ ᠴᠧᠩ ᠽᠢ᠂ ᠳ᠋ᠠ ᠾᠧ ᠺᠧᠦ ᠵᠡᠷᠭᠡ ᠤᠯᠤᠰ ᠠᠴᠠ ᠡᠵᠡᠮᠳᠡᠵᠦ  ᠪᠠᠶᠢᠭ᠎ᠠ ᠣᠭᠲᠣᠯᠤᠭᠠᠰᠤ ᠶᠢ ᠰᠢᠯᠭᠠᠨ ᠬᠢᠨᠠᠬᠤ ᠬᠠᠷᠠᠯᠲᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠬᠤᠲᠠ ᠪᠠᠯᠭᠠᠰᠤ ᠪᠠ ᠬᠦᠷᠢᠶᠡᠯᠡᠩ ᠲᠣᠭᠤᠷᠢᠭ ᠤᠨ ᠪᠣᠬᠢᠷ ᠤᠰᠤ  ᠰᠢᠢᠳᠪᠦᠷᠢᠯᠡᠬᠦ  ᠦᠢᠯᠡᠳᠪᠦᠷᠢ ᠶᠢᠨ ᠲᠣᠭᠲᠠᠭᠤᠨ ᠢᠶᠠᠷ ᠪᠠᠷᠢᠮᠵᠢᠶᠠᠨ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠠᠲᠠᠪᠤᠷᠢᠯᠠᠨ ᠲᠤᠰᠢᠶᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠠᠵᠤ ᠠᠬᠤᠶᠢᠯᠠᠯ ᠳᠤ ᠡᠷᠭᠢᠯᠳᠦᠭᠦᠯᠦᠨ ᠠᠰᠢᠭᠯᠠᠬᠤ ᠲᠥᠷᠥᠯ ᠵᠦᠢᠯ ᠨᠠᠶᠢᠳᠠᠪᠤᠷᠢᠵᠢᠭᠤᠯᠬᠤ ᠶᠢ ᠱᠠᠭᠠᠷᠳᠠᠨ᠎ᠠ︔ ᠪᠣᠬᠢᠷᠲᠤᠯ ᠭᠠᠳᠠᠭᠰᠢᠯᠠᠭᠤᠯᠬᠤ ᠶᠢ ᠵᠦᠪᠰᠢᠶᠡᠷᠡᠬᠦ ᠭᠤᠤᠯᠳᠠᠯᠭ᠎ᠠ ᠲᠠᠢ ᠬᠠᠮᠢᠶᠠᠷᠤᠯᠲᠠ ᠳᠤ ᠣᠷᠣᠭᠤᠯᠤᠭᠰᠠᠨ ᠨᠢᠭᠡᠴᠡ ᠳᠤ ᠪᠦᠷ ᠰᠦᠯᠵᠢᠶᠡᠨ ᠳᠡᠭᠡᠷ᠎ᠡ ᠬᠢᠨᠠᠨ ᠬᠡᠮᠵᠢᠵᠦ ᠬᠢᠨᠠᠨ ᠡᠵᠡᠮᠳᠡᠬᠦ ᠪᠡᠯᠡᠳᠬᠡᠮᠵᠢ ᠤᠭᠰᠠᠷᠠᠵᠤ᠂ ᠣᠷᠣᠭᠤᠯᠬᠤ ᠶᠢᠨ ᠠᠷᠭ᠎ᠠ ᠥᠬᠡᠶ ᠪᠣᠯᠪᠠᠴᠤ ᠣᠷᠴᠢᠨ ᠲᠣᠭᠤᠷᠢᠨ ᠳᠤ ᠨᠥᠯᠥᠭᠡ ᠶᠡᠬᠡᠲᠡᠶ ᠠᠭᠤᠷᠬᠠᠶ ᠶᠢᠨ ᠠᠵᠤ ᠠᠬᠤᠶᠢᠯᠠᠯ᠂ ᠮᠢᠬᠠᠨ ᠤ ᠵᠦᠢᠯ ᠢ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠵᠡᠷᠭᠡ ᠪᠣᠬᠢᠷᠲᠤᠯ ᠭᠠᠳᠠᠭᠰᠢᠯᠠᠭᠤᠯᠬᠤ ᠨᠢᠭᠡᠴᠡ ᠶᠢ ᠣᠶᠣᠨᠳᠣ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠪᠴᠠᠩ ᠳᠤ ᠵᠠᠯᠭᠠᠨ ᠬᠢᠨᠠᠨ ᠬᠠᠮᠢᠶᠠᠷᠤᠨ᠎ᠠ︔ 39 ᠨᠡᠭᠦᠷᠡᠰᠦᠨ ᠴᠠᠬᠢᠯᠭᠠᠨ ᠦᠢᠯᠡᠳᠪᠦᠷᠢ᠂ ᠢᠯᠴᠢ ᠬᠠᠩᠭᠠᠬᠤ ᠺᠣᠮᠫᠠᠨᠢ ᠪᠠᠷ ᠭᠤᠣᠯᠳᠠᠯᠭ᠎ᠠ ᠪᠣᠯᠭᠠᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠳᠦᠷᠢᠮᠵᠢᠭᠦᠯᠦᠨ ᠬᠠᠳᠠᠭᠠᠯᠠᠵᠤ ᠪᠤᠯᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠢᠯ ᠤᠨ ᠳᠣᠲᠣᠷ᠎ᠠ ᠡᠯ᠎ᠡ ᠬᠤᠰᠢᠭᠤ ᠰᠢᠶᠠᠨ ᠬᠤᠲᠠ ︵ᠣᠷᠣᠨ︶᠎ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠳᠦᠷᠢᠮᠵᠢᠭᠦᠯᠦᠨ ᠰᠢᠢᠳᠪᠦᠷᠢᠯᠡᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ︔  ᠬᠤᠱᠢᠭ᠎ᠠ ᠠᠴᠠ ᠹᠧᠩ ᠨᠢᠩ ᠬᠦᠷᠬᠦ ᠨᠢᠭᠡᠳᠦᠭᠡᠷ ᠬᠤᠭᠤᠴᠠᠭᠠᠨ ᠤ ᠲᠡᠮᠦᠷ ᠵᠠᠮ ᠨᠡᠪᠲᠡᠷᠡᠭᠦᠯᠦᠭᠰᠡᠨ ᠲᠣᠬᠢᠶᠠᠯ ᠢᠶᠠᠷ᠂ ᠨᠤᠨᠲᠠᠭ ᠨᠡᠭᠦᠷᠡᠰᠦᠨ ᠦᠨᠡᠰᠦ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠭᠠᠳᠠᠭᠰᠢ ᠲᠡᠭᠡᠭᠡᠪᠦᠷᠢᠯᠡᠨ ᠪᠣᠷᠣᠯᠠᠭᠤᠯᠬᠤ᠂ ᠡᠷᠭᠢᠯᠳᠦᠭᠦᠯᠦᠨ ᠠᠰᠢᠭᠯᠠᠬᠤ ᠶᠢ ᠰᠦᠪᠡᠭᠴᠢᠯᠡᠨ ᠠᠬᠢᠭᠤᠯᠤᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠠᠮᠳᠡᠭᠴᠣᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠭᠠᠷ ᠤᠨ ᠴᠡᠪᠡᠷᠴᠡ ᠶᠢ ᠪᠠᠲᠤᠯᠠᠬᠤ ᠠᠵᠢᠯ ᠤᠨ ᠲᠥᠰᠦᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠠᠭᠠᠷ ᠤᠨ ᠴᠡᠪᠡᠷᠴᠡ ᠪᠠᠨ ᠪᠦᠬᠦ ᠣᠷᠣᠨ ᠤ ᠡᠮᠦᠨ᠎ᠡ ᠡᠩᠨᠡᠭᠡᠨ ᠳᠤ ᠲᠣᠭᠲᠠᠭᠤᠨ ᠪᠠᠶᠢᠯᠭᠠᠬᠤ ᠶᠢ ᠦᠨᠡᠨᠬᠦ  ᠪᠠᠲᠤᠯᠠᠨ᠎ᠠ᠃ ᠳᠥᠷᠪᠡ ᠳᠤ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠨ᠎ᠠ᠃ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠰᠢᠯᠣᠭᠤᠨ ᠬᠦᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠠᠳᠬᠤᠨ᠎ᠠ᠃ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ  ᠎ ᠢ ᠶᠡᠷᠦᠩᠬᠡᠶᠢᠯᠡᠨ ᠵᠠᠰᠠᠬᠤ ᠎ ᠪᠠᠨ ᠦᠷᠭᠦᠯᠵᠢᠯᠡᠨ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ 3᠎ ᠠᠴᠠ ᠳᠡᠭᠡᠭᠰᠢ ᠪᠠᠶᠢᠭᠤᠯᠵᠤ᠂ ᠪᠣᠬᠢᠷᠲᠤᠯ ᠦᠭᠡᠢ ᠠᠭᠤᠷᠬᠠᠢ 20᠎ ᠶᠢ ᠰᠢᠨ᠎ᠡ ᠪᠠᠷ ᠪᠠᠶᠢᠭᠤᠯᠤᠨ᠎ᠠ᠃ 15  ᠬᠠᠪᠳᠠᠭᠠᠢ ᠳᠥᠷᠪᠡᠯᠵᠢᠨ ᠺᠢᠯᠣᠮᠧᠲᠷ ᠤᠨ  ᠦᠯᠡᠳᠡᠭᠳᠡᠯ ᠬᠠᠶᠠᠭᠳᠠᠮᠠᠯ ᠨᠦᠬᠡ ᠶᠢᠨ ᠲᠥᠷᠥᠯ ᠵᠦᠢᠯ ᠢ ᠮᠡᠳᠡᠭᠦᠯᠬᠦ ᠠᠵᠢᠯ ᠢ ᠰᠠᠶᠢᠲᠤᠷ ᠬᠢᠵᠦ᠂ ᠵᠢᠯ ᠤᠨ ᠳᠣᠲᠣᠷ᠎ᠠ  ᠬᠡᠬᠡᠷ᠎ᠡ ᠭᠠᠳᠠᠨᠠᠬᠢ ᠪᠣᠢ ᠪᠦᠬᠦᠢ ᠪᠠᠷᠢᠯᠭ᠎ᠠ ᠶᠢᠨ ᠵᠠᠰᠠᠬᠤ ᠡᠭᠦᠷᠭᠡ ᠎ ᠪᠠᠨ ᠪᠡᠶᠡᠯᠡᠬᠦᠯᠵᠣ᠂ 2023 ᠣᠨ ᠤ ᠰᠡᠭᠦᠯᠴᠢ ᠳᠤ ᠪᠦᠬᠦ ᠠᠶᠢᠮᠠᠭ ᠤᠨ ᠦᠢᠯᠡᠳᠪᠦᠷᠢᠯᠡᠬᠦ ᠬᠤᠭᠤᠴᠠᠭᠠᠨ ᠳᠤ  ᠪᠠᠶᠢᠭ᠎ᠠ ᠪᠤᠢ ᠪᠦᠬᠦᠢ ᠠᠭᠤᠷᠬᠠᠢ ᠶᠢ ᠪᠣᠬᠢᠷᠲᠤᠯ ᠦᠭᠡᠢ ᠠᠭᠤᠷᠬᠠᠢ ᠪᠣᠯᠭᠠᠨ ᠪᠠᠶᠢᠭᠤᠯᠵᠤ᠂ ᠲᠡᠦᠬᠡ ᠶᠢᠨ ᠦᠯᠡᠳᠡᠭᠳᠡᠯ ᠬᠠᠶᠠᠭᠳᠠᠮᠠᠯ ᠨᠦᠬᠡ ᠶᠢ ᠪᠦᠬᠦᠨ ᠢ ᠵᠠᠰᠠᠵᠤ ᠳᠠᠭᠤᠰᠬᠠᠬᠤ ᠳᠤ ᠰᠠᠭᠤᠷᠢ ᠲᠠᠯᠪᠢᠨ᠎ᠠ᠃ ᠲᠠᠪᠤ ᠳᠤ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃  ᠨᠡᠭᠦᠷᠡᠰᠦᠳᠦ᠋ᠷᠣᠭ᠍ᠴᠢ ᠭᠠᠳᠠᠭᠰᠢᠯᠠᠭᠤᠯᠬᠤ ᠣᠷᠭᠢᠯ ᠬᠡᠮᠵᠢᠭᠳᠡᠯ ᠤᠨ ᠠᠵᠢᠯᠯᠠᠭ᠎ᠠ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂  ︽1 + N + X︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠬᠦᠴᠦᠯᠡᠴᠡ ᠶᠢ ᠨᠢ ᠪᠠᠭᠤᠷᠠᠭᠤᠯᠬᠤ ᠪᠠᠷ ᠭᠤᠣᠯᠳᠠᠯᠭ᠎ᠠ ᠪᠣᠯᠭᠠᠨ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠵᠤ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠨ᠂ ᠡᠨᠧᠷᠭᠢ ᠬᠡᠷᠡᠭᠯᠡᠬᠦ ᠲᠥᠰᠦᠪ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠳᠠᠯᠠᠵᠤ ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠲᠦᠯᠬᠢᠨ ᠠᠬᠢᠭᠤᠯᠵᠤ᠂ ᠬᠡᠲᠦ ᠳᠣᠣᠷ᠎ᠠ ᠭᠠᠳᠠᠭᠰᠢᠯᠠᠭᠤᠯᠤᠯᠲᠠ ᠲᠠᠢ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠥᠭᠡᠷᠡᠴᠢᠯᠡᠬᠦ ᠪᠠ ᠨᠡᠭᠦᠷᠡᠰᠦᠨ ᠴᠠᠬᠢᠯᠭᠠᠨ ᠤ ᠦᠢᠯᠡᠳᠪᠦᠷᠢ ᠶᠢ ᠠᠮᠢᠳᠤᠯᠢᠭ ᠢᠶᠠᠷ ᠥᠭᠡᠷᠡᠴᠢᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠨᠡᠭᠦᠷᠡᠰᠦᠲᠥ᠋ᠷᠥᠭᠴᠢ ᠶᠢ ᠡᠭᠡᠭᠦᠯᠦᠨ ᠬᠤᠷᠢᠶᠠᠬᠤ ᠪᠠ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠂ ᠪᠣᠬᠢᠷᠲᠤᠯ ᠪᠣᠳᠠᠰ ᠢ ᠮᠠᠰᠢ ᠴᠡᠪᠡᠷ ᠭᠠᠳᠠᠭᠰᠢᠯᠠᠭᠤᠯᠬᠤ ᠶᠢ ᠪᠡᠶᠡᠯᠡᠭᠦᠯᠦᠨ᠎ᠡ᠃ ᠰᠢᠨ᠎ᠡ ᠪᠠᠷ ᠭᠠᠷᠭᠠᠭᠰᠠᠨ ᠲᠥᠷᠥᠯ ᠵᠦᠢᠯ ᠤᠨ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢᠨ ᠭᠠᠵᠠᠷ ᠣᠷᠣᠨ ᠤ ᠬᠥᠭᠵᠢᠯᠲᠡ ᠳᠤ ᠦᠵᠡᠭᠦᠯᠬᠦ ᠨᠥᠯᠥᠭᠡ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠶ ᠪᠠ ᠪᠣᠬᠢᠷᠳᠣᠯ ᠶᠡᠬᠡᠲᠡᠶ ᠲᠥᠷᠥᠯ ᠵᠦᠢᠯ ᠢ ᠰᠣᠬᠤᠷ ᠪᠠᠯᠠᠶ ᠪᠠᠷ ᠪᠠᠶᠢᠭᠤᠯᠬᠤ ᠶᠢ ᠡᠷᠡᠰ ᠬᠤᠷᠢᠭᠯᠠᠨ᠎ᠠ᠃ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠵᠢᠯ ᠤᠨ ᠳᠣᠲᠣᠷ᠎ᠠ 25 ᠡᠷᠦᠬᠡ ᠡᠨᠧᠷᠭᠢ ᠬᠡᠷᠡᠭᠯᠡᠬᠦ ᠠᠵᠤ ᠠᠬᠤᠶᠢᠯᠠᠯ ᠳᠤ ᠮᠡᠷᠭᠡᠵᠢᠯ ᠤᠨ ᠥᠭᠡᠷᠡᠴᠢᠯᠡᠯᠲᠡ ᠬᠢᠵᠦ᠂ 10.5 ᠲᠦᠮᠡᠨ ᠲᠣᠨ ᠪᠠᠷᠢᠮᠵᠢᠶᠠᠲᠤ ᠨᠡᠭᠦᠷᠡᠰᠦ ᠠᠷᠪᠢᠯᠠᠬᠤ ᠶᠢ ᠪᠠᠲᠤᠯᠠᠨ᠎ᠠ︔ ᠦᠯᠡᠳᠡᠭᠰᠡᠨ 6 ᠠᠭᠤᠷᠬᠠᠢ ᠶᠢᠨ ᠢᠯᠴᠢ ᠶᠢᠨ ᠵᠤᠤᠬ᠎ᠠ᠂ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠲᠠᠢ 11 ᠲᠦᠮᠡᠨ ᠲᠣᠨ ᠤ ᠦᠢᠯᠡᠳᠪᠦᠷᠢ ᠶᠢ ᠪᠦᠷ ᠴᠡᠪᠡᠷᠯᠡᠨ  ᠭᠠᠷᠭᠠᠵᠤ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠠᠷ  ᠲᠠᠮᠵᠢᠭᠤᠯᠣᠨ ᠠᠵᠤ ᠦᠢᠯᠡᠰ ᠤᠨ ᠶᠠᠰᠤ ᠴᠢᠨᠠᠷ ᠢ ᠳᠡᠰ ᠳᠡᠪᠰᠢᠬᠦᠯᠦᠨ᠎ᠡ᠃      ︵ᠬᠤᠶᠠᠷ︶ ᠠᠵᠤ ᠦᠢᠯᠡᠰ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠦᠨ᠎ᠡ᠃  ᠨᠢᠭᠡ ᠳᠤ ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠤᠯᠠᠮ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ︽ᠲᠠᠯ᠎ᠠ ᠨᠤᠲᠤᠭ ᠤᠨ ᠲᠣᠯᠣᠭᠠᠢ ᠬᠤᠨᠢ︾ ᠪᠠ ︽ᠳᠤᠮᠳᠠᠳᠤ ᠤᠯᠤᠰ ᠤᠨ ᠪᠡᠯᠴᠢᠭᠡᠷ ᠤᠨ ᠬᠤᠨᠢᠨ ᠤ ᠲᠦᠪ︾ ᠭᠡᠬᠦ ᠨᠠᠷᠠᠲᠤ ᠲᠡᠮᠳᠡᠭ ᠢ ᠴᠣᠣᠷᠢᠶᠠᠳᠣᠭᠤᠯᠣᠨ ᠠᠯᠳᠠᠷᠰᠢᠭᠤᠯᠵᠤ᠂ ᠡᠷᠬᠡ ᠣᠯᠭᠤᠭᠰᠠᠨ ᠠᠵᠤ ᠠᠬᠤᠶᠢᠯᠠᠯ ᠤᠨ ᠪᠦᠲᠦᠴᠡ ᠶᠢ ᠰᠢᠯᠢᠳᠡᠭᠵᠢᠭᠦᠯᠦᠨ᠂ ᠠᠯᠠᠰᠢᠨ ᠬᠤᠨᠢᠨ ᠤ ᠬᠠᠭᠤᠷᠮᠠᠭ ᠢ  ᠰᠡᠷᠭᠡᠶᠢᠯᠡᠬᠦ ᠮᠥᠷᠳᠡᠨ ᠨᠡᠬᠡᠮᠵᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ 28 ᠲᠦᠮᠡᠨ ᠲᠠᠯ᠎ᠠ ᠨᠤᠲᠤᠭ ᠤᠨ ᠬᠤᠨᠢᠨ ᠳᠤ ᠡᠭᠡᠮᠣᠭ᠌ ᠵᠡᠭᠦᠯᠭᠡᠵᠦ᠂ ᠡᠯᠧᠺᠲᠷᠣᠨ ᠬᠤᠳᠠᠯᠳᠤᠭ᠎ᠠ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ ᠵᠡᠷᠭᠡ ᠵᠢᠵᠢᠭᠯᠡᠨ ᠬᠤᠳᠠᠯᠳᠤᠬᠤ ᠰᠢᠨ᠎ᠡ ᠠᠷᠭ᠎ᠠ ᠵᠠᠮ ᠢ ᠥᠷᠭᠡᠳᠬᠡᠨ᠂ ᠨᠠᠷᠠᠲᠤ ᠲᠦᠷᠦᠯ ᠲᠡᠮᠳᠡᠭᠲᠦ ᠦᠢᠯᠡᠳᠬᠦᠨ ᠤ 5 %᠎ ᠠᠴᠠ ᠳᠡᠭᠡᠭᠰᠢ ᠦᠨ᠎ᠡ ᠥᠰᠬᠡᠬᠦ ᠶᠢ ᠪᠡᠶᠡᠯᠡᠬᠦᠯᠦᠨ᠎ᠡ︔ ᠰᠢᠯᠢ ᠶᠢᠨ ᠭᠤᠤᠯ ᠴᠠᠭᠠᠨ ᠢᠳᠡᠭᠡᠨ ‍ᠤ‌ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠬᠤ ᠪᠠ ᠡᠵᠡᠩᠨᠡᠨ ᠬᠠᠮᠢᠶᠠᠷᠬᠤ ᠠᠵᠢᠯ ᠢᠶᠠᠨ ᠰᠠᠶᠢᠲᠤᠷ ᠠᠳᠬᠤᠨ᠎ᠠ︔ ᠰᠢᠯᠢ ᠶᠢᠨ ᠭᠤᠣᠯ ᠦᠬᠡᠷ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠭᠦᠯᠦᠨ᠎ᠡ᠃ ᠰᠢᠯᠢᠳᠡᠭ ᠡᠭᠦᠯᠳᠡᠷ ᠤᠨ ᠦᠢᠯᠡᠰ ᠢ ᠭᠦᠭᠵᠢᠬᠦᠯᠬᠦ ᠠᠵᠢᠯᠯᠠᠭ᠎ᠠ ᠪᠠᠨ ᠶᠡᠬᠡᠪᠡᠷ ᠬᠡᠷᠡᠭᠵᠢᠭᠦᠯᠵᠦ᠂ ᠵᠡᠭᠦᠨ ᠦᠵᠦᠮᠦᠴᠢᠨ ᠬᠤᠰᠢᠭᠤ᠂ ᠬᠦᠪᠡᠭᠡᠳᠣ ᠰᠢᠷ᠎ᠠ ᠬᠤᠰᠢᠭᠤ᠂ ᠤᠯᠠᠭᠠᠶ ᠬᠠᠮᠢᠶᠠᠷᠤᠯᠲᠠ ᠶᠢᠨ ᠣᠷᠣᠨ ᠵᠡᠷᠭᠡ ᠤᠯᠤᠰ ᠤᠨ ᠲᠠᠰ ᠤᠨ ᠠᠯᠠᠰᠢᠨ ᠬᠤᠨᠢ ᠠᠯᠠᠰᠢᠨ ᠦᠬᠡᠷ ᠤᠨ 3 ᠡᠭᠦᠯᠳᠡᠷ ᠪᠤᠶᠢᠵᠢᠭᠤᠯᠬᠤ ᠲᠠᠯᠠᠪᠠᠶ ᠶᠢ ᠭᠤᠤᠯᠳᠠᠯᠭ᠎ᠠ ᠲᠠᠢ ᠪᠠᠶᠢᠭᠤᠯᠵᠤ᠂ ︽ᠬᠤᠸᠠᠰᠢ ᠦᠬᠡᠷ︾᠎ ᠤᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠠᠵᠢᠯ ᠢᠶᠠᠨ ᠰᠠᠶᠢᠲᠤᠷ ᠠᠳᠬᠤᠨ᠎ᠠ᠃ ᠡᠮᠦᠨ᠎ᠡ ᠬᠡᠰᠡᠭ ᠤᠨ ᠣᠷᠣᠨ ᠪᠦᠰᠡ ᠶᠢᠨ ᠠᠯᠠᠰᠢᠨ ᠦᠬᠡᠷ ᠤᠨ ᠡᠯᠧᠺᠲᠷᠣᠨ ᠠᠷᠠᠯᠵᠢᠶᠠᠨ ᠤ ᠲᠥᠪ ᠢ ᠪᠠᠶᠢᠭᠤᠯᠵᠤ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠲᠡᠵᠢᠭᠡᠨ ᠦᠷᠡᠵᠢᠭᠦᠯᠬᠦ ᠡᠷᠦᠬᠡ ᠳᠤ ᠴᠢᠭᠯᠡᠭᠦᠯᠦᠭᠰᠡᠨ ᠪᠠᠭ᠎ᠠ ᠲᠣᠭᠠᠨ ᠤ ᠲᠦᠷᠭᠡᠨ ᠵᠢᠭᠡᠯᠡᠯᠭᠡ ᠳᠠᠯᠪᠢᠬᠤ ᠶᠢ ᠵᠣᠷᠢᠭᠵᠢᠭᠤᠯᠤᠨ᠎ᠠ᠃ ᠮᠠᠯ ᠠᠵᠤ ᠠᠬᠤᠢ ᠲᠠᠷᠢᠶᠠᠯᠠᠩ ᠤᠨ ᠭᠤᠣᠯ ᠴᠣᠭᠴᠠ ᠶᠢ ᠪᠤᠶᠢᠵᠢᠭᠤᠯᠬᠤ ᠠᠵᠢᠯᠯᠠᠭ᠎ᠠ ᠪᠠᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ 5 ᠲᠣᠯᠣᠭᠠᠶᠢᠯᠠᠭᠴᠢ ᠠᠵᠤ ᠠᠬᠤᠶᠢᠯᠠᠯ ᠢ ᠰᠢᠨ᠎ᠡ ᠪᠠᠷ ᠭᠤᠶᠤᠴᠢᠯᠠᠨ᠂ 20 ᠵᠢᠱᠢᠶ᠎ᠡ ᠦᠵᠡᠭᠦᠯᠬᠦ ᠬᠤᠷᠰᠢᠶᠠᠵᠢᠯ᠂ 200 ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠦᠨᠡᠯᠡᠨ ᠲᠣᠭᠲᠠᠭᠠᠨ᠎ᠠ᠃ ᠬᠤᠶᠠᠷ ᠲᠤ  ᠪᠥᠬᠦ ᠣᠷᠣᠨ᠂ ᠪᠥᠬᠦ ᠤᠯᠤᠰ ᠲᠤ ᠦᠢᠯᠡᠴᠢᠯᠡᠬᠦ ᠴᠡᠪᠡᠷ ᠡᠨᠧᠷᠭᠢ ᠶᠢᠨ ᠠᠵᠤ  ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃  ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠲᠣᠭᠲᠠᠭᠠᠨ᠂ ᠵᠢᠯ ᠤᠨ ᠳᠣᠲᠣᠷ᠎ᠠ ᠱᠠᠩᠳᠤ ᠶᠢᠨ 200 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ᠂ 400 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠪᠦᠬᠦ ᠲᠠᠯ᠎ᠠ ᠪᠠᠷ ᠪᠦᠲᠦᠭᠡᠨ  ᠪᠠᠶᠢᠭᠤᠯᠬᠤ ᠶᠢ ᠦᠨᠡᠨᠬᠦ ᠪᠠᠲᠤᠯᠠᠵᠤ᠂ ᠵᠠᠩᠪᠸᠢ — ᠢᠯᠠᠯᠲᠠ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠭᠦᠷᠭᠡᠬᠦ ᠱᠣᠭᠤᠮ ᠤᠨ ᠠᠵᠢᠯ ᠡᠬᠢᠯᠡᠭᠦᠯᠬᠦ ᠶᠢ ᠢᠳᠡᠪᠬᠢᠲᠡᠶ ᠠᠬᠢᠭᠤᠯᠵᠤ᠂  300 — 500 ᠲᠦᠮᠡᠨ ᠺᠢᠯᠣᠸᠠᠲ ᠤᠨ ᠢᠵᠢ ᠪᠥᠷᠢᠳᠦᠭᠦᠯᠬᠦ ᠰᠢᠨ᠎ᠡ ᠡᠨᠧᠷᠭᠢ ᠶᠢᠨ ᠲᠥᠷᠥᠯ ᠵᠦᠢᠯ ᠢ ᠦᠷᠭᠦᠯᠵᠢᠯᠡᠨ ᠣᠯᠬᠤ ᠪᠠᠷ ᠴᠢᠷᠮᠠᠶᠢᠨ᠎ᠠ᠃ ᠨᠡᠭᠦᠷᠡᠰᠦ ᠴᠠᠬᠢᠯᠭᠠᠨ ᠤ ᠴᠡᠪᠡᠷ ᠳᠣᠣᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠵᠤ᠂  ᠪᠡᠭᠡᠵᠢᠩ ᠤᠨ ᠡᠨᠧᠷᠬᠢ ᠶᠢᠨ ᠪᠦᠯᠦᠭᠯᠡᠯ ᠤᠨ ᠠᠪᠠᠭ᠎ᠠ ᠬᠤᠰᠢᠭᠤᠨ ᠤ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠠᠭᠤᠷᠬᠠᠶ ᠶᠢᠨ ᠬᠤᠳᠳᠤᠭ ᠤᠨ ᠬᠤᠶᠠᠷ ᠴᠠᠬᠢᠯᠭᠠᠨ ᠦᠢᠯᠡᠳᠪᠦᠷᠢ ᠶᠢᠨ ᠭᠤᠣᠯ ᠴᠣᠭᠴᠠ ᠶᠢᠨ ᠪᠠᠷᠢᠯᠭ᠎ᠠ ᠶᠢ ᠵᠢᠯ ᠤᠨ ᠳᠣᠲᠣᠷ᠎ᠠ ᠳᠠᠭᠤᠰᠬᠠᠬᠤ ᠪᠠᠷ ᠲᠦᠷᠭᠡᠳᠬᠡᠨ ᠠᠬᠢᠭᠤᠯᠵᠤ᠂ ᠵᠢᠶᠠᠩᠰᠦ ᠶᠢᠨ ᠡᠨᠧᠷᠭᠢ ᠶᠢᠨ ᠤᠯᠠᠭᠠᠶ ᠶᠢᠨ ᠴᠠᠬᠢᠯᠭᠠᠨ ᠦᠢᠯᠡᠳᠪᠦᠷᠢ ᠶᠢ ᠭᠤᠣᠯ ᠴᠣᠭᠴᠠ ᠶᠢᠨ ᠪᠠᠷᠢᠯᠭ᠎ᠠ ᠶᠢᠨ ᠱᠠᠲᠤᠨ ᠳᠤ ᠣᠷᠣᠭᠤᠯᠵᠣ᠂ ᠬᠤᠸᠠ ᠳ᠋ᠢᠶᠠᠨ ᠪᠠᠶᠠᠨᠬᠤᠸᠠ ᠶᠢᠨ ᠶᠢᠨ ᠱᠠᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠡᠬᠢᠯᠡᠭᠦᠯᠬᠦ ᠨᠥᠬᠦᠴᠡᠯ ᠢ ᠪᠦᠷᠢᠯᠳᠦᠭᠦᠯᠦᠨ᠂ ᠳ᠋ᠠ ᠳᠠᠩ ᠤᠨ ᠲᠠᠪᠤᠨ ᠲᠠᠰᠤᠯᠭ᠎ᠠ ᠪᠠᠶᠢᠰᠢᠩ  ᠴᠠᠬᠢᠯᠭᠠᠨ ᠦᠢᠯᠡᠳᠪᠦᠷᠢ ᠶᠢ ᠬᠢᠨᠠᠨ ᠵᠦᠪᠰᠢᠶᠡᠷᠡᠭᠦᠯᠬᠦ ᠮᠦᠷᠳᠡᠭᠡᠨ ᠠᠵᠢᠯ ᠡᠬᠢᠯᠡᠭᠦᠯᠬᠦ  ᠭᠠᠷᠳᠠᠮ ᠢ ᠲᠡᠭᠦᠯᠳᠡᠷᠵᠢᠭᠦᠯᠦᠨ᠎ᠡ᠃  ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠬᠢᠴᠠ ᠶᠢ ᠵᠡᠷᠭᠡᠪᠡᠷ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠵᠢᠶᠠᠩᠰᠦ ᠶᠢᠨ ᠡᠨᠧᠷᠭᠢ ᠶᠢᠨ ᠤᠯᠠᠭᠠᠢ ᠴᠠᠬᠢᠯᠭᠠᠨ ᠦᠢᠯᠡᠳᠪᠦᠷᠢ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠠᠭᠤᠷᠬᠠᠶ ᠶᠢᠨ ᠬᠤᠳᠳᠤᠭ ᠤᠨ ᠴᠠᠬᠢᠯᠭᠠᠨ ᠦᠢᠯᠡᠳᠪᠦᠷᠢ ᠶᠢᠨ ᠭᠠᠳᠠᠭᠰᠢ ᠬᠦᠷᠭᠡᠬᠦ ᠱᠤᠭᠤᠮ ᠤᠨ ᠢᠨᠵᠧᠨᠧᠷᠢᠩ ᠢ ᠬᠢᠨᠠᠨ ᠵᠥᠪᠰᠢᠶᠡᠷᠡᠭᠦᠯᠬᠦ ᠮᠦᠷᠳᠡᠭᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ ᠵᠡᠭᠦᠨ ᠦᠵᠦᠭᠦᠷ ᠤᠨ ᠲᠣᠣᠷ ᠤᠨ ᠪᠦᠷᠢᠯᠳᠦᠴᠡ ᠪᠠᠨ ᠤᠯᠠᠮ ᠲᠡᠭᠦᠯᠳᠡᠷᠵᠢᠭᠦᠯᠵᠦ᠂ ᠪᠤᠯᠠᠭ᠂ ᠰᠢᠯᠢ ᠶᠢᠨ ᠭᠤᠣᠯ ᠠᠶᠢᠮᠠᠭ ᠎ ᠤᠨ ᠪᠠᠷᠠᠭᠤᠨ ᠬᠡᠰᠡᠭ ᠤᠨ 500 ᠺᠢᠯᠤᠸᠤᠯᠲ ᠤᠨ ᠬᠦᠴᠦᠳᠡᠯ ᠬᠤᠪᠢᠰᠬᠠᠬᠤ ᠬᠤᠶᠠᠷ ᠥᠷᠲᠡᠭᠡ ᠶᠢ ᠬᠢᠨᠠᠨ ᠵᠥᠪᠰᠢᠶᠡᠷᠡᠭᠦᠯᠬᠦ ᠪᠠᠨ ᠲᠦᠯᠬᠢᠨ ᠠᠬᠢᠭᠤᠯᠬᠤ ᠶᠢᠨ ᠬᠠᠮᠲᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠡᠰᠡᠭ ᠠᠴᠠ ᠰᠥᠨᠢᠳ ᠵᠡᠭᠦᠨ ᠬᠤᠰᠢᠭᠤᠨ ᠤ ᠮᠠᠨᠳᠠᠯᠳᠣ ᠪᠠᠯᠭᠠᠰᠤᠨ ᠤ  ᠰᠠᠷᠠᠭᠤᠯᠳᠠᠯ᠎ᠠ ᠭᠠᠴᠠᠭ᠎ᠠ ᠬᠦᠷᠬᠦ 500 ᠺᠢᠯᠤᠸᠤᠯᠲ ᠤᠨ ᠴᠠᠬᠢᠯᠭᠠᠨ ᠬᠦᠷᠭᠡᠬᠦ ᠱᠤᠭᠤᠮ ᠤᠨ ᠡᠮᠦᠨᠡᠬᠢ ᠬᠤᠭᠤᠴᠠᠭᠠᠨ ᠤ ᠠᠵᠢᠯ ᠎ ᠢᠶᠠᠨ ᠡᠬᠢᠯᠡᠭᠦᠯᠦᠨ᠂ ᠠᠶᠢᠮᠠᠭ ᠤᠨ ᠳᠣᠲᠣᠷᠠᠬᠢ 500 ᠺᠢᠯᠤᠸᠤᠯᠲ ᠤᠨ ᠴᠠᠬᠢᠯᠭᠠᠨ ᠲᠣᠣᠷ ᠢ ᠲᠦᠷᠭᠡᠳᠬᠡᠨ ᠪᠦᠷᠢᠯᠳᠦᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠪᠠ ᠠᠶᠤᠯᠭᠦᠢ ᠦᠢᠯᠡᠳᠪᠦᠷᠢᠯᠡᠯ ᠤᠨ ᠣᠯᠠᠭᠠᠨ ᠱᠤᠭᠤᠮ ᠢ ᠴᠢᠩᠭ᠎ᠠ ᠰᠠᠬᠢᠭᠰᠠᠨ ᠤᠷᠢᠲᠠᠯ ᠳᠣᠣᠷ᠎ᠠ᠂ ᠰᠢᠨ᠎ᠡ ᠪᠠᠷ ᠨᠡᠮᠡᠭᠳᠡᠭᠰᠡᠨ ︵ᠲᠤᠬᠢᠷᠠᠭᠤᠯᠤᠨ ᠨᠡᠮᠡᠭᠳᠡᠭᠦᠯᠦᠭᠰᠡᠨ︶ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠡᠮᠬᠢ ᠵᠢᠷᠤᠮ ᠲᠠᠢ ᠪᠠᠷ ᠬᠥᠭᠵᠢᠭᠡᠵᠦ᠂ ᠬᠡᠰᠢᠭ ᠠᠭᠤᠯᠠ ᠨᠡᠭᠦᠷᠡᠰᠦᠨ ᠠᠭᠤᠷᠬᠠᠢ᠂ ᠵᠢᠷᠠᠨ ᠭᠤᠣᠯ ᠤᠨ ᠬᠤᠶᠠᠳᠤᠭᠠᠷ ᠨᠣᠮᠧᠷᠲᠦ ᠠᠭᠤᠷᠬᠠᠢ᠂ ᠲᠠᠪᠤᠨ ᠲᠠᠰᠤᠯᠭ᠎ᠠ ᠪᠠᠶᠢᠰᠢᠩ ᠤᠨ ᠪᠠᠷᠠᠭᠤᠨ ᠨᠢᠭᠡᠳᠦᠭᠡᠷ ᠨᠣᠮᠧᠷᠲᠤ ᠠᠭᠤᠷᠬᠠᠶ ᠵᠡᠷᠭᠡ ᠪᠦᠲᠦᠭᠡᠨ ᠪᠠᠶᠢᠭᠤᠯᠵᠤ ᠪᠠᠶᠢᠭ᠎ᠠ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠱᠠᠯᠠᠪᠳᠠᠭᠤᠯᠵᠣ᠂ ᠳ᠋ᠠ ᠠᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠭᠠᠷᠳᠠᠮ ᠢᠶᠠᠨ ᠲᠡᠭᠦᠯᠳᠡᠷᠵᠢᠭᠦᠯᠬᠦ ᠶᠢ ᠠᠬᠢᠭᠤᠯᠵᠤ᠂ ᠡᠯ᠎ᠡ ᠨᠡᠭᠦᠷᠡᠰᠦᠨ ᠠᠭᠤᠷᠬᠠᠢ ᠶᠢᠨ ᠭᠠᠵᠠᠷ ᠬᠡᠷᠡᠭᠯᠡᠬᠦ ᠭᠠᠷᠳᠠᠮ ᠭᠦᠢᠴᠡᠳᠬᠡᠬᠦ ᠠᠵᠢᠯ ᠢᠶᠠᠨ ᠡᠷᠲᠡᠬᠡᠨ ᠵᠣᠬᠢᠴᠠᠭᠤᠯᠤᠨ ᠠᠬᠢᠭᠤᠯᠵᠤ᠂ ᠪᠦᠬᠦ ᠵᠢᠯ ᠳᠤ 1.3 ᠳ᠋ᠦᠩᠰᠢᠭᠤᠷ ᠲᠣᠨ ᠲᠦᠭᠦᠬᠡᠢ ᠨᠡᠭᠦᠷᠡᠰᠦ ᠦᠢᠯᠡᠳᠪᠦᠷᠢᠯᠡᠬᠦ ᠪᠠᠷ ᠴᠢᠷᠮᠠᠶᠢᠵᠤ᠂ ᠤᠯᠤᠰ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ  ᠎ ᠪᠠᠨ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠤᠨ᠎ᠠ᠃ ᠭᠤᠷᠪᠠ ᠳᠤ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠶᠢᠮᠠᠭ ᠤᠨ ᠲᠣᠰ ᠱᠠᠲᠤᠨ ᠳᠤ ᠦᠢᠯᠡᠴᠢᠯᠡᠭᠡᠨ ᠤ ᠦᠢᠯᠡᠰ ᠤᠨ ᠬᠥᠲᠥᠯᠥᠨ ᠵᠢᠯᠣᠭᠤᠳᠬᠤ ᠪᠠᠯᠠ ᠮᠥᠩᠭᠦ ᠶᠢ 3000 ᠲᠦᠮᠡᠨ ᠲᠥᠭᠦᠷᠢᠭ ᠦᠷᠭᠦᠯᠵᠢᠯᠡᠨ ᠲᠣᠬᠢᠷᠠᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠪᠠ ᠮᠠᠯ ᠠᠵᠤ ᠠᠬᠤᠶ ᠲᠠᠷᠢᠶᠠᠯᠠᠩ ᠤᠨ ᠦᠢᠯᠡᠴᠢᠯᠡᠭᠡᠨ ᠤ ᠦᠢᠯᠡᠰ᠂ ᠠᠵᠤ ᠦᠢᠯᠡᠳᠪᠦᠷᠢ ᠶᠢᠨ ᠦᠢᠯᠡᠴᠢᠯᠡᠭᠡᠨ ᠤ ᠦᠢᠯᠡᠰ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠥᠪᠯᠡᠷᠡᠭᠦᠯᠦᠨ ᠳᠡᠮᠵᠢᠨ᠎ᠡ᠃ ᠵᠢᠭᠤᠯᠴᠢᠯᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠪᠠᠷ ᠬᠤᠷᠢᠭ᠎ᠠ ᠱᠤᠭᠤᠮ ᠪᠣᠯᠭᠠᠵᠤ᠂ ᠰᠢᠨ᠎ᠡ ᠵᠠᠭᠤᠴᠢᠯᠠᠭᠤᠷ᠂ ᠳᠠᠭᠠᠭᠤᠯᠣᠭᠴᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠷ ᠭᠠᠷᠳᠠᠴᠠ ᠪᠣᠯᠭᠠᠨ ᠂ ᠭᠠᠳᠠᠭᠠᠳᠤ ᠤᠬᠠᠭᠤᠯᠭ᠎ᠠ ᠡᠵᠡᠩᠨᠡᠨ ᠪᠣᠷᠣᠯᠠᠭᠤᠯᠭ᠎ᠠ ᠪᠠᠷ ᠭᠤᠣᠯᠳᠠᠯᠭ᠎ᠠ ᠪᠣᠯᠭᠠᠵᠤ᠂ ᠤᠷᠤᠯᠳᠤᠭᠠᠨ ᠤ ᠵᠦᠢᠯᠡᠰ᠂  ᠵᠢᠭᠤᠯᠴᠢᠯᠠᠨ ᠵᠢᠷᠤᠭᠯᠠᠵᠤ ᠰᠡᠭᠦᠳᠡᠷᠯᠡᠬᠦ ᠵᠡᠷᠭᠡ  30 ᠭᠠᠷᠤᠢ ᠵᠦᠢᠯ ᠤᠨ ᠪᠦᠬᠦ ᠵᠢᠯ ᠤᠨ ᠲᠣᠷᠰᠢᠬᠢ ᠰᠣᠶᠣᠯ ᠵᠤᠭᠠᠴᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠣᠨ ᠰᠠᠶᠢᠲᠤᠷ ᠡᠷᠬᠢᠯᠡᠵᠦ᠂ ᠭᠤᠣᠯᠳᠠᠯᠭ᠎ᠠ ᠲᠠᠢ ᠪᠠᠶᠢᠯᠳᠤᠬᠤ ᠪᠤᠳᠤᠯᠭ᠎ᠠ ᠶᠢᠨ ᠲᠦᠷᠦᠯ ᠵᠦᠢᠯ ᠤᠨ ᠬᠠᠮᠲᠤᠷᠠᠯᠴᠠᠭ᠎ᠠ ᠶᠢ ᠲᠥᠯᠥᠪᠵᠢᠭᠦᠯᠵᠦ᠂ ︽ᠰᠢᠯᠢ ᠶᠢᠨ ᠭᠤᠣᠯ︾᠎ ᠢᠶᠠᠨ ᠪᠦᠬᠦ ᠤᠯᠤᠰ ᠤᠨ ᠨᠡᠷᠡᠳᠤ ᠵᠤᠭᠠᠴᠠᠯ ᠤᠨ ᠲᠦᠷᠦᠯ ᠲᠡᠮᠳᠡᠭ ᠪᠣᠯᠭᠠᠨ ᠴᠣᠭᠴᠠᠯᠠᠨ᠎ᠠ᠃ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠮᠥᠷᠭᠡᠯᠡᠯᠲᠡ᠂  ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠰᠢᠨ᠎ᠡ ᠪᠠᠷ ᠡᠷᠬᠡ ᠣᠯᠭᠤᠭᠰᠠᠨ ᠠᠵᠤ ᠠᠬᠤᠶᠢᠯᠠᠯ ᠤᠨ ᠪᠦᠬᠦ ᠤᠯᠤᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠭᠦᠢᠯᠭᠡᠭᠡᠨ ᠤ ᠬᠢᠨᠠᠨ ᠡᠵᠡᠮᠳᠡᠬᠦ ᠲᠠᠪᠴᠠᠩ ᠳᠤ ᠣᠷᠣᠭᠤᠯᠬᠤ ᠶᠢ ᠳᠠᠮᠵᠢᠨ᠎ᠠ ᠃ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠢ ᠨᠢᠭᠡ ᠴᠤᠭᠴᠠᠵᠢᠭᠤᠯᠤᠨ ᠬᠥᠭᠵᠢᠭᠦᠯᠬᠦ ᠪᠠ ᠤᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠳᠠᠭᠠᠭᠤᠯᠣᠭᠴᠢ ᠠᠵᠤ ᠠᠬᠤᠶᠢᠯᠠᠯ ᠤᠨ ︽ᠬᠡᠯᠬᠢᠶ᠎ᠡ ᠶᠢᠨ ᠡᠵᠡᠨ︾᠎ ᠤ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠰᠤᠳᠤᠯᠤᠨ ᠨᠡᠭᠡᠭᠡᠬᠦ᠂ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃  ᠳᠥᠷᠪᠡ ᠳᠤ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ︽ᠡᠭᠦᠯᠡᠨ ᠪᠤᠳᠤᠯᠲᠠ ᠲᠣᠮᠣ ᠳ᠋ᠠᠶᠢᠲ᠋ᠠ ᠣᠶᠣᠨᠴᠢ ᠴᠢᠳᠠᠪᠬᠢ︾  ᠎ ᠶᠢᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠬᠤᠸᠠ ᠷᠦᠨ᠂ ᠳ᠋ᠠ ᠳᠠᠩ ᠰᠢᠨ᠎ᠡ ᠡᠨᠧᠷᠭᠢ ᠶᠢᠨ ᠠᠯᠤᠰ ᠡᠵᠡᠮᠰᠢᠯ ᠤᠨ ᠣᠶᠤᠨᠴᠢ ᠲᠣᠬᠢᠷᠠᠭᠤᠯᠤᠯᠲᠠ ᠶᠢᠨ ᠲᠠᠪᠴᠠᠩ ᠪᠠ ᠵᠢᠩ ᠨᠧᠩ᠂ ᠲᠠᠢ ᠹᠦ᠋ ᠰᠢᠨ᠎ᠡ ᠡᠨᠧᠷᠭᠢ ᠶᠢ ᠠᠵᠢᠯᠯᠠᠭᠤᠯᠵᠤ ᠬᠠᠮᠠᠭᠠᠯᠠᠬᠤ ᠲᠥᠪ ︵ᠶᠡᠷᠦᠩᠬᠡᠶ ᠬᠡᠯᠲᠡᠰ︶ ᠵᠡᠷᠭᠡ ᠲᠥᠷᠥᠯ ᠵᠦᠢᠯ ᠎ ᠢᠶᠠᠨ ᠲᠦᠷᠭᠡᠳᠬᠡᠨ ᠪᠠᠶᠢᠭᠤᠯᠤᠨ᠎ᠠ᠃ ᠴᠠᠭᠠᠨᠨᠠᠭᠤᠷ ᠤᠨ ᠰᠠᠯᠬᠢ ᠭᠡᠷᠡᠯ ᠢᠯᠴᠢ ᠪᠠᠷ ᠤᠰᠤᠲᠥ᠋ᠷᠥᠭᠴᠢ ᠨᠥᠭᠡᠴᠡᠯᠡᠬᠦ ᠎ ᠶᠢ ᠨᠢᠭᠡ ᠴᠣᠭᠴᠠᠵᠢᠭᠤᠯᠬᠤ᠂ ᠵᠢᠩ ᠨᠧᠩ ᠪᠦᠯᠦᠭᠯᠡᠯ ᠤᠨ ᠲᠠᠪᠤᠨ ᠲᠠᠰᠤᠯᠭ᠎ᠠ ᠪᠠᠶᠢᠰᠢᠩ ᠤᠨ ᠨᠡᠭᠦᠷᠡᠰᠦᠲᠥ᠋ᠷᠥᠭᠴᠢ ᠶᠢ  ᠬᠤᠷᠢᠶᠠᠨ ᠴᠤᠭᠯᠠᠭᠤᠯᠵᠤ ᠶᠡᠷᠦᠩᠬᠡᠶᠢᠯᠡᠨ ᠠᠰᠢᠭᠯᠠᠬᠤ ᠵᠡᠷᠭᠡ ᠪᠣᠬᠢᠷᠳᠣᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠬᠡᠷᠡᠭᠯᠡᠭᠡᠨ ᠤ ᠬᠠᠷᠢᠴᠠᠯ ᠎ ᠢᠶᠠᠨ ᠳᠡᠭᠡᠭᠰᠢᠯᠡᠭᠦᠯᠦᠨ᠎ᠡ᠃ ᠰᠠᠯᠬᠢᠨ ᠬᠦᠴᠦᠨ ᠤ ᠮᠠᠰᠢᠨ ᠲᠣᠨᠣᠭᠯᠠᠯ ᠦᠢᠯᠡᠳᠬᠦ ᠠᠵᠤ ᠠᠬᠤᠶᠢᠯᠠᠯ ᠤᠨ ᠳᠡᠰ ᠳᠡᠪᠰᠢᠭᠦᠯᠬᠦ ᠶᠢ ᠳᠠᠮᠵᠢᠵᠤ᠂ ᠵᠢᠯ ᠤᠨ ᠳᠣᠲᠣᠷ᠎ᠠ ᠰᠥᠨᠢᠳ ᠵᠡᠭᠦᠨ ᠬᠤᠰᠢᠭᠤᠨ ᠤ ᠮᠢᠩ ᠶᠠᠩ ᠺᠣᠮᠫᠠᠨᠢ ᠶᠢᠨ ᠵᠢᠯ ᠳᠤ 800 ᠢᠵᠢ ᠨᠠᠪᠴᠢᠨ ᠢᠯᠲᠠᠰᠤ ᠦᠢᠯᠡᠳᠪᠦᠷᠢᠯᠡᠬᠦ᠂ ᠰᠢᠯᠣᠭᠤᠨ ᠬᠦᠪᠡᠭᠡᠳᠣ ᠴᠠᠭᠠᠨ ᠬᠤᠰᠢᠭᠤᠨ ᠤ ᠣᠨᠴᠠ ᠦᠨᠳᠦᠷ ᠬᠦᠴᠦᠳᠡᠯᠳᠣ ᠴᠠᠬᠢᠯᠭᠠᠨ ᠬᠤᠪᠢᠰᠬᠠᠬᠤ ᠪᠠᠷᠢᠯᠭ᠎ᠠ ᠶᠢᠨ ᠵᠢᠯ ᠳᠤ 180 ᠢᠵᠢ ᠨᠠᠪᠴᠢᠨ ᠢᠯᠲᠠᠰᠤ ᠦᠢᠯᠡᠳᠪᠦᠷᠢᠯᠡᠬᠦ ᠪᠠ 300 ᠢᠵᠢ ᠮᠠᠰᠢᠨ ᠤ ᠥᠷᠥᠭᠡᠨ ᠤ ᠪᠦᠷᠬᠦᠭᠦᠯ ᠦᠢᠯᠡᠳᠪᠦᠷᠢᠯᠡᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠯᠢ ᠶᠢᠨ ᠬᠤᠲᠠ ᠶᠢᠨ ᠶᠤᠸᠠᠨ ᠵᠢᠩ ᠡᠨᠧᠷᠭᠢ ᠶᠢᠨ 700 ᠢᠵᠢ ᠰᠠᠯᠬᠢᠨ ᠬᠦᠴᠦᠨ ᠤ ᠭᠤᠣᠯ ᠮᠠᠰᠢᠨ ᠪᠠ 5 ᠲᠦᠮᠡᠨ ᠰᠠᠶ᠎ᠠ ᠸᠠᠲ ᠤᠨ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢᠶᠠᠨ ᠲᠦᠷᠭᠡᠳᠬᠡᠨ ᠠᠬᠢᠭᠤᠯᠤᠨ᠎ᠠ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠵᠢᠯ ᠤᠨ ᠳᠣᠲᠣᠷ᠎ᠠ ᠲᠠᠶᠢᠹᠤᠰᠧ ᠬᠤᠰᠢᠭᠤᠨ ᠤ ᠳᠠᠩ ᠾᠧ ᠬᠢᠮᠡᠯ ᠠᠯᠮᠠᠰ ᠴᠢᠯᠠᠭᠤᠨ ᠤ ᠬᠤᠶᠠᠳᠤᠭᠠᠷ ᠬᠤᠭᠤᠴᠠᠭᠠᠨ ᠤ ᠲᠥᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠣ᠂ ᠰᠢᠯᠢ ᠶᠢᠨ ᠬᠤᠳᠠ ᠶᠢᠨ ᠰᠢᠨ ᠵᠢᠶᠠᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠶᠡᠷᠦᠩᠭᠡᠶᠢᠯᠡᠭᠰᠡᠨ ᠪᠠᠷᠢᠯᠭ᠎ᠠ ᠶᠢᠨ ᠮᠠᠲ᠋ᠧᠷᠢᠶᠠᠯ ᠤᠨ ᠲᠥᠷᠦᠯ ᠵᠦᠢᠯ᠂ ᠰᠢᠯᠤᠭᠤᠨ ᠬᠥᠬᠡ ᠬᠤᠰᠢᠭᠤᠨ ᠤ ᠹᠦ᠋ ᠶᠠᠩ ᠬᠤᠶᠠᠳᠤᠭᠠᠷ ᠬᠤᠭᠤᠴᠠᠭᠠᠨ ᠤ ᠵᠤᠭᠠᠩ ᠬᠠᠪᠲᠠᠰᠤ ᠦᠢᠯᠡᠳᠪᠦᠷᠢᠯᠡᠬᠦ ᠲᠥᠷᠦᠯ ᠵᠦᠢᠯ ᠤᠨ ᠪᠦᠲᠦᠭᠡᠨ ᠪᠠᠶᠢᠭᠤᠯᠣᠯᠳᠠ ᠪᠠᠨ ᠲᠦᠷᠭᠡᠳᠬᠡᠨ ᠠᠬᠢᠭᠤᠯᠤᠨ᠎ᠠ︔ ᠪᠠᠷᠠᠭᠤᠨ ᠦᠵᠦᠮᠦᠴᠢᠨ ᠬᠤᠰᠢᠭᠤᠨ ᠤ ᠳᠡᠭᠡᠳᠦ ᠨᠠᠷᠢᠯᠢᠭ ᠬᠦᠩᠭᠡᠨᠴᠠᠭᠠᠨ ᠬᠠᠪᠲᠠᠰᠤᠨ ᠪᠦᠰᠡ ᠎ ᠶᠢᠨ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠬᠤ ᠪᠠᠨ ᠵᠣᠬᠢᠴᠠᠭᠤᠯᠤᠨ ᠠᠬᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠤᠨ ᠵᠢᠯᠣᠭᠤᠳᠬᠤ ᠲᠥᠪ᠂ ᠥᠨᠳᠥᠷ ᠬᠤᠪᠢᠶᠠᠷᠢᠳᠣ ᠠᠯᠤᠰ ᠰᠡᠷᠡᠯ ᠤᠨ ᠳᠠᠭᠠᠭᠤᠯᠢ ᠣᠳᠣᠨ ᠤ ᠬᠢᠨᠠᠨ ᠬᠡᠮᠵᠢᠬᠦ ᠰᠢᠰᠲ᠋ᠧᠮ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠥᠰᠦᠯ ᠎ ᠢᠶᠠᠨ ᠰᠠᠶᠢᠲᠤᠷ ᠨᠠᠶᠢᠳᠠᠪᠣᠷᠢᠵᠢᠭᠤᠯᠬᠤ᠂ ᠵᠢᠯ ᠤᠨ ᠳᠣᠲᠣᠷ᠎ᠠ 6 ᠠᠭᠤᠷᠬᠠᠢ ᠶᠢ ᠪᠦᠬᠦ ᠠᠶᠢᠮᠠᠭ ᠤᠨ ᠵᠢᠱᠢᠶ᠎ᠡ ᠦᠵᠡᠭᠦᠯᠬᠦ ᠠᠭᠤᠷᠬᠠᠢ ᠪᠣᠯᠭᠠᠨ ᠪᠥᠲᠥᠭᠡᠨ ᠪᠠᠶᠢᠭᠤᠯᠵᠤ᠂ 10 ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠠᠭᠤᠷᠬᠠᠢ ᠶᠢᠨ ᠪᠠᠶᠢᠭᠤᠯᠣᠯᠳᠠ ᠶᠢ ᠠᠬᠢᠭᠤᠯᠤᠨ᠎ᠠ᠃ ᠰᠦᠯᠵᠢᠶᠡᠨ ᠣᠳᠣᠳ ᠤᠨ ᠠᠵᠤ ᠠᠬᠤᠶ ᠶᠢᠨ ᠬᠥᠭᠵᠢᠯᠲᠡ ᠶᠢ ᠳᠡᠮᠵᠢᠵᠦ᠂ ᠰᠦᠯᠵᠢᠶᠡᠨ ᠣᠳᠣᠳ ᠤᠨ ᠤᠷᠤᠯᠳᠤᠭᠠᠨ ᠤ  ᠵᠦᠢᠯᠡᠰ ᠤᠨ ᠬᠡᠪᠴᠢᠶ᠎ᠡ ᠪᠠᠨ ᠥᠷᠭᠡᠳᠬᠡᠨ᠎ᠡ᠃       ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠎ᠠ᠃ ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠨ ᠪᠦᠬᠦ ᠲᠠᠯ᠎ᠠ ᠪᠠᠷ ᠠᠬᠢᠭᠤᠯᠤᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠪᠠᠨ ᠲᠡᠭᠦᠯᠳᠡᠷᠵᠢᠭᠦᠯᠦᠨ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠠᠴᠠ ᠡᠷᠡᠰ ᠰᠡᠷᠭᠡᠶᠢᠯᠡᠨ᠎ᠡ︔ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠨᠡᠶᠢᠭᠡᠮ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠎ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠪᠠᠨ ᠴᠢᠩᠭᠠᠳᠬᠠᠨ᠂ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠲᠥᠷᠥᠯ ᠤᠨ ᠠᠵᠤ ᠦᠢᠯᠡᠰ ᠤᠨ ᠲᠥᠷᠥᠯ ᠵᠦᠢᠯ ᠢ ᠦᠨᠡᠯᠡᠨ ᠵᠢᠱᠢᠬᠦ ᠠᠵᠢᠯ  ᠎ ᠢᠶᠠᠨ ᠰᠠᠶᠢᠲᠤᠷ ᠬᠢᠨ᠎ᠠ᠃ ᠭᠠᠴᠠᠭ᠎ᠠ ᠲᠣᠰᠬᠤᠨ ᠤ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠵᠢᠯ ᠤᠨ ᠳᠣᠲᠣᠷ᠎ᠠ ᠠᠶᠢᠮᠠᠭ ᠤᠨ ᠲᠠᠰ ᠤᠨ 36 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃  ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠪᠠᠨ ᠰᠠᠶᠢᠲᠤᠷ ᠠᠳᠬᠤᠵᠤ᠂ ᠵᠣᠷᠯᠣᠩ ᠤᠨ ᠦᠭᠡᠷᠡᠴᠢᠯᠡᠯᠳᠡ᠂ ᠬᠥᠮᠦᠨ ᠮᠠᠯ ᠢ ᠰᠠᠯᠭᠠᠬᠤ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ᠂  ᠭᠠᠴᠠᠭ᠎ᠠ ᠲᠣᠰᠬᠤᠨ ᠤ  ᠲᠦᠷᠢ ᠲᠦᠷᠬᠦ ᠶᠢ ᠰᠠᠶᠢᠵᠢᠷᠠᠭᠤᠯᠬᠤ ᠵᠡᠷᠭᠡ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠠᠬᠢᠭᠤᠯᠤᠨ᠎ᠠ᠃ ᠠᠪᠠᠭ᠎ᠠ ᠬᠤᠰᠢᠭᠤᠨ ᠤ ᠮᠠᠯᠵᠢᠬᠤ ᠣᠷᠣᠨ ᠤ  ᠣᠳᠣᠬᠢᠴᠢᠯᠠᠭᠰᠠᠨ ᠲᠤᠷᠰᠢᠯᠲᠠ ᠶᠢᠨ ᠴᠡᠭ ᠤᠨ ᠠᠷᠭ᠎ᠠ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ   ︽ᠰᠢᠯᠢ ᠶᠢᠨ ᠭᠤᠤᠯ ᠠᠶᠢᠮᠠᠭ ᠤᠨ ᠥᠯᠢᠭᠡᠷ ᠳᠠᠭᠤᠷᠢᠶᠠᠯ︾᠎ ᠢ ᠬᠦᠴᠦᠯᠡᠨ ᠪᠣᠶ ᠪᠣᠯᠭᠠᠨ᠎ᠠ᠃ ᠬᠤᠶᠠᠷ ᠲᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ  ᠃  ᠣᠯᠠᠨ ᠲᠦᠮᠡᠨ ᠤ ︽ᠪᠠᠴᠢᠮ ᠲᠣᠯᠭᠠᠮ᠎ᠠ ᠬᠦᠴᠢᠷ ᠵᠣᠪᠠᠭᠤᠷᠢ ᠵᠣᠪᠠᠨᠢᠯ ᠵᠦᠳᠡᠭᠦᠷᠢ ᠬᠦᠰᠡᠯ ᠡᠷᠡᠮᠡᠯᠵᠡᠯ  ︾᠎ ᠢᠶᠠᠷ ᠭᠤᠣᠯ ᠠᠭᠤᠯᠭ᠎ᠠ ᠪᠣᠯᠭᠠᠭᠰᠠᠨ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠪᠠᠯᠭᠠᠰᠣᠨ ᠤ ᠴᠢᠳᠠᠮᠵᠢ ᠎ ᠪᠠᠨ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃  ᠵᠢᠯ ᠤᠨ ᠳᠣᠲᠣᠷ᠎ᠠ 112 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 6865 ᠡᠷᠦᠬᠡ ᠶᠢᠨ ᠬᠠᠭᠤᠴᠢᠨ ᠣᠷᠣᠨ ᠰᠠᠭᠤᠴᠠ ᠶᠢ ᠥᠭᠡᠷᠡᠴᠢᠯᠡᠨ ᠵᠠᠰᠠᠵᠤ᠂ 640 ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠨ᠎ᠠ᠃ ᠣᠯᠠᠨ ᠲᠦᠮᠡᠨ ᠤ ︽ᠦᠨᠡᠮᠯᠡᠯ ᠠᠪᠬᠤ ᠳᠤ ᠬᠦᠴᠢᠷᠲᠡᠶ︾ ᠠᠰᠠᠭᠤᠳᠠᠯ ᠢ ᠦᠷᠭᠦᠯᠵᠢᠯᠡᠨ ᠠᠩᠬᠠᠷᠴᠤ᠂ ︽ᠬᠥᠳᠡᠯᠦᠩᠭᠦᠶ ᠪᠠᠷ ᠦᠭᠡᠶᠢᠰᠬᠡᠬᠦ︾᠎ ᠶᠢ ᠪᠡᠶᠡᠯᠡᠭᠦᠯᠦᠨ᠎ᠡ᠃ 1.97 ᠲᠦᠮᠡᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠪᠢᠶᠠᠷᠢᠯᠠᠯᠲᠠ ᠬᠠᠮᠢᠶᠠᠷᠤᠯᠲᠠ ᠶᠢᠨ ᠠᠵᠢᠯ ᠢᠶᠠᠨ ᠰᠠᠶᠢᠲᠤᠷ ᠬᠢᠵᠦ᠂ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠲᠣᠣᠷ᠎ᠠ ᠣᠷᠣᠯᠭ᠎ᠠ ᠲᠠᠢ ᠪᠥᠭᠡᠳ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠬᠡᠷ ᠪᠦᠯᠢ ᠶᠢᠨ ᠭᠤᠶᠤᠴᠢᠯᠠᠯ ᠶᠣᠰᠣᠭᠠᠷ ︽ᠪᠠᠲᠤᠯᠠᠬᠤ ᠵᠣᠬᠢᠰᠲᠠᠢ ᠶᠢ ᠨᠢ ᠴᠥᠮ ᠪᠠᠲᠤᠯᠠᠬᠤ︾᠎ ᠪᠠᠷ ᠪᠠᠶᠢᠨ᠎ᠠ︔ ᠰᠢᠯᠢ ᠶᠢᠨ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠ ᠬᠠᠮᠲᠤ ᠶᠢᠨ ᠥᠮᠴᠢᠯᠡᠯ ᠤᠨ ᠡᠷᠬᠡ ᠲᠠᠢ ᠣᠷᠣᠨ ᠰᠠᠭᠤᠴᠠ ᠶᠢᠨ ᠠᠶᠢᠮᠠᠭ ᠤᠨ ᠲᠡᠰ ᠤᠨ ᠲᠤᠷᠰᠢᠯᠲᠠ ᠶᠢᠨ ᠴᠢᠭ ᠢ ᠰᠠᠶᠢᠲᠤᠷ ᠠᠳᠬᠤᠨ᠎ᠠ᠃ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠳᠣᠯᠠᠭᠠᠯᠠᠭ᠎ᠠ ᠬᠠᠩᠭᠠᠬᠤ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ᠂ ᠰᠢᠲᠠᠮᠠᠬᠠᠢ ᠬᠡᠢ ᠵᠡᠷᠭᠡ ᠭᠠᠵᠠᠷ ᠳᠣᠣᠷᠠᠬᠢ ᠬᠤᠭᠤᠯᠠᠢ ᠲᠣᠣᠷ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ᠵᠢᠯ ᠤᠨ ᠳᠣᠲᠣᠷ᠎ᠠ 120 ᠺᠢᠯᠣᠮᠧᠲᠷ ᠥᠭᠡᠷᠡᠴᠢᠯᠡᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠰᠢᠯᠢ ᠶᠢᠨ ᠬᠤᠲᠠ ᠪᠠᠷ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠵᠤ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠎ ᠶᠢ ᠳᠡᠰ ᠳᠡᠪᠰᠢᠭᠦᠯᠦᠨ ᠥᠭᠡᠷᠡᠴᠢᠯᠡᠬᠦ ᠎ ᠪᠠᠨ ᠴᠢᠩᠭᠠᠳᠬᠠᠨ᠂ ᠵᠢᠯ ᠤᠨ ᠳᠣᠲᠣᠷ᠎ᠠ 5 ᠵᠤᠷᠪᠤᠰ ᠲᠠᠰᠤᠷᠬᠠᠢ ᠵᠠᠮ ᠢ ᠨᠡᠪᠲᠡᠷᠡᠭᠦᠯᠵᠦ᠂ 22 ᠵᠤᠷᠪᠤᠰ ᠵᠢᠵᠢᠭ ᠵᠡᠭᠡᠯᠢ ᠭᠤᠳᠤᠮᠵᠢ ᠶᠢ ᠥᠭᠡᠷᠡᠴᠢᠯᠡᠨ᠂ 55 ᠲᠦᠮᠡᠨ  ᠬᠠᠪᠳᠠᠭᠠᠢ ᠳᠥᠷᠪᠡᠯᠵᠢᠨ ᠮᠧᠲᠷ ᠤᠨ ᠵᠠᠰᠠᠮᠠᠯ ᠵᠠᠮ  ᠎ ᠢ ᠵᠠᠰᠠᠨ ᠳᠡᠪᠢᠰᠴᠦ᠂ 30  ᠺᠢᠯᠣᠮᠧᠲᠷ  ᠬᠤᠭᠤᠯᠠᠢ ᠲᠣᠣᠷ ᠢ ᠰᠢᠨ᠎ᠡ ᠪᠠᠷ ᠪᠠᠶᠢᠭᠤᠯᠤᠨ᠂ ᠬᠤᠲᠠ ᠪᠠᠯᠭᠠᠰᠤ ᠪᠠᠨ ᠨᠠᠩ ᠴᠡᠪᠡᠷ ᠲᠡᠭᠰᠢ᠂ ᠡᠮᠬᠢ ᠳᠢᠭᠯᠢᠮ ᠲᠠᠢ᠂ ᠣᠷᠣᠰᠢᠨ ᠰᠠᠭᠤᠬᠤ ᠳᠤ ᠵᠣᠬᠢᠮᠵᠢᠲᠠᠢ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ᠂ ᠵᠣᠭᠠᠴᠠᠨ ᠰᠡᠯᠡᠭᠦᠴᠡᠬᠦ ᠳᠤ ᠲᠠᠭᠠᠯᠠᠮᠵᠢᠲᠠᠢ ᠪᠣᠯᠭᠠᠨ᠎ᠠ᠃ ᠭᠤᠷᠪᠠ ᠳᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠢᠶᠠᠨ ᠬᠦᠴᠦᠯᠡᠨ ᠰᠠᠶᠢᠵᠢᠷᠠᠭᠤᠯᠤᠨ᠎ᠠ᠃ ᠵᠢᠯ ᠤᠨ ᠳᠣᠲᠣᠷ᠎ᠠ ᠲᠠᠢ ᠽᠢ ᠴᠧᠩ ᠠᠴᠠ ᠰᠢᠯᠢ ᠶᠢ ᠬᠤᠳᠠ ᠬᠦᠷᠬᠦ ᠲᠡᠮᠦᠷ ᠵᠠᠮ ᠤᠨ ᠰᠢᠯᠣᠭᠤᠨ ᠬᠦᠭᠡ ᠬᠤᠰᠢᠭᠤ ᠠᠴᠠ ᠰᠢᠯᠢ ᠶᠢᠨ ᠬᠤᠲᠠ ᠬᠦᠷᠬᠦ ᠬᠡᠰᠡᠭ᠂ ᠵᠢᠨᠢᠩ ᠠᠴᠠ ᠡᠷᠢᠶᠡᠨ ᠬᠤᠲᠠ ᠬᠦᠷᠬᠦ ᠲᠡᠮᠦᠷ ᠵᠠᠮ ᠤᠨ ᠴᠢᠳᠠᠮᠵᠢ ᠥᠷᠭᠡᠳᠬᠡᠬᠦ ᠥᠭᠡᠷᠡᠴᠢᠯᠡᠯᠲᠡ ᠵᠡᠷᠭᠡ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ︵ᠰᠢᠯᠢ ᠶᠢᠨ ᠭᠤᠣᠯ ᠠᠶᠢᠮᠠᠭ ᠤᠨ ᠬᠡᠰᠡᠭ︶᠎ ᠶᠢᠨ ᠲᠥᠷᠥᠯ ᠵᠦᠢᠯ ᠢ ᠪᠠᠶᠢᠭᠤᠯᠬᠤ ᠪᠠᠷ ᠴᠢᠷᠮᠠᠶᠢᠨ᠎ᠠ᠃ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠨ ᠪᠠᠶᠢᠭᠤᠯᠬᠤ ᠪᠠ ᠪᠠᠷᠠᠭᠤᠨ ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃13 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 10 ᠭᠤᠣᠯᠳᠠᠯᠭ᠎ᠠ ᠲᠠᠢ ᠵᠠᠰᠠᠮᠠᠯ ᠵᠠᠮ ᠢ ᠵᠠᠰᠠᠨ᠂ 331 ᠤᠯᠤᠰ ᠤᠨ ᠲᠡᠰ ᠤᠨ ᠵᠠᠰᠠᠮᠠᠯ ᠵᠠᠮ ᠤᠨ ᠡᠷᠢᠶᠡᠨ ᠬᠤᠲᠠ ᠠᠴᠠ ᠠᠶᠢᠷᠠᠭ ᠤᠨ ᠰᠦᠮ᠎ᠡ ᠬᠦᠷᠬᠦ᠂ 304 ᠮᠤᠵᠢ ᠶᠢᠨ ᠲᠡᠰ ᠤᠨ ᠵᠠᠰᠠᠮᠠᠯ ᠵᠠᠮ ᠤᠨ ᠰᠧ ᠳ᠋ᠤᠤ ᠾᠧ ᠽᠢ ᠠᠴᠠ ᠳᠣᠯᠣᠨ ᠨᠣᠣᠷ ᠬᠦᠷᠬᠦ ᠵᠡᠷᠭᠡ 5 ᠵᠤᠷᠪᠤᠰ ᠵᠠᠰᠠᠮᠠᠯ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠳᠡᠷᠡᠭᠦᠯᠬᠦ ᠶᠢ ᠪᠠᠳᠣᠯᠠᠨ᠎ᠠ︔ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠢ ᠰᠠᠭᠠᠳ ᠥᠬᠡᠶ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠵᠢᠯ ᠤᠨ ᠳᠣᠲᠣᠷ᠎ᠠ 650 ᠺᠢᠯᠣᠮᠧᠲᠷ ᠪᠥᠲᠥᠭᠡᠨ ᠪᠠᠶᠢᠭᠤᠯᠤᠨ᠎ᠠ᠃ 17.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠲᠡᠮᠦᠷ ᠵᠠᠮ ᠤᠨ ᠴᠠᠬᠢᠯᠭᠠᠨᠵᠢᠭᠤᠯᠬᠤ ᠢᠵᠢ ᠪᠦᠷᠢᠳᠦᠭᠰᠡᠨ ᠴᠠᠬᠢᠯᠭᠠᠨ ᠬᠠᠩᠭᠠᠬᠤ᠂ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠥᠭᠡᠷᠡᠴᠢᠯᠡᠯᠲᠡ ᠵᠢᠴᠢ ᠬᠤᠲᠠ ᠬᠥᠳᠡᠭᠡ ᠶᠢᠨ ᠴᠠᠬᠢᠯᠭᠠᠨ ᠲᠦᠭᠡᠭᠡᠬᠦ ᠲᠣᠣᠷ ᠤᠨ 9 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠬᠦᠯᠬᠦ ᠪᠠᠷ ᠲᠦᠯᠦᠪᠯᠡᠵᠣ᠂ 3618 ᠮᠠᠯᠵᠢᠬᠤ ᠡᠷᠦᠭᠡ ᠳᠤ ᠴᠠᠬᠢᠯᠭᠠᠨ ᠨᠡᠪᠳᠡᠷᠡᠭᠦᠯᠦᠨ᠎ᠡ᠃ 3 ᠳ᠋ᠦᠩᠰᠢᠭᠤᠷ ᠭᠠᠷᠤᠶ ᠲᠥᠭᠦᠷᠢᠭ ᠤᠨ ᠪᠠᠯᠠ ᠣᠷᠣᠭᠤᠯᠤᠯᠲᠠ ᠪᠠᠷ ᠬᠤᠲᠠ ᠶᠢᠨ ᠲᠣᠭᠤᠷᠢᠭ ᠲᠤ 5G᠎ ᠶᠢᠨ ᠰᠠᠭᠤᠷᠢ ᠥᠷᠲᠡᠭᠡ 900᠎ ᠶᠢ ᠰᠢᠨ᠎ᠡ ᠪᠠᠷ ᠪᠠᠶᠢᠭᠤᠯᠬᠤ ᠪᠠᠷ ᠲᠦᠯᠦᠪᠯᠡᠵᠣ᠂ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠳᠠᠭᠠᠤ ᠪᠠ ᠬᠢᠯᠢ ᠬᠢᠵᠠᠭᠠᠷ ᠤᠨ ᠮᠠᠯᠵᠢᠬᠤ ᠡᠷᠦᠬᠡ ᠳᠤ 5G᠎ ᠶᠢᠨ ᠰᠠᠭᠤᠷᠢ ᠥᠷᠲᠡᠭᠡ 36᠂ 4G᠎ ᠶᠢᠨ ᠰᠠᠭᠤᠷᠢ ᠥᠷᠲᠡᠭᠡ 54᠎ ᠶᠢ ᠰᠢᠨ᠎ᠡ ᠪᠠᠷ ᠪᠠᠶᠢᠭᠤᠯᠵᠤ᠂ ᠬᠢᠯᠢ ᠬᠢᠵᠠᠭᠠᠷ ᠣᠷᠣᠨ ᠳᠤ 4G᠎ ᠶᠢᠨ ᠰᠠᠭᠤᠷᠢ ᠥᠷᠲᠡᠭᠡ 26᠎ ᠶᠢ ᠪᠠᠶᠢᠭᠤᠯᠵᠤ᠂ ᠳᠣᠬᠢᠶ᠎ᠠ ᠥᠬᠡᠶ ᠣᠷᠣᠨ ᠤ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠨ᠎ᠡ᠃     ︵ᠳᠥᠷᠪᠡ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠥᠭᠡᠷᠡᠴᠢᠯᠡᠯᠲᠡ ᠨᠡᠭᠡᠭᠡᠯᠲᠡ ᠬᠢᠬᠦ ᠶᠢ ᠴᠢᠩᠭᠠᠷᠠᠭᠤᠯᠤᠨ᠎ᠠ᠃ ᠨᠢᠭᠡ ᠳᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠠᠶᠢᠮᠠᠭ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ  ᠭᠦᠨᠵᠡᠭᠡᠢ ᠠᠬᠢᠭᠤᠯᠤᠨ᠎ᠠ᠃ᠠᠶᠢᠮᠠᠭ ᠤᠨ ᠲᠣᠰ ᠱᠠᠲᠤᠨ ᠤ ᠲᠥᠰᠦᠪ ᠲᠤ 1500 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ  ᠤᠨ ᠲᠤᠰᠬᠠᠢ ᠲᠥᠷᠥᠯ ᠤᠨ ᠪᠡᠯᠡ ᠮᠥᠩᠭᠦ ᠲᠣᠬᠢᠷᠠᠭᠤᠯᠵᠤ᠂ 50 %᠎ ᠪᠠᠷ ᠨᠡᠮᠡᠭᠳᠡᠭᠦᠯᠦᠨ᠂ ᠣᠶᠤᠨᠴᠢ ᠠᠮᠢ ᠠᠬᠤᠢ ᠶᠢ ᠲᠦᠷᠭᠡᠨ ᠰᠡᠷᠭᠦᠭᠡᠬᠦ ᠬᠤᠷᠠᠮᠠᠯ ᠮᠡᠷᠭᠡᠵᠢᠯ ᠤᠨ ᠵᠢᠱᠢᠶ᠎ᠡ ᠦᠵᠡᠭᠦᠯᠬᠦ ᠰᠤᠳᠤᠯᠭᠠᠨ ᠵᠡᠷᠭᠡ ᠠᠶᠢᠮᠠᠭ ᠤᠨ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ 20 ᠲᠥᠷᠥᠯ ᠵᠦᠢᠯ᠂ ᠦᠵᠦᠮᠦᠴᠢᠨ ᠬᠤᠨᠢᠨ ᠤ ᠣᠯᠠᠨ ᠬᠦᠪᠦᠷᠡᠯ ᠢ ᠰᠢᠯᠭᠠᠨ ᠪᠠᠶᠢᠴᠠᠭᠠᠬᠤ ᠵᠢᠴᠢ ᠥᠨᠳᠥᠷ ᠪᠦᠲᠦᠮᠵᠢᠲᠡᠢ ᠪᠠᠷ ᠦᠷᠡᠵᠢᠭᠦᠯᠦᠨ ᠪᠤᠶᠢᠵᠢᠭᠤᠯᠬᠤ ᠵᠡᠷᠭᠡ ︽ᠰᠢᠯᠢᠳᠡᠭ ᠢᠶᠠᠷ ᠳᠠᠭᠠᠭᠤᠯᠤᠭᠴᠢ ᠪᠣᠯᠭᠠᠬᠤ︾ ᠲᠥᠷᠥᠯ ᠵᠦᠢᠯ 5᠎ ᠶᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠨᠡᠭᠦᠷᠡᠰᠦᠨ ᠠᠭᠤᠷᠬᠠᠶ᠂ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ 5G + ᠣᠶᠤᠨᠴᠢᠯᠠᠭᠰᠠᠨ ᠬᠡᠷᠡᠭᠯᠡᠯᠲᠡ ᠶᠢ ᠰᠠᠶᠢᠲᠤᠷ ᠠᠳᠬᠤᠵᠤ᠂ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠪᠠ ᠠᠵᠤ ᠠᠬᠤᠶᠢᠯᠠᠯ ᠤᠨ ᠮᠥᠨ ᠴᠢᠨᠠᠷ ᠤᠨ ᠠᠶᠣᠯᠬᠦᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ︽ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠎ ᠪᠠᠨ ᠰᠠᠶᠢᠲᠤᠷ ᠬᠡᠷᠡᠭᠵᠢᠭᠦᠯᠵᠦ᠂ ᠵᠢᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 30᠎ ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 10᠎ ᠶᠢ ᠦᠨᠡᠯᠡᠨ ᠬᠥᠮᠥᠷᠭᠡ ᠳᠤ ᠣᠷᠣᠭᠤᠯᠬᠤ ᠶᠢ ᠪᠠᠳᠣᠯᠠᠵᠣ᠂ ᠥᠪᠡᠷᠲᠡᠭᠡᠨ ᠵᠠᠰᠠᠬᠤ ᠣᠷᠣᠨ ᠤ  ᠳᠡᠰ ᠎ ᠤᠨ ᠡᠯ᠎ᠡ ᠲᠥᠷᠥᠯ ᠤᠨ ᠲᠠᠪᠴᠠᠩ ᠤᠨ ᠠᠴᠢᠶᠠᠯᠠᠪᠤᠷᠢ  ᠪᠠ ᠰᠤᠳᠤᠯᠤᠨ ᠨᠡᠭᠡᠭᠡᠬᠦ ᠪᠠᠶᠢᠭᠤᠯᠤᠮᠵᠢ 6᠎ ᠶᠢ ᠰᠢᠨ᠎ᠡ ᠪᠠᠷ ᠨᠡᠮᠡᠭᠳᠡᠭᠦᠯᠦᠨ᠎ᠡ᠃ ︽1230︾ ᠢᠨᠵᠧᠨᠧᠷᠢᠩ ᠵᠡᠷᠭᠡ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠷᠥᠯ ᠵᠦᠢᠯ ᠢ ᠦᠷᠭᠦᠯᠵᠢᠯᠡᠨ ᠠᠬᠢᠭᠤᠯᠵᠤ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠪᠠ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ ᠣᠷᠠᠨ ᠰᠠᠮᠪᠠᠭᠠᠯᠢᠭ ᠢᠶᠠᠷ ᠳᠠᠳᠠᠨ ᠠᠪᠴᠢᠷᠠᠵᠤ᠂ ᠳᠡᠭᠡᠳᠣ ᠮᠡᠷᠭᠡᠵᠢᠯ ᠤᠨ ᠴᠢᠳᠠᠪᠤᠷᠢᠲᠠᠨ ᠢ 900᠎ ᠠᠴᠠ ᠳᠡᠭᠡᠭᠰᠢ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ 800᠎ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠬᠤᠶᠠᠷ ᠲᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠪᠠᠷᠢᠮᠵᠢᠶᠠᠯᠠᠨ ᠰᠢᠯᠢᠳᠡᠭᠵᠢᠭᠦᠯᠵᠦ ᠳᠡᠭᠡᠭᠰᠢᠯᠡᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ 2022 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢ ᠡᠬᠢᠯᠡᠭᠦᠯᠦᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ  ᠦᠢᠯᠡᠴᠢᠯᠡᠬᠦ ᠠᠵᠢᠯᠯᠠᠭᠠᠨ ᠤ ᠲᠥᠰᠦᠯ 3.0 ᠬᠡᠪᠯᠡᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ︽ᠰᠦᠯᠵᠢᠶ᠎ᠡ ᠪᠠᠷ ᠬᠦᠢᠴᠡᠳᠭᠡᠬᠦ︾ ᠪᠠ ︽ᠠᠵᠤ  ᠦᠢᠯᠡᠳᠪᠦᠷᠢ ᠶᠢᠨ ᠥᠭᠡᠷᠡᠴᠢᠯᠡᠯᠲᠡ︾ ᠵᠡᠷᠭᠡ ᠬᠤᠶᠠᠷ ᠵᠠᠩᠭᠢᠯᠠᠭ᠎ᠠ ᠶᠢ ᠰᠠᠶᠢᠳᠣᠷ ᠠᠳᠬᠤᠵᠤ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾᠎ ᠶᠢ ᠲᠦᠷᠭᠡᠳᠬᠡᠨ ᠪᠡᠶᠡᠯᠡᠭᠦᠯᠦᠨ᠎ᠡ᠃ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠠᠶᠢᠮᠠᠭ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠭᠤᠷᠪᠠᠨ ᠱᠠᠲᠤ ᠪᠠᠷ ᠪᠦᠬᠦᠨ ᠢ ᠪᠥᠷᠬᠦᠭᠦᠯᠬᠦ ᠶᠢ ᠪᠡᠶᠡᠯᠡᠭᠦᠯᠦᠨ᠎ᠡ︔ ︽ᠨᠢᠭᠡ ᠯᠡ ᠤᠳᠠᠭ᠎ᠠ ᠳᠤ ᠬᠦᠢᠴᠡᠳᠭᠡᠬᠦ︾ ᠪᠠ ︽ᠳᠠᠷᠦ᠋ᠢᠬᠠᠨ ᠬᠦᠢᠴᠡᠳᠭᠡᠬᠦ︾᠎ ᠶᠢ ᠶᠡᠬᠡᠪᠡᠷ ᠠᠬᠢᠭᠤᠯᠵᠤ᠂ ᠤᠷᠢᠳᠠᠴᠢ ᠴᠢᠬᠤᠯᠠ  ᠭᠤᠭᠴᠤᠭ᠎ᠠ ᠪᠠᠨ ᠪᠠᠭᠠᠰᠬᠠᠬᠤ ᠳᠡᠭᠡᠷ᠎ᠡ ᠬᠦᠴᠦ ᠲᠠᠯᠪᠢᠵᠤ᠂ ᠴᠠᠭ ᠬᠤᠭᠤᠴᠠᠭ᠎ᠠ ᠶᠢ ᠪᠣᠭᠤᠨᠢᠰᠬᠠᠬᠤ᠂ ᠭᠤᠭᠴᠤᠭ᠎ᠠ ᠶᠢ ᠴᠦᠭᠡᠳᠬᠡᠬᠦ᠂ ᠶᠠᠪᠣᠴᠠ ᠶᠢ ᠴᠦᠬᠡᠯᠡᠬᠦ᠂  ᠨᠠᠰᠢ ᠴᠠᠰᠢ ᠶᠠᠪᠣᠬᠤ ᠶᠢ ᠪᠠᠭᠠᠰᠬᠠᠬᠤ ᠲᠠᠯ᠎ᠠ ᠪᠠᠷ ᠰᠢᠪᠲᠤᠯᠤᠯᠲᠠ ᠲᠠᠢ ᠪᠣᠯᠭᠠᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠤᠨ ︽ᠠᠮᠠᠯᠠᠯᠲᠠ︾᠎ ᠶᠢ ︽ᠪᠠᠷᠢᠨ ᠬᠦᠢᠴᠡᠳᠭᠡᠬᠦ︾ ᠪᠣᠯᠭᠠᠨ ᠬᠤᠪᠢᠷᠠᠭᠤᠯᠵᠤ᠂ ᠳᠤᠲᠠᠭᠳᠠᠯ ᠢ ᠨᠢ ᠭᠥᠯᠢᠶᠡᠨ ᠠᠪᠴᠤ ᠰᠢᠢᠳᠪᠦᠷᠢᠯᠡᠬᠦ᠂ ᠠᠮᠠᠯᠠᠯᠲᠠ ᠪᠠᠨ ᠮᠡᠳᠡᠭᠳᠡᠬᠦ  ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠳᠠᠪᠬᠤᠷᠳᠠᠭᠤᠯᠵᠤ᠂  ᠥᠨᠳᠥᠷ ᠳᠠᠪᠲᠠᠮᠵᠢᠲᠤ ︽ᠨᠢᠭᠡ ᠶᠠᠪᠤᠳᠠᠯ︾᠎ ᠢ ᠰᠦᠯᠵᠢᠶᠡᠨ ᠳᠡᠭᠡᠷ᠎ᠡ ᠨᠠᠷᠢᠯᠢᠭ ᠣᠨᠣᠴᠠᠲᠠᠶ ᠪᠠᠷ ᠬᠦᠢᠴᠡᠳᠭᠡᠬᠦ ᠪᠣᠯᠭᠠᠨ᠎ᠠ︔ ︽ᠮᠥᠩᠬᠡ ᠰᠤᠪᠠᠭ︾᠎ ᠤᠨ ᠥᠨᠳᠥᠷ ᠳᠠᠪᠲᠠᠮᠵᠢᠲᠤ ᠣᠨᠴᠠᠯᠢᠭᠲᠤ ᠬᠡᠷᠡᠭᠯᠡᠯᠲᠡ ᠶᠢ ︽ᠬᠠᠶᠢᠵᠣ ᠪᠣᠯᠬᠤ︾᠎ ᠠᠴᠠ ︽ᠭᠦᠢᠴᠡᠳᠬᠡᠵᠦ ᠪᠣᠯᠬᠤ︾ ᠲᠡᠰᠢ ᠬᠤᠪᠢᠷᠠᠭᠤᠯᠬᠤ ᠶᠢ ᠶᠡᠬᠡᠪᠡᠷ ᠠᠬᠢᠭᠤᠯᠵᠤ᠂ ᠰᠦᠯᠵᠢᠶᠡᠨ ᠭᠠᠳᠠᠨ᠎ᠠ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ ᠠᠴᠠ ᠠᠯᠠᠭᠠᠨ ᠳᠡᠭᠡᠷ᠎ᠡ ᠪᠠᠨ ᠭᠦᠢᠴᠡᠳᠬᠡᠬᠦ ᠲᠡᠰᠢ ᠬᠤᠪᠢᠷᠠᠭᠤᠯᠤᠨ᠎ᠠ  ︔ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠥᠨᠳᠥᠷ ᠲᠠᠪᠳᠠᠮᠵᠢᠳᠤ ᠵᠦᠢᠯᠡᠰ ᠢ ︽ᠨᠢᠭᠡ ᠬᠤᠲᠠ ᠳᠤ ᠨᠡᠶᠢᠳᠡᠮ ᠬᠦᠢᠴᠡᠳᠭᠡᠬᠦ︾᠂  ︽ᠱᠠᠲᠤ ᠠᠯᠤᠰᠯᠠᠨ ᠬᠤᠯᠪᠣᠭᠠᠯᠠᠨ ᠬᠦᠢᠴᠡᠳᠭᠡᠬᠦ︾᠂ ︽ᠤᠨᠳᠤᠤ ᠭᠠᠵᠠᠷ ᠲᠤ ᠣᠷᠣᠯᠠᠨ ᠬᠦᠢᠴᠡᠳᠭᠡᠬᠦ︾᠎ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠪᠠᠯᠠ ᠣᠷᠣᠭᠤᠯᠤᠨ ᠦᠢᠯᠡᠳᠪᠦᠷᠢᠯᠡᠵᠣ ᠡᠵᠡᠩᠨᠡᠬᠦ ᠵᠡᠷᠭᠡ ᠪᠥᠬᠦ ᠦᠶᠡᠯᠡᠯ ᠤᠨ  ᠬᠤᠭᠤᠴᠠᠭᠠᠨ ᠤ ᠲᠣᠭᠤᠷᠢᠨ ᠳᠤ᠂ ᠠᠵᠤ ᠠᠬᠤᠶᠢᠯᠠᠯ ᠡᠷᠭᠢᠯᠡᠬᠦ᠂ ᠪᠠᠷᠢᠯᠭ᠎ᠠ ᠶᠢᠨ ᠵᠥᠪᠰᠢᠶᠡᠷᠡᠯ ᠢ ᠬᠦᠢᠴᠡᠳᠬᠡᠬᠦ᠂ ᠴᠠᠬᠢᠯᠭᠠᠨ ᠬᠦᠴᠦ ᠪᠠ ᠤᠰᠤ ᠰᠢᠲᠠᠮᠠᠬᠠᠢ ᠬᠡᠶ ᠬᠡᠷᠡᠭᠯᠡᠬᠦ ᠵᠡᠷᠭᠡ ᠭᠤᠤᠯᠳᠠᠯᠭ᠎ᠠ ᠲᠠᠢ ᠬᠦᠢᠴᠡᠳᠬᠡᠯ ᠲᠤᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠰᠢᠨ᠎ᠡ ᠣᠳᠣᠷᠢᠳᠣᠯᠭ᠎ᠠ ᠬᠠᠭᠤᠴᠢᠨ ᠳᠠᠩᠰᠠ ᠶᠢ ᠦᠯᠦ ᠬᠠᠮᠢᠶᠠᠷᠬᠤ︾᠂ ᠭᠡᠷ᠎ᠡ ᠠᠴᠠ ᠵᠥᠷᠢᠴᠡᠵᠦ ᠢᠲᠡᠭᠡᠯ ᠠᠯᠳᠠᠬᠤ ᠵᠡᠷᠭᠡ ᠪᠠᠶᠢᠳᠠᠯ ᠭᠠᠷᠬᠤ ᠶᠢ ᠡᠷᠡᠰ ᠳᠡᠪᠴᠢᠨ᠂ ᠵᠢᠯ ᠤᠨ ᠳᠣᠲᠣᠷ᠎ᠠ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 41 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠳᠠᠬᠢ ᠥᠷᠢ ᠶᠢ ᠪᠣᠴᠠᠭᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠎ᠡ᠃ ᠭᠤᠷᠪᠠ ᠳᠤ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠠᠳᠬᠤᠵᠤ ᠪᠠᠯᠠ ᠣᠷᠣᠭᠤᠯᠤᠯᠲᠠ ᠪᠠᠨ ᠲᠣᠭᠲᠠᠪᠤᠷᠢᠵᠢᠭᠤᠯᠤᠨ᠎ᠠ᠃ 2022 ᠣᠨ ᠳᠤ ᠠᠶᠢᠮᠠᠭ ᠤᠨ ᠲᠡᠰ ᠤᠨ145 ᠭᠤᠣᠯᠳᠠᠯᠭ᠎ᠠ ᠲᠠᠢ ᠲᠥᠷᠥᠯ ᠵᠦᠢᠯ ᠢ ᠠᠩᠬ᠎ᠠ ᠠᠯᠬᠤᠮ ᠲᠣᠬᠢᠷᠠᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 1039 ᠳ᠋ᠦᠩᠰᠢᠭᠤᠷ ᠲᠥᠭᠦᠷᠢᠭ ᠪᠠᠶᠢᠵᠣ᠂ ᠲᠣᠰ ᠵᠢᠯ ᠳᠤ 320 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠡᠭᠦᠨ ᠳᠤ ᠰᠢᠨ᠎ᠡ ᠪᠠᠷ ᠪᠠᠶᠢᠭᠤᠯᠬᠤ ᠲᠥᠷᠥᠯ ᠵᠦᠢᠯ ᠨᠢ 59 %᠎ ᠶᠢ ᠡᠵᠡᠯᠡᠨ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠨᠢ  63 %᠎ ᠎ ᠶᠢ ᠡᠵᠡᠯᠡᠨ᠎ᠡ᠃ ᠲᠥᠷᠥᠯ ᠵᠦᠢᠯ  ᠢ ᠬᠢᠨᠠᠨ ᠵᠥᠪᠰᠢᠶᠡᠷᠡᠬᠦ ︽ᠡᠪᠦᠯ ᠤᠨ ᠤᠯᠠᠷᠢᠯ ᠤᠨ ᠰᠢᠪᠲᠤᠯᠤᠯᠲᠠ︾᠎ ᠶᠢ ᠡᠬᠢᠯᠡᠭᠦᠯᠵᠦ᠂ 2022 ᠣᠨ ᠤ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠬᠦᠢᠴᠡᠳᠭᠡᠬᠦ ᠶᠢ ᠲᠦᠷᠭᠡᠳᠬᠡᠨ ᠠᠬᠢᠭᠤᠯᠵᠤ᠂ ᠭᠠᠵᠠᠷ ᠰᠢᠷᠣᠶ᠂ ᠡᠨᠧᠷᠭᠢ ᠬᠡᠷᠡᠭᠯᠡᠬᠦ᠂ ᠪᠠᠯᠠ ᠮᠥᠩᠭᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠡᠷᠲᠡᠬᠡᠨ ᠨᠠᠶᠢᠳᠠᠪᠤᠷᠢᠵᠢᠭᠤᠯᠵᠤ᠂ 4  ᠳ᠋ᠣᠭᠡᠷ ᠰᠠᠷ᠎ᠠ ᠶᠢᠨ 15᠎ ᠤ ᠡᠳᠦᠷ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠳᠤ ᠰᠠᠶᠢᠲᠤᠷ ᠪᠡᠯᠡᠳᠬᠡᠯ ᠬᠢᠨ᠎ᠠ᠃ ᠬᠦᠷᠢᠶᠡᠯᠡᠩ ᠲᠣᠭᠤᠷᠢᠭ ᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠵᠢᠯ ᠤᠨ ᠳᠣᠲᠣᠷ᠎ᠠ 14 ᠵᠦᠢᠯ ᠤᠨ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠬᠡᠷᠡᠭᠵᠢᠭᠦᠯᠵᠦ᠂  ᠬᠡᠳᠣᠨ ᠣᠶᠤᠨᠴᠢ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠴᠢᠷᠮᠠᠶᠢᠨ᠎ᠠ᠃ ᠳᠥᠷᠪᠡ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠪᠦᠬᠦ ᠠᠶᠢᠮᠠᠭ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶᠡᠰᠦ ᠎ ᠶᠢ ᠨᠠᠶᠢᠷᠠᠭᠤᠯᠤᠨ ᠵᠣᠬᠢᠶᠠᠵᠤ᠂ ᠬᠡᠯᠬᠢᠶᠡᠰᠦ ᠶᠢ ᠴᠣᠭᠴᠠᠯᠠᠬᠤ᠂ ᠬᠡᠯᠬᠢᠶᠡᠰᠦ ᠶᠢ ᠤᠷᠲᠤᠳᠬᠠᠬᠤ᠂ ᠬᠡᠯᠬᠢᠶᠡᠰᠦ ᠶᠢ ᠴᠢᠩᠭᠠᠳᠬᠠᠬᠤ᠂ ᠬᠡᠯᠬᠢᠶᠡᠰᠦ ᠶᠢ ᠨᠥᠬᠦᠪᠥᠷᠢᠯᠡᠬᠦ ᠵᠡᠷᠭᠡ ᠭᠤᠣᠯᠳᠠᠯᠭ᠎ᠠ ᠲᠠᠢ ᠠᠷᠠᠯᠵᠢᠶᠠᠴᠢᠨ ᠤᠷᠢᠬᠤ ᠲᠥᠷᠥᠯ ᠵᠦᠢᠯ ᠤᠨ ᠨᠠᠷᠢᠨ ᠬᠠᠭᠤᠳᠠᠰᠤ ᠎ ᠶᠢ ᠪᠦᠷᠢᠯᠳᠦᠭᠦᠯᠦᠨ᠎ᠡ᠃ ᠲᠥᠷᠥᠯ ᠵᠦᠢᠯ ᠢᠶᠠᠷ ᠭᠤᠤᠯ ᠭᠠᠷᠳᠠᠴᠠ ᠪᠣᠯᠭᠠᠵᠤ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠣᠨ ᠠᠵᠣ ᠦᠢᠯᠡᠰ ᠤᠨ ᠲᠦᠷᠦᠭᠦᠣ ᠦᠢᠯᠡᠳᠬᠦᠨ ᠪᠠ ᠳᠠᠭᠠᠯᠳᠠ ᠦᠢᠯᠡᠳᠬᠦᠨ ᠤ ᠢᠵᠢ ᠪᠥᠷᠢᠳᠦᠭᠰᠡᠨ ᠠᠵᠤ ᠠᠬᠤᠶᠢᠯᠠᠯ ᠳᠤ ᠴᠢᠭᠯᠡᠭᠦᠯᠦᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠠᠨᠳᠤᠯᠭᠠᠲᠤ ᠠᠵᠤ ᠠᠬᠤᠶᠢᠯᠠᠯ ᠢ ᠲᠣᠳᠣᠷᠬᠠᠶᠢᠯᠠᠵᠤ᠂ ᠴᠡᠭ ᠲᠤ ᠰᠠᠭᠤᠵᠤ ᠠᠷᠠᠯᠵᠢᠶᠠᠴᠢᠨ ᠤᠷᠢᠬᠤ᠂ ᠵᠠᠭᠤᠴᠢ ᠪᠠᠷ ᠠᠷᠠᠯᠵᠢᠶᠠᠴᠢᠨ ᠤᠷᠢᠬᠤ᠂ ᠨᠠᠶᠢᠳᠠᠵᠤ ᠠᠷᠠᠯᠵᠢᠶᠠᠴᠢᠨ ᠤᠷᠢᠬᠤ ᠵᠡᠷᠭᠡ ᠠᠷᠭ᠎ᠠ ᠬᠡᠮᠵᠢᠶ᠎ᠡ ᠠᠪᠴᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢᠨ ᠣᠨᠣᠪᠴᠢ ᠶᠢᠨ ᠬᠡᠮᠵᠢᠶ᠎ᠡ᠂ ᠴᠢᠭᠯᠡᠭᠦᠯᠦᠯᠲᠦ ᠴᠢᠨᠠᠷ ᠪᠠ ᠠᠮᠵᠢᠯᠲᠠ ᠤᠯᠬᠤ ᠨᠣᠷᠮ᠎ᠠ ᠪᠠᠨ ᠳᠡᠭᠡᠭᠰᠢᠯᠡᠭᠦᠯᠦᠨ᠎ᠡ᠃ ᠠᠶᠢᠮᠠᠭ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠲᠤᠰᠬᠠᠶ ᠲᠦᠷᠦᠯ ᠢᠶᠠᠷ ᠠᠬᠢᠭᠤᠯᠬᠤ ᠳᠤᠭᠤᠶᠢᠯᠠᠩ ᠵᠢᠴᠢ ᠠᠯᠪᠠᠨ ᠬᠡᠷ᠂ 5 ᠭᠤᠤᠯᠳᠠᠯᠭ᠎ᠠ ᠲᠠᠢ ᠠᠵᠤ ᠦᠢᠯᠡᠰ ᠤᠨ ᠠᠷᠠᠯᠵᠢᠶᠠᠴᠢᠨ ᠤᠷᠢᠬᠤ ᠠᠵᠢᠯ ᠤᠨ ᠳᠤᠭᠤᠶᠢᠯᠠᠩ ᠤᠨ ᠡᠭᠦᠷᠭᠡ ᠴᠢᠳᠠᠪᠬᠢ ᠶᠢ ᠰᠠᠶᠢᠲᠤᠷ ᠪᠠᠳᠠᠷᠠᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠲᠤᠰᠬᠠᠶᠢᠯᠠᠨ ᠪᠡᠯᠡ ᠮᠥᠩᠭᠦ  ᠲᠣᠬᠢᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠲᠣᠪᠤᠶᠢᠮ᠎ᠠ ᠪᠠᠶᠢᠭ᠎ᠠ ᠭᠠᠵᠠᠷ ᠣᠷᠣᠨ ᠢ ᠱᠠᠩᠨᠠᠨ ᠬᠥᠬᠢᠭᠦᠯᠬᠦ ᠶᠢᠨ ᠬᠠᠮᠲᠤ ᠰᠠᠷ᠎ᠠ ᠶᠢᠨ ᠲᠣᠬᠢᠷᠠᠭᠤᠯᠤᠯᠲᠠ ᠶᠢᠨ ᠨᠡᠷᠡᠰ ᠤᠨ ᠵᠢᠭᠰᠠᠭᠠᠯᠲᠠ ᠶᠢᠨ ᠠᠵᠢᠯ ᠤᠨ ᠲᠣᠭᠲᠠᠴᠠ ᠎ ᠪᠠᠨ ᠦᠷᠭᠦᠯᠵᠢᠯᠡᠨ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠮᠵᠢᠯᠲᠠ ᠪᠦᠲᠦᠮᠵᠢ ᠶᠢ ᠣᠨ ᠤ ᠬᠢᠨᠠᠨ ᠦᠨᠡᠯᠡᠯᠳᠡ ᠳᠤ ᠣᠷᠣᠭᠤᠯᠤᠨ᠎ᠠ᠃ ᠲᠠᠪᠤ ᠳᠤ ᠨᠡᠭᠡᠭᠡᠯᠲᠡ ᠬᠢᠵᠦ ᠬᠠᠮᠲᠤᠷᠠᠯᠴᠠᠬᠤ ᠬᠢᠷᠢ ᠲᠦᠪᠰᠢᠨ ᠢᠶᠠᠨ ᠤᠯᠠᠮ ᠳᠡᠭᠡᠭᠰᠢᠯᠡᠭᠦᠯᠦᠨ᠎ᠡ᠃  ᠡᠮᠦᠨ᠎ᠡ ᠬᠡᠰᠡᠭ ᠤᠨ ᠬᠤᠰᠢᠭᠤ ᠰᠢᠶᠠᠨ ᠤ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠠᠭᠠᠨ ᠲᠦᠰᠢᠭᠯᠡᠨ᠂ ᠪᠡᠭᠡᠵᠢᠩ ᠲᠢᠶᠠᠨᠵᠢᠨ ᠾᠧᠪᠧᠶ ᠶᠢᠨ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠬᠦᠯᠢᠶᠡᠨ ᠠᠪᠴᠤ᠂ ᠬᠡᠲᠦ ᠬᠠᠲᠠᠭᠤ ᠮᠠᠲ᠋ᠧᠷᠢᠶᠠᠯ᠂ ᠨᠠᠷᠢᠯᠢᠭ ᠡᠳ᠋ᠰᠢᠭᠦᠯᠬᠦ᠂ ᠨᠠᠷᠢᠯᠢᠭ ᠴᠢᠳᠬᠤᠮᠠᠯ ᠲᠣᠨᠤᠭ᠂ ᠪᠣᠬᠢᠷᠲᠤᠯ ᠥᠬᠡᠶ ᠮᠠᠯ ᠲᠠᠷᠢᠶᠠᠯᠠᠩ  ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠪᠠ ᠡᠷᠡᠭᠦᠯᠵᠢᠯ ᠰᠤᠪᠢᠯᠠᠯᠲᠠ ᠵᠢᠭᠤᠯᠴᠢᠯᠠᠯ ᠤᠨ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠦᠨ᠎ᠡ᠃ ᠡᠷᠢᠶᠡᠨ ᠬᠤᠲᠠ ᠶᠢᠨ ᠬᠠᠭᠤᠷᠠᠶ ᠭᠠᠷᠠᠮ ᠤᠨ ᠬᠡᠯᠪᠡᠷᠢ ᠶᠢᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ  ᠵᠠᠩᠭᠢᠯᠠᠭ᠎ᠠ ᠶᠢᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠡᠷᠢᠶᠡᠨ ᠬᠤᠲᠠ ᠶᠢᠨ ᠲᠡᠮᠦᠷ ᠵᠠᠮ ᠤᠨ ᠥᠷᠲᠡᠭᠡ ᠲᠠᠯᠠᠪᠤᠷ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠲᠥᠷᠥᠯ ᠵᠦᠢᠯ ᠢᠶᠠᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠵᠢᠨᠢᠩ ᠠᠴᠠ ᠡᠷᠢᠶᠡᠨ ᠬᠦᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠡᠷᠢᠶᠡᠨ ᠬᠤᠲᠠ ᠶᠢᠨ ᠲᠥᠪᠯᠡᠷᠡᠭᠦᠯᠬᠦ ᠲᠥᠪ ᠤᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠬᠦ ᠪᠠᠷ ᠴᠢᠷᠮᠠᠶᠢᠵᠤ᠂ ᠵᠡᠭᠦᠨ ᠬᠠᠲᠠᠪᠴᠢ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠵᠠᠮ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠨ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠦᠨᠳᠦᠰᠦᠯᠡᠨ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠭᠠᠳᠠᠭᠠᠳᠤ ᠠᠴᠠ ᠣᠷᠣᠭᠤᠯᠣᠭᠰᠠᠨ ᠲᠠᠸᠠᠷ ᠢ ᠨᠣᠳᠣᠭᠰᠢᠭᠤᠯᠣᠨ ᠡᠳ᠋ᠰᠢᠭᠦᠯᠬᠦ ᠲᠤᠷᠰᠢᠯᠲᠠ ᠶᠢ ᠲᠣᠬᠢᠷᠠᠮᠵᠢᠲᠠᠢ ᠦᠶ᠎ᠡ ᠳᠤ ᠡᠬᠢᠯᠡᠭᠦᠯᠦᠨ᠎ᠡ᠃ ᠵᠡᠬᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠨᠠᠩ ᠰᠠᠶᠢᠲᠤᠷ ᠠᠭᠤᠰᠤᠯᠴᠠᠵᠤ᠂ ︽ᠵᠡᠭᠦᠨ ᠬᠤᠶᠢᠲᠤ ᠶᠢᠨ ᠡᠬᠡ ᠬᠠᠭᠤᠷᠠᠶ ᠳᠠᠯᠠᠢ ᠲᠠᠩᠭᠢᠰ ᠤᠨ ᠰᠢᠨ᠎ᠡ ᠵᠠᠮ︾ ᠳᠠᠭᠠᠤ ᠶᠢᠨ ᠭᠠᠵᠠᠷ ᠣᠷᠣᠨ ᠯᠤᠭ᠎ᠠ ᠶᠢᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠰᠠᠭᠤᠷᠢ ᠲᠥᠬᠦᠭᠡᠷᠦᠮᠵᠢ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠎ ᠪᠠᠨ ᠭᠦᠨᠵᠡᠭᠡᠶᠢᠷᠡᠭᠦᠯᠵᠦ᠂ ᠤᠮᠠᠷᠠᠰᠢ ᠣᠷᠣᠰ ᠮᠣᠩᠭᠤᠯ ᠲᠠᠢ ᠵᠠᠯᠭᠠᠯᠳᠤᠭᠰᠠᠨ᠂ ᠡᠮᠦᠨᠡᠰᠢ ᠭᠠᠷᠠᠮ ᠎ ᠲᠠᠢ ᠬᠤᠯᠪᠣᠭᠠᠯᠠᠭᠰᠠᠨ ᠬᠢᠯᠢ ᠬᠢᠵᠠᠭᠠᠷ ᠳᠠᠯᠠᠢ ᠲᠠᠩᠭᠢᠰ ᠲᠤ ᠨᠡᠪᠲᠡᠷᠡᠬᠦ ᠰᠢᠨ᠎ᠡ ᠳᠠᠪᠠᠭᠤᠯᠢᠭ ᠢ ᠲᠦᠷᠭᠡᠳᠬᠡᠨ ᠪᠠᠶᠢᠭᠤᠯᠤᠨ᠎ᠠ᠃      ︵ᠲᠠᠪᠤ︶ ᠣᠯᠠᠨ ᠲᠦᠮᠡᠨ ᠤ ︽ᠪᠠᠴᠢᠮ ᠲᠣᠯᠭᠠᠮ᠎ᠠ ᠬᠦᠴᠢᠷ ᠵᠣᠪᠠᠭᠤᠷᠢ ᠵᠣᠪᠠᠨᠢᠯ ᠵᠦᠳᠡᠭᠦᠷᠢ ᠬᠦᠰᠡᠯ ᠡᠷᠡᠮᠡᠯᠵᠡᠯ︾᠎ ᠤᠨ ᠠᠰᠠᠭᠤᠳᠠᠯ ᠢᠶᠠᠨ ᠬᠦᠴᠦᠯᠡᠨ ᠰᠢᠢᠳᠪᠦᠷᠢᠯᠡᠨ᠎ᠡ᠃ ᠨᠢᠭᠡ ᠳᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠎ᠠ᠃ ᠵᠢᠯ ᠤᠨ ᠳᠣᠲᠣᠷ᠎ᠠ 6 ᠲᠦᠮᠡᠨ ᠠᠵᠢᠯ ᠤᠨ ᠪᠠᠶᠢᠷᠢ ᠡᠯᠰᠡᠨ ᠴᠣᠭᠯᠠᠭᠤᠯᠵᠣ᠂ 5000 ᠬᠥᠮᠦᠨ ᠤᠳᠠᠭ᠎ᠠ ᠳᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠵᠦ᠂ ᠬᠤᠲᠠ ᠪᠠᠯᠭᠠᠰᠤᠨ ᠤ 9000᠎ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ 2 ᠳᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠢ ᠲᠣᠰ ᠵᠢᠯ ᠳᠤᠨᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠎ ᠶᠢᠨ ᠳᠣᠲᠣᠷ᠎ᠠ ᠬᠢᠵᠠᠭᠠᠷᠯᠠᠨ᠎ᠠ᠃ ᠬᠤᠶᠠᠷ ᠲᠤ ᠤᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠠ᠃ ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ  ᠬᠡᠷᠡᠭᠵᠢᠬᠦᠯᠦᠯᠳᠡ ᠶᠢᠨ ᠲᠥᠰᠦᠯ ᠵᠢᠴᠢ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠵᠠᠷᠤᠳᠠᠯ ᠤᠨ ᠪᠡᠯᠡ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ︽ᠲᠠᠪᠤᠨ ᠬᠥᠮᠦᠵᠢᠯ ᠢ ᠵᠡᠷᠭᠡ ᠪᠠᠷ ᠴᠢᠬᠤᠯᠠᠴᠢᠯᠠᠬᠤ︾ ᠰᠢᠰᠲ᠋ᠧᠮ ᠢ ᠪᠠᠶᠢᠭᠤᠯᠤᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠭᠰᠡᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠷᠢᠮᠵᠢᠭᠦᠯᠦᠨ ᠪᠠᠷᠢᠮᠵᠢᠶᠠᠨ ᠳᠤ ᠬᠦᠷᠦᠭᠦᠯᠦᠭᠰᠡᠨ ᠰᠤᠷᠭᠠᠭᠤᠯᠢ ︵ᠬᠦᠷᠢᠶᠡᠯᠡᠩ︶᠂ ᠵᠢᠱᠢᠶ᠎ᠡ ᠦᠵᠡᠭᠦᠯᠬᠦ ᠰᠤᠷᠭᠠᠭᠤᠯᠢ ︵ᠬᠦᠷᠢᠶᠡᠯᠡᠩ︶᠎ ᠶᠢ ᠡᠭᠦᠳᠦᠨ ᠪᠠᠶᠢᠭᠤᠯᠬᠤ ᠠᠵᠢᠯ ᠎ ᠢᠶᠠᠨ ᠵᠣᠬᠢᠶᠠᠨ ᠪᠠᠶᠢᠭᠤᠯᠤᠨ ᠥᠷᠨᠢᠭᠦᠯᠵᠦ᠂ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ  ᠪᠠᠶᠢᠭ᠎ᠠ ᠰᠤᠷᠭᠠᠭᠤᠯᠢ ᠶᠢᠨ ᠳᠡᠭᠡᠳᠣ ᠨᠢᠭᠡᠳᠦᠭᠡᠷ ᠣᠨ ᠳᠤ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢᠶᠠᠨ ᠰᠠᠶᠢᠲᠤᠷ ᠬᠢᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠨ ᠬᠡᠷᠡᠭᠯᠡᠬᠦ︾᠎ ᠶᠢ ᠢᠳᠡᠪᠬᠢᠲᠡᠶ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠢ ᠥᠷᠢᠰᠥᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ᠂ ᠢᠯᠡ ᠪᠠᠷ ᠰᠢᠯᠢᠨ ᠰᠣᠩᠭᠤᠬᠤ᠂ ᠰᠣᠯᠢᠯᠴᠠᠭᠤᠯᠤᠨ ᠲᠤᠰᠢᠶᠠᠯ ᠡᠭᠦᠷᠭᠡᠯᠡᠭᠦᠯᠬᠦ ᠵᠡᠷᠭᠡ ᠰᠣᠩᠭᠤᠨ ᠬᠡᠷᠡᠭᠯᠡᠬᠦ ᠠᠵᠢᠯ ᠢᠶᠠᠨ ᠰᠠᠶᠢᠳᠣᠷ ᠥᠷᠨᠢᠭᠦᠯᠦᠨ᠎ᠡ︔ ᠰᠤᠷᠭᠠᠨ ᠬᠥᠮᠦᠵᠢᠯ ᠤᠨ ᠰᠢᠯᠢᠳᠡᠭ  ᠴᠢᠳᠠᠪᠤᠷᠢᠲᠠᠨ ᠢ ᠣᠷᠢᠨ ᠠᠪᠴᠢᠷᠠᠬᠤ ᠬᠡᠷᠡᠭᠵᠢᠬᠦᠯᠦᠯᠳᠡ ᠶᠢᠨ ᠲᠥᠰᠦᠯ  ᠲᠣᠭᠲᠠᠭᠠᠵᠤ᠂ ᠤᠯᠤᠰ ᠤᠨ ᠳᠣᠲᠣᠭᠠᠳᠤ ᠶᠢᠨ ᠳᠡᠭᠡᠳᠦ ᠲᠠᠰ ᠳᠠᠪᠬᠤᠷᠭ᠎ᠠ ᠶᠢᠨ ᠠᠵᠢᠯ ᠤᠨ ᠪᠠᠶᠢᠷᠢ ᠳᠡᠭᠡᠷᠡᠬᠢ ᠳᠤᠮᠳᠠᠳᠤ ᠰᠤᠷᠭᠠᠭᠤᠯᠢ ᠶᠢᠨ ᠪᠠᠭᠰᠢ ᠪᠠ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠰᠤᠷᠤᠭᠴᠢ᠂ ︽985︾ ᠵᠡᠷᠭᠡ  ᠶᠡᠭᠡ ᠳᠡᠭᠡᠳᠦ ᠰᠤᠷᠭᠠᠭᠤᠯᠢ ᠠᠴᠠ ᠳᠡᠭᠦᠰᠦᠭᠰᠡᠨ ᠪᠠ ᠲᠣᠰ ᠬᠤᠭᠤᠴᠠᠭᠠᠨ ᠤ ᠰᠢᠯᠢᠳᠡᠭ ᠲᠡᠭᠦᠰᠦᠭᠰᠡᠨ ᠰᠤᠷᠤᠭᠴᠢᠳ ᠢ ᠭᠤᠣᠯᠳᠠᠯᠭ᠎ᠠ ᠲᠠᠢ ᠣᠷᠢᠨ ᠠᠪᠴᠢᠷᠠᠵᠤ᠂ ᠵᠢᠯ ᠤᠨ ᠳᠣᠲᠣᠷ᠎ᠠ ᠳᠤᠮᠳᠠᠳᠤ ᠪᠠᠭ᠎ᠠ ᠰᠤᠷᠭᠠᠭᠤᠯᠢ ᠶᠢᠨ 409 ᠪᠠᠭᠰᠢ ᠶᠢ ᠢᠯᠡ ᠪᠠᠷ ᠡᠯᠰᠡᠨ᠎ᠡ᠃ ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠰᠢᠯᠢ ᠶᠢᠨ ᠭᠤᠣᠯ ᠠᠶᠢᠮᠠᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠎ ᠶᠢᠨ ᠰᠠᠯᠪᠣᠷᠢ ᠰᠣᠷᠭᠠᠭᠤᠯᠢ ᠶᠢ ᠰᠠᠶᠢᠲᠤᠷ ᠡᠷᠬᠢᠯᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠵᠢᠱᠢᠶ᠎ᠡ ᠦᠵᠡᠭᠦᠯᠦᠨ ᠲᠠᠶᠢᠴᠢᠯᠠᠵᠣ ᠰᠢᠨ᠎ᠡ ᠳᠡᠭᠡᠭᠰᠢᠯᠡᠯᠲᠡ ᠲᠠᠢ ᠪᠣᠯᠭᠠᠨ᠎ᠠ᠃ 17 ᠬᠡᠦᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ ᠥᠭᠡᠷᠡᠴᠢᠯᠡᠨ ᠪᠠᠶᠢᠭᠤᠯᠵᠤ᠂      ︽ᠴᠡᠴᠡᠷᠯᠢᠭ ᠲᠤ  ᠰᠠᠭᠤᠬᠤ ᠳᠤ ᠬᠦᠴᠢᠷ︾ ᠪᠠᠶᠢᠭ᠎ᠠ ᠠᠰᠠᠭᠤᠳᠠᠯ ᠢ ᠣᠯᠠᠨ ᠠᠷᠭ᠎ᠠ ᠵᠠᠮ ᠢᠶᠠᠷ ᠰᠢᠢᠳᠪᠦᠷᠢᠯᠡᠨ᠎ᠡ᠃ ᠪᠦᠬᠦ ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭᠠᠨ ᠤ ᠬᠠᠮᠢᠶᠠᠷᠤᠯᠲᠠ ᠶᠢᠨ ᠲᠤᠰᠬᠠᠢ ᠲᠥᠷᠥᠯ ᠤᠨ ᠬᠢᠨᠠᠨ ᠵᠢᠯᠣᠭᠤᠳᠬᠤ ᠠᠵᠢᠯᠯᠠᠭ᠎ᠠ ᠶᠢ ᠡᠬᠢᠯᠡᠭᠦᠯᠵᠦ ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠰᠤᠷᠭᠠᠭᠤᠯᠢ      ︵ᠬᠡᠦᠬᠡᠳ ᠤᠨ ᠴᠡᠴᠡᠷᠯᠢᠭ︶᠎ ᠶᠢᠨ ᠬᠠᠤᠯᠢ ᠶᠣᠰᠣᠭᠠᠷ ᠰᠤᠷᠭᠠᠭᠤᠯᠢ ᠡᠷᠬᠢᠯᠡᠬᠦ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠱᠠᠯᠠᠪᠳᠠᠭᠤᠯᠵᠣ᠂ ᠰᠤᠷᠭᠠᠭᠤᠯᠢ ᠡᠷᠬᠢᠯᠡᠬᠦ ᠬᠢᠷᠢ ᠲᠦᠪᠰᠢᠨ ᠪᠠ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠎ᠡ᠃ ᠭᠤᠷᠪᠠ ᠳᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭ ᠢ ᠡᠭᠦᠳᠬᠦ ᠎ ᠪᠠᠨ ᠦᠷᠭᠦᠯᠵᠢᠯᠡᠨ ᠲᠦᠷᠭᠡᠳᠬᠡᠨ ᠠᠬᠢᠭᠤᠯᠤᠨ᠎ᠠ᠃  ᠵᠢᠯ ᠤᠨ ᠳᠣᠲᠣᠷ᠎ᠠ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠤᠯᠠᠮᠵᠢᠯᠠᠯᠲᠤ ᠡᠮᠴᠢᠯᠡᠭᠡᠨ ᠤ ᠮᠡᠷᠭᠡᠵᠢᠯ ᠤᠨ ᠠᠰᠠᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠮᠣᠩᠭᠤᠯ ᠡᠮᠴᠢᠯᠡᠭᠡᠨ ᠤ ᠡᠮᠨᠡᠯᠭᠡ ᠶᠢᠨ ᠳᠡᠭᠡᠳᠦ ᠰᠤᠷᠭᠠᠭᠤᠯᠢ᠂ ᠠᠶᠢᠮᠠᠭ ᠤᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠠᠨ ᠱᠧᠨ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠠᠨᠠᠭᠠᠬᠤ ᠤᠬᠠᠭᠠᠨ ᠤ ᠲᠥᠪ ᠤᠨ ᠲᠥᠷᠥᠯ  ᠵᠦᠢᠯ  ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠳᠡᠰ ᠤᠨ ᠬᠥᠬᠡ ᠲᠦᠷᠦᠯ ᠎ ᠤᠨ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ ᠠᠬᠢᠭᠤᠯᠤᠨ᠂ ᠣᠶᠤᠨᠴᠢ ᠡᠮᠴᠢᠯᠡᠭᠡ᠂ ᠠᠯᠤᠰ ᠡᠵᠡᠮᠰᠢᠯᠲᠦ ᠡᠮᠴᠢᠯᠡᠭᠡ ᠵᠡᠷᠭᠡ ᠮᠡᠳᠡᠭᠡ ᠵᠠᠩᠬᠢᠴᠢᠯᠠᠭᠰᠠᠨ  ᠦᠢᠯᠡᠴᠢᠯᠡᠭᠡᠨ ᠤ ᠰᠢᠰᠲ᠋ᠧᠮ ᠢᠶᠠᠨ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠠ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠶᠢᠮᠠᠭ ᠤᠨ ᠰᠢᠭᠤᠳ ᠬᠠᠷᠢᠶ᠎ᠠ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠰᠢᠨ᠎ᠡ ᠮᠡᠷᠭᠡᠵᠢᠯ ᠰᠢᠨ᠎ᠡ ᠲᠥᠷᠥᠯ ᠵᠦᠢᠯ ᠢ 20᠎ ᠠᠴᠠ ᠳᠡᠭᠡᠭᠰᠢ ᠥᠷᠭᠡᠳᠬᠡᠨ ᠬᠡᠷᠡᠭᠯᠡᠵᠦ᠂ ᠭᠤᠷᠪᠠ ᠳᠥᠷᠪᠡᠳᠦᠭᠡᠷ ᠳᠡᠰ ᠤᠨ ᠮᠡᠰᠡ ᠵᠠᠰᠠᠯ ᠤᠨ ᠡᠵᠡᠯᠡᠬᠦ ᠬᠠᠷᠢᠴᠠᠯ ᠢ 65%᠎ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠴᠡᠭᠡᠵᠢ ᠡᠪᠡᠳᠬᠦ᠂ ᠰᠠ ᠡᠪᠡᠳᠴᠢᠨ᠂ ᠵᠢᠷᠮᠣᠰᠣᠯᠡᠬᠦ ᠬᠥᠩᠭᠡᠵᠢᠬᠦ ᠵᠡᠷᠭᠡ ᠲᠠᠪᠤᠨ ᠶᠡᠭᠡ ᠲᠥᠪ ᠤᠨ ᠪᠠᠶᠢᠭᠤᠯᠤᠯᠲᠠ ᠪᠠᠷ ᠲᠦᠰᠢᠭ ᠪᠣᠯᠭᠠᠵᠤ᠂ ᠪᠥᠬᠦ ᠠᠶᠢᠮᠠᠭ ᠢ ᠬᠠᠮᠤᠷᠤᠭᠰᠠᠨ ᠪᠠᠴᠢᠮ ᠲᠦᠭᠰᠢᠭᠦᠷᠢᠲᠡᠶ ᠬᠦᠨᠳᠦ ᠡᠪᠡᠳᠴᠢᠨ ᠢ ᠡᠮᠨᠡᠨ ᠵᠠᠰᠠᠬᠤ ᠰᠢᠰᠲ᠋ᠧᠮ ᠢᠶᠠᠨ ᠲᠦᠷᠭᠡᠳᠬᠡᠨ ᠪᠠᠶᠢᠭᠤᠯᠤᠨ᠎ᠠ᠃ ᠲᠦᠷᠪᠡ ᠳᠤ ᠭᠤᠣᠯᠳᠠᠯᠭ᠎ᠠ ᠪᠠᠨ ᠲᠤᠪᠤᠶᠢᠯᠭᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠦᠯᠦᠪᠵᠢᠬᠦᠯᠭᠡ ᠶᠢ ᠭᠦᠨᠵᠡᠭᠡᠢ ᠬᠡᠷᠡᠭᠵᠢᠭᠦᠯᠵᠦ᠂ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠ ᠨᠥᠬᠦᠪᠥᠷᠢ ᠶᠢᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ᠃ ᠨᠠᠰᠤᠵᠢᠯ ᠤᠨ ᠦᠢᠯᠡᠴᠢᠯᠡᠭᠡ ᠪᠠᠨ ᠲᠡᠭᠦᠯᠳᠡᠷᠵᠢᠭᠦᠯᠵᠦ᠂  ᠨᠡᠶᠢᠭᠡᠮ ᠲᠣᠭᠤᠷᠢᠭ ᠲᠤ ᠰᠠᠭᠤᠭ᠎ᠠ ᠨᠠᠰᠣᠳᠠᠶᠢᠴᠣᠳ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ 20᠎ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠨᠡᠶᠢᠭᠡᠮ ᠲᠣᠭᠤᠷᠢᠭ ᠲᠤ ᠰᠠᠭᠤᠭ᠎ᠠ ᠨᠠᠰᠣᠳᠠᠶᠢᠴᠣᠳ ᠤᠨ ᠠᠰᠠᠷᠠᠮᠵᠢ ᠎ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠪᠠᠨ 90 %᠎ ᠠᠴᠠ ᠳᠡᠭᠡᠭᠰᠢ ᠳᠤ ᠬᠦᠷᠭᠡᠨ᠎ᠡ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠎ ᠪᠠᠨ ᠯᠠᠪᠳᠠᠭᠤᠨ ᠪᠠᠲᠤᠲᠠᠢ ᠠᠬᠢᠭᠤᠯᠵᠤ᠂ ᠬᠦᠪᠡᠭᠡᠳᠣ ᠰᠢᠷ᠎ᠠ ᠬᠤᠰᠢᠭᠤᠨ ᠤ ᠣᠷᠣᠰᠢᠭᠤᠯᠭ᠎ᠠ ᠶᠢᠨ ᠭᠠᠵᠠᠷ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠰᠢᠯᠣᠭᠤᠨ ᠬᠥᠬᠡ ᠬᠤᠰᠢᠭᠤᠨ ᠤ ᠴᠢᠨᠳᠠᠷ ᠳᠡᠭᠳᠡᠭᠡᠬᠦ ᠲᠠᠯᠠᠪᠤᠷ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃     ︵ᠵᠢᠷᠭᠤᠭ᠎ᠠ︶  ᠨᠡᠶᠢᠭᠡᠮ ᠤᠨ ᠵᠠᠰᠠᠯᠲᠠ ᠪᠣᠯᠤᠨ ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠠᠳᠬᠤᠨ᠎ᠠ᠃ ᠨᠢᠭᠡ ᠳᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠦᠨ᠎ᠡ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢᠶᠠᠨ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ ᠂ ︽ᠳᠥᠷᠪᠡᠨ ᠱᠠᠲᠤ ᠪᠠᠷ ᠬᠤᠯᠪᠣᠭᠠᠯᠠᠨ ᠰᠢᠨ᠎ᠡ ᠶᠢ ᠡᠭᠦᠳᠬᠦ︾᠎  ᠠᠵᠢᠯ ᠢᠶᠠᠨ ᠰᠠᠶᠢᠲᠤᠷ ᠬᠡᠷᠡᠭᠵᠢᠭᠦᠯᠵᠦ᠂ ︽ᠨᠠᠢᠮᠠ ᠳᠤ ᠣᠷᠣᠭᠤᠯᠬᠤ︾ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ᠎ᠠ᠃ ᠦᠨᠳᠦᠰᠦᠲᠡᠨ ᠤ ᠠᠵᠢᠯ ᠳᠤᠮᠳᠠ ᠣᠷᠣᠰᠢᠵᠤ ᠪᠠᠶᠢᠭ᠎ᠠ ᠵᠥᠷᠢᠶ᠎ᠡ ᠎ ᠪᠠᠨ ᠪᠦᠬᠦ ᠲᠠᠯ᠎ᠠ ᠪᠠᠷ ᠵᠠᠯᠠᠷᠠᠭᠤᠯᠵᠤ᠂ ᠬᠠᠣᠯᠢᠵᠢᠯ ᠤᠨ ᠵᠠᠮ ᠢᠶᠠᠷ ᠦᠨᠳᠦᠰᠦᠲᠡᠨ ᠤ ᠬᠡᠷᠡᠭ ᠶᠠᠪᠤᠳᠠᠯ ᠢ ᠵᠠᠰᠠᠨ ᠴᠡᠭᠴᠡᠯᠡᠬᠦ ᠪᠠᠨ ᠪᠠᠷᠢᠮᠲᠠᠯᠠᠨ᠎ᠠ᠃ ᠦᠨᠳᠦᠰᠦᠲᠡᠨ ᠤ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠠᠨ ᠴᠢᠩᠭᠠᠳᠬᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃  ᠬᠤᠶᠠᠷ ᠲᠤ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃  ᠬᠢᠯᠢ ᠶᠢᠨ ᠵᠠᠮ ᠱᠤᠭᠤᠮ᠂ ᠪᠡᠭᠡᠵᠢᠩ ᠢ ᠲᠣᠭᠤᠷᠢᠭᠰᠠᠨ ᠵᠠᠮ ᠱᠤᠭᠤᠮ᠂ ᠡᠷᠬᠢᠨ ᠲᠣᠭᠤᠷᠢᠨ ᠤ ᠵᠠᠮ ᠱᠤᠭᠤᠮ ᠤᠨ ︽ᠭᠤᠷᠪᠠᠨ ᠵᠠᠮ ᠬᠠᠰᠢᠯᠭ᠎ᠠ︾᠎ ᠪᠠᠨ ᠨᠢᠭᠲᠠ ᠰᠦᠯᠵᠢᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠠᠮᠳᠡᠭᠴᠣᠳ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠵᠡᠷᠭᠡ ᠴᠢᠬᠤᠯᠠ ᠶᠡᠭᠡ ᠠᠵᠢᠯᠯᠠᠭᠠᠨ ᠤ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠵᠡᠷᠭᠡ ᠲᠤᠰᠬᠠᠢ ᠲᠦᠷᠦᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠳᠤᠷᠢᠳᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠵᠡᠷᠭᠡ ᠠᠵᠢᠯ ᠤᠨ ᠳᠦᠷᠢᠮ ᠢᠶᠠᠨ ᠴᠢᠩᠭ᠎ᠠ ᠨᠠᠶᠢᠳᠠᠪᠣᠷᠢᠵᠢᠭᠤᠯᠵᠣ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢᠶᠠᠨ ᠦᠨᠡᠨᠬᠦ ᠰᠠᠶᠢᠲᠤᠷ ᠬᠢᠨ᠎ᠡ᠃ ᠵᠢᠯ ᠤᠨ ᠳᠣᠲᠣᠷ᠎ᠠ ︽ᠣᠶᠣᠨᠳᠣ ᠳᠣᠲᠣᠭᠠᠳᠤ ᠶᠢ ᠬᠠᠮᠠᠭᠠᠯᠠᠬᠤ︾ ᠲᠥᠷᠥᠯ ᠵᠦᠢᠯ ᠢᠶᠠᠨ ᠪᠠᠶᠢᠭᠤᠯᠬᠤ ᠪᠠᠷ ᠴᠢᠷᠮᠠᠶᠢᠵᠤ᠂ ︽ᠲᠣᠷᠠᠨᠳᠣ ᠢᠨᠵᠧᠨᠧᠷᠢᠩ︾᠎ ᠤᠨ ᠲᠥᠷᠥᠯ ᠵᠦᠢᠯ ᠢᠶᠠᠨ ᠲᠦᠷᠭᠡᠳᠬᠡᠨ ᠬᠡᠷᠡᠭᠵᠢᠭᠦᠯᠵᠦ᠂ ᠭᠤᠤᠯᠳᠠᠯᠭ᠎ᠠ ᠲᠠᠢ ᠣᠷᠣᠨ ᠪᠠᠶᠢᠷᠢ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠣᠶᠣᠨᠳᠣ ᠠᠶᠣᠯᠬᠦᠢ ᠶᠢᠨ ᠰᠡᠷᠭᠡᠶᠢᠯᠡᠯᠲᠡ ᠶᠢᠨ ᠪᠠᠶᠢᠭᠤᠯᠤᠯᠲᠠ ᠪᠠᠨ ᠯᠠᠪᠳᠠᠭᠤᠨ ᠠᠬᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠢᠶᠠᠨ ᠲᠦᠷᠭᠡᠳᠬᠡᠨ ᠲᠡᠭᠦᠯᠳᠡᠷᠵᠢᠭᠦᠯᠦᠨ᠎ᠡ᠃ ᠭᠤᠷᠪᠠ ᠳᠤ ᠠᠶᠤᠯᠭᠦᠢ ᠦᠢᠯᠡᠳᠪᠦᠷᠢᠯᠡᠯ ᠢᠶᠠᠨ ᠥᠴᠦᠬᠡᠨ ᠴᠦ ᠰᠤᠯᠠᠷᠠᠭᠤᠯᠤᠯ ᠦᠭᠡᠢ ᠴᠢᠩᠭᠠᠳᠬᠠᠨ᠎ᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠡᠭᠦᠰᠬᠡᠯ ᠤᠨ ᠳᠠᠶᠢᠯᠠᠯᠳᠤᠭᠠᠨ ᠢᠶᠠᠨ ᠡᠷᠡᠰ ᠰᠠᠶᠢᠲᠤᠷ ᠬᠢᠵᠦ᠂ ᠨᠡᠶᠢᠲᠡᠯᠢᠭ ᠴᠢᠨᠠᠷᠲᠠᠶ ᠠᠰᠠᠭᠤᠳᠠᠯ ᠂ ᠲᠤᠪᠤᠶᠢᠮ᠎ᠠ ᠳᠠᠯᠳᠠ ᠬᠡᠮ ᠰᠣᠭᠤᠭ ᠪᠠ ᠪᠠᠭᠤᠷᠠᠶ ᠭᠤᠭᠴᠤᠭ᠎ᠠ ᠪᠠᠨ ᠭᠦᠨᠵᠡᠭᠡᠢ ᠵᠠᠳᠠᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠲᠦᠷᠦᠯ ᠤᠨ ᠠᠵᠢᠯᠯᠠᠭ᠎ᠠ ᠎ ᠪᠠᠨ ᠦᠷᠭᠦᠯᠵᠢᠯᠡᠨ ᠭᠦᠨᠵᠡᠭᠡᠶ ᠥᠷᠨᠢᠭᠦᠯᠵᠦ᠂ ᠭᠤᠷᠪᠠᠳᠠᠬᠢ ᠡᠲᠡᠭᠡᠳ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ᠂ ᠠᠶᠤᠯᠲᠠᠶ ᠳᠡᠯᠪᠡᠷᠡᠮᠡᠳᠡᠭᠡᠢ ᠬᠢᠮᠢ ᠶᠢᠨ ᠪᠣᠳᠠᠰ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠶᠢᠨ ᠠᠷᠠᠯᠵᠢᠶ᠎ᠠ᠂ ᠬᠤᠲᠠ ᠪᠠᠯᠭᠠᠰᠣᠨ ᠤ ᠰᠢᠲᠠᠮᠠᠬᠠᠶ ᠬᠡᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠮᠤᠷ ᠲᠦᠪᠰᠢᠨ ᠤ ᠦᠨᠡᠯᠡᠨ ᠵᠢᠱᠢᠯᠲᠡ ᠬᠢᠯᠭᠡᠵᠦ᠂ ᠠᠮᠤᠷ ᠲᠦᠪᠰᠢᠨ ᠤ ᠳᠠᠯᠳᠠ ᠬᠡᠮ ᠰᠣᠭᠤᠭ ᠢᠶᠠᠨ ᠴᠠᠭ ᠲᠤᠬᠠᠶ ᠳᠤᠨᠢ ᠠᠷᠢᠯᠭᠠᠨ᠎ᠠ᠃ ᠨᠡᠭᠦᠷᠡᠰᠦᠨ ᠤ ᠪᠤᠰᠤ ᠲᠤᠰᠬᠠᠶ ᠲᠣᠰᠢᠶᠠᠯᠳᠣ ᠠᠭᠤᠷᠬᠠᠶ ᠶᠢᠨ ᠠᠪᠤᠷᠠᠨ ᠲᠤᠰᠠᠯᠠᠬᠤ ᠠᠩᠭᠢ ᠶᠢ ᠱᠠᠯᠠᠪᠳᠠᠨ ᠪᠡᠯᠡᠳᠬᠡᠨ ᠪᠠᠶᠢᠭᠤᠯᠵᠤ᠂  ᠲᠣᠯᠣᠨ ᠨᠣᠣᠷ ᠤᠨ ᠣᠶ ᠰᠢᠭᠤᠶ ᠶᠢᠨ ᠭᠠᠯ ᠰᠡᠷᠭᠡᠶᠢᠯᠡᠵᠣ ᠤᠨᠲᠠᠷᠠᠭᠠᠬᠤ ᠳᠤᠮᠳᠠ ᠠᠩᠭᠢ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠤᠢᠭᠡᠢ ᠳᠡᠭᠡᠭᠰᠢᠯᠡᠬᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠬᠢᠨᠠᠨ ᠦᠨᠡᠯᠡᠬᠦ᠂ ᠪᠣᠯᠵᠣᠨ ᠶᠠᠷᠢᠯᠴᠠᠬᠤ᠂ ᠵᠠᠷᠯᠠᠨ ᠮᠡᠳᠡᠭᠳᠡᠬᠦ ᠵᠡᠷᠭᠡ ᠭᠤᠷᠪᠠᠨ ᠠᠷᠭ᠎ᠠ ᠪᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠮᠠᠯᠠᠯᠲᠠ ᠶᠢᠨ ᠮᠡᠳᠡᠭᠦᠯᠦᠯᠲᠡ ᠶᠢᠨ ᠲᠦᠷᠢᠮ ᠢ ᠲᠣᠭᠲᠠᠭᠠᠨ ᠨᠡᠶᠢᠲᠡᠯᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠬᠤ ᠮᠥᠷᠲᠡᠭᠡᠨ ᠪᠠᠰᠠ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠬᠤᠯᠪᠣᠭᠳᠠᠯ ᠪᠦᠬᠦᠢ ᠬᠥᠮᠦᠰ ᠤᠨ ᠬᠠᠷᠢᠭᠤᠴᠠᠯᠭ᠎ᠠ ᠶᠢ ᠴᠣ᠋ ᠴᠢᠩᠭ᠎ᠠ ᠨᠡᠬᠡᠮᠵᠢᠯᠡᠨ᠎ᠡ᠃ ᠲᠦᠷᠪᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠠᠶᠢᠲᠤᠷ ᠬᠢᠨ᠎ᠡ᠃  ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠦᠷᠪᠢᠰᠦᠨ ᠳᠡᠯᠭᠡᠷᠡᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠶᠡᠷᠦᠩᠬᠡᠶ ᠠᠷᠭ᠎ᠠ ᠪᠣᠳᠣᠯᠭ᠎ᠠ ᠶᠣᠰᠣᠭᠠᠷ᠂ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠠᠵᠢᠯ ᠎ ᠢᠶᠠᠨ ᠬᠦᠴᠦᠯᠡᠨ ᠰᠠᠶᠢᠲᠤᠷ ᠠᠳᠬᠤᠵᠤ᠂ ᠹᠢᠽᠢᠺ ᠤᠨ ᠂ ᠬᠠᠮᠢᠶᠠᠷᠤᠯᠲᠠ ᠶᠢᠨ ᠪᠠ ᠬᠢᠨᠠᠯᠲᠠ ᠶᠢᠨ ᠪᠢᠳᠡᠭᠦᠮᠵᠢᠯᠡᠭᠰᠡᠨ ᠬᠠᠮᠢᠶᠠᠷᠣᠯᠳᠠ ᠶᠢ ᠪᠣᠳᠠᠲᠠᠶ ᠳᠤ ᠨᠠᠶᠢᠳᠠᠪᠤᠷᠢᠵᠢᠭᠤᠯᠤᠭᠳᠠᠬᠤ ᠶᠢ ᠦᠨᠡᠨᠬᠦ ᠪᠠᠳᠣᠯᠠᠨ᠎ᠠ᠃ ᠣᠯᠠᠨ ᠭᠠᠵᠠᠷ ᠲᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠᠨ ᠴᠢᠩᠭ᠎ᠠ ᠨᠠᠶᠢᠳᠠᠪᠤᠷᠢᠵᠢᠭᠤᠯᠵᠤ᠂ 25 ᠲᠥᠷᠥᠯ ᠤᠨ ᠭᠤᠤᠯᠳᠠᠯᠭ᠎ᠠ ᠲᠠᠢ ᠬᠥᠮᠦᠰ᠂ 7 ᠲᠥᠷᠥᠯ ᠤᠨ ᠭᠤᠤᠯᠳᠠᠯᠭ᠎ᠠ ᠲᠠᠢ ᠲᠠᠯᠠᠪᠤᠷ ᠭᠠᠵᠠᠷ᠂ 6 ᠲᠥᠷᠥᠯ ᠤᠨ ᠭᠤᠤᠯᠳᠠᠯᠭ᠎ᠠ ᠲᠠᠢ ᠪᠠᠶᠢᠭᠤᠯᠤᠮᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠪᠠᠶᠢᠴᠠᠭᠠᠬᠤ ᠶᠣᠰᠣᠲᠠᠶ ᠶᠢ ᠨᠢ ᠴᠦᠮ ᠪᠠᠶᠢᠴᠠᠭᠠᠬᠤ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠢᠩᠳᠠᠯᠠᠵᠤ᠂ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ᠂ ᠬᠦᠢᠳᠡᠨ ᠬᠡᠯᠬᠢᠶᠡᠲᠦ ᠪᠤᠰᠤ ᠡᠳ᠋ ᠪᠣᠳᠠᠰ ᠵᠢᠴᠢ ᠰᠢᠤᠳᠠᠨ ᠤ ᠲᠦᠷᠭᠡᠨ ᠬᠦᠷᠭᠡᠯᠳᠡ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠎ ᠪᠠᠨ ᠰᠠᠶᠢᠲᠤᠷ ᠠᠳᠬᠤᠵᠤ᠂ ︽ᠬᠤᠶᠠᠷ ᠥᠷᠲᠡᠭᠡ ᠨᠢᠭᠡ ᠲᠠᠯᠠᠪᠤᠷ︾ ᠪᠠ ᠬᠥᠮᠦᠨ ᠨᠢᠭᠲᠠᠷᠬᠠᠰᠠᠨ ᠲᠠᠯᠠᠪᠤᠷ ᠭᠠᠵᠠᠷ ᠤᠨ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠎ ᠪᠠᠨ ᠴᠢᠩᠭᠠᠳᠬᠠᠨ᠂  ᠶᠠᠮᠠᠷᠪᠠ ᠠᠳᠡᠯ ᠪᠠ ᠠᠯᠳᠠᠭ᠎ᠠ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠᠨ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠂ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠯᠲᠠ ᠵᠡᠷᠭᠡ ᠡᠩᠨᠡᠭᠡᠨ ᠤ ᠪᠠᠶᠢᠭᠤᠯᠤᠯᠲᠠ ᠶᠢ ᠤᠯᠠᠮ ᠴᠢᠩᠭᠠᠷᠠᠭᠤᠯᠵᠤ᠂ ᠠᠷᠭᠠᠴᠠᠨ ᠰᠢᠢᠳᠪᠦᠷᠢᠯᠡᠬᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠲᠠᠬᠤᠯ ᠡᠪᠡᠳᠴᠢᠨ ᠤ ᠰᠤᠳᠤᠯᠤᠯ ᠤᠨ ᠡᠬᠢ ᠡᠭᠦᠰᠦᠯ ᠢ ᠮᠥᠷᠳᠡᠬᠦ᠂ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ ᠪᠠ ᠡᠳ᠋ ᠪᠣᠳᠠᠰ ᠨᠥᠭᠡᠴᠡᠯᠡᠬᠦ ᠵᠡᠷᠭᠡ ᠰᠠᠭᠤᠷᠢ ᠪᠠᠲᠤᠯᠠᠭ᠎ᠠ ᠶᠢᠨ ᠴᠢᠳᠠᠪᠤᠷᠢ ᠪᠠᠨ ᠨᠡᠮᠡᠭᠳᠡᠭᠦᠯᠦᠨ᠎ᠡ᠃ ᠡᠭᠦᠨ ᠤ ᠬᠠᠮᠲᠤ᠂ ᠬᠤᠯᠤᠭᠠᠨ᠎ᠠ ᠬᠢᠵᠢᠭ᠂ ᠪᠷᠦ᠋ᠼᠧᠯ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠠᠷᠬᠠᠭ ᠡᠪᠡᠳᠴᠢᠨ ᠣᠯᠠᠨ ᠡᠭᠦᠰᠳᠡᠭ ᠡᠪᠡᠳᠴᠢᠨ ᠢ ᠬᠠᠮᠲᠤ ᠪᠠᠷ ᠰᠡᠷᠭᠡᠶᠢᠯᠡᠬᠦ ᠠᠵᠢᠯ ᠢᠶᠠᠨ ᠰᠠᠶᠢᠲᠤᠷ ᠬᠢᠵᠦ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃     ᠲᠡᠷᠢᠭᠦᠯᠡᠭᠴᠢ ᠨᠠᠷ᠂ ᠭᠡᠰᠢᠭᠦᠳ ᠡ᠂ ᠡᠨᠡ ᠵᠢᠯ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠨᠢ ᠲᠣᠶᠢᠯ ᠤᠨ ᠶᠡᠷᠦ ᠪᠤᠰᠤ ᠶᠢᠨ ᠠᠴᠢ ᠬᠤᠯᠪᠣᠭᠳᠠᠯ ᠲᠠᠢ ᠪᠦᠭᠡᠳ ᠡᠭᠦᠷᠭᠡ ᠬᠦᠨᠳᠦ ᠨᠦᠰᠡᠷ ᠪᠠᠶᠢᠭᠰᠠᠭᠠᠷ ᠶᠣᠮ᠃ ᠪᠢᠳᠡ ᠶᠡᠷᠦᠩᠬᠡᠶ ᠱᠦᠵᠢ ᠰᠢ ᠶᠢᠨ ᠫᠢᠩ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠡᠭᠡᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠵᠢᠴᠢ  ᠲᠡᠷᠢᠭᠦᠯᠡᠭᠴᠢ ᠨᠠᠷ᠂ ᠭᠡᠰᠢᠭᠦᠳ ᠤᠨ ᠬᠦᠴᠦᠲᠡᠶ ᠳᠡᠮᠵᠢᠯᠭᠡ ᠳᠤᠤᠷ᠎ᠠ᠂ ᠪᠣᠲᠠᠲᠠᠢ ᠶᠢ ᠡᠷᠬᠢᠮᠨᠡᠨ ᠡᠷᠡᠮᠡᠭᠡᠶᠢᠯᠡᠨ ᠳᠠᠪᠰᠢᠬᠤ ᠵᠣᠷᠢᠭ ᠰᠠᠨᠠᠭ᠎ᠠ ᠪᠠᠷ ᠠᠵᠠ ᠲᠣᠬᠢᠶᠠᠯ ᠢ ᠵᠠᠪᠳᠣᠨ᠂ ᠵᠢᠩᠬᠢᠨᠢ ᠠᠳᠬᠤᠨ ᠪᠣᠳᠠᠲᠠᠢ ᠪᠠᠷ ᠠᠵᠢᠯᠯᠠᠵᠣ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯᠳᠣᠭᠠᠨ ᠎ ᠤ ᠠᠮᠵᠢᠯᠲᠠ ᠲᠠᠢ ᠬᠤᠷᠠᠯᠳᠤᠬᠤ ᠶᠢ ᠣᠭᠳᠣᠵᠠᠭᠠᠶ᠎ᠠ᠃     ᠲᠠ ᠪᠦᠬᠦᠨ ᠳᠤ ᠪᠠᠶᠠᠷᠯᠠᠯ᠎ᠠ︕
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号