ᠡᠨᠡ ᠬᠦ ᠥᠭᠡᠷᠡᠴᠢᠯᠡᠯᠲᠡ ᠵᠢᠯᠣᠭᠤᠴᠢ ᠪᠣᠯᠭᠠᠨ ᠲᠠᠢ ᠬᠤᠯᠪᠣᠭᠳᠠᠨ᠎ᠠ
ᠨᠡᠶᠢᠲᠡᠯᠡᠭᠰᠡᠨ ᠴᠠᠭ᠄
2022/3/14
    4 ᠳ᠋ᠦ᠋ᠭᠡᠷ ᠰᠠᠷ᠎ᠠ ᠶᠢᠨ 1᠎ ᠠᠴᠠ ᠡᠬᠢᠯᠡᠨ᠂ ︽ᠵᠠᠮ ᠬᠠᠷᠢᠯᠴᠠᠭᠠᠨ ᠤ ᠠᠶᠣᠯᠭᠦᠢ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠤᠪᠢ ᠲᠡᠮᠳᠡᠭᠯᠡᠬᠦ ᠬᠠᠮᠢᠶᠠᠷᠣᠯᠲᠠ ᠶᠢᠨ ᠠᠷᠭ᠎ᠠ︾᠎ ᠶᠢ ᠠᠯᠪᠠᠨ ᠶᠣᠰᠤᠭᠠᠷ ᠬᠡᠷᠡᠭᠵᠢᠭᠦᠯᠬᠦ ᠪᠠᠷ ᠪᠠᠶᠢᠨ᠎ᠠ᠃     ᠡᠨᠡ ᠤᠳᠠᠭᠠᠨ ᠤ ᠥᠭᠡᠷᠡᠴᠢᠯᠡᠯᠲᠡ ᠳᠤ᠂ ᠨᠢᠭᠡ ᠤᠳᠠᠭ᠎ᠠ ᠳᠤ 9 ᠬᠤᠪᠢ ᠲᠡᠮᠳᠡᠭᠯᠡᠬᠦ ᠲᠥᠷᠥᠯ ᠢ ᠨᠡᠮᠡᠭᠳᠡᠭᠦᠯᠵᠣ᠂ ᠨᠢᠭᠡ ᠤᠳᠠᠭ᠎ᠠ ᠳᠤ 2 ᠬᠤᠪᠢ ᠲᠡᠮᠳᠡᠭᠯᠡᠬᠦ ᠲᠥᠷᠥᠯ ᠵᠦᠢᠯ ᠢ ᠬᠠᠰᠣᠵᠡᠢ᠃ 23 ᠲᠦᠷᠥᠯ ᠤᠨ ᠬᠠᠤᠯᠢ ᠳᠦᠷᠢᠮ ᠵᠥᠷᠢᠴᠡᠭᠰᠡᠨ ᠠᠵᠢᠯᠯᠠᠭᠠᠨ ᠤ ᠬᠤᠪᠢ ᠲᠡᠮᠳᠡᠭᠯᠡᠬᠦ ᠳᠦᠷᠢᠮ ᠢ ᠥᠭᠡᠷᠡᠴᠢᠯᠡᠭᠰᠡᠨ ᠦᠭᠡᠢ᠃ 14 ᠵᠦᠢᠯ ᠤᠨ ᠬᠠᠤᠯᠢ ᠳᠦᠷᠢᠮ ᠵᠥᠷᠢᠴᠡᠭᠰᠡᠨ ᠬᠤᠪᠢ ᠲᠡᠮᠳᠡᠭᠯᠡᠬᠦ ᠠᠵᠢᠯᠯᠠᠭᠠᠨ ᠤ ᠬᠤᠪᠢ ᠬᠠᠰᠣᠬᠤ ᠶᠢ ᠪᠠᠭᠠᠰᠬᠠᠭᠰᠠᠨ ᠤ ᠬᠠᠮᠲᠣ 13 ᠵᠦᠢᠯ ᠤᠨ ᠬᠤᠪᠢ ᠲᠡᠮᠳᠡᠭᠯᠡᠬᠦ ᠠᠵᠢᠯᠯᠠᠭ᠎ᠠ ᠶᠢ ᠦᠭᠡᠶᠢᠰᠭᠡᠵᠤ᠂ ᠵᠠᠷᠢᠮ ᠬᠤᠪᠢ ᠲᠡᠮᠳᠡᠭᠯᠡᠬᠦ ᠲᠥᠷᠥᠯ ᠵᠦᠢᠯ ᠢ ᠰᠠᠯᠭᠠᠵᠣ ᠨᠡᠶᠢᠯᠡᠭᠦᠯᠦᠭᠰᠡᠨ ᠪᠠᠶᠢᠨ᠎ᠠ᠃     ᠥᠭᠡᠷᠡᠴᠢᠯᠡᠯᠲᠡ ᠣᠷᠣᠭᠤᠯᠣᠭᠰᠠᠨ ᠤ ᠳᠠᠷᠠᠭ᠎ᠠ᠂ ᠤᠤᠯ ᠨᠢ 52 ᠵᠦᠢᠯ ᠤᠨ ᠬᠠᠤᠯᠢ ᠳᠦᠷᠢᠮ ᠵᠥᠷᠢᠴᠡᠭᠰᠡᠨ ᠠᠵᠢᠯᠯᠠᠭᠠᠨ ᠳᠤ ᠬᠤᠪᠢ ᠲᠡᠮᠳᠡᠭᠯᠡᠳᠡᠭ ᠪᠠᠶᠢᠭᠰᠠᠨ ᠪᠣᠯ ᠣᠳᠣ 50 ᠵᠦᠢᠯ ᠤᠨ ᠠᠵᠢᠯᠯᠠᠭᠠᠨ ᠳᠤ ᠬᠤᠪᠢ ᠲᠡᠮᠳᠡᠭᠯᠡᠬᠦ ᠪᠣᠯᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号