ᠵᠢᠯᠣᠭᠤᠴᠢ ᠶᠢᠨ ᠦᠨᠡᠮᠯᠡᠯ ᠤᠨ ᠲᠤᠬᠠᠢ ᠰᠢᠨ᠎ᠡ ᠲᠣᠭᠲᠠᠭᠠᠯ
ᠨᠡᠶᠢᠲᠡᠯᠡᠭᠰᠡᠨ ᠴᠠᠭ᠄
2022/4/1
     ᠰᠤᠷᠪᠤᠯᠵᠢᠯᠠᠭᠴᠢ  ᠶᠢᠨ  ᠣᠶᠢᠯᠠᠭᠠᠭᠰᠠᠨ  ᠢᠶᠠᠷ᠂ ᠬᠤᠪᠢ ᠬᠤᠳᠠᠯᠳᠤᠨ ᠦᠭᠴᠦ ᠠᠪᠬᠤ ᠦᠶᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠬᠢᠵᠠᠭᠠᠷᠯᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠢᠨ᠎ᠡ ᠪᠠᠷ ᠲᠣᠭᠲᠠᠭᠠᠭᠰᠠᠨ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠵᠥᠷᠢᠴᠡᠭᠰᠡᠨ ᠦᠶᠯᠡ ᠠᠵᠢᠯᠯᠠᠭᠠᠨ ᠤ ᠬᠤᠪᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ᠳᠤ ᠬᠤᠪᠢ ᠬᠤᠳᠠᠯᠳᠤᠨ ᠦᠭᠴᠦ ᠠᠪᠬᠤ ᠪᠠ ᠪᠤᠰᠤᠳ ᠢ ᠵᠣᠬᠢᠶᠠᠨ ᠪᠠᠶᠢᠭᠤᠯᠵᠤ ᠬᠤᠪᠢ ᠬᠤᠳᠠᠯᠳᠤᠨ ᠠᠪᠴᠤ ᠠᠵᠤ ᠠᠬᠤᠢ ᠶᠢᠨ ᠠᠰᠢᠭ ᠣᠯᠬᠤ ᠦᠢᠯᠡ ᠠᠵᠢᠯᠯᠠᠭ᠎ᠠ ᠳᠤ ᠴᠢᠭᠯᠡᠭᠦᠯᠵᠦ᠂ ᠬᠠᠤᠯᠢ ᠶᠢᠨ ᠬᠠᠷᠢᠭᠤᠴᠠᠯᠭ᠎ᠠ ᠲᠣᠭᠲᠠᠭᠠᠵᠠᠢ᠃ ᠲᠣᠰ ᠠᠷᠭ᠎ᠠ ᠶᠢ 4 ᠳ᠋ᠣᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠵᠥᠷᠢᠴᠡᠭᠰᠡᠨ ᠦᠶᠯᠡ ᠠᠵᠢᠯᠯᠠᠭᠠᠨ ᠤ ᠬᠤᠪᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠪᠡᠯ᠂ ᠮᠠᠰᠢᠨ ᠲᠡᠷᠭᠡᠨ ᠤ ᠵᠢᠯᠣᠭᠤᠴᠢ ᠪᠤᠰᠤᠳ ᠬᠥᠮᠥᠨ ᠢᠶᠠᠷ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠠᠵᠢᠯᠯᠠᠭᠠᠨ ᠤ ᠰᠢᠢᠳᠬᠡᠯ ᠪᠠ ᠬᠠᠰᠤᠭᠰᠠᠨ ᠬᠤᠪᠢ  ᠶᠢ ᠣᠷᠣᠯᠠᠭᠤᠯᠤᠨ ᠬᠦᠯᠢᠶᠡᠯᠭᠡᠬᠦ ᠶᠢᠨ ᠬᠠᠮᠲᠤ ᠮᠦᠩᠬᠦ ᠳᠦᠯᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠣᠯᠢᠶ᠎ᠠ ᠬᠢᠭᠰᠡᠨ ᠮᠦᠩᠬᠦᠨ ᠤ ᠬᠢᠨᠢ ᠭᠤᠷᠪᠠᠨ ᠳᠠᠬᠢᠨ ᠠᠴᠠ ᠳᠣᠷᠣᠭᠰᠢ ᠬᠡᠮᠵᠢᠶᠡᠨ ᠤ ᠵᠣᠭᠤᠰ ᠢᠶᠠᠷ ᠲᠣᠷᠭᠠᠨ᠎ᠠ᠂ ᠭᠡᠪᠡᠴᠦ ᠬᠠᠮᠤᠭ ᠥᠨᠳᠥᠷ ᠲᠡᠭᠡᠨ ᠲᠠᠪᠤᠨ ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠡᠭᠦᠨ ᠤ ᠬᠠᠮᠳᠦ᠂ ᠤᠤᠯ ᠤᠨ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠰᠢᠢᠳᠬᠡᠯ ᠥᠭᠬᠦ ᠪᠣᠯᠤᠨ᠎ᠠ᠃      ᠪᠤᠰᠤᠳ ᠬᠦᠮᠦᠨ ᠢᠶᠠᠷ ᠬᠤᠪᠢ ᠬᠤᠳᠠᠯᠳᠤᠨ ᠠᠪᠤᠭᠤᠯᠬᠤ ᠪᠤᠶᠤ ᠬᠤᠳᠠᠯᠳᠤᠭᠤᠯᠬᠤ ᠪᠠᠷ ᠳᠠᠮᠵᠢᠭᠠᠳ ᠠᠵᠤ ᠠᠬᠤᠢ ᠶᠢᠨ ᠠᠰᠢᠭ ᠣᠯᠣᠭᠰᠠᠨ ᠪᠠᠶᠢᠳᠠᠯ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠯᠣᠭᠰᠠᠨ ᠣᠯᠵᠠ ᠠᠰᠢᠭ ᠤᠨ ᠬᠢᠨᠢ ᠲᠠᠪᠤᠨ ᠳᠠᠬᠢᠨ ᠠᠴᠠ ᠳᠣᠷᠣᠭᠰᠢ ᠬᠡᠮᠵᠢᠶᠡᠨ ᠤ ᠵᠣᠭᠤᠰ ᠢᠶᠠᠷ ᠲᠣᠷᠭᠠᠨ᠎ᠠ᠂ ᠭᠡᠪᠡᠴᠦ 10 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号