ᠬᠢᠷᠢ ᠬᠡᠮ ᠦᠭᠡᠢ ᠪᠠᠶᠢᠭᠤᠯᠤᠮᠵᠢ ᠶᠢᠨ ᠬᠢᠨ ᠰᠤᠷᠭᠠᠭᠤᠯᠢ ᠳᠤ ᠣᠷᠣᠵᠤ ᠬᠠᠷᠠᠭᠠᠨ ᠤ ᠬᠢᠨᠠᠨ ᠬᠡᠮᠵᠢᠯᠲᠡ ᠬᠢᠬᠦ ᠶᠢ ᠡᠷᠡᠰ ᠬᠤᠷᠢᠭᠯᠠᠨ᠎ᠠ
ᠨᠡᠶᠢᠲᠡᠯᠡᠭᠰᠡᠨ ᠴᠠᠭ᠄
2022/4/18
    ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ︽2022  ᠣᠨ ᠤ  ᠬᠠᠪᠤᠷ ᠤᠨ  ᠤᠯᠠᠷᠢᠯ ᠤᠨ  ᠰᠤᠷᠤᠯᠭ᠎ᠠ ᠶᠢᠨ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠷᠠᠭᠠᠨ ᠤ ᠬᠢᠨᠠᠨ  ᠬᠡᠮᠵᠢᠯᠲᠡ ᠶᠢᠨ ᠭᠤᠤᠯ ᠪᠣᠯᠬᠤ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠥᠷᠨᠢᠭᠦᠯᠬᠦ ᠲᠤᠬᠠᠶ  ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠤᠷᠤᠭᠴᠢᠳ ᠤᠨ ᠬᠠᠷᠠᠭᠠᠨ ᠤ ᠬᠢᠨᠠᠨ ᠬᠡᠮᠵᠢᠯᠲᠡ ᠶᠢᠨ ᠲᠦᠷᠢᠮ ᠢ ᠨᠠᠶᠢᠳᠠᠪᠤᠷᠢᠵᠢᠭᠤᠯᠪᠠ᠃             ︽ᠮᠡᠳᠡᠭᠳᠡᠯ︾ ᠳᠤ᠂ ᠮᠡᠳᠡᠭᠦᠯᠦᠨ ᠬᠦᠷᠭᠡᠬᠦ ᠴᠠᠭ ᠨᠢ  2022  ᠣᠨ ᠤ  3  ᠰᠠᠷ᠎ᠠ ᠶᠢᠨ  15 ᠤ  ᠡᠳᠦᠷ ᠠᠴᠠ 2022  ᠣᠨ ᠤ  6  ᠰᠠᠷ᠎ᠠ ᠶᠢᠨ  30 ᠤ  ᠡᠳᠦᠷ  ᠪᠣᠯᠲᠠᠯ᠎ᠠ᠂  ᠮᠡᠳᠡᠭᠦᠯᠦᠨ   ᠬᠦᠷᠭᠡᠬᠦ   ᠭᠤᠤᠯ   ᠪᠣᠯᠬᠤ   ᠮᠡᠳᠡᠭᠡ ᠵᠠᠩᠭᠢ ᠶᠢᠨ ᠵᠦᠢᠯᠡᠰ ᠲᠤ  ᠬᠠᠷᠠᠭ᠎ᠠ ᠪᠠ ᠬᠡᠷᠡᠯ ᠤᠨ ᠨᠤᠭᠤᠷᠠᠯᠲᠠ ᠶᠢᠨ ᠬᠡᠮᠵᠢᠶ᠎ᠡ  