ᠣᠯᠠᠨ ᠪᠠᠩᠬᠢ ᠠᠯᠪᠠᠨ ᠵᠠᠷ ᠨᠡᠶᠢᠳᠡᠯᠡᠵᠣ ᠡᠳᠡᠭᠡᠷ ᠠᠷᠠᠯᠵᠢᠶ᠎ᠠ ᠶᠢ ᠬᠠᠭᠠᠨ᠎ᠠ
ᠨᠡᠶᠢᠲᠡᠯᠡᠭᠰᠡᠨ ᠴᠠᠭ᠄
2022/4/14
     ᠢᠲᠡᠭᠡᠮᠵᠢ ᠶᠢᠨ ᠺᠠᠷᠲ ᠨᠢ ᠤᠷᠢᠳ ᠢᠶᠠᠷ ᠬᠡᠷᠡᠭᠯᠡᠵᠦ ᠳᠠᠷᠠᠭ᠎ᠠ  ᠨᠢ ᠵᠣᠭᠤᠰ  ᠢᠶᠠᠨ ᠪᠤᠴᠠᠭᠠᠵᠤ  ᠪᠣᠯᠤᠨ᠎ᠠ᠂ ᠡᠨᠡ ᠪᠣᠯ ᠴᠥᠭᠡᠨ ᠪᠤᠰᠤ ᠬᠥᠮᠦᠨ ᠤ ᠵᠠᠷᠤᠯᠭ᠎ᠠ  ᠲᠦᠯᠦᠪᠤᠷᠢ ᠶᠢᠨ  ᠪᠠᠭᠠᠵᠢ  ᠮᠥᠨ᠂  ᠣᠳᠣᠬᠠᠨ ᠳᠤ  ᠮᠠᠨ ᠤ  ᠤᠯᠤᠰ ᠤᠨ ᠢᠲᠡᠭᠡᠮᠵᠢ ᠶᠢᠨ ᠺᠠᠷᠲ ᠪᠣᠯᠤᠨ  ᠵᠢᠭᠡᠯᠡᠯᠭᠡ ᠶᠢ  ᠨᠡᠶᠢᠯᠡᠭᠦᠯᠦᠭᠰᠡᠨ  ᠺᠠᠷᠲ ᠤᠨ  ᠲᠠᠷᠬᠠᠭᠠᠯᠲᠠ  ᠨᠢᠭᠡᠨᠲᠡ  8  ᠳ᠋ᠦᠩᠰᠢᠭᠤᠷ ᠢ ᠳᠠᠪᠠᠭᠰᠠᠨ ᠪᠠᠶᠢᠨ᠎ᠠ᠃ ᠭᠡᠪᠡᠴᠦ ᠪᠠᠩᠬᠢ ᠨᠢ ᠢᠲᠡᠭᠡᠮᠵᠢ ᠶᠢᠨ ᠺᠠᠷᠲ ᠤᠨ ᠪᠡᠯᠡ  ᠮᠦᠩᠭᠦᠨ ᠤ ᠬᠡᠷᠡᠭᠯᠡᠭᠡᠨ ᠳᠤ  ᠱᠠᠭᠠᠷᠳᠠᠯᠭ᠎ᠠ ᠲᠠᠢ ᠪᠠᠶᠢᠳᠠᠭ᠂ ᠣᠶᠢᠷ᠎ᠠ ᠳᠤ  ᠣᠯᠠᠨ  ᠪᠠᠩᠬᠢ  ᠵᠠᠯᠭᠠᠭ᠎ᠠ ᠪᠠᠷ  ᠠᠯᠪᠠᠨ  ᠵᠠᠷ  ᠨᠡᠶᠢᠲᠡᠯᠡᠵᠦ᠂  ᠢᠲᠡᠭᠡᠮᠵᠢ ᠶᠢᠨ  ᠺᠠᠷᠲ ᠤᠨ ᠪᠡᠯᠡ ᠮᠦᠩᠭᠦᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ᠃              ᠲᠠᠷᠢᠶᠠᠯᠠᠩ ᠤᠨ ᠪᠠᠩᠬᠢ ᠣᠶᠢᠷ᠎ᠠ ᠳᠤ ᠠᠯᠪᠠᠨ  ᠵᠠᠷ  ᠨᠡᠶᠢᠲᠡᠯᠡᠵᠦ᠂  ᠢᠲᠡᠭᠡᠮᠵᠢ ᠶᠢᠨ ᠺᠠᠷᠲ ᠤᠨ  ᠨᠠᠪᠴᠢᠨ ᠲᠠᠮᠡᠬᠢᠨ ᠤ ᠠᠷᠠᠯᠵᠢᠶ᠎ᠠ ᠶᠢ ᠠᠯᠬᠤᠮ ᠠᠯᠬᠤᠮ ᠢᠶᠠᠷ ᠬᠠᠭᠠᠨ᠎ᠠ ᠭᠡᠪᠡ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠵᠡᠷᠭᠡ ᠣᠯᠠᠨ ᠪᠠᠩᠬᠢ ᠴᠤ ᠵᠠᠯᠭᠠᠭ᠎ᠠ ᠪᠠᠷ ᠠᠯᠪᠠᠨ ᠵᠠᠷ ᠨᠡᠶᠢᠲᠡᠯᠡᠵᠦ᠂ ᠢᠲᠡᠭᠡᠮᠵᠢ ᠶᠢᠨ ᠺᠠᠷᠲ ᠤᠨ ᠪᠠᠯᠠ ᠮᠦᠩᠭᠦᠨ ᠤ ᠬᠡᠷᠡᠭᠯᠡᠭᠡ ᠶᠢ ᠳᠡᠮᠵᠢᠬᠦ ᠶᠢ ᠲᠣᠳᠣᠷᠬᠠᠶ  ᠲᠣᠭᠲᠠᠭᠠᠭᠰᠠᠨ ᠪᠣᠯᠪᠠᠴᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠠᠷᠠᠯᠵᠢᠶ᠎ᠠ ᠵᠢᠴᠢ ᠪᠠᠯᠠ ᠣᠷᠣᠭᠤᠯᠤᠯᠲᠠ ᠵᠡᠷᠭᠡ ᠶᠢ ᠳᠡᠮᠵᠢᠬᠦ ᠥᠬᠡᠶ ᠪᠠᠶᠢᠪᠠ᠃      ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠪᠠᠩᠬᠢ ᠶᠢᠨ ᠠᠵᠦ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠢᠲᠡᠭᠡᠮᠵᠢ ᠶᠢᠨ ᠺᠠᠷᠲ ᠤᠨ ᠪᠠᠯᠠ ᠮᠦᠩᠭᠦᠨ ᠤ ᠪᠣᠳᠠᠲᠠᠶ  ᠬᠡᠷᠡᠭᠴᠡᠭᠡ ᠶᠢ ᠣᠨᠣᠪᠴᠢᠲᠠᠶ ᠬᠢᠨᠠᠨ ᠬᠡᠮᠵᠢᠵᠦ ᠬᠠᠮᠢᠶᠠᠷᠤᠨ ᠡᠵᠡᠮᠳᠡᠬᠦ ᠬᠡᠷᠡᠭᠲᠡᠶ ᠭᠡᠵᠦ ᠲᠣᠳᠣᠷᠬᠠᠶ ᠳᠤᠷᠠᠳᠤᠨ  ᠭᠠᠷᠭᠠᠵᠠᠶ᠃ ᠢᠲᠡᠭᠡᠮᠵᠢ ᠶᠢᠨ ᠺᠠᠷᠲ ᠤᠨ ᠪᠡᠯᠡ ᠮᠦᠩᠭᠦᠨ ᠤ ᠵᠢᠭᠡᠯᠡᠯᠭᠡ ᠪᠤᠴᠠᠭᠠᠬᠤ᠂ ᠪᠡᠯᠡ ᠣᠷᠣᠭᠤᠯᠬᠤ ᠵᠡᠷᠭᠡ ᠬᠦᠷᠢᠶᠡᠨ ᠳᠤ  ᠬᠡᠷᠡᠭᠯᠡᠵᠦ  ᠪᠣᠯᠬᠤ  ᠦᠭᠡᠢ ᠭᠡᠵᠦ ᠲᠤᠲᠤᠷᠬᠠᠢ ᠲᠤᠷᠠᠳᠤᠭᠰᠠᠨ ᠶᠤᠮ᠃            ᠲᠤᠰᠬᠠᠶ ᠮᠡᠷᠭᠡᠵᠢᠯᠲᠡᠨ ᠵᠢᠭᠠᠵᠤ ᠭᠠᠷᠭᠠᠭᠰᠠᠨ ᠨᠢ᠂ ᠡᠯ᠎ᠡ ᠪᠠᠩᠬᠢ ᠪᠠᠯᠠ ᠮᠦᠩᠭᠦᠨ ᠤ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠬᠤ ᠨᠢ ᠪᠠᠰᠠ ᠢᠲᠡᠭᠡᠮᠵᠢ ᠶᠢᠨ ᠺᠠᠷᠲ ᠢᠶᠠᠷ ᠪᠡᠯᠡᠨ ᠵᠣᠭᠤᠰ ᠮᠡᠬᠡᠯᠡᠨ ᠠᠪᠬᠤ᠂   ᠬᠤᠯᠠᠭᠠᠶᠢᠯᠠᠬᠤ ᠵᠡᠷᠭᠡ ᠦᠢᠯᠡ ᠠᠵᠢᠯᠯᠠᠭ᠎ᠠ ᠶᠢ ᠰᠡᠷᠭᠡᠶᠢᠯᠡᠬᠦ ᠳᠤ ᠠᠰᠢᠭᠲᠠᠶ ᠶᠤᠮ᠃ ᠬᠤᠳᠠᠯᠳᠤᠭᠠᠨ ᠤ ᠡᠷᠦᠬᠡ  ᠬᠡᠷᠪᠡ ᠲᠣᠭᠲᠠᠭᠠᠯ ᠠᠴᠠ  ᠵᠥᠷᠢᠴᠡᠨ ᠺᠠᠷᠲ  ᠵᠠᠷᠤᠪᠠᠯ  ᠪᠠᠩᠬᠢ ᠶᠢᠨ  ᠬᠠᠷ᠎ᠠ  ᠳᠠᠩᠰᠠᠨ ᠳᠤ  ᠤᠷᠤᠭᠤᠯᠵᠤ᠂  ᠢᠲᠡᠭᠡᠮᠵᠢ ᠶᠢᠨ ᠺᠠᠷᠲ ᠤᠨ ᠠᠷᠠᠯᠵᠢᠶ᠎ᠠ ᠶᠢ ᠲᠦᠷ ᠵᠣᠭᠰᠣᠭᠠᠨ᠎ᠠ᠃ ᠺᠠᠷᠲ ᠡᠵᠡᠮᠰᠢᠭᠴᠢ ᠬᠡᠷᠪᠡ ᠲᠣᠭᠲᠠᠭᠠᠯ ᠠᠴᠠ ᠵᠥᠷᠢᠴᠡᠭᠰᠡᠨ ᠠᠷᠠᠯᠵᠢᠶ᠎ᠠ ᠬᠢᠭᠰᠡᠨ ᠪᠠᠶᠢᠪᠠᠯ᠂  ᠮᠥᠨ ᠴᠦ ᠵᠣᠬᠢᠴᠠᠩᠭᠤᠶ ᠦᠷ᠎ᠡ ᠳ᠋ᠦᠩ ᠢ ᠡᠭᠦᠷᠭᠡᠯᠡᠬᠦ ᠬᠡᠷᠡᠭᠲᠡᠶ ᠭᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号