2022 ᠣᠨ ᠤ ᠬᠢᠴᠢᠶᠡᠯ ᠪᠠ ᠵᠢᠭᠠᠬᠤ ᠮᠠᠲ᠋ᠧᠷᠢᠶᠠᠯ ᠳᠤ ᠶᠠᠮᠠᠷ ᠴᠢᠬᠤᠯᠠ ᠬᠤᠪᠢᠷᠠᠯᠲᠠ ᠭᠠᠷᠬᠤ ᠪᠣᠶ︖
ᠨᠡᠶᠢᠲᠡᠯᠡᠭᠰᠡᠨ ᠴᠠᠭ᠄
2022/4/20
     ᠰᠢᠨ᠎ᠡ ᠨᠢᠭᠡᠨ ᠡᠭᠡᠯᠵᠢ ᠶᠢᠨ ᠠᠯᠪᠠᠨ ᠵᠢᠷᠤᠮ ᠤᠨ ᠰᠤᠷᠭᠠᠨ  ᠬᠥᠮᠦᠵᠢᠯ ᠤᠨ  ᠬᠢᠴᠢᠶᠡᠯ ᠳᠤ  ᠵᠠᠰᠠᠪᠤᠷᠢ  ᠣᠷᠣᠭᠤᠯᠬᠤ ᠠᠵᠢᠯ ᠨᠢ ᠭᠤᠷᠪᠠᠨ ᠵᠢᠯ ᠶᠠᠪᠤᠭᠳᠠᠵᠠᠶ᠃ ᠣᠳᠣᠬᠠᠨ ᠳᠤ᠂ ᠬᠢᠴᠢᠶᠡᠯ ᠤᠨ ᠲᠥᠰᠦᠯ ᠪᠠ 16  ᠬᠢᠴᠢᠶᠡᠯ ᠤᠨ ᠪᠠᠷᠢᠮᠵᠢᠶᠠᠨ ᠳᠤ  ᠵᠠᠰᠠᠪᠤᠷᠢ  ᠣᠷᠣᠭᠤᠯᠬᠤ᠂  ᠬᠢᠨᠠᠨ  ᠬᠠᠷᠭᠤᠭᠤᠯᠬᠤ  ᠠᠵᠢᠯ ᠢ  ᠨᠢᠭᠡᠨᠲᠡ  ᠪᠥᠬᠦ  ᠲᠠᠯ᠎ᠠ ᠪᠠᠷ  ᠪᠡᠶᠡᠯᠡᠭᠦᠯᠵᠦ᠂ ᠣᠶᠢᠷ᠎ᠠ ᠳᠤ ᠵᠢᠩᠬᠢᠨᠢ ᠪᠠᠷ ᠨᠡᠶᠢᠲᠡᠯᠡᠬᠦ ᠪᠣᠯᠤᠨ᠎ᠠ᠃ ᠲᠡᠭᠡᠪᠡᠯ᠂ ᠬᠢᠴᠢᠶᠡᠯ ᠳᠤ ᠵᠠᠰᠠᠪᠤᠷᠢ ᠣᠷᠣᠭᠤᠯᠬᠤ ᠵᠢᠴᠢ ᠬᠤᠯᠪᠣᠭᠳᠠᠯ  ᠪᠦᠬᠦᠢ ᠵᠢᠭᠠᠬᠤ ᠮᠠᠲ᠋ᠧᠷᠢᠶᠠᠯ ᠤᠨ ᠠᠵᠢᠯ ᠳᠤ ᠶᠠᠮᠠᠷ ᠶᠠᠮᠠᠷ ᠴᠢᠬᠤᠯᠠ ᠶᠡᠭᠡ ᠬᠤᠪᠢᠷᠠᠯᠲᠠ ᠭᠠᠷᠬᠤ ᠪᠤᠢ᠃              ᠤᠯᠤᠰ ᠤᠨ ᠵᠢᠭᠠᠬᠤ ᠮᠠᠲ᠋ᠧᠷᠢᠶᠠᠯ ᠤᠨ  ᠵᠥᠪᠯᠡᠯ ᠤᠨ  ᠠᠯᠪᠠᠨ ᠬᠡᠷ ᠤᠨ  ᠡᠷᠬᠢᠯᠡᠭᠴᠢ᠂ ᠰᠤᠷᠭᠠᠨ  ᠬᠥᠮᠦᠵᠢᠯ ‍ᠤᠨ‌‍ᠶᠠᠮᠤᠨ ᠤ  ᠵᠢᠭᠠᠬᠤ  ᠮᠠᠲ᠋ᠧᠷᠢᠶᠠᠯ ᠤᠨ ᠲᠣᠪᠴᠢᠶ᠎ᠠ ᠶᠢᠨ ᠳᠠᠷᠤᠭ᠎ᠠ ᠲᠢᠶᠠᠨ ᠬᠤᠶ ᠱᠧᠩ ᠦᠨᠦᠬᠡᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠲᠠᠨᠢᠯᠴᠠᠭᠤᠯᠤᠭᠰᠠᠨ ᠨᠢ᠂ ᠡᠨᠡ ᠤᠳᠠᠭ᠎ᠠ ᠬᠥᠮᠦᠵᠢᠭᠦᠯᠬᠦ  ᠬᠠᠷᠠᠯᠲᠠ ᠳᠤ  ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠢᠴᠢᠶᠡᠯ ᠤᠨ ᠲᠣᠬᠢᠷᠠᠭᠤᠯᠤᠯᠲᠠ ᠶᠢᠨ ᠲᠠᠯ᠎ᠠ ᠪᠠᠷ᠂ ᠶᠣᠰᠣ ᠮᠣᠷᠠᠯ ᠬᠢᠭᠡᠳ ᠬᠠᠤᠯᠢ ᠪᠠᠷ ᠵᠠᠰᠠᠬᠤ ᠬᠢᠴᠢᠶᠡᠯ ᠢ ᠨᠢᠭᠡ ᠴᠤᠭᠴᠠᠵᠢᠭᠤᠯᠤᠨ ᠲᠥᠯᠥᠪᠯᠡᠵᠦ᠂ ᠬᠥᠳᠡᠯᠮᠦᠷᠢ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠶᠡᠷᠦᠩᠬᠡᠶᠢᠯᠡᠭᠰᠡᠨ ᠦᠢᠯᠡᠳᠦᠯᠭᠡ  ᠶᠢᠨ ᠠᠵᠢᠯᠯᠠᠭ᠎ᠠ ᠶᠢᠨ ᠬᠢᠴᠢᠶᠡᠯ ᠠᠴᠠ ᠰᠠᠯᠭᠠᠵᠦ᠂ ᠰᠢᠨᠵᠢᠯᠡᠬᠦ ᠤᠬᠠᠭᠠᠨ᠂ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠬᠢᠴᠢᠶᠡᠯ ᠢ ᠨᠢᠭᠡᠳᠦᠭᠡᠷ ᠣᠨ ᠳᠤ ᠤᠷᠢᠳᠴᠢᠯᠠᠨ ᠨᠡᠭᠡᠭᠡᠵᠦ᠂ ᠤᠷᠠᠯᠢᠭ ᠤᠨ  ᠬᠢᠴᠢᠶᠡᠯ ᠢ  ᠲᠡᠭᠦᠯᠳᠡᠷᠵᠢᠭᠦᠯᠦᠨ᠂ ᠳᠠᠭᠤᠤ ᠬᠥᠭᠵᠢᠮ᠂ ᠤᠷᠠᠨ ᠵᠢᠷᠤᠭ ᠢᠶᠠᠷ ᠭᠤᠤᠯ ᠰᠢᠵᠢᠮ  ᠪᠣᠯᠭᠠᠵᠤ᠂  ᠪᠥᠵᠢᠭ᠂  ᠰᠢ  ᠵᠦᠴᠦᠭᠡ᠂  ᠺᠢᠨᠣ᠋  ᠲᠧᠯᠸᠢᠰ  ᠵᠡᠷᠭᠡ ᠠᠭᠤᠯᠭ᠎ᠠ ᠶᠢ ᠠᠭᠤᠰᠬᠠᠨ ᠣᠷᠣᠭᠤᠯᠵᠤ᠂ ᠬᠥᠮᠦᠨ ᠬᠥᠮᠦᠵᠢᠭᠦᠯᠬᠦ ᠪᠦᠬᠦᠯᠢ ᠴᠣᠭᠴᠠᠲᠤ ᠴᠢᠨᠠᠷ ᠪᠠ ᠰᠢᠰᠲ᠋ᠧᠮᠲᠦ ᠴᠢᠨᠠᠷ ᠢ ᠴᠢᠩᠭᠠᠳᠬᠠᠪᠠ᠃  ᠬᠢᠴᠢᠶᠡᠯ ᠤᠨ ᠠᠭᠤᠯᠭ᠎ᠠ ᠶᠢᠨ  ᠪᠦᠲᠦᠴᠡ ᠶᠢᠨ ᠲᠠᠯ᠎ᠠ ᠪᠠᠷ᠂     ︽ᠬᠢᠴᠢᠶᠡᠯ ᠲᠥᠷᠥᠯ ᠰᠤᠨᠳᠠᠯᠠᠭᠰᠠᠨ ᠭᠤᠤᠯ ᠰᠡᠳᠤᠪᠳᠤ︾  ᠰᠤᠷᠤᠯᠴᠠᠬᠤ ᠠᠵᠢᠯᠯᠠᠭ᠎ᠠ ᠲᠣᠬᠢᠷᠠᠭᠤᠯᠵᠤ᠂ ᠲᠣᠰ ᠬᠢᠴᠢᠶᠡᠯ ᠲᠥᠷᠥᠯ ᠤᠨ ᠶᠡᠷᠦᠩᠬᠡᠶ  ᠬᠢᠴᠢᠶᠡᠯ ᠤᠨ  ᠴᠠᠭ ᠤᠨ10 % ᠶᠢ ᠡᠵᠡᠯᠡᠭᠦᠯᠪᠡ᠃ ︽ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ  ᠵᠣᠯᠭᠠᠭᠤᠯᠬᠤ︾ ᠶᠢ  ᠴᠢᠬᠤᠯᠠᠴᠢᠯᠠᠵᠤ᠂ ᠪᠠᠭ᠎ᠠ ᠰᠤᠷᠭᠠᠭᠤᠯᠢ ᠶᠢᠨ  ᠨᠢᠭᠡ   ᠠᠴᠠ ᠬᠤᠶᠠᠳᠤᠭᠠᠷ  ᠣᠨ  ᠤ  ᠬᠢᠴᠢᠶᠡᠯ  ᠢ  ᠵᠦᠶ  ᠵᠣᠬᠢᠰᠲᠠᠶ ᠵᠢᠷᠤᠭᠯᠠᠨ ᠲᠥᠯᠥᠪᠯᠡᠵᠦ᠂ ᠬᠥᠳᠡᠯᠭᠡᠭᠡᠨᠴᠢᠯᠡᠭᠰᠡᠨ᠂  ᠲᠣᠭᠯᠠᠭᠠᠮᠴᠢᠯᠠᠭᠰᠠᠨ᠂ ᠠᠮᠢᠳᠤᠷᠠᠯᠴᠢᠯᠠᠭᠰᠠᠨ ᠰᠤᠷᠤᠯᠭ᠎ᠠ ᠶᠢᠨ  ᠵᠢᠷᠤᠭ  ᠲᠥᠯᠥᠪᠯᠡᠭᠡ ᠶᠢ ᠴᠢᠬᠤᠯᠠᠴᠢᠯᠠᠪᠠ᠃ ᠰᠤᠷᠤᠭᠴᠢᠳ ᠤᠨ ᠪᠠᠭ᠎ᠠ ᠰᠤᠷᠭᠠᠭᠤᠯᠢ ᠠᠴᠠ  ᠠᠩᠬ᠎ᠠ  ᠵᠡᠷᠭᠡ ᠶᠢᠨ ᠳᠤᠮᠳᠠᠳᠤ  ᠰᠤᠷᠭᠠᠭᠤᠯᠢ  ᠬᠦᠷᠲᠡᠯᠡᠬᠢ ᠲᠠᠨᠢᠨ ᠮᠡᠳᠡᠬᠦᠶ᠂ ᠰᠡᠳᠬᠢᠯᠭᠡ ᠵᠡᠷᠭᠡ ᠲᠠᠯ᠎ᠠ ᠶᠢᠨ ᠬᠥᠭᠵᠢᠯᠲᠡ ᠶᠢᠨ ᠣᠨᠴᠠᠯᠢᠭ ᠲᠠᠢ ᠤᠶᠠᠯᠳᠤᠭᠤᠯᠤᠨ᠂ ᠬᠢᠴᠢᠶᠡᠯ ᠤᠨ ᠭᠦᠨᠴᠡ᠂ᠥᠷᠭᠡᠴᠡ ᠶᠢᠨ ᠬᠤᠪᠢᠷᠠᠯᠲᠠ ᠶᠢ ᠡᠵᠡᠮᠳᠡᠵᠦ᠂ ᠰᠤᠷᠤᠯᠭ᠎ᠠ ᠶᠢᠨ ᠦᠷᠭᠦᠯᠵᠢᠯᠡᠬᠦ ᠴᠢᠨᠠᠷ ᠪᠠ ᠱᠠᠲᠤᠯᠢᠭ ᠴᠢᠨᠠᠷ ᠢ ᠨᠠᠩ  ᠰᠠᠶᠢᠲᠤᠷ ᠢᠯᠡᠷᠡᠭᠦᠯᠪᠡ᠃  ᠥᠨᠳᠥᠷ  ᠵᠡᠷᠭᠡ ᠶᠢᠨ  ᠳᠤᠮᠳᠠᠳᠤ  ᠰᠤᠷᠭᠠᠭᠤᠯᠢ ᠶᠢᠨ  ᠱᠠᠲᠤᠨ ᠤ  ᠬᠢᠴᠢᠶᠡᠯ  ᠲᠥᠷᠥᠯ  ᠪᠠ  ᠰᠤᠷᠤᠯᠴᠠᠬᠤ ᠣᠨᠴᠠᠯᠢᠭ ᠢ ᠣᠶᠢᠯᠠᠭᠠᠵᠤ᠂ ᠰᠤᠷᠤᠭᠴᠢᠳ ᠤᠨ ᠤᠯᠠᠮ ᠨᠢᠭᠡ ᠠᠯᠬᠤᠮ ᠰᠤᠷᠤᠯᠴᠠᠬᠤ ᠳᠤ ᠰᠠᠶᠢᠲᠤᠷ ᠪᠡᠯᠡᠳᠬᠡᠯ ᠬᠢᠬᠦ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号