ᠪᠠᠭᠲᠠᠨ᠎ᠠ  ᠭᠡᠵᠦ ᠲᠣᠳᠣᠷᠬᠠᠶᠢᠯᠠᠪᠠ᠃             ︽ᠮᠡᠳᠡᠭᠳᠡᠯ︾ ᠳᠤ᠂ ᠨᠥᠬᠦᠴᠡᠯ ᠤᠨ ᠪᠠᠲᠤᠯᠠᠭ᠎ᠠ ᠶᠢ ᠴᠢᠩᠭᠠᠳᠬᠠᠵᠤ᠂  ᠬᠠᠷᠠᠭ᠎ᠠ ᠶᠢ  ᠬᠢᠨᠠᠨ  ᠬᠡᠮᠵᠢᠵᠦ  ᠪᠠᠶᠢᠴᠠᠭᠠᠬᠤ ᠲᠥᠬᠦᠭᠡᠷᠦᠮᠵᠢ ᠳᠣᠭᠢᠷᠠᠭᠤᠯᠬᠤ ᠶᠢ ᠴᠢᠩᠭᠠᠳᠬᠠᠵᠤ᠂ ᠰᠤᠷᠭᠠᠭᠤᠯᠢ ᠪᠠ ᠬᠡᠦᠬᠡᠳ ᠤᠨ  ᠴᠡᠴᠡᠷᠯᠢᠭ ᠤᠨ ᠰᠤᠷᠭᠠᠭᠤᠯᠢ ᠶᠢᠨ ᠡᠮᠨᠡᠯᠭᠡ ᠶᠢᠨ ᠬᠤᠷᠢᠶ᠎ᠠ᠂ ᠡᠮᠨᠡᠯᠭᠡ ᠶᠢᠨ ᠲᠠᠰᠤᠭ ︵ᠡᠷᠡᠭᠦᠯ ᠬᠠᠮᠠᠭᠠᠯᠠᠯ ᠤᠨ ᠲᠠᠰᠤᠭ᠂  ᠡᠷᠡᠭᠦᠯᠵᠢᠯ ᠤᠨ ᠲᠠᠰᠤᠭ  ᠵᠡᠷᠭᠡ︶ ᠤᠨ ᠬᠦᠴᠦᠨ ᠢ ᠴᠢᠩᠭᠠᠳᠬᠠᠵᠤ᠂ ᠪᠠᠷᠢᠮᠵᠢᠶ᠎ᠠ ᠶᠣᠰᠣᠭᠠᠷ ᠰᠤᠷᠭᠠᠭᠤᠯᠢ ᠶᠢᠨ ᠡᠮᠴᠢ ᠳᠣᠭᠢᠷᠠᠭᠤᠯᠬᠤ  ᠬᠡᠷᠡᠭᠲᠡᠶ  ᠭᠡᠵᠦ  ᠱᠠᠭᠠᠷᠳᠠᠪᠠ᠃ ᠰᠤᠷᠭᠠᠭᠤᠯᠢ  ᠶᠢᠨ ᠲᠠᠯ᠎ᠠ ᠨᠢ  ᠬᠠᠷᠠᠭᠠᠨ  ᠰᠡᠷᠡᠯ   ᠨᠢ  ᠬᠡᠪ ᠤᠨ  ᠪᠤᠰᠤ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠪᠣᠯᠤᠨ ᠪᠢᠴᠢᠬᠠᠨ ᠬᠡᠦᠬᠡᠳ ᠲᠤ ᠴᠠᠭ ᠲᠤᠬᠠᠶ ᠳᠤᠨᠢ ᠰᠠᠨᠠᠭᠤᠯᠤᠮᠵᠢ ᠥᠭᠴᠦ᠂ ᠬᠡᠷ ᠤᠨ ᠠᠬᠠᠮᠠᠳ ᠲᠠᠭᠠᠨ ᠬᠡᠦᠬᠡᠳ ᠢᠶᠠᠨ ᠳᠠᠭᠠᠭᠤᠯᠤᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠪᠠᠶᠢᠴᠠᠭᠠᠨ ᠨᠤᠲᠠᠯᠠᠵᠤ᠂ ᠣᠶᠢᠷ᠎ᠠ ᠬᠠᠷᠠᠭ᠎ᠠ ᠶᠢ ᠰᠡᠷᠭᠡᠶᠢᠯᠡᠬᠦ ᠶᠢ ᠰᠠᠨᠠᠭᠤᠯᠬᠤ ᠬᠡᠷᠡᠭᠲᠡᠢ᠃      ︽ᠮᠡᠳᠡᠭᠳᠡᠯ︾ ᠳᠤ᠂ ᠡᠯ᠎ᠡ ᠭᠠᠵᠠᠷ  ᠤᠨ ᠰᠤᠷᠭᠠᠨ ᠬᠥᠮᠦᠵᠢᠯ  ᠤᠨ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠢᠷᠢ ᠬᠡᠮ ᠥᠬᠡᠶ ᠪᠠᠶᠢᠭᠤᠯᠤᠮᠵᠢ ᠶᠢᠨ ᠬᠢᠨ ᠰᠤᠷᠭᠠᠭᠤᠯᠢ ᠳᠤ ᠣᠷᠣᠵᠤ  ᠬᠠᠷᠠᠭᠠᠨ  ᠰᠡᠷᠡᠯ ᠤᠨ  ᠪᠠᠶᠢᠴᠠᠭᠠᠯᠲᠠ ᠬᠢᠬᠦ ᠶᠢ ᠡᠷᠡᠰ ᠬᠤᠷᠢᠭᠯᠠᠵᠤ᠂ ᠬᠤᠳᠠᠯ  ᠬᠠᠭᠤᠷᠮᠠᠭ  ᠬᠠᠤᠯᠢ ᠠᠴᠠ  ᠵᠥᠷᠢᠴᠡᠨ  ᠡᠵᠡᠩᠨᠡᠨ  ᠪᠣᠷᠣᠯᠠᠭᠤᠯᠬᠤ  ᠤᠬᠠᠭᠤᠯᠭ᠎ᠠ ᠵᠢᠨ‌ᠠᠵᠢᠯᠯᠠᠭ᠎ᠠ ᠳᠤ  ᠴᠢᠩᠭ᠎ᠠ  ᠴᠣᠬᠢᠯᠲᠠ  ᠥᠭᠴᠦ᠂  ᠣᠶᠢᠷ᠎ᠠ  ᠬᠠᠷᠠᠭ᠎ᠠ ᠶᠢ   ᠰᠡᠷᠭᠡᠶᠢᠯᠡᠨ   ᠡᠵᠡᠮᠳᠡᠬᠦ   ᠦᠢᠯᠡᠳᠬᠦᠨ   ᠪᠠ ᠦᠢᠯᠡᠴᠢᠯᠡᠭᠡᠨ ᠤ ᠶᠠᠰᠤ ᠴᠢᠨᠠᠷ ᠢ ᠴᠢᠩᠭ᠎ᠠ ᠡᠵᠡᠮᠳᠡᠵᠦ᠂ ᠬᠠᠷᠠᠭᠠᠨ ᠰᠡᠷᠡᠯ ᠤᠨ ᠬᠢᠨᠠᠨ  ᠬᠡᠮᠵᠢᠯᠲᠡ ᠶᠢᠨ  ᠲᠤᠭ᠎ᠠ  ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠳᠠᠯᠠᠵᠤ᠂ ᠬᠠᠷᠠᠭᠠᠨ  ᠰᠡᠷᠡᠯ ᠤᠨ  ᠪᠠᠶᠢᠴᠠᠭᠠᠨ  ᠬᠡᠮᠵᠢᠯᠲᠡ  ᠪᠠ  ᠬᠠᠮᠢᠶ᠎ᠠ  ᠪᠥᠬᠦᠶ ᠦᠢᠯᠡᠴᠢᠯᠡᠭᠡᠨ ᠤ ᠬᠢᠨᠠᠨ ᠵᠢᠯᠣᠭᠤᠳᠣᠯᠭ᠎ᠠ ᠪᠠᠶᠢᠴᠠᠭᠠᠯᠲᠠ ᠶᠢ ᠴᠢᠩᠳᠠᠯᠠᠨ᠂  ᠬᠡᠦᠬᠡᠳ  ᠵᠠᠯᠠᠭᠤᠴᠤᠳ  ᠪᠠᠭᠠᠴᠤᠳ ᠤᠨ  ᠡᠷᠡᠭᠦᠯ ᠮᠡᠨᠳᠦ ᠪᠠ ᠡᠷᠬᠡ ᠠᠰᠢᠭ ᠢ  ᠦᠨᠡᠨᠬᠦ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号