ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠦᠷᠨᠢᠭᠦᠯᠦᠨ᠎ᠠ
ᠨᠡᠶᠢᠲᠡᠯᠡᠭᠰᠡᠨ ᠴᠠᠭ᠄
2022/4/26
     ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠬᠤᠷᠠᠯ ᠢ ᠣᠶᠢᠷ᠎ᠠ ᠳᠤ ᠬᠤᠷᠠᠯᠳᠣᠭᠤᠯᠵᠣ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠵᠣᠷᠢᠭ ᠰᠠᠨᠠᠭ᠎ᠠ ᠶᠢ ᠪᠠᠬᠢᠵᠢᠭᠦᠯᠵᠦ᠂ ᠤᠯᠤᠰ ᠲᠥᠷᠥ ᠶᠢᠨ ᠵᠣᠭᠰᠣᠯᠲᠠ ᠪᠠᠨ ᠳᠡᠭᠡᠭᠰᠢᠯᠡᠭᠦᠯᠵᠦ᠂ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠳᠠᠷᠤᠶᠢᠬᠠᠨ ᠵᠣᠬᠢᠶᠠᠨ ᠪᠠᠶᠢᠭᠤᠯᠤᠨ ᠥᠷᠨᠢᠭᠦᠯᠵᠦ᠂ ᠡᠮᠡᠭᠲᠡᠶᠢᠴᠦᠳ ᠬᠡᠦᠬᠡᠳ ᠪᠠᠭᠠᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠤᠯᠤᠰ ᠲᠥᠷᠥ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠲᠠᠶᠢᠪᠤᠩ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠳᠠ ᠎ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠱᠠᠭᠠᠷᠳᠠᠬᠤ ᠳᠠᠭᠠᠨ᠂ ᠣᠳᠣᠬᠠᠨ ᠤ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠶᠢᠨ ᠰᠢᠨ᠎ᠡ ᠪᠠᠶᠢᠳᠠᠯ ᠰᠢᠨ᠎ᠡ ᠣᠨᠴᠠᠯᠢᠭ ᠢ ᠭᠦᠢᠴᠡᠳ ᠲᠠᠨᠢᠵᠤ᠂ ᠴᠢᠩᠭ᠎ᠠ ᠬᠦᠴᠦᠲᠡᠢ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠥᠨᠥ ᠵᠢᠯ ᠤᠨ ᠭᠤᠣᠯ ᠡᠭᠦᠷᠭᠡ ᠪᠠᠨ ᠪᠣᠯᠭᠠᠵᠤ᠂ ᠡᠶᠢᠮᠦ ᠶᠠᠯᠠᠲᠤ ᠠᠵᠢᠯᠯᠠᠭ᠎ᠠ ᠶᠢ ᠲᠦᠷᠭᠡᠨ ᠮᠥᠷᠳᠡᠨ ᠢᠯᠡᠷᠡᠭᠦᠯᠵᠦ᠂ ᠨᠢᠭᠡ ᠪᠦᠯᠦᠭ ᠶᠠᠯᠠᠲᠤ ᠡᠲᠡᠭᠡᠳ ᠢ ᠴᠢᠩᠭ᠎ᠠ ᠵᠠᠯᠬᠠᠭᠠᠨ ᠰᠢᠢᠳᠬᠡᠵᠦ᠂ ᠬᠤᠳᠠᠯᠳᠤᠭᠳᠠᠭᠰᠠᠨ ᠨᠢᠭᠡ ᠪᠦᠯᠦᠭ ᠡᠮᠡᠭᠲᠡᠶᠢᠴᠦᠳ ᠬᠡᠦᠬᠡᠳ ᠪᠠᠭᠠᠴᠤᠳ ᠢ ᠠᠪᠤᠷᠠᠵᠤ᠂ ᠡᠶᠢᠮᠦ ᠶᠠᠯᠠᠲᠤ ᠬᠡᠷᠡᠭ ᠦᠢᠯᠡᠳᠬᠦ  ᠎ ᠶᠢ ᠡᠷᠡᠰ ᠠᠷᠢᠯᠭᠠᠵᠤ᠂ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ᠂ ᠠᠪᠤᠷᠠᠨ ᠲᠤᠰᠠᠯᠠᠬᠤ᠂ ᠲᠥᠪᠬᠢᠨᠡᠭᠦᠯᠬᠦ ᠶᠢ ᠨᠢᠭᠡ ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠭᠦ ᠬᠡᠷᠡᠭᠲᠡᠢ ᠭᠡᠵᠡᠢ᠃      ᠨᠢᠭᠡ ᠪᠦᠯᠦᠭ ᠰᠦᠪᠡᠭᠴᠢ ᠶᠢ ᠬᠦᠴᠦ ᠪᠠᠨ ᠲᠥᠪᠯᠡᠷᠡᠭᠦᠯᠦᠨ ᠪᠠᠶᠢᠴᠠᠭᠠᠵᠤ᠂ ᠢᠯᠠᠩᠭᠤᠶ᠎ᠠ ᠢᠷᠠᠯ ᠭᠠᠷᠤᠯ ᠨᠢ ᠲᠣᠳᠣᠷᠬᠠᠢ ᠦᠭᠡᠢ ᠲᠡᠨᠦᠭᠦᠯᠴᠢᠨ᠂ ᠭᠤᠶᠢᠷᠠᠨᠴᠢ᠂ ᠮᠡᠳᠡᠷᠡᠯ ᠤᠨ ᠡᠪᠡᠳᠴᠢᠨ ᠲᠠᠢ᠂ ᠳᠦᠯᠡᠢ ᠶᠠᠪᠠ ᠵᠡᠷᠭᠡ ᠡᠮᠡᠭᠲᠡᠶᠢᠴᠦᠳ ᠬᠡᠦᠬᠡᠳ ᠪᠠᠭᠠᠴᠤᠳ ᠢ ᠪᠦᠬᠦ ᠲᠠᠯ᠎ᠠ ᠪᠠᠷ ᠪᠠᠶᠢᠴᠠᠭᠠᠵᠤ ᠬᠠᠮᠢᠶᠠᠲᠠᠢ ᠪᠠᠶᠢᠳᠠᠯ ᠢ ᠨᠢ ᠲᠣᠳᠣᠯᠠᠬᠤ ᠬᠡᠷᠡᠭᠲᠡᠢ᠃ ︽ᠠᠷᠠᠳ ᠤᠨ ᠴᠠᠭᠳᠠᠭ᠎ᠠ ᠠᠶᠢᠯ ᠡᠷᠦᠬᠡ ᠪᠠᠷ ᠬᠦᠨᠵᠡᠭᠡᠶᠢᠷᠡᠨ ᠤᠶᠢᠯᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ᠂ ᠵᠡᠭᠡᠯᠢ ᠭᠤᠳᠤᠮᠵᠢ ᠪᠣᠯᠣᠨ ᠲᠣᠰᠬᠤᠨ ᠤ ᠠᠵᠢᠯᠲᠠᠳ ᠲᠠᠢ ᠬᠠᠮᠲᠤ ᠠᠶᠢᠯ ᠡᠷᠦᠬᠡ ᠪᠠᠷ ᠭᠦᠨᠵᠡᠭᠡᠶᠢᠷᠡᠵᠦ᠂ ᠠᠰᠠᠷᠠᠮᠵᠢ ᠶᠢᠨ ᠬᠦᠷᠢᠶᠡᠯᠡᠩ᠂ ᠠᠪᠤᠷᠠᠨ ᠲᠤᠰᠠᠯᠠᠬᠤ ᠪᠠᠶᠢᠭᠤᠯᠤᠮᠵᠢ ᠵᠡᠷᠭᠡ ᠎ ᠪᠠᠷ ᠰᠤᠷᠪᠤᠯᠵᠢᠯᠠᠵᠤ᠂ ᠡᠮᠡᠭᠲᠡᠶᠢᠴᠦᠳ ᠬᠡᠦᠬᠡᠳ ᠪᠠᠭᠠᠴᠤᠳ ᠤᠨ ᠡᠷᠬᠡ ᠠᠰᠢᠭ ᠢ ᠬᠤᠬᠢᠷᠠᠭᠤᠯᠤᠭᠰᠠᠨ ᠰᠦᠪᠡᠭᠴᠢ ᠎ ᠶᠢ ᠪᠠᠶᠢᠴᠠᠭᠠᠨ ᠲᠣᠳᠣᠯᠠᠵᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠰᠠᠷᠠᠮᠵᠢ ᠬᠦᠷᠲᠡᠭᠡᠵᠦ ᠠᠪᠤᠷᠠᠨ ᠲᠤᠰᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ᠂ ᠪᠣᠯᠭᠤᠭᠠᠨ ᠲᠣᠬᠤᠨᠢᠭᠤᠯᠬᠤ ᠵᠡᠷᠭᠡ ᠠᠵᠢᠯ ᠤᠨ ᠳᠤᠮᠳᠠ ᠪᠠᠨ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠢ ᠳᠤᠨᠢ ᠢᠯᠡᠷᠡᠭᠦᠯᠬᠦ ᠬᠡᠷᠡᠭᠲᠡᠢ᠃ ᠢᠯᠡᠴᠢᠯᠡᠨ ᠮᠡᠳᠡᠭᠦᠯᠬᠦ ᠲᠣᠭᠲᠠᠴᠠ ᠎ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠬᠤ ᠬᠡᠷᠡᠭᠲᠡᠢ᠃ ᠬᠤᠳᠠᠯᠳᠤᠭᠳᠠᠭᠰᠠᠨ ᠪᠠᠶᠢᠵᠦ ᠮᠡᠳᠡᠬᠦ ᠬᠥᠮᠥᠰ ᠪᠣᠯᠣᠨ ᠡᠷᠢᠵᠦ ᠬᠠᠶᠢᠵᠤ ᠪᠠᠶᠢᠭ᠎ᠠ ᠭᠡᠷ ᠪᠦᠯᠢ ᠶᠢᠨ ᠬᠥᠮᠥᠰ ᠤᠨ ᠴᠢᠮᠡᠭᠡ ᠵᠠᠩᠭᠢ ᠶᠢ ᠲᠡᠷᠡ ᠳᠣᠣᠷ᠎ᠠ ᠨᠢ ᠴᠤᠭᠯᠠᠭᠤᠯᠵᠤ᠂ ᠰᠤᠳᠤᠯᠤᠨ ᠮᠠᠭᠠᠳᠯᠠᠵᠤ᠂ ᠲᠤᠰᠬᠠᠢ ᠠᠵᠢᠯᠯᠠᠭ᠎ᠠ ᠳᠤ ᠬᠦᠴᠦᠲᠡᠢ ᠲᠦᠰᠢᠭ ᠬᠠᠩᠭᠠᠬᠤ ᠬᠡᠷᠡᠭᠲᠡᠢ ᠭᠡᠵᠦ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠱᠠᠭᠠᠷᠳᠠᠭᠰᠠᠨ ᠪᠠᠶᠢᠨ᠎ᠠ᠃      ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠱᠠᠭᠠᠷᠳᠠᠬᠤ ᠳᠠᠭᠠᠨ᠂ ᠵᠣᠬᠢᠶᠠᠨ ᠪᠠᠶᠢᠭᠤᠯᠵᠤ ᠤᠳᠤᠷᠢᠳᠬᠤ ᠎ ᠪᠠᠨ ᠴᠢᠩᠭᠠᠳᠬᠠᠵᠤ᠂ ᠬᠠᠮᠵᠢᠯᠴᠠᠵᠤ ᠵᠣᠬᠢᠴᠠᠭᠤᠯᠬᠤ ᠪᠠᠨ ᠡᠷᠴᠢᠮᠵᠢᠭᠦᠯᠵᠦ᠂ ᠲᠤᠰᠬᠠᠢ ᠠᠵᠢᠯᠯᠠᠭ᠎ᠠ ᠶᠢᠨ ᠪᠣᠳᠠᠲᠤ ᠦᠷ᠎ᠡ ᠠᠰᠢᠭ ᠣᠯᠬᠤ ᠶᠢ ᠪᠠᠲᠤᠯᠠᠬᠤ ᠬᠡᠷᠡᠭᠲᠡᠢ᠃ ᠶᠡᠷᠦᠩᠬᠡᠶᠢᠯᠡᠨ ᠵᠠᠰᠠᠨ ᠴᠡᠭᠴᠡᠯᠡᠬᠦ᠂ ᠡᠬᠢ ᠦᠨᠳᠦᠰᠦᠨ ᠠᠴᠠ ᠨᠢ ᠵᠠᠰᠠᠨ ᠴᠡᠭᠴᠡᠯᠡᠬᠦ ᠶᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠭᠠᠷᠬᠤ ᠶᠢ ᠠᠯᠢ ᠴᠢᠳᠠᠬᠤ ᠪᠠᠷ ᠠᠷᠢᠯᠭᠠᠬᠤ ᠬᠡᠷᠡᠭᠲᠡᠢ᠃ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠠᠶᠢᠯ ᠡᠷᠦᠬᠡ ᠳᠤ ᠬᠦᠷᠲᠡᠯ᠎ᠡ ᠰᠤᠷᠲᠠᠯᠴᠢᠯᠠᠨ ᠤᠬᠠᠭᠤᠯᠵᠤ᠂ ᠪᠦᠬᠦ ᠠᠷᠠᠳ ᠤᠨ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠶᠢ ᠡᠰᠡᠷᠭᠦᠴᠡᠬᠦ ᠤᠬᠠᠮᠰᠠᠷ ᠢ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号