ᠠᠯᠪᠠᠳᠠᠯᠭ᠎ᠠ ᠪᠠᠷ APP ᠶᠢ  ᠪᠠᠭᠤᠯᠭᠠᠬᠤ ᠶᠢ ᠬᠤᠷᠢᠭᠯᠠᠨ᠎ᠠ
ᠨᠡᠶᠢᠲᠡᠯᠡᠭᠰᠡᠨ ᠴᠠᠭ᠄
2022/4/2
     ᠣᠶᠢᠷ᠎ᠠ ᠳᠤ᠂ ᠰᠦᠯᠵᠢᠶ᠎ᠡ ᠬᠡᠷᠡᠭᠯᠡᠭᠴᠢᠳ‌‍ᠰᠦ᠋ᠯᠵᠢᠶᠡᠨ ᠨᠢᠭᠤᠷ ᠳᠡᠭᠡᠷᠡᠬᠢ  ᠮᠡᠳᠡᠭᠡ  ᠵᠠᠩᠭᠢ ᠶᠢ  ᠦᠵᠡᠬᠦ ᠦᠶ᠎ᠡ ᠳᠤ ᠬᠡᠰᠡᠭ ᠰᠦᠯᠵᠢᠶ᠎ᠡ APP ᠶᠢ ᠪᠠᠭᠤᠯᠭᠠᠬᠤ ᠶᠢ ᠠᠯᠪᠠᠳᠠᠯᠭ᠎ᠠ ᠪᠠᠷ ᠱᠠᠭᠠᠷᠳᠠᠵᠤ ᠪᠠᠶᠢᠨ᠎ᠠ ᠭᠡᠵᠦ ᠵᠠᠷᠢᠮ  ᠰᠦᠯᠵᠢᠶᠡᠨ ᠨᠠᠶᠢᠵᠠ ᠪᠣᠯᠤᠨ ᠵᠠᠭᠤᠴᠢᠯᠠᠭᠤᠷ ᠤᠨ ᠬᠢᠨ ᠲᠤᠰᠬᠠᠵᠠᠶ᠃ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠮᠡᠳᠡᠭᠡ ᠵᠠᠩᠭᠢ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ‌‍ᠲ᠋ᠠᠷᠤᠶ ᠳᠤᠨᠢ ᠵᠣᠬᠢᠶᠠᠨ ᠪᠠᠶᠢᠭᠤᠯᠵᠤ ᠬᠠᠷᠭᠤᠭᠤᠯᠤᠨ ᠪᠠᠶᠢᠴᠠᠭᠠᠭᠰᠠᠨ ᠪᠥᠭᠡᠳ ᠲᠦᠷᠦᠭᠦᠬᠡᠨ ᠵᠠᠰᠠᠭ ᠵᠠᠬᠢᠷᠭᠠᠨ ᠤ  ᠵᠢᠯᠣᠭᠤᠳᠬᠤ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠢᠨᠲ᠋ᠧᠷ ᠰᠦᠯᠵᠢᠶᠡᠨ ᠤ ᠠᠵᠤ ᠠᠬᠤᠶᠢᠯᠠᠯ ᠢ ᠱᠠᠯᠠᠪᠳᠠᠭᠤᠯᠣᠨ ᠴᠡᠭᠴᠡᠯᠡᠭᠦᠯᠪᠡ᠃              ᠬᠤᠷᠠᠯ ᠠᠴᠠ ᠵᠢᠭᠠᠵᠦ ᠭᠠᠷᠭᠠᠬᠤ ᠳᠠᠭᠠᠨ᠂ ᠨᠡᠭᠦᠳᠡᠯ ᠢᠨᠲ᠋ᠧᠷ ᠰᠦᠯᠵᠢᠶᠡᠨ ᠤ ᠲᠦᠷᠭᠡᠨ ᠬᠥᠭᠵᠢᠯᠲᠡ ᠶᠢ ᠳᠠᠭᠠᠯᠳᠤᠨ᠂ ᠡᠯ᠎ᠡ ᠲᠥᠷᠥᠯ ᠤᠨ APP  ᠥᠷᠨᠢᠨ  ᠬᠥᠭᠵᠢᠵᠦ᠂  ᠬᠡᠷᠡᠭᠯᠡᠭᠴᠢᠳ ᠲᠤ  ᠡᠯᠪᠡᠭ  ᠪᠠᠶᠠᠯᠢᠭ  ᠬᠡᠷᠡᠭᠯᠡᠭᠡᠨ ᠤ  ᠦᠢᠯᠡᠴᠢᠯᠡᠭᠡ ᠬᠠᠩᠭᠠᠪᠠ᠃ ᠭᠡᠪᠡᠴᠦ ᠬᠡᠰᠡᠭ  ᠮᠡᠳᠡᠭᠡ  ᠵᠠᠩᠭᠢ᠂  ᠰᠦᠯᠵᠢᠶᠡᠨ ᠤ  ᠨᠡᠶᠢᠭᠡᠮ  ᠲᠣᠭᠤᠷᠢᠭ  ᠵᠡᠷᠭᠡ  ᠲᠠᠪᠴᠠᠩ ᠨᠢ  ᠬᠡᠷᠡᠭᠯᠡᠭᠴᠢ ᠰᠦᠯᠵᠢᠶᠡᠨ ᠨᠢᠭᠤᠷ ᠢ  ᠦᠵᠡᠬᠦ  ᠦᠶ᠎ᠡ   ᠳᠤ  APP ᠶᠢ  ᠪᠠᠶᠢᠨ  ᠳᠠᠬᠢᠨ  ᠲᠠᠨᠢᠯᠴᠠᠭᠤᠯᠵᠤ᠂  APP   ᠶᠢ ᠪᠠᠭᠤᠯᠭᠠᠪᠠᠯ ᠰᠠᠶ᠋ᠢ ᠪᠥᠬᠦ ᠠᠭᠤᠯᠭ᠎ᠠ ᠶᠢ ᠪᠠᠶᠢᠴᠠᠭᠠᠨ ᠦᠵᠡᠵᠦ ᠴᠢᠳᠠᠨ᠎ᠠ᠂ APP ᠶᠢ ᠬᠡᠷᠡᠭᠯᠡᠬᠦ ᠥᠬᠡᠶ ᠪᠣᠯ  ᠦᠨᠡᠯᠡᠯᠲᠡ ᠶᠢ ᠣᠯᠵᠤ ᠦᠵᠡᠵᠦ ᠴᠢᠳᠠᠬᠤ  ᠥᠬᠡᠶ  ᠭᠡᠬᠦ  ᠮᠡᠲᠦ ᠪᠠᠷ  ᠬᠡᠷᠡᠭᠯᠡᠭᠴᠢᠳ   ᠤᠨ  ᠮᠡᠳᠡᠭᠡ  ᠵᠠᠩᠭᠢ  ᠦᠵᠡᠬᠦ ᠶᠢ  ᠬᠠᠷᠰᠢᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠨ᠎ᠠ ᠭᠡᠪᠡ᠃              ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠬᠡᠷᠡᠭᠯᠡᠭᠴᠢ ᠶᠢᠨ ᠵᠥᠪᠰᠢᠶᠡᠷᠡᠯ ᠥᠬᠡᠶ ᠪᠤᠶᠤ ᠰᠠᠨᠠᠭᠠᠴᠢᠯᠠᠭ᠎ᠠ ᠠᠴᠠ ᠪᠠᠨ ᠰᠣᠩᠭᠤᠯᠲᠠ ᠬᠢᠬᠦ ᠪᠢᠰᠢ ᠪᠣᠯ APP ᠶᠢ ᠰᠢᠭᠤᠳ ᠪᠤᠶᠤ ᠠᠯᠪᠠᠳᠠᠯᠭ᠎ᠠ ᠪᠠᠷ ᠪᠠᠭᠤᠯᠭᠠᠭᠤᠯᠵᠦ ᠪᠣᠯᠬᠤ ᠥᠬᠡᠶ︔ APP ᠶᠢ ᠪᠠᠭᠤᠯᠭᠠᠨ ᠠᠪᠬᠤ  ᠶᠢ ᠲᠠᠨᠢᠯᠴᠠᠭᠤᠯᠬᠤ ᠳᠠᠭᠠᠨ᠂ ︽ᠬᠠᠰᠤᠬᠤ︾ ᠰᠣᠩᠭᠤᠯᠲᠠ ᠶᠢ ᠵᠡᠷᠭᠡ ᠳᠤᠨᠢ ᠬᠠᠩᠭᠠᠵᠤ᠂ ᠬᠡᠷᠡᠭᠯᠡᠭᠴᠢᠳ ‍ᠤᠨ‌‍ᠪᠠᠶᠢᠳᠠᠯ ᠢ ᠮᠡᠳᠡᠬᠦ ᠡᠷᠬᠡ᠂ ᠰᠣᠩᠭᠤᠬᠤ ᠡᠷᠬᠡ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ ᠵᠦᠶ ᠶᠣᠰᠣᠨ ᠤ  ᠰᠢᠯᠲᠠᠭᠠᠨ ᠥᠬᠡᠶ ᠪᠠᠷ APP ᠪᠠᠭᠤᠯᠭᠠᠬᠤ ᠦᠭᠡᠢ ᠪᠣᠯ ᠦᠵᠡᠭᠦᠯᠬᠦ ᠥᠬᠡᠶ ᠪᠤᠶᠤ  ᠪᠥᠬᠦ  ᠠᠭᠤᠯᠭ᠎ᠠ ᠶᠢ  ᠦᠵᠡᠭᠦᠯᠬᠦ  ᠥᠬᠡᠶ  ᠭᠡᠵᠦ ᠬᠡᠷᠡᠭᠯᠡᠭᠴᠢᠳ ᠲᠤ ᠱᠠᠭᠠᠷᠳᠠᠵᠤ ᠪᠣᠯᠬᠤ ᠥᠬᠡᠶ᠃ ᠭᠤᠷᠪᠠ ᠳᠤ᠂ ᠨᠤᠭᠤᠯᠵᠦ ᠦᠵᠡᠭᠦᠯᠬᠦ᠂ ᠴᠤᠩᠬᠤ ᠦᠪᠡᠰᠦᠪᠡᠨ ᠦᠰᠦᠷᠤᠨ ᠭᠠᠷᠴᠤ ᠢᠷᠡᠬᠦ᠂ ᠪᠠᠶᠢᠨ ᠳᠠᠬᠢᠨ ᠰᠠᠨᠠᠭᠤᠯᠬᠤ᠂  ᠵᠡᠷᠭᠡ  ᠠᠷᠭ᠎ᠠ  ᠬᠡᠯᠪᠡᠷᠢ ᠪᠠᠷ ᠬᠡᠷᠡᠭᠯᠡᠭᠴᠢ ᠶᠢ ᠠᠯᠪᠠᠳᠠᠬᠤ ᠪᠤᠶᠤ ᠪᠤᠷᠤᠭᠤ ᠪᠠᠷ ᠬᠥᠲᠥᠯᠥᠨ ᠵᠢᠯᠣᠭᠤᠳᠴᠤ ᠪᠠᠶᠢᠭᠠᠳ APP ᠶᠢ ᠪᠠᠭᠤᠯᠭᠠᠵᠣ ᠨᠡᠭᠡᠭᠡᠯᠭᠡᠬᠦ ᠪᠤᠶᠤ ᠬᠡᠷᠡᠭᠯᠡᠭᠡᠨ ᠤ ᠳᠡᠯᠭᠡᠭᠦᠷ ᠲᠤ ᠰᠢᠯᠵᠢᠭᠦᠯᠵᠦ᠂ ᠬᠡᠷᠡᠭᠯᠡᠭᠴᠢ ᠶᠢᠨ ᠮᠡᠳᠡᠭᠡ ᠵᠠᠩᠭᠢ ᠦᠵᠡᠬᠦ ᠶᠢ ᠨᠥᠯᠥᠭᠡᠯᠡᠵᠦ ᠪᠣᠯᠬᠤ ᠥᠬᠡᠶ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号