ᠲᠦᠷᠦ ᠶᠢᠨ ᠶᠠᠪᠤᠳᠠᠯ ᠤᠨ ᠬᠤᠷᠢᠶ᠎ᠠ ᠦᠨᠦᠬᠡᠨ ︽ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠬᠡ ᠳᠠᠬᠢ ᠤᠯᠤᠰ ᠤᠨ ᠨᠠᠰᠤᠳᠠᠶᠢᠴᠤᠳ ᠤᠨ ᠠᠵᠢᠯ ᠦᠢᠯᠡᠰ ᠤᠨ ᠭᠦᠭᠵᠢᠯᠳᠡ ᠪᠤᠯᠤᠨ ᠨᠠᠰᠤᠵᠢᠯ ᠤᠨ ᠦᠢᠯᠡᠴᠢᠯᠡᠬᠡᠨ ᠤ ᠰᠢᠰᠲ᠋ᠧᠮ ᠤᠨ ᠲᠦᠯᠦᠪᠵᠢᠭᠦᠯᠬᠡ︾᠎ ᠶᠢ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2022/3/23
     ᠬᠦᠮᠦᠨ ᠠᠮᠠ ᠶᠢᠨ ᠨᠠᠰᠤᠵᠢᠯ ᠢ ᠢᠳᠡᠪᠬᠢᠳᠡᠢ ᠠᠷᠭᠠᠴᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ  ᠳᠣᠭᠤᠰᠢᠯᠠᠭᠤᠯᠣᠨ ᠨᠠᠶᠢᠳᠠᠪᠦᠷᠢᠵᠢᠭᠤᠯᠬᠤ ᠶᠢᠨ ᠲᠦᠯᠦᠬᠡ᠂ ᠲᠦᠷᠦ ᠶᠢᠨ ᠶᠠᠪᠤᠳᠠᠯ ᠤᠨ ᠬᠤᠷᠢᠶ᠎ᠠ ᠦᠨᠦᠬᠡᠨ ︽ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠵᠢᠭᠦᠯᠬᠡ ᠳᠠᠬᠢ ᠤᠯᠤᠰ ᠤᠨ ᠨᠠᠰᠤᠳᠠᠶᠢᠴᠤᠳ ᠤᠨ ᠠᠵᠢᠯ ᠦᠢᠯᠡᠰ ᠤᠨ ᠭᠦᠭᠵᠢᠯᠳᠡ ᠪᠤᠯᠤᠨ ᠨᠠᠰᠤᠵᠢᠯ ᠤᠨ ᠦᠢᠯᠡᠴᠢᠯᠡᠬᠡᠨ ᠤ ᠰᠢᠰᠲ᠋ᠧᠮ ᠤᠨ ᠲᠦᠯᠦᠪᠵᠢᠭᠦᠯᠬᠡ︾᠎ ᠶᠢ ᠲᠠᠷᠤᠮᠠᠯᠯᠠᠨ ᠲᠠᠷᠬᠠᠭᠠᠵᠦ᠂ ︽ᠠᠷᠪᠠᠨ ᠲᠦᠷᠪᠡᠳᠦᠭᠡᠷ ᠲᠠᠪᠤᠨ ᠵᠢᠯ︾᠎ ᠤᠨ ᠲᠦᠯᠦᠪᠵᠢᠭᠦᠯᠬᠡ ᠶᠢᠨ ᠬᠤᠭᠤᠴᠠᠭᠠᠨ ᠎ ᠳᠠᠬᠢ ᠶᠡᠷᠦᠩᠬᠡᠢ ᠱᠠᠭᠠᠷᠳᠠᠯᠭ᠎ᠠ᠂ ᠭᠤᠤᠯ ᠬᠠᠷᠠᠯᠳᠠ ᠪᠤᠯᠤᠨ ᠠᠵᠢᠯ ᠤᠨ ᠡᠬᠦᠷᠬᠡ ᠶᠢ ᠲᠤᠳᠤᠷᠬᠠᠶᠢᠯᠠᠬᠰᠠᠨ ᠪᠠᠶᠢᠨ᠎ᠠ᠃      ᠡᠨᠡ ︽ᠲᠦᠯᠦᠪᠵᠢᠭᠦᠯᠬᠡ︾᠎ ᠳᠤ 9 ᠲᠠᠯ᠎ᠠ ᠶᠢᠨ ᠪᠤᠳᠠᠳᠠᠢ ᠠᠵᠢᠯ ᠡᠬᠦᠷᠬᠡ ᠶᠢ ᠪᠠᠶᠢᠷᠢᠯᠠᠭᠤᠯᠤᠬᠰᠠᠨ ᠪᠠᠶᠢᠨ᠎ᠠ ᠂ ᠡᠭᠦᠨ ᠳᠤ ᠨᠡᠶᠢᠭᠡᠮ ᠤᠨ ᠪᠠᠳᠤᠯᠠᠭ᠎ᠠ ᠪᠠ ᠨᠠᠰᠤᠵᠢᠯ ᠤᠨ ᠨᠠᠭᠠᠳᠤ ᠵᠠᠬ᠎ᠠ ᠶᠢᠨ ᠦᠢᠯᠡᠴᠢᠯᠡᠭᠡ ᠶᠢ ᠲᠤᠰᠠᠯᠠᠨ ᠲᠡᠮᠵᠢᠬᠦ ᠲᠣᠣᠷ ᠢ ᠪᠠᠬᠢᠵᠢᠭᠦᠯᠵᠦ᠂ ᠨᠡᠶᠢᠳᠡᠮ ᠬᠠᠷᠠᠭᠠᠯᠵᠠᠬᠰᠠᠨ ᠨᠠᠰᠤᠵᠢᠯ ᠤᠨ ᠦᠢᠯᠡᠴᠢᠯᠡᠬᠡᠨ ᠤ ᠬᠠᠮᠤᠷᠬᠤ ᠬᠡᠪᠴᠢᠶ᠎ᠡ ᠶᠢ ᠦᠷᠭᠡᠳᠭᠡᠵᠦ᠂ ᠭᠡᠷ ᠤᠷᠤᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠬᠡᠨ ᠤ ᠴᠢᠳᠠᠪᠦᠷᠢ ᠶᠢ ᠴᠢᠩᠭᠠᠳᠬᠠᠵᠦ᠂ ᠨᠠᠰᠤᠳᠠᠶᠢᠴᠤᠳ ᠤᠨ ᠡᠷᠡᠭᠦᠯ ᠮᠡᠨᠳᠦ ᠶᠢ ᠪᠠᠳᠤᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠨᠠᠰᠤᠳᠠᠶᠢᠴᠤᠳ ᠲᠠᠢ ᠬᠤᠯᠪᠤᠬᠳᠠᠬᠰᠠᠨ ᠠᠵᠦ ᠠᠬᠤᠢ ᠶᠢ ᠶᠡᠬᠡᠪᠡᠷ ᠭᠦᠭᠵᠢᠭᠦᠯᠦᠨ᠂ ᠦᠨᠳᠦᠷ ᠨᠠᠰᠤᠨ ᠤ ᠠᠮᠢᠳᠤᠷᠠᠯ ᠤᠨ ᠲᠤᠬᠠᠢ ᠢᠳᠡᠪᠬᠢᠳᠡᠢ ᠦᠵᠡᠯᠳᠡ ᠶᠢ ᠦᠢᠯᠡᠳᠦᠯᠭᠡᠵᠢᠭᠦᠯᠵᠦ᠂ ᠨᠠᠰᠤᠳᠠᠶᠢᠴᠤᠳ ᠲᠤ ᠡᠭᠡᠯᠢᠳᠡᠢ ᠨᠡᠶᠢᠭᠡᠮ ᠤᠨ ᠤᠷᠴᠢᠨ ᠨᠦᠭᠦᠴᠡᠯ ᠢ ᠪᠤᠢ ᠪᠤᠯᠭᠠᠵᠦ᠂ ᠭᠦᠭᠵᠢᠯᠳᠡ ᠶᠢᠨ ᠡᠯᠧᠮᠧᠨ᠋ᠲ ᠢᠶᠠᠷ ᠲᠡᠳᠭᠦᠨ ᠲᠡᠮᠵᠢᠬᠦ ᠰᠢᠰᠲ᠋ᠧᠮ ᠢ ᠴᠢᠩᠭᠠᠳᠬᠠᠨ᠂ ᠨᠠᠰᠤᠳᠠᠶᠢᠴᠤᠳ ᠤᠨ ᠬᠠᠥᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠵᠡᠷᠭᠡ ᠠᠭᠤᠯᠭ᠎ᠠ ᠪᠠᠭᠳᠠᠵᠦ ᠪᠠᠶᠢᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号