ᠰᠢᠨ᠎ᠡ ᠮᠡᠳᠡᠭᠳᠡᠯ ᠳᠠᠷᠤᠮᠠᠯᠯᠠᠨ ᠲᠠᠷᠬᠠᠭᠠᠪᠠ︕
ᠨᠡᠶᠢᠲᠡᠯᠡᠭᠰᠡᠨ ᠴᠠᠭ᠄
2022/3/30
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠢ ᠲᠤᠬᠢᠷᠠᠭᠤᠯᠤᠨ  ᠪᠠᠶᠢᠷᠢᠯᠠᠭᠤᠯᠪᠠ᠃  ᠬᠠᠩᠰᠢ ᠶᠢᠨ  ᠡᠳᠦᠷ ᠤᠨ  ᠲᠠᠬᠢᠯᠭ᠎ᠠ  ᠬᠦᠷᠴᠦ ᠢᠷᠡᠬᠦ ᠲᠠᠰᠢᠷᠠᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ  ᠶᠠᠪᠤᠳᠠᠯ ᠤᠨ  ᠲᠢᠩᠬᠢᠮ ᠠᠷᠠᠳ ᠣᠯᠠᠨ ᠤ ᠪᠣᠯᠪᠠᠰᠣᠨ ᠲᠠᠬᠢᠯᠭ᠎ᠠ ᠬᠢᠬᠦ᠂ ᠠᠮᠤᠷ ᠲᠦᠪᠰᠢᠨ ᠢᠶᠠᠷ ᠲᠠᠬᠢᠯᠭ᠎ᠠ ᠬᠢᠬᠦ  ᠳᠤ ᠠᠩᠬᠠᠷᠤᠯ ᠢᠶᠠᠨ ᠲᠥᠪᠯᠡᠷᠡᠭᠦᠯᠵᠦ᠂ ︽2022 ᠣᠨ ᠤ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠢ  ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂  ᠪᠥᠬᠦ  ᠣᠷᠣᠨ ᠤ  ᠬᠠᠩᠰᠢ ᠶᠢᠨ  ᠡᠳᠦᠷ ᠤᠨ  ᠲᠠᠬᠢᠯᠭ᠎ᠠ ᠶᠢᠨ  ᠠᠮᠤᠷ ᠲᠦᠪᠰᠢᠨ ᠤ ᠬᠠᠮᠢᠶᠠᠷᠤᠯᠲᠠ ᠪᠠ  ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠡᠯ᠎ᠡ  ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠤᠷᠢᠳᠴᠢᠯᠠᠨ ᠪᠣᠯᠵᠣᠬᠤ᠂ ᠣᠷᠭᠢᠯ ᠬᠤᠭᠤᠴᠠᠭ᠎ᠠ ᠶᠢ ᠵᠥᠷᠢᠭᠦᠯᠬᠦ ᠵᠡᠷᠭᠡ  ᠠᠷᠭ᠎ᠠ  ᠬᠡᠮᠵᠢᠶ᠎ᠡ ᠠᠪᠴᠤ᠂  ᠲᠠᠬᠢᠯᠭ᠎ᠠ ᠶᠢᠨ  ᠠᠮᠤᠷ  ᠲᠦᠪᠰᠢᠨ ᠤ ᠬᠠᠮᠢᠶᠠᠷᠤᠯᠲᠠ ᠪᠠ ᠣᠶᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠮᠤᠵᠢ  ᠣᠷᠣᠨ  ᠠᠯᠤᠰᠯᠠᠨ  ᠲᠠᠬᠢᠯᠭ᠎ᠠ  ᠬᠢᠬᠦ  ᠥᠬᠡᠶ᠂ ᠭᠠᠵᠠᠷ ᠣᠷᠣᠨ ᠠᠯᠤᠰᠯᠠᠨ ᠲᠠᠬᠢᠯᠭ᠎ᠠ ᠬᠢᠬᠦ ᠥᠬᠡᠶ ᠪᠠᠶᠢᠬᠤ ᠶᠢ ᠶᠡᠭᠡ ᠪᠠᠷ  ᠰᠠᠨᠠᠭᠠᠴᠢᠯᠠᠵᠤ᠂  ᠬᠠᠩᠰᠢ ᠶᠢᠨ  ᠡᠳᠦᠷ ᠤᠨ  ᠲᠠᠬᠢᠯᠭ᠎ᠠ ᠶᠢᠨ ᠠᠵᠢᠯᠯᠠᠭᠠᠨ ᠤ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号