ᠡᠳᠡᠭᠡᠷ ᠪᠠᠶᠢᠳᠠᠯ ᠳᠣᠣᠷ᠎ᠠ ᠵᠠᠰᠠᠭ ᠵᠠᠬᠢᠷᠭᠠᠨ ᠤ ᠲᠥᠯᠥᠪᠦᠷᠢ ᠥᠭᠴᠦ ᠪᠣᠯᠤᠨ᠎ᠠ︕
ᠨᠡᠶᠢᠲᠡᠯᠡᠭᠰᠡᠨ ᠴᠠᠭ᠄
2022/4/25
     ᠠᠷᠠᠳ ᠤᠨ ᠳᠡᠭᠡᠳᠦ ᠰᠢᠭᠦᠬᠦ ᠬᠤᠷᠢᠶ᠎ᠠ  ︽ᠵᠠᠰᠠᠭ  ᠵᠠᠬᠢᠷᠭᠠᠨ ᠤ  ᠲᠥᠯᠥᠪᠦᠷᠢ ᠶᠢᠨ ᠬᠡᠷᠡᠭ ᠢ ᠰᠢᠭᠦᠬᠦ ᠠᠰᠠᠭᠤᠳᠠᠯ ᠤᠳ ᠤᠨ ᠲᠤᠬᠠᠶ ᠲᠣᠭᠲᠠᠭᠠᠯ︾ ︵ᠳᠣᠷᠣᠭᠰᠢ ︽ᠵᠠᠰᠠᠭ  ᠵᠠᠬᠢᠷᠭᠠᠨ ᠤ  ᠲᠥᠯᠥᠪᠦᠷᠢ ᠶᠢᠨ  ᠬᠠᠤᠯᠢ ᠬᠡᠷᠡᠭᠵᠢᠭᠦᠯᠬᠦ ᠲᠠᠶᠢᠯᠪᠤᠷᠢᠯᠠᠯᠲᠠ︾ ᠭᠡᠵᠦ ᠲᠣᠪᠴᠢᠯᠠᠨ᠎ᠠ︶ ᠵᠢᠴᠢ ᠯᠠᠪᠯᠠᠯᠲᠠ ᠪᠣᠯᠭᠠᠭᠰᠠᠨ  ᠬᠡᠷᠡᠭ ᠤᠨ  ᠵᠢᠱᠢᠶ᠎ᠡ ᠶᠢ  ᠨᠡᠶᠢᠲᠡᠯᠡᠵᠦ᠂ ᠠᠷᠠᠳ ᠤᠨ ᠰᠢᠭᠦᠬᠦ ᠬᠤᠷᠢᠶ᠎ᠠ  ᠵᠠᠰᠠᠭ  ᠵᠠᠬᠢᠷᠭᠠᠨ ᠤ  ᠲᠥᠯᠥᠪᠦᠷᠢ ᠶᠢᠨ  ᠬᠡᠷᠡᠭ ᠢ  ᠲᠥᠪ  ᠭᠤᠤᠯᠴᠢ᠂  ᠴᠠᠭ  ᠲᠤᠬᠠᠶ ᠳᠤᠨᠢ ᠰᠢᠭᠦᠬᠦ ᠶᠢ ᠦᠨᠡᠨ ᠬᠦ  ᠪᠠᠲᠤᠯᠠᠵᠤ᠂  ᠵᠠᠰᠠᠭ  ᠵᠠᠬᠢᠷᠭᠠᠨ ᠤ  ᠲᠥᠯᠥᠪᠦᠷᠢ ᠶᠢᠨ  ᠮᠠᠷᠭᠤᠯᠳᠤᠭᠠᠨ ᠢ  ᠦᠨᠡᠨ  ᠬᠦ  ᠨᠠᠮᠳᠠᠭᠤᠯᠬᠤ ᠪᠤᠯᠤᠨ᠎ᠠ᠃ ᠲᠣᠰ ᠬᠠᠤᠯᠢ ᠬᠡᠷᠡᠭᠵᠢᠭᠦᠯᠬᠦ ᠲᠠᠶᠢᠯᠪᠤᠷᠢᠯᠠᠯᠲᠠ ᠶᠢ 2022 ᠣᠨ ᠤ 5 ᠰᠠᠷ᠎ᠠ ᠶᠢᠨ 1 ᠤ ᠡᠳᠦᠷ ᠠᠴᠠ  ᠡᠬᠢᠯᠡᠵᠦ ᠬᠡᠷᠡᠭᠵᠢᠭᠦᠯᠦᠨ᠎ᠡ᠃      ᠲᠡᠭᠡᠪᠡᠯ᠂ ᠶᠠᠮᠠᠷ ᠶᠠᠮᠠᠷ ᠪᠠᠶᠢᠳᠠᠯ ᠳᠤᠤᠷ᠎ᠠ  ᠪᠢᠳᠡᠨ ᠤ  ᠬᠠᠤᠯᠢ  ᠶᠣᠰᠣᠨ ᠤ  ᠡᠷᠬᠡ  ᠠᠰᠢᠭ  ᠬᠤᠬᠢᠷᠠᠯ ᠳᠤ ᠤᠴᠠᠷᠠᠭᠰᠠᠨ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠤ ᠲᠥᠯᠥᠪᠦᠷᠢ ᠶᠢᠨ ᠵᠠᠷᠭᠤ ᠬᠢᠵᠦ ᠪᠣᠯᠬᠤ ᠪᠣᠶ︖ ᠵᠠᠰᠠᠭ  ᠵᠠᠬᠢᠷᠭᠠᠨ ᠤ ᠲᠥᠯᠥᠪᠦᠷᠢ ᠶᠢᠨ ᠬᠦᠷᠢᠶ᠎ᠡ ᠬᠡᠪᠴᠢᠶ᠎ᠡ᠂ ᠬᠠᠷᠢᠭᠤᠴᠠᠯᠭ᠎ᠠ ᠪᠠ ᠪᠠᠷᠢᠮᠵᠢᠶ᠎ᠠ ᠨᠢ ᠶᠠᠭᠤ ᠪᠣᠶ︖              1 . ᠵᠠᠰᠠᠭ ᠵᠠᠬᠢᠷᠭᠠᠨ ᠤ ᠡᠷᠬᠡ ᠲᠤᠰᠢᠶᠠᠯ ᠢᠶᠠᠨ ᠬᠠᠤᠯᠢ ᠶᠢ ᠵᠥᠷᠢᠴᠡᠨ ᠬᠡᠷᠡᠭᠵᠢᠭᠦᠯᠦᠭᠡᠳ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠤᠭᠰᠠᠨ  ᠪᠠᠶᠢᠪᠠᠯ  ᠵᠠᠰᠠᠭ ᠵᠠᠬᠢᠷᠭᠠᠨ ᠤ  ᠲᠥᠯᠥᠪᠦᠷᠢ  ᠳᠤᠷᠠᠳᠴᠤ ᠪᠣᠯᠤᠨ᠎ᠠ᠃ ︽ᠵᠠᠰᠠᠭ ᠵᠠᠬᠢᠷᠭᠠᠨ ᠤ ᠲᠥᠯᠥᠪᠦᠷᠢ ᠶᠢᠨ ᠬᠠᠤᠯᠢ ᠬᠡᠷᠡᠭᠵᠢᠭᠦᠯᠬᠦ ᠲᠠᠶᠢᠯᠪᠤᠷᠢᠯᠠᠯᠲᠠ︾ ᠳᠤ  ᠤᠯᠤᠰ ᠤᠨ ᠲᠥᠯᠥᠪᠦᠷᠢ ᠶᠢᠨ  ᠬᠠᠤᠯᠢ  ᠪᠠ ᠵᠠᠰᠠᠪᠤᠷᠢ  ᠣᠷᠣᠭᠤᠯᠤᠭᠰᠠᠨ ᠤ  ᠳᠠᠷᠠᠭᠠᠬᠢ  ᠵᠠᠰᠠᠭ ᠵᠠᠬᠢᠷᠭᠠᠨ ᠤ  ᠵᠠᠷᠭᠤ ᠶᠢᠨ ᠬᠠᠤᠯᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ  ᠵᠠᠰᠠᠭ  ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ  ᠠᠵᠢᠯᠲᠠᠨ   ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠡᠷᠬᠡ ᠲᠤᠰᠢᠶᠠᠯ ᠢᠶᠠᠨ ᠬᠡᠷᠡᠭᠵᠢᠭᠦᠯᠦᠭᠰᠡᠨ ᠠᠴᠠ ᠪᠤᠯᠵᠦ᠂ ᠲᠡᠭᠦᠨ ᠤ ᠬᠥᠳᠡᠯᠮᠦᠷᠢᠯᠡᠬᠦ ᠡᠷᠬᠡ ᠵᠡᠷᠭᠡ  ᠬᠠᠤᠯᠢ  ᠶᠣᠰᠣᠨ ᠤ  ᠡᠷᠬᠡ ᠠᠰᠢᠭ ᠲᠤ ᠬᠠᠯᠳᠠᠵᠦ᠂ ᠬᠥᠮᠦᠨ ᠤ ᠪᠡᠶ᠎ᠡ ᠮᠠᠬᠠᠪᠣᠳ᠂ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ  ᠭᠡᠵᠦ  ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠲᠥᠯᠥᠪᠦᠷᠢ ᠶᠢᠨ ᠵᠠᠷᠭᠤ ᠬᠢᠵᠦ ᠪᠣᠯᠤᠨ᠎ᠠ ᠭᠡᠵᠦ ᠴᠢᠬᠤᠯᠠᠴᠢᠯᠠᠪᠠ᠃              2 . ᠬᠤᠶᠠᠷ ᠲᠥᠷᠥᠯ ᠤᠨ ᠭᠤᠤᠯ ᠪᠠᠶᠢᠳᠠᠯ ᠨᠢ  ᠵᠠᠰᠠᠭ  ᠵᠠᠬᠢᠷᠭᠠᠨ ᠤ  ᠦᠢᠯᠡ  ᠠᠵᠢᠯᠯᠠᠭ᠎ᠠ    ᠨᠢ  ᠬᠠᠤᠯᠢ ᠠᠴᠠ ᠵᠥᠷᠢᠴᠡᠭᠰᠡᠨ ᠢᠶᠠᠷ  ᠨᠤᠲᠠᠯᠠᠭᠳᠠᠭᠰᠠᠨ  ᠪᠠᠶᠢᠬᠤ᠃ ︽ᠵᠠᠰᠠᠭ ᠵᠠᠬᠢᠷᠭᠠᠨ ᠤ ᠲᠥᠯᠥᠪᠦᠷᠢ ᠶᠢᠨ   ᠬᠠᠤᠯᠢ   ᠬᠡᠷᠡᠭᠵᠢᠭᠦᠯᠬᠦ ᠲᠠᠶᠢᠯᠪᠤᠷᠢᠯᠠᠯᠲᠠ︾ ᠳᠤ ᠦᠷᠭᠦᠯᠵᠢ ᠲᠣᠬᠢᠶᠠᠯᠳᠤᠳᠠᠭ  ᠬᠤᠶᠠᠷ  ᠲᠥᠷᠥᠯ ᠤᠨ  ᠪᠣᠳᠠᠲᠠᠶ  ᠢᠯᠡᠷᠡᠬᠦ  ᠬᠡᠯᠪᠡᠷᠢ ᠶᠢ  ᠵᠢᠭᠰᠠᠭᠠᠪᠠ᠄ ᠨᠢᠭᠡ ᠳᠤ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠡᠷᠬᠡᠲᠦ ᠪᠠᠶᠢᠭᠤᠯᠭ᠎ᠠ ᠬᠠᠤᠯᠢ ᠳᠤ  ᠲᠣᠭᠲᠠᠭᠠᠭᠰᠠᠨ  ᠵᠢᠷᠤᠮ  ᠶᠣᠰᠣᠭᠠᠷ ᠬᠦᠴᠦᠨ  ᠥᠬᠡᠶ  ᠪᠣᠯᠭᠠᠭᠰᠠᠨ᠂  ᠬᠤᠪᠢᠷᠠᠭᠤᠯᠤᠭᠰᠠᠨ᠂  ᠬᠠᠤᠯᠢ ᠶᠢ  ᠵᠥᠷᠢᠴᠡᠭᠰᠡᠨ  ᠪᠤᠶᠤ  ᠬᠦᠴᠦᠨ  ᠥᠬᠡᠶ  ᠪᠣᠯᠬᠤ ᠶᠢ ᠨᠤᠲᠠᠯᠠᠭᠰᠠᠨ︔  ᠬᠤᠶᠠᠷ ᠲᠤ  ᠵᠠᠰᠠᠭ  ᠵᠠᠬᠢᠷᠭᠠᠨ ᠤ  ᠦᠢᠯᠡ  ᠠᠵᠢᠯᠯᠠᠭ᠎ᠠ ᠶᠢ   ᠬᠡᠷᠡᠭᠵᠢᠭᠦᠯᠦᠭᠰᠡᠨ   ᠵᠠᠰᠠᠭ   ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠲᠣᠰ ᠦᠢᠯᠡ ᠠᠵᠢᠯᠯᠠᠭ᠎ᠠ ᠠᠴᠠ ᠪᠣᠯᠵᠣ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠰᠢᠳᠬᠡᠯ ᠢᠶᠠᠷ ᠲᠤᠰᠢᠶᠠᠯ ᠢᠶᠠᠨ  ᠭᠤᠲᠤᠭᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠭᠡᠵᠦ ᠨᠤᠲᠠᠯᠠᠭᠳᠠᠭᠰᠠᠨ᠃              3 . ᠬᠤᠶᠠᠷ ᠵᠦᠢᠯ ᠤᠨ  ᠪᠠᠶᠢᠳᠠᠯ ᠳᠤ  ᠭᠡᠷᠡᠴᠢ  ᠳᠤᠷᠠᠳᠬᠤ  ᠬᠠᠷᠢᠭᠤᠴᠠᠯᠭ᠎ᠠ ᠶᠢ ᠲᠣᠩᠭᠤᠷᠠᠭᠤᠯᠵᠤ  ᠪᠣᠯᠤᠨ᠎ᠠ᠃ ᠳᠣᠣᠷᠠᠬᠢ ᠬᠤᠶᠠᠷ ᠵᠦᠢᠯ ᠤᠨ ᠪᠠᠶᠢᠳᠠᠯ ᠳᠤ  ᠭᠡᠷᠡᠴᠢ ᠳᠤᠷᠠᠳᠬᠤ ᠬᠠᠷᠢᠭᠤᠴᠠᠯᠭ᠎ᠠ ᠲᠣᠩᠭᠤᠷᠠᠨ᠎ᠠ᠄ ᠨᠢᠭᠡ ᠳᠤ ᠵᠠᠭᠠᠯᠳᠤᠭᠳᠠᠭᠴᠢ ᠶᠢᠨ ᠰᠢᠯᠲᠠᠭᠠᠨ ᠠᠴᠠ ᠪᠤᠯᠵᠤ ᠵᠠᠭᠠᠯᠳᠤᠭᠴᠢ ᠭᠡᠷᠡᠴᠢ ᠳᠤᠷᠠᠳᠬᠤ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠵᠠᠭᠠᠯᠳᠤᠭᠳᠠᠭᠴᠢ ᠭᠡᠷᠡᠴᠢ ᠳᠤᠷᠠᠳᠬᠤ ᠬᠠᠷᠢᠭᠤᠴᠠᠯᠭ᠎ᠠ ᠡᠭᠦᠷᠭᠡᠯᠡᠨ᠎ᠡ︔  ᠬᠤᠶᠠᠷ ᠲᠤ ᠵᠠᠭᠠᠯᠳᠤᠭᠴᠢ ᠪᠡᠶ᠎ᠡ ᠶᠢᠨ ᠡᠷᠬᠡ ᠴᠢᠯᠥᠭᠡ ᠨᠢ ᠬᠢᠵᠠᠭᠠᠷᠯᠠᠭᠳᠠᠭᠰᠠᠨ ᠬᠤᠭᠤᠴᠠᠭᠠᠨ ᠳᠤ ᠪᠡᠶ᠎ᠡ  ᠮᠠᠬᠠᠪᠣᠳ ᠤᠨ ᠭᠡᠮᠲᠦᠯ ᠳᠤ  ᠤᠴᠠᠷᠠᠭᠰᠠᠨ  ᠭᠡᠵᠦ  ᠦᠵᠡᠪᠡᠯ᠂ ᠵᠠᠭᠠᠯᠳᠤᠭᠳᠠᠭᠴᠢ ᠬᠤᠯᠪᠣᠭᠳᠠᠯ ᠪᠦᠬᠦᠢ ᠬᠤᠬᠢᠷᠠᠯ ᠤᠴᠠᠷᠠᠭᠤᠯᠤᠭᠰᠠᠨ ᠪᠣᠳᠠᠲᠤ ᠬᠡᠷᠡᠭ ᠢ ᠦᠭᠡᠶᠢᠰᠬᠡᠭᠰᠡᠨ  ᠪᠤᠶᠤ  ᠬᠤᠬᠢᠷᠠᠯ ᠨᠢ ᠬᠠᠤᠯᠢ ᠶᠢ ᠵᠥᠷᠢᠴᠡᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠲᠠᠢ ᠰᠢᠯᠲᠠᠭᠠᠨ ᠦᠷ᠎ᠡ ᠳ᠋ᠥᠩ ᠤᠨ ᠬᠠᠷᠢᠴᠠᠭ᠎ᠠ ᠲᠠᠢ ᠪᠠᠶᠢᠪᠠᠯ᠂ ᠵᠠᠭᠠᠯᠳᠤᠭᠳᠠᠭᠴᠢ ᠵᠣᠬᠢᠴᠠᠩᠭᠤᠢ ᠭᠡᠷᠡᠴᠢ ᠪᠠᠷᠢᠮᠲᠠ ᠬᠠᠩᠭᠠᠵᠤ ᠭᠡᠷᠡᠴᠢᠯᠡᠬᠦ ᠬᠡᠷᠡᠭᠲᠡᠢ᠃              4 . ᠤᠯᠤᠰ ᠤᠨ ᠲᠥᠯᠥᠪᠦᠷᠢ ᠶᠢᠨ ᠬᠠᠤᠯᠢ ᠳᠠᠬᠢ  ︽ᠰᠢᠭᠤᠳ ᠬᠤᠬᠢᠷᠠᠯ︾ ᠤᠨ ᠬᠦᠷᠢᠶ᠎ᠡ  ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠨ᠎ᠠ᠃ ︽ᠵᠠᠰᠠᠭ ᠵᠠᠬᠢᠷᠭᠠᠨ ᠤ ᠲᠥᠯᠥᠪᠦᠷᠢ ᠶᠢᠨ ᠬᠠᠤᠯᠢ ᠬᠡᠷᠡᠭᠵᠢᠭᠦᠯᠬᠦ ᠲᠠᠶᠢᠯᠪᠤᠷᠢᠯᠠᠯᠲᠠ ︾ ᠳᠤ  ᠲᠣᠳᠣᠷᠬᠠᠶ ᠲᠣᠭᠲᠠᠭᠠᠭᠰᠠᠨ ᠨᠢ᠂ ᠬᠠᠳᠠᠭᠠᠯᠠᠮᠵᠢ ᠶᠢᠨ ᠬᠦᠦ ᠮᠥᠩᠭᠦ᠂ ᠵᠢᠭᠡᠯᠡᠯᠭᠡ ᠶᠢᠨ ᠬᠦᠦ ᠮᠥᠩᠭᠦ᠂ ᠪᠡᠯᠡᠨ ᠵᠣᠭᠤᠰ ᠤᠨ ᠬᠦᠦ ᠮᠥᠩᠭᠦ᠂ ᠮᠠᠰᠢᠨᠲᠤ ᠲᠡᠷᠭᠡᠨ ᠤ ᠲᠡᠭᠡᠭᠡᠪᠦᠷᠢ ᠵᠣᠭᠰᠣᠭᠰᠠᠨ ᠬᠤᠭᠤᠴᠠᠭᠠᠨ ᠳᠠᠬᠢ ᠡᠵᠡᠩᠨᠡᠯᠲᠡ ᠶᠢᠨ  ᠬᠤᠬᠢᠷᠠᠯ  ᠵᠢᠴᠢ  ᠵᠠᠰᠠᠭ  ᠵᠠᠬᠢᠷᠭᠠᠨ ᠤ ᠨᠥᠬᠦᠪᠥᠷᠢ ᠶᠢᠨ ᠵᠢᠷᠤᠮ ᠢᠶᠠᠷ ᠳᠠᠮᠵᠢᠭᠤᠯᠤᠨ ᠬᠠᠤᠯᠢ ᠶᠣᠰᠣᠭᠠᠷ ᠤᠯᠬᠤ  ᠶᠣᠰᠣᠲᠠᠶ  ᠱᠠᠩᠨᠠᠯ᠂  ᠨᠥᠬᠦᠪᠥᠷᠢ  ᠵᠡᠷᠭᠡ ᠨᠢ  ᠴᠥᠮ ᠰᠢᠭᠤᠳ ᠬᠤᠬᠢᠷᠠᠯ ᠳᠤ ᠬᠠᠷᠢᠶᠠᠯᠠᠭᠳᠠᠨ᠎ᠠ᠂ ᠡᠭᠦᠨ ᠤ ᠬᠠᠮᠲᠤ ᠰᠠᠭᠤᠷᠢ ᠠᠴᠠ ᠨᠢ ᠪᠠᠲᠤᠯᠠᠬᠤ ᠵᠥᠢᠯ ᠵᠤᠷᠪᠤᠰ ᠲᠤ  ᠡᠳ᠋ ᠬᠥᠷᠥᠩᠭᠡ ᠳᠤ ᠤᠴᠠᠷᠠᠭᠤᠯᠤᠭᠰᠠᠨ ᠪᠤᠰᠤᠳ ᠪᠣᠳᠠᠲᠠᠶ ᠬᠤᠬᠢᠷᠠᠯ ᠨᠢ ᠰᠢᠭᠤᠳ ᠬᠤᠬᠢᠷᠠᠯ ᠳᠤ ᠬᠠᠷᠢᠶᠠᠯᠠᠭᠳᠠᠨ᠎ᠠ᠃              5. ᠡᠳ᠋ ᠬᠥᠷᠥᠩᠭᠡ  ᠶᠢᠨ  ᠬᠤᠬᠢᠷᠠᠯ  ᠤᠨ  ᠲᠥᠯᠥᠪᠦᠷᠢ ᠶᠢᠨ  ᠪᠠᠷᠢᠮᠵᠢᠶ᠎ᠠ ᠶᠢ ᠲᠤᠲᠤᠷᠬᠠᠶᠢᠯᠠᠪᠠ᠃    ︽ᠵᠠᠰᠠᠭ ᠵᠠᠬᠢᠷᠭᠠᠨ ᠤ ᠲᠥᠯᠥᠪᠦᠷᠢ ᠶᠢᠨ ᠬᠠᠤᠯᠢ ᠬᠡᠷᠡᠭᠵᠢᠭᠦᠯᠬᠦ  ᠲᠠᠶᠢᠯᠪᠤᠷᠢᠯᠠᠯᠲᠠ︾ ᠳᠤ᠂ ᠲᠥᠯᠥᠪᠦᠷᠢ ᠮᠥᠩᠭᠦ ᠶᠢ  ᠬᠤᠬᠢᠷᠠᠯ  ᠡᠭᠦᠰᠬᠦ ᠦᠶ᠎ᠡ ᠶᠢᠨ ᠵᠠᠬ᠎ᠠ ᠳᠡᠯᠭᠡᠭᠦᠷ ᠤᠨ  ᠦᠨ᠎ᠡ  ᠬᠠᠩᠰᠢ ᠪᠠᠷ  ᠬᠤᠬᠢᠷᠠᠯ ᠢ  ᠪᠤᠳᠤᠨ᠎ᠠ᠃  ᠵᠠᠬ᠎ᠠ ᠳᠡᠯᠭᠡᠭᠦᠷ ᠤᠨ ᠦᠨ᠎ᠡ ᠶᠢ ᠲᠣᠭᠲᠠᠭᠠᠬᠤ ᠶᠢᠨ ᠠᠷᠭ᠎ᠠ ᠤᠢᠭᠡᠢ᠂ ᠡᠰᠡᠬᠦᠯ᠎ᠡ ᠲᠤᠰ ᠦᠨ᠎ᠡ ᠨᠢ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠤᠬᠢᠷᠠᠯ ᠢ ᠨᠥᠬᠦᠪᠥᠷᠢᠯᠡᠵᠦ ᠳᠡᠶᠢᠯᠬᠦ ᠤᠢᠭᠡᠢ ᠪᠠᠶᠢᠪᠠᠯ᠂ ᠪᠤᠰᠤᠳ ᠵᠦᠢ  ᠵᠣᠬᠢᠰᠲᠠᠢ ᠠᠷᠭ᠎ᠠ ᠮᠠᠶ᠋ᠢᠭ ᠢᠶᠠᠷ ᠪᠤᠳᠦᠵᠦ ᠪᠣᠯᠤᠨ᠎ᠠ᠃            6. ᠬᠠᠤᠯᠢ ᠶᠢ ᠵᠥᠷᠢᠴᠡᠵᠦ  ᠲᠠᠲᠠᠪᠤᠷᠢᠯᠠᠨ  ᠬᠡᠷᠡᠭᠯᠡᠭᠰᠡᠨ  ᠭᠠᠵᠠᠷ  ᠰᠢᠷᠣᠢ ᠨᠢ  ᠲᠠᠲᠠᠪᠤᠷᠢᠯᠠᠭᠳᠠᠭᠰᠠᠨ  ᠬᠥᠮᠦᠨ ᠤ ᠲᠥᠪᠬᠢᠨᠡᠭᠦᠯᠬᠦ ᠨᠥᠬᠦᠪᠥᠷᠢ ᠤᠯᠬᠤ ᠶᠣᠰᠣᠲᠠᠢ ᠡᠷᠬᠡ ᠠᠰᠢᠭ ᠠᠴᠠ ᠪᠠᠭ᠎ᠠ ᠪᠠᠶᠢᠵᠤ ᠪᠣᠯᠬᠤ ᠦᠭᠡᠢ᠃  ︽ᠵᠠᠰᠠᠭ ᠵᠠᠬᠢᠷᠭᠠᠨ ᠤ ᠲᠥᠯᠥᠪᠦᠷᠢ ᠶᠢᠨ ᠬᠠᠤᠯᠢ ᠬᠡᠷᠡᠭᠵᠢᠭᠦᠯᠬᠦ ᠲᠠᠶᠢᠯᠪᠤᠷᠢᠯᠠᠯᠲᠠ︾ ᠳᠤ᠂ ᠠᠷᠠᠳ ᠤᠨ ᠰᠢᠭᠦᠬᠦ  ᠬᠤᠷᠢᠶ᠎ᠠ ᠠᠴᠠ ᠲᠠᠲᠠᠪᠤᠷᠢᠯᠠᠭᠳᠠᠭᠰᠠᠨ ᠬᠥᠮᠦᠨ ᠳᠤ ᠵᠠᠰᠠᠭ ᠵᠠᠬᠢᠷᠭᠠᠨ ᠤ ᠲᠥᠯᠥᠪᠦᠷᠢ ᠥᠭᠬᠦ ᠪᠠᠷ ᠲᠠᠰᠤᠯᠬᠤ ᠳᠠᠭᠠᠨ᠂ ᠲᠠᠲᠠᠪᠤᠷᠢᠯᠠᠭᠳᠠᠭᠰᠠᠨ ᠬᠥᠮᠦᠨ ᠤ ᠬᠠᠤᠯᠢ ᠶᠣᠰᠣᠭᠠᠷ ᠤᠯᠬᠤ ᠶᠣᠰᠣᠲᠠᠶ ᠲᠥᠪᠬᠢᠨᠡᠭᠦᠯᠬᠦ ᠨᠥᠬᠦᠪᠥᠷᠢ ᠶᠢᠨ ᠡᠷᠬᠡ ᠠᠰᠢᠭ ᠠᠴᠠ ᠪᠠᠭ᠎ᠠ ᠪᠠᠶᠢᠯᠭᠠᠵᠤ ᠪᠣᠯᠬᠤ ᠥᠬᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号