ᠡᠳᠡᠭᠡᠷ ︽ᠦᠨᠡᠮᠯᠡᠯ︾ ᠢ ᠴᠢᠩᠭ᠎ᠠ ᠪᠠᠶᠢᠴᠠᠭᠠᠨ᠎ᠠ
ᠨᠡᠶᠢᠲᠡᠯᠡᠭᠰᠡᠨ ᠴᠠᠭ᠄
2022/4/21
     ᠬᠦᠮᠥᠨ ᠤ  ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭᠠᠨ ᠤ ᠶᠠᠮᠤᠨ ᠣᠶᠢᠷ᠎ᠠ ᠳᠤ ᠮᠡᠳᠡᠭᠳᠡᠯ ᠨᠡᠶᠢᠲᠡᠯᠡᠵᠣ᠂ ᠨᠡᠶᠢᠭᠡᠮ ᠳᠤ ᠬᠠᠨᠳᠣᠭᠤᠯᠣᠭᠰᠠᠨ ᠤᠷ᠎ᠠ ᠴᠢᠳᠠᠪᠣᠷᠢ ᠶᠢᠨ ᠠᠵᠢᠯᠲᠠᠨ ᠪᠠ ᠲᠤᠰᠬᠠᠢ ᠮᠡᠷᠭᠡᠵᠢᠯ ᠤᠨ ᠠᠵᠢᠯᠲᠠᠨ ᠤ ᠬᠠᠮᠢᠶᠠᠲᠠᠢ ᠮᠡᠷᠭᠡᠵᠢᠯ ᠴᠢᠳᠠᠪᠣᠷᠢ ᠶᠢᠨ ᠲᠥᠷᠥᠯ ᠤᠨ ᠪᠣᠯᠪᠠᠰᠣᠷᠠᠯ᠂ ᠦᠨᠡᠯᠡᠨ ᠲᠣᠭᠲᠠᠭᠠᠵᠣ  ᠦᠨᠡᠮᠯᠡᠯ ᠣᠯᠭᠤᠬᠤ ᠠᠵᠢᠯᠯᠠᠭ᠎ᠠ ᠳᠤ ᠲᠤᠰᠬᠠᠢ ᠵᠠᠰᠠᠨ ᠴᠡᠭᠴᠡᠯᠡᠯᠲᠠ ᠬᠢᠨ᠎ᠡ ᠭᠡᠵᠡᠢ᠃      ᠲᠤᠰᠬᠠᠢ ᠵᠠᠰᠠᠨ ᠴᠡᠭᠴᠡᠯᠡᠬᠦ ᠠᠵᠢᠯᠯᠠᠭ᠎ᠠ ᠳᠤ ᠲᠣᠣᠷᠠᠬᠢ ᠪᠠᠶᠢᠳᠠᠯ ᠪᠠᠭᠲᠠᠨ᠎ᠠ᠃      ᠨᠢᠭᠡ᠂ ᠬᠠᠮᠢᠶᠠᠲᠠᠢ ᠦᠰᠦᠭ᠂ ᠲᠡᠮᠳᠡᠭ ᠢ ᠬᠠᠤᠯᠢ ᠳᠦᠷᠢᠮ ᠠᠴᠠ ᠵᠥᠷᠢᠴᠡᠨ ᠬᠡᠷᠡᠭᠯᠡᠭᠰᠡᠨ ᠪᠠᠶᠢᠳᠠᠯ ᠣᠷᠣᠰᠢᠵᠣ ᠪᠠᠶᠢᠬᠤ ᠡᠰᠡᠬᠦ᠃ ︽ᠪᠦᠭᠦᠳᠡ ᠨᠠᠶᠢᠷᠠᠮᠳᠠᠬᠤ ᠳᠤᠮᠳᠠᠳᠣ ᠠᠷᠠᠳ ᠣᠯᠣᠰ︾ ︽ᠳᠤᠮᠳᠠᠳᠣ ᠤᠯᠣᠰ︾ ︽ᠤᠯᠣᠰ ᠣᠷᠣᠨ︾ ︽ᠪᠦᠬᠦ ᠤᠯᠣᠰ︾ ᠪᠠ ︽ᠠᠵᠢᠯ ᠮᠡᠷᠭᠡᠵᠢᠯ ᠤᠨ ᠬᠢᠷᠢ ᠬᠡᠮ︾ ︽ᠠᠵᠢᠯ ᠤᠨ ᠪᠠᠶᠢᠷᠢ ᠳᠤ ᠬᠢᠷᠢ ᠲᠡᠩᠴᠡᠭᠰᠡᠨ ︵ᠭᠡᠷᠡᠴᠢ︶︾ ︽ᠲᠤᠰᠬᠠᠢ ᠮᠡᠷᠭᠡᠵᠢᠯ ᠤᠨ ᠲᠤᠰᠢᠶᠠᠯ︾ ᠵᠡᠷᠭᠡ ᠦᠰᠦᠭ ᠪᠠ ᠤᠯᠣᠰ ᠤᠨ ᠰᠦᠯᠳᠡ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠦᠯᠳᠡ ᠲᠡᠮᠳᠡᠭ ᠵᠡᠷᠭᠡ ᠶᠢ ᠬᠠᠤᠯᠢ ᠳᠦᠷᠢᠮ ᠠᠴᠠ ᠵᠥᠷᠢᠴᠡᠨ ᠬᠡᠷᠡᠭᠯᠡᠭᠰᠡᠨ ᠡᠰᠡᠬᠦ᠂ ᠲᠤᠰ ᠪᠠᠶᠢᠭᠤᠯᠣᠮᠵᠢ ᠠᠴᠠ ᠭᠠᠳᠠᠨᠠᠬᠢ ᠪᠣᠰᠣᠳ ᠰᠠᠯᠠᠭ᠎ᠠ ᠮᠥᠴᠢᠷ ᠪᠤᠶᠤ ᠪᠠᠶᠢᠭᠤᠯᠭ᠎ᠠ ᠨᠢᠭᠡᠴᠡ ᠶᠢᠨ ᠲᠡᠮᠳᠡᠭ ᠢ ᠬᠡᠷᠡᠭᠯᠡᠭᠰᠡᠨ ᠡᠰᠡᠬᠦ ᠶᠢ ᠵᠠᠰᠠᠨ ᠴᠡᠭᠴᠡᠯᠡᠨ᠎ᠡ᠃      ᠬᠤᠶᠠᠷ᠂ ᠬᠤᠳᠠᠯ ᠬᠠᠭᠤᠷᠮᠠᠭ ᠪᠤᠶᠤ ᠬᠡᠲᠦᠷᠡᠭᠦᠯᠣᠨ ᠰᠤᠷᠲᠠᠯᠴᠢᠯᠠᠭᠰᠠᠨ ᠪᠠᠶᠢᠳᠠᠯ ᠣᠷᠣᠰᠢᠵᠣ ᠪᠠᠶᠢᠬᠤ ᠡᠰᠡᠬᠦ ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠷ᠎ᠡ ᠶᠢ ᠠᠰᠢᠭᠯᠠᠭᠰᠠᠨ ᠪᠤᠶᠣ ︽ᠪᠦᠭᠦᠳᠡ ᠨᠠᠶᠢᠷᠠᠮᠳᠠᠬᠤ ᠳᠤᠮᠳᠠᠳᠣ ᠠᠷᠠᠳ ᠤᠯᠣᠰ︾ ︽ᠳᠤᠮᠳᠠᠳᠣ ᠤᠯᠣᠰ︾ ︽ᠳᠤᠮᠳᠠᠳᠣ ᠶᠢᠨ︾ ︽ᠤᠯᠣᠰ ᠣᠷᠣᠨ︾ ︽ᠪᠦᠬᠦ ᠤᠯᠣᠰ︾ ︽ᠶᠠᠮᠠᠷ ᠶᠠᠮᠠᠷ ᠶᠠᠮᠦᠨ︾ ︽ᠤᠤᠯ ᠤᠨ ᠶᠠᠮᠠᠷ ᠶᠠᠮᠠᠷ ᠶᠠᠮᠦᠨ︾ ᠵᠡᠷᠭᠡ ᠨᠡᠷ᠎ᠡ ᠵᠢᠭᠠᠵᠣ ᠪᠣᠯᠪᠠᠰᠣᠷᠠᠯ ᠡᠷᠬᠢᠯᠡᠵᠣ᠂ ᠦᠨᠡᠯᠡᠨ ᠲᠣᠭᠲᠠᠭᠠᠵᠣ ᠦᠨᠡᠮᠯᠡᠯ ᠲᠠᠷᠬᠠᠭᠠᠬᠤ ᠠᠵᠢᠯᠯᠠᠭ᠎ᠠ ᠶᠢ ᠵᠠᠰᠠᠨ ᠴᠡᠭᠴᠡᠯᠡᠨ᠎ᠡ᠃      ᠭᠤᠷᠪᠠ᠂ ᠬᠠᠤᠯᠢ ᠳᠦᠷᠢᠮ ᠢ ᠵᠥᠷᠢᠴᠡᠨ ᠪᠣᠯᠪᠠᠰᠣᠷᠠᠯ ᠡᠷᠬᠢᠯᠡᠬᠦ᠂ ᠰᠦᠢᠳᠬᠡᠯ ᠬᠤᠷᠢᠶᠠᠬᠤ ᠵᠡᠷᠭᠡ ᠪᠠᠶᠢᠳᠠᠯ ᠢ ᠵᠠᠰᠠᠨ ᠴᠡᠭᠴᠡᠯᠡᠨ᠎ᠡ᠃      ᠳᠥᠷᠪᠡ᠂ ᠣᠶᠢᠯᠠᠭᠠᠯᠲᠠ ᠤᠬᠠᠭᠳᠠᠬᠤᠨ ᠢ ᠠᠯᠪᠠ ᠪᠠᠷ ᠬᠤᠳᠬᠤᠵᠣ᠂ ᠨᠡᠶᠢᠭᠡᠮ ᠨᠡᠶᠢᠲᠡ ᠶᠢ ᠪᠤᠷᠣᠭᠤ ᠵᠦᠭ ᠲᠤ ᠬᠥᠲᠦᠯᠬᠦ ᠣᠷᠣᠯᠳᠣᠯᠭ᠎ᠠ ᠬᠢᠭᠰᠡᠨ ᠪᠠ ᠬᠠᠭᠤᠷᠴᠣ ᠮᠡᠬᠡᠯᠡᠭᠰᠡᠨ ᠵᠡᠷᠭᠡ ᠪᠣᠰᠣᠳ ᠬᠠᠤᠯᠢ ᠳᠦᠷᠢᠮ ᠠᠴᠠ ᠵᠥᠷᠢᠴᠡᠭᠰᠡᠨ ᠰᠡᠵᠢᠭᠯᠡᠯᠲᠡᠢ ᠪᠠᠶᠢᠬᠤ ᠡᠰᠡᠬᠦ ᠠᠰᠠᠭᠤᠳᠠᠯ ᠢ ᠵᠠᠰᠠᠨ ᠴᠡᠭᠴᠡᠯᠡᠨ᠎ᠡ᠃      ᠬᠦᠮᠥᠨ ᠤ  ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭᠠᠨ ᠤ ᠶᠠᠮᠦᠨ ᠠᠴᠠ ᠬᠠᠮᠢᠶᠠᠲᠠᠢ ᠰᠠᠯᠠᠭ᠎ᠠ ᠮᠥᠴᠢᠷ ᠲᠠᠢ ᠬᠠᠮᠲᠣᠪᠡᠷ᠂ ᠬᠡᠪᠯᠡᠯ ᠮᠡᠳᠡᠭᠡᠯᠡᠯ ᠳᠤ ᠮᠡᠳᠡᠭᠡᠯᠡᠭᠰᠡᠨ ᠪᠠ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠨᠡᠶᠢᠲᠡᠯᠢᠭ ᠠᠰᠠᠭᠤᠳᠠᠯ ᠢ ᠪᠠᠶᠢᠴᠠᠭᠠᠨ ᠬᠠᠷᠭᠤᠭᠤᠯᠵᠣ ᠰᠢᠢᠳᠬᠡᠨ᠎ᠡ᠃ ︽ᠬᠠᠷ᠎ᠠ ᠳᠠᠩᠰᠠᠨ︾ ᠳᠤ ᠣᠷᠣᠭᠤᠯᠬᠤ ᠳᠦᠷᠢᠮ ᠢ ᠲᠣᠭᠲᠠᠭᠠᠵᠤ᠂ ᠰᠠᠬᠢᠯᠭ᠎ᠠ ᠳᠦᠷᠢᠮ ᠢ ᠵᠥᠷᠢᠴᠡᠭᠰᠡᠨ ᠪᠣᠯᠪᠠᠰᠣᠷᠠᠯ ᠤᠨ ᠪᠠᠶᠢᠭᠤᠯᠣᠮᠵᠢ ᠪᠠ ᠦᠨᠡᠯᠡᠨ ᠲᠣᠭᠲᠠᠭᠠᠬᠤ ᠪᠠᠶᠢᠭᠤᠯᠣᠮᠵᠢ ᠶᠢ ᠬᠠᠷ᠎ᠠ ᠳᠠᠩᠰᠠᠨ ᠳᠤ ᠣᠷᠣᠭᠤᠯᠵᠣ᠂ ᠮᠡᠷᠭᠡᠵᠢᠯ ᠴᠢᠳᠠᠪᠣᠷᠢ ᠶᠢᠨ ᠲᠥᠷᠥᠯ ᠤᠨ ᠪᠣᠯᠪᠠᠰᠣᠷᠠᠯ ᠬᠦᠷᠲᠡᠭᠡᠬᠦ᠂ ᠦᠨᠡᠯᠡᠨ ᠲᠣᠭᠲᠠᠭᠠᠬᠤ᠂  ᠦᠨᠡᠮᠯᠡᠯ ᠣᠯᠭᠤᠬᠤ ᠵᠡᠷᠭᠡ ᠠᠵᠢᠯᠯᠠᠭ᠎ᠠ ᠶᠢ ᠨᠡᠶᠢᠳᠡᠮ ᠬᠠᠮᠢᠶᠠᠷᠬᠤ ᠪᠣᠯᠤᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号