ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠦᠷᠨᠢᠭᠦᠯᠦᠨ᠎ᠠ
ᠨᠡᠶᠢᠲᠡᠯᠡᠭᠰᠡᠨ ᠴᠠᠭ᠄
2022/4/26
     ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠬᠤᠷᠠᠯ ᠢ ᠣᠶᠢᠷ᠎ᠠ ᠳᠤ ᠬᠤᠷᠠᠯᠳᠣᠭᠤᠯᠵᠣ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠵᠣᠷᠢᠭ ᠰᠠᠨᠠᠭ᠎ᠠ ᠶᠢ ᠪᠠᠬᠢᠵᠢᠭᠦᠯᠵᠦ᠂ ᠤᠯᠤᠰ ᠲᠥᠷᠥ ᠶᠢᠨ ᠵᠣᠭᠰᠣᠯᠲᠠ ᠪᠠᠨ ᠳᠡᠭᠡᠭᠰᠢᠯᠡᠭᠦᠯᠵᠦ᠂ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠳᠠᠷᠤᠶᠢᠬᠠᠨ ᠵᠣᠬᠢᠶᠠᠨ ᠪᠠᠶᠢᠭᠤᠯᠤᠨ ᠥᠷᠨᠢᠭᠦᠯᠵᠦ᠂ ᠡᠮᠡᠭᠲᠡᠶᠢᠴᠦᠳ ᠬᠡᠦᠬᠡᠳ ᠪᠠᠭᠠᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠤᠯᠤᠰ ᠲᠥᠷᠥ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠲᠠᠶᠢᠪᠤᠩ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠳᠠ  ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠱᠠᠭᠠᠷᠳᠠᠬᠤ ᠳᠠᠭᠠᠨ᠂ ᠣᠳᠣᠬᠠᠨ ᠤ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠶᠢᠨ ᠰᠢᠨ᠎ᠡ ᠪᠠᠶᠢᠳᠠᠯ ᠰᠢᠨ᠎ᠡ ᠣᠨᠴᠠᠯᠢᠭ ᠢ ᠭᠦᠢᠴᠡᠳ ᠲᠠᠨᠢᠵᠤ᠂ ᠴᠢᠩᠭ᠎ᠠ ᠬᠦᠴᠦᠲᠡᠢ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠥᠨᠥ ᠵᠢᠯ ᠤᠨ ᠭᠤᠣᠯ ᠡᠭᠦᠷᠭᠡ ᠪᠠᠨ ᠪᠣᠯᠭᠠᠵᠤ᠂ ᠡᠶᠢᠮᠦ ᠶᠠᠯᠠᠲᠤ ᠠᠵᠢᠯᠯᠠᠭ᠎ᠠ ᠶᠢ ᠲᠦᠷᠭᠡᠨ ᠮᠥᠷᠳᠡᠨ ᠢᠯᠡᠷᠡᠭᠦᠯᠵᠦ᠂ ᠨᠢᠭᠡ ᠪᠦᠯᠦᠭ ᠶᠠᠯᠠᠲᠤ ᠡᠲᠡᠭᠡᠳ ᠢ ᠴᠢᠩᠭ᠎ᠠ ᠵᠠᠯᠬᠠᠭᠠᠨ ᠰᠢᠢᠳᠬᠡᠵᠦ᠂ ᠬᠤᠳᠠᠯᠳᠤᠭᠳᠠᠭᠰᠠᠨ ᠨᠢᠭᠡ ᠪᠦᠯᠦᠭ ᠡᠮᠡᠭᠲᠡᠶᠢᠴᠦᠳ ᠬᠡᠦᠬᠡᠳ ᠪᠠᠭᠠᠴᠤᠳ ᠢ ᠠᠪᠤᠷᠠᠵᠤ᠂ ᠡᠶᠢᠮᠦ ᠶᠠᠯᠠᠲᠤ ᠬᠡᠷᠡᠭ ᠦᠢᠯᠡᠳᠬᠦ   ᠶᠢ ᠡᠷᠡᠰ ᠠᠷᠢᠯᠭᠠᠵᠤ᠂ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ᠂ ᠠᠪᠤᠷᠠᠨ ᠲᠤᠰᠠᠯᠠᠬᠤ᠂ ᠲᠥᠪᠬᠢᠨᠡᠭᠦᠯᠬᠦ ᠶᠢ ᠨᠢᠭᠡ ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠭᠦ ᠬᠡᠷᠡᠭᠲᠡᠢ ᠭᠡᠵᠡᠢ᠃      ᠨᠢᠭᠡ ᠪᠦᠯᠦᠭ ᠰᠦᠪᠡᠭᠴᠢ ᠶᠢ ᠬᠦᠴᠦ ᠪᠠᠨ ᠲᠥᠪᠯᠡᠷᠡᠭᠦᠯᠦᠨ ᠪᠠᠶᠢᠴᠠᠭᠠᠵᠤ᠂ ᠢᠯᠠᠩᠭᠤᠶ᠎ᠠ ᠢᠷᠠᠯ ᠭᠠᠷᠤᠯ ᠨᠢ ᠲᠣᠳᠣᠷᠬᠠᠢ ᠦᠭᠡᠢ ᠲᠡᠨᠦᠭᠦᠯᠴᠢᠨ᠂ ᠭᠤᠶᠢᠷᠠᠨᠴᠢ᠂ ᠮᠡᠳᠡᠷᠡᠯ ᠤᠨ ᠡᠪᠡᠳᠴᠢᠨ ᠲᠠᠢ᠂ ᠳᠦᠯᠡᠢ ᠶᠠᠪᠠ ᠵᠡᠷᠭᠡ ᠡᠮᠡᠭᠲᠡᠶᠢᠴᠦᠳ ᠬᠡᠦᠬᠡᠳ ᠪᠠᠭᠠᠴᠤᠳ ᠢ ᠪᠦᠬᠦ ᠲᠠᠯ᠎ᠠ ᠪᠠᠷ ᠪᠠᠶᠢᠴᠠᠭᠠᠵᠤ ᠬᠠᠮᠢᠶᠠᠲᠠᠢ ᠪᠠᠶᠢᠳᠠᠯ ᠢ ᠨᠢ ᠲᠣᠳᠣᠯᠠᠬᠤ ᠬᠡᠷᠡᠭᠲᠡᠢ᠃ ︽ᠠᠷᠠᠳ ᠤᠨ ᠴᠠᠭᠳᠠᠭ᠎ᠠ ᠠᠶᠢᠯ ᠡᠷᠦᠬᠡ ᠪᠠᠷ ᠬᠦᠨᠵᠡᠭᠡᠶᠢᠷᠡᠨ ᠤᠶᠢᠯᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ᠂ ᠵᠡᠭᠡᠯᠢ ᠭᠤᠳᠤᠮᠵᠢ ᠪᠣᠯᠣᠨ ᠲᠣᠰᠬᠤᠨ ᠤ ᠠᠵᠢᠯᠲᠠᠳ ᠲᠠᠢ ᠬᠠᠮᠲᠤ ᠠᠶᠢᠯ ᠡᠷᠦᠬᠡ ᠪᠠᠷ ᠭᠦᠨᠵᠡᠭᠡᠶᠢᠷᠡᠵᠦ᠂ ᠠᠰᠠᠷᠠᠮᠵᠢ ᠶᠢᠨ ᠬᠦᠷᠢᠶᠡᠯᠡᠩ᠂ ᠠᠪᠤᠷᠠᠨ ᠲᠤᠰᠠᠯᠠᠬᠤ ᠪᠠᠶᠢᠭᠤᠯᠤᠮᠵᠢ ᠵᠡᠷᠭᠡ  ᠪᠠᠷ ᠰᠤᠷᠪᠤᠯᠵᠢᠯᠠᠵᠤ᠂ ᠡᠮᠡᠭᠲᠡᠶᠢᠴᠦᠳ ᠬᠡᠦᠬᠡᠳ ᠪᠠᠭᠠᠴᠤᠳ ᠤᠨ ᠡᠷᠬᠡ ᠠᠰᠢᠭ ᠢ ᠬᠤᠬᠢᠷᠠᠭᠤᠯᠤᠭᠰᠠᠨ ᠰᠦᠪᠡᠭᠴᠢ  ᠶᠢ ᠪᠠᠶᠢᠴᠠᠭᠠᠨ ᠲᠣᠳᠣᠯᠠᠵᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠰᠠᠷᠠᠮᠵᠢ ᠬᠦᠷᠲᠡᠭᠡᠵᠦ ᠠᠪᠤᠷᠠᠨ ᠲᠤᠰᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ᠂ ᠪᠣᠯᠭᠤᠭᠠᠨ ᠲᠣᠬᠤᠨᠢᠭᠤᠯᠬᠤ ᠵᠡᠷᠭᠡ ᠠᠵᠢᠯ ᠤᠨ ᠳᠤᠮᠳᠠ ᠪᠠᠨ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠢ ᠳᠤᠨᠢ ᠢᠯᠡᠷᠡᠭᠦᠯᠬᠦ ᠬᠡᠷᠡᠭᠲᠡᠢ᠃ ᠢᠯᠡᠴᠢᠯᠡᠨ ᠮᠡᠳᠡᠭᠦᠯᠬᠦ ᠲᠣᠭᠲᠠᠴᠠ  ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠬᠤ ᠬᠡᠷᠡᠭᠲᠡᠢ᠃ ᠬᠤᠳᠠᠯᠳᠤᠭᠳᠠᠭᠰᠠᠨ ᠪᠠᠶᠢᠵᠦ ᠮᠡᠳᠡᠬᠦ ᠬᠥᠮᠥᠰ ᠪᠣᠯᠣᠨ ᠡᠷᠢᠵᠦ ᠬᠠᠶᠢᠵᠤ ᠪᠠᠶᠢᠭ᠎ᠠ ᠭᠡᠷ ᠪᠦᠯᠢ ᠶᠢᠨ ᠬᠥᠮᠥᠰ ᠤᠨ ᠴᠢᠮᠡᠭᠡ ᠵᠠᠩᠭᠢ ᠶᠢ ᠲᠡᠷᠡ ᠳᠣᠣᠷ᠎ᠠ ᠨᠢ ᠴᠤᠭᠯᠠᠭᠤᠯᠵᠤ᠂ ᠰᠤᠳᠤᠯᠤᠨ ᠮᠠᠭᠠᠳᠯᠠᠵᠤ᠂ ᠲᠤᠰᠬᠠᠢ ᠠᠵᠢᠯᠯᠠᠭ᠎ᠠ ᠳᠤ ᠬᠦᠴᠦᠲᠡᠢ ᠲᠦᠰᠢᠭ ᠬᠠᠩᠭᠠᠬᠤ ᠬᠡᠷᠡᠭᠲᠡᠢ ