ᠣᠷᠣᠨ ᠰᠠᠭᠤᠴᠠ ᠲᠠᠢ ᠬᠤᠯᠪᠣᠭᠳᠠᠨ᠎ᠠ︕
ᠨᠡᠶᠢᠲᠡᠯᠡᠭᠰᠡᠨ ᠴᠠᠭ᠄
2022/3/10
    ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠡᠮᠬᠢᠯᠡᠵᠦ ᠦᠵᠡᠪᠡᠯ᠂ ᠡᠳ᠋ ᠤᠨ ᠵᠠᠰᠠᠭ᠂  ᠪᠡᠯᠡ ᠮᠦᠩᠭᠦ᠂ ᠠᠵᠢᠯ ᠣᠯᠭᠤᠯᠲᠠ ᠵᠡᠷᠭᠡ ︽ᠭᠤᠷᠪᠠᠨ ᠶᠡᠭᠡ ᠬᠤᠷᠸ᠎ᠠ ᠲᠥᠷᠥ ᠶᠢᠨ ᠪᠣᠳᠣᠯᠭ᠎ᠠ︾ ᠪᠣᠯ  ᠴᠥᠮ  ᠵᠠᠬ᠎ᠠ  ᠳᠡᠯᠭᠡᠭᠦᠷ ᠤᠨ  ᠪᠡᠶᠡᠴᠢ ᠴᠣᠭᠴᠠ ᠶᠢ  ᠲᠣᠭᠲᠠᠪᠤᠷᠢᠵᠢᠭᠤᠯᠤᠨ  ᠠᠵᠢᠯ  ᠣᠯᠭᠤᠯᠲᠠ ᠶᠢ  ᠪᠠᠲᠤᠯᠠᠬᠤ ᠶᠢᠨ  ᠲᠥᠯᠥᠭᠡ  ᠶᠤᠮ᠂  ᠠᠵᠢᠯ  ᠣᠯᠭᠤᠯᠲᠠ ᠶᠢ ᠪᠠᠲᠤᠯᠠᠬᠤ ᠨᠢ ᠳᠠᠷᠤᠶ ᠠᠷᠠᠳ ᠤᠨ ᠠᠮᠢᠳᠤᠷᠠᠯ ᠢ ᠪᠠᠲᠤᠯᠠᠬᠤ ᠶᠢᠨ ᠲᠥᠯᠥᠭᠡ ᠶᠤᠮ᠃     ᠮᠡᠳᠡᠭᠦᠯᠦᠯᠲᠡ ᠳᠤ ᠪᠠᠰᠠ ᠶᠠᠮᠠᠷ ᠶᠠᠮᠠᠷ ᠠᠷᠠᠳ ᠤᠨ ᠠᠮᠢᠳᠤᠷᠠᠯ ᠤᠨ ᠪᠡᠯᠡᠭ ᠬᠦᠷᠭᠡᠭᠰᠡᠨ ᠪᠣᠶ︖             ᠰᠤᠷᠪᠤᠯᠵᠢᠯᠠᠭᠴᠢ ᠢ ᠶᠠᠩ᠄ 1076  ᠲᠦᠮᠡᠨ  ᠬᠥᠮᠦᠨ  ᠪᠣᠯ  ᠮᠠᠨ ᠤ  ᠤᠯᠤᠰ ᠤᠨ  ᠡᠨᠡ  ᠵᠢᠯ  ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠵᠢᠱᠢᠭᠰᠡᠨ ᠬᠥᠮᠦᠨ ᠤ ᠲᠤᠭ᠎ᠠ ᠪᠣᠯᠤᠨ᠎ᠠ᠂ ᠡᠨᠡ ᠪᠣᠯ ᠥᠩᠭᠡᠷᠡᠭᠰᠡᠨ ᠵᠢᠯ ᠤᠳ ᠤᠨ ᠬᠠᠮᠤᠭ ᠤᠨ ᠥᠨᠳᠥᠷ ᠬᠡᠮᠵᠢᠶ᠎ᠡ ᠮᠥᠨ᠂ ᠡᠨᠡ ᠵᠢᠯ ᠡᠳ᠋ ᠤᠨ ᠵᠠᠰᠠᠭ ᠭᠠᠶᠢᠯᠢ ᠮᠥᠩᠭᠦᠨ ᠬᠦᠢᠯᠭᠡᠭᠡ ᠵᠡᠷᠭᠡ ᠲᠥᠷᠥ ᠶᠢᠨ ᠪᠣᠳᠣᠯᠭ᠎ᠠ ᠨᠢ ᠴᠥᠮ ᠠᠵᠢᠯ ᠣᠯᠭᠤᠯᠲᠠ ᠶᠢ ᠤᠷᠢᠳ ᠢᠶᠠᠷ  ᠬᠡᠷᠡᠭᠵᠢᠭᠦᠯᠬᠦ ᠲᠠᠢ ᠤᠶᠠᠯᠳᠤᠭᠤᠯᠤᠨ᠂ ᠠᠷᠭ᠎ᠠ ᠪᠦᠬᠦᠨ  ᠢ ᠰᠦᠪᠡᠭᠴᠢᠯᠡᠨ ᠠᠵᠢᠯ ᠣᠯᠭᠤᠯᠲᠠ  ᠶᠢ ᠲᠣᠭᠲᠠᠪᠤᠷᠢᠵᠢᠭᠤᠯᠤᠨ ᠥᠷᠭᠡᠳᠬᠡᠬᠦ ᠪᠣᠯᠤᠨ᠎ᠠ᠃             240 ᠲᠦᠮᠡᠨ ᠢᠵᠢ ᠪᠣᠯ ᠡᠨᠡ  ᠵᠢᠯ ᠤᠨ  ᠪᠠᠲᠤᠯᠠᠭ᠎ᠠ ᠶᠢᠨ  ᠴᠢᠨᠠᠷᠲᠠᠶ  ᠲᠦᠷᠢᠶᠡᠰᠦᠨ  ᠣᠷᠣᠨ  ᠰᠠᠭᠤᠴᠠ ᠶᠢᠨ ᠬᠠᠩᠭᠠᠯᠭ᠎ᠠ ᠶᠢᠨ ᠲᠤᠭ᠎ᠠ ᠬᠡᠮᠵᠢᠶ᠎ᠡ ᠪᠣᠯᠤᠨ᠎ᠠ᠂ ᠡᠨᠡ ᠬᠦ ᠲᠤᠭ᠎ᠠ ᠨᠢ ᠨᠢᠳᠤᠨᠤᠨ ᠤ ᠬᠢ ᠠᠴᠠ ᠬᠤᠶᠠᠷ ᠳᠠᠬᠢᠨ ᠠᠴᠠ ᠪᠠᠰᠠ ᠢᠯᠡᠭᠦᠦ ᠪᠤᠯᠵᠠᠢ᠂ ᠪᠡᠭᠡᠵᠢᠩ᠂ ᠱᠠᠩᠬᠠᠶ᠂ ᠭᠤᠸᠠᠩᠵᠧᠦ᠂ ᠱᠧᠨᠵᠧᠨ ᠵᠡᠷᠭᠡ  ᠭᠤᠤᠯᠳᠠᠯᠭ᠎ᠠ ᠲᠠᠢ  ᠬᠤᠲᠠ ᠳᠤ  ᠰᠢᠨ᠎ᠡ ᠪᠠᠷ  ᠨᠡᠮᠡᠭᠳᠡᠭᠰᠡᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ  ᠡᠵᠡᠯᠡᠬᠦ  ᠬᠠᠷᠢᠴᠠᠯ ᠨᠢ  ᠰᠢᠨ᠎ᠡ ᠪᠠᠷ  ᠨᠡᠮᠡᠭᠳᠡᠭᠰᠡᠨ ᠣᠷᠣᠨ ᠰᠠᠭᠤᠴᠠ ᠶᠢᠨ ᠬᠠᠩᠭᠠᠯᠭ᠎ᠠ ᠶᠢᠨ ᠬᠡᠮᠵᠢᠶᠡᠨ ᠤ 40 % ~45 % ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃             ᠡᠨᠡ ᠵᠢᠯ ᠤᠨ ᠵᠠᠰᠠᠭ ᠤᠨ  ᠣᠷᠳᠣᠨ ᠤ  ᠠᠵᠢᠯ ᠤᠨ  ᠢᠯᠡᠳᠬᠡᠯ ᠳᠤ᠂  ᠭᠤᠷᠪᠠᠨ  ᠬᠡᠦᠬᠡᠳ  ᠠᠪᠬᠤ  ᠲᠥᠷᠥ ᠶᠢᠨ ᠪᠣᠳᠣᠯᠭ᠎ᠠ ᠶᠢᠨ ᠢᠵᠢ ᠪᠥᠷᠢᠳᠦᠭᠰᠡᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ 3  ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠵᠠᠷᠤᠳᠠᠯ ᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠨᠡᠮᠡᠯᠲᠡ ᠳᠠᠭᠠᠳᠬᠠᠯ ᠳᠤ ᠣᠷᠣᠭᠤᠯᠵᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠣᠶᠢᠯᠡᠴᠢᠯᠡᠭᠡ ᠶᠢ  ᠬᠥᠭᠵᠢᠭᠦᠯᠬᠦ  ᠬᠡᠷᠡᠭᠲᠡᠶ ᠭᠡᠵᠦ ᠠᠩᠬ᠎ᠠ ᠤᠳᠠᠭ᠎ᠠ ᠳᠤᠷᠠᠳᠤᠨ ᠭᠠᠷᠭᠠᠵᠠᠶ᠃             2022 ᠣᠨ ᠳᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠥᠮᠦᠨ  ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠪᠠᠰᠠ 30 ᠲᠥᠭᠦᠷᠢᠭ ᠳᠡᠭᠡᠭᠰᠢᠯᠡᠭᠦᠯᠬᠦ ᠶᠢᠨ ᠬᠠᠮᠲᠤ᠂ ᠨᠠᠩ ᠣᠯᠠᠨ ᠡᠮ ᠤᠨ ᠵᠣᠶᠢᠯ ᠪᠠ ᠡᠮᠴᠢᠯᠡᠭᠡᠨ ᠤ ᠶᠡᠭᠡ  ᠥᠷᠲᠡᠭᠲᠦ  ᠬᠤᠷᠣᠭᠳᠠᠯ  ᠮᠠᠲ᠋ᠧᠷᠢᠶᠠᠯ ᠢ ᠲᠦᠪᠯᠡᠷᠡᠭᠦᠯᠦᠨ ᠬᠤᠳᠠᠯᠳᠤᠨ ᠠᠪᠬᠤ  ᠬᠡᠪᠴᠢᠶᠡᠨ ᠳᠤ ᠤᠷᠤᠭᠤᠯᠪᠠ᠃ ᠨᠠᠰᠤᠵᠢᠯ ᠤᠨ ᠠᠰᠠᠷᠠᠮᠵᠢ ᠶᠢᠨ ᠮᠥᠩᠭᠦ 18 ᠵᠢᠯ ᠳᠠᠷᠠᠭᠠᠯᠠᠨ ᠨᠡᠮᠡᠭᠳᠡᠭᠰᠡᠨ ᠤ  ᠬᠠᠮᠲᠤ᠂ ᠮᠠᠨ ᠤ ᠤᠯᠤᠰ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠥᠬᠦ ᠤᠯᠤᠰ ᠲᠤ ᠨᠢᠭᠡᠳᠦᠯᠲᠡᠶ ᠲᠥᠯᠥᠪᠯᠡᠬᠦ ᠲᠦᠷᠢᠮ ᠢ ᠡᠬᠢᠯᠡᠨ ᠬᠡᠷᠡᠭᠵᠢᠭᠦᠯᠪᠡ᠃ ᠡᠨᠡ ᠨᠢ ᠭᠠᠵᠠᠷ ᠣᠷᠣᠨ ᠤ ᠵᠥᠷᠢᠶ᠎ᠡ ᠶᠢ ᠪᠦᠲᠦᠮᠵᠢᠲᠡᠶ ᠨᠠᠮᠳᠠᠭᠤᠯᠵᠤ᠂ ᠲᠤᠭ᠎ᠠ ᠶᠣᠰᠣᠭᠠᠷ ᠬᠦᠢᠴᠡᠳ ᠣᠯᠭᠤᠬᠤ ᠶᠢ ᠦᠨᠡᠨ  ᠬᠦ ᠪᠠᠲᠤᠯᠠᠬᠤ ᠪᠣᠯᠤᠨ᠎ᠠ᠃ ᠦᠵᠡᠬᠦ ᠳᠤ ᠲᠦᠭ ᠲᠦᠮᠡᠨ ᠵᠦᠢᠯ ᠤᠨ ᠤᠴᠢᠷ  ᠶᠠᠪᠤᠲᠠᠯ᠂  ᠲᠦᠭ  ᠲᠦᠮᠡᠨ  ᠠᠶᠢᠯ  ᠡᠷᠦᠬᠡ ᠲᠠᠢ ᠬᠤᠯᠪᠤᠬᠲᠠᠨ᠎ᠠ᠂ ᠤᠯᠤᠰ ᠭᠡᠷ ᠬᠦᠨᠳᠦ ᠡᠭᠦᠷᠭᠡ ᠶᠢ ᠡᠭᠦᠷᠭᠡᠯᠡᠵᠦ᠂ ᠠᠷᠠᠳ ᠲᠦᠮᠡᠨ ᠤ ᠳᠠᠷᠤᠭᠠᠰᠤ ᠶᠢ ᠬᠥᠩᠭᠡᠷᠡᠭᠦᠯᠵᠦ ᠪᠠᠶᠢᠨ᠎ᠠ᠃ ᠠᠷᠠᠳ ᠤᠨ ᠠᠮᠢᠳᠤᠷᠠᠯ ᠤᠨ ᠦᠨᠳᠦᠰᠦᠨ ᠵᠣᠶᠢᠯ ᠢ ᠪᠠᠲᠤᠯᠠᠬᠤ ᠲᠠᠯ᠎ᠠ ᠪᠠᠷ᠂ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠠᠯᠢ ᠣᠯᠠᠨ ᠰᠢᠯᠭᠠᠯᠲᠠ ᠶᠢ ᠥᠩᠭᠡᠷᠡᠭᠦᠯᠦᠭᠰᠡᠨ ᠪᠣᠯᠪᠠᠴᠤ ᠰᠠᠭᠤᠭᠠᠯᠢ ᠠᠷᠠᠳ ᠤᠨ ᠣᠷᠣᠯᠭ᠎ᠠ ᠪᠠ ᠡᠳ᠋  ᠤᠨ ᠵᠠᠰᠠᠭ ᠤᠨ ᠣᠷᠣᠯᠭ᠎ᠠ  ᠶᠢᠨ ᠨᠡᠮᠡᠭᠳᠡᠬᠦ ᠶᠢ ᠳᠠᠭᠠᠯᠳᠤᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠦᠷᠢᠮ ᠰᠠᠶᠢᠨ  ᠤᠷᠴᠢᠯᠳᠤᠯ ᠢ ᠪᠡᠶᠡᠯᠡᠭᠦᠯᠪᠡ᠃  ᠣᠶᠢᠷ᠎ᠠ ᠳᠤ ᠨᠡᠶᠢᠭᠡᠮ ᠤᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠲᠠᠰ ᠳᠠᠪᠬᠤᠷᠭ᠎ᠠ ᠶᠢᠨ ᠳᠡᠭᠡᠭᠰᠢᠯᠡᠯᠲᠡ ᠨᠢ ᠴᠦ ᠠᠵᠢᠯ  ᠣᠯᠭᠤᠯᠲᠠ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃       ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ  ᠵᠧᠩ  ᠬᠥᠩ ᠴᠧᠩ᠄ ᠮᠠᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠪᠥᠬᠦ  ᠤᠯᠤᠰ ᠲᠤ ᠨᠢᠭᠡᠳᠦᠯᠲᠡᠶ  ᠲᠥᠯᠥᠪᠯᠡᠬᠦ ᠲᠦᠷᠢᠮ ᠢ ᠪᠡᠶᠡᠯᠡᠭᠦᠯᠵᠦ᠂ ᠪᠥᠬᠦ ᠤᠯᠤᠰ ᠲᠤ ᠨᠢᠭᠡᠳᠦᠯᠲᠡᠶ ᠪᠥᠭᠡᠳ ᠲᠥᠪ ᠭᠤᠤᠯᠴᠢ ᠪᠣᠯᠭᠠᠵᠤ᠂ ᠬᠥᠳᠡᠯᠮᠦᠷᠢᠴᠢᠳ ᠶᠠᠮᠠᠷᠪᠠ ᠭᠠᠵᠠᠷ ᠲᠤ ᠤᠴᠢᠪᠠᠴᠤ ᠲᠡᠭᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠡᠷᠬᠡ ᠠᠰᠢᠭ ᠨᠢ  ᠴᠥᠮ  ᠬᠤᠬᠢᠷᠠᠬᠤ ᠥᠬᠡᠶ ᠶᠤᠮ᠃ ᠡᠭᠦᠨ ᠠᠴᠠ ᠭᠠᠳᠠᠨ᠎ᠠ᠂ ᠣᠲᠣ ᠬᠤᠲᠠ ᠰᠢᠶᠠᠨ ᠠᠴᠠ ᠨᠢᠭᠡᠳᠦᠯᠲᠡᠶ ᠲᠥᠯᠥᠪᠯᠡᠬᠦ ᠶᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠪᠠᠷ  ᠳᠤᠷᠠᠳᠤᠭᠰᠠᠨ ᠨᠢ  ᠲᠦᠷᠢᠮ ᠤᠨ  ᠬᠠᠷᠢᠯᠴᠠᠨ  ᠬᠠᠪᠰᠤᠷᠤᠯᠴᠠᠵᠤ  ᠬᠠᠷᠢᠯᠴᠠᠨ  ᠲᠤᠰᠠᠯᠠᠯᠴᠠᠬᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠶᠢᠨ ᠬᠠᠮᠲᠤ  ᠪᠠᠰᠠ  ᠬᠥᠳᠡᠯᠮᠦᠷᠢᠴᠢᠳ ᠤᠨ  ᠴᠢᠯᠥᠭᠡᠲᠡᠶ  ᠰᠢᠯᠵᠢᠬᠦ ᠳᠤ  ᠨᠠᠩ ᠲᠥᠬᠦᠮ ᠪᠣᠯᠭᠠᠬᠤ ᠶᠢᠨ ᠲᠥᠯᠥᠭᠡ ᠶᠤᠮ᠂ ᠰᠢᠯᠵᠢᠪᠡᠯ ᠠᠵᠢᠯ ᠤᠯᠬᠤ  ᠣᠷᠣᠨ  ᠵᠠᠶ  ᠳᠠᠷᠤᠶ  ᠥᠷᠭᠡᠳᠴᠦ᠂  ᠠᠵᠢᠯ  ᠤᠯᠬᠤ ᠲᠣᠬᠢᠶᠠᠯ ᠳᠠᠷᠤᠶ ᠨᠡᠮᠡᠭᠳᠡᠨ᠎ᠡ ᠭᠡᠵᠦ ᠬᠡᠯᠡᠪᠡ᠃             ᠣᠶᠢᠷ᠎ᠠ ᠶᠢᠨ  ᠵᠢᠯ  ᠤᠳ   ᠤᠨ  ᠬᠤᠶᠠᠷ  ᠬᠤᠷᠠᠯ  ᠳᠡᠭᠡᠷ᠎ᠡ  ᠨᠠᠰᠤᠵᠢᠯ ᠤᠨ ᠠᠰᠠᠷᠠᠮᠵᠢ ᠶᠢᠨ ᠲᠤᠬᠠᠶ  ︽ᠰᠢᠨ᠎ᠡ ᠳᠤᠷᠠᠳᠤᠯᠭ᠎ᠠ︾ ᠨᠢ ᠴᠥᠮ ᠬᠥᠮᠦᠰ ᠤᠨ ᠠᠩᠬᠠᠷᠤᠯ ᠢ ᠲᠠᠲᠠᠵᠤ  ᠪᠠᠶᠢᠨ᠎ᠠ᠃ 2022  ᠣᠨ ᠤ  ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠭᠤᠷᠪᠠᠳᠤᠭᠠᠷ ᠲᠤᠯᠭᠠᠭᠤᠷᠢ ᠪᠣᠯᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠦᠷᠭᠦᠯᠵᠢᠯᠡᠨ ᠵᠢᠷᠤᠮᠵᠢᠭᠤᠯᠤᠨ ᠬᠥᠭᠵᠢᠭᠦᠯᠦᠨ᠎ᠡ ᠭᠡᠵᠦ ᠳᠤᠷᠠᠳᠤᠨ ᠭᠠᠷᠭᠠᠪᠠ᠃ ᠣᠶᠢᠷ᠎ᠠ ᠳᠤ᠂ ᠲᠤᠰᠬᠠᠶ ᠬᠠᠷᠢᠶᠠᠯᠠᠯ ᠤᠨ ᠬᠤᠳᠠᠯᠳᠤᠭᠠᠨ ᠤ ᠨᠠᠰᠤᠵᠢᠯ ᠤᠨ ᠳᠠᠭᠠᠳᠬᠠᠯ ᠤᠨ ᠲᠤᠷᠰᠢᠯᠲᠠ ᠶᠢᠨ  ᠣᠷᠣᠨ ᠪᠦᠰᠡ ᠶᠢ  ᠪᠥᠬᠦ  ᠤᠯᠤᠰ ᠤᠨ ᠬᠡᠪᠴᠢᠶᠡᠨ ᠳᠤ   ᠬᠦᠷᠲᠡᠯ᠎ᠡ ᠥᠷᠭᠡᠳᠬᠡᠬᠦ ᠶᠢᠨ ᠬᠠᠮᠲᠤ᠂ ᠨᠠᠰᠤᠵᠢᠯ ᠤᠨ ᠳᠠᠭᠠᠳᠬᠠᠯ ᠤᠨ ᠺᠣᠮᠫᠠᠨᠢ ᠶᠢᠨ ᠲᠤᠷᠰᠢᠯᠲᠠ ᠳᠤ ᠣᠷᠣᠯᠴᠠᠬᠤ ᠶᠢ  ᠵᠥᠪᠰᠢᠶᠡᠷᠡᠨ᠎ᠡ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠧᠤ ᠶᠠᠨ ᠯᠢ᠄ ᠥᠷᠭᠡᠨ ᠣᠯᠠᠨ ᠨᠠᠰᠤᠲᠠᠶᠢᠴᠤᠳ ᠤᠨ ᠬᠤᠪᠢ  ᠬᠥᠮᠦᠨ ᠤ ᠨᠠᠰᠤᠵᠢᠯ ᠤᠨ ᠠᠰᠠᠷᠠᠮᠵᠢ ᠶᠢᠨ ᠡᠳ᠋ ᠪᠠᠶᠠᠯᠢᠭ ᠤᠨ ᠬᠠᠮᠢᠶᠠᠷᠤᠯᠲᠠ ᠶᠢ ᠮᠥᠩᠭᠦᠨ ᠭᠦᠢᠯᠭᠡᠭᠡᠨ ᠤ ᠣᠶᠢᠯᠡᠴᠢᠯᠡᠭᠡ ᠳᠤ ᠣᠷᠣᠭᠤᠯᠵᠤ᠂ ᠢᠷᠡᠭᠡᠳᠦᠶ ᠶᠢᠨ ᠨᠠᠰᠤᠵᠢᠯ ᠤᠨ ᠠᠰᠠᠷᠠᠮᠵᠢ ᠶᠢᠨ ᠣᠶᠢᠯᠡᠴᠢᠯᠡᠭᠡ   ᠳᠤ  ᠪᠠᠲᠤ  ᠪᠠᠬᠢ  ᠠᠵᠤ ᠠᠬᠤᠶ ᠶᠢᠨ  ᠰᠠᠭᠤᠷᠢ  ᠬᠠᠩᠭᠠᠨ᠎ᠠ᠃  ᠥᠲᠡᠯᠦᠭᠡ  ᠨᠠᠰᠤᠨ ᠤ   ᠵᠣᠪᠠᠨᠢᠯ ᠲᠠᠢ  ᠠᠰᠠᠭᠤᠳᠠᠯ ᠢ  ᠡᠳ᠋ ᠤᠨ  ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ ᠪᠠᠷ ᠰᠢᠢᠳᠪᠤᠷᠢᠯᠡᠨ᠎ᠡ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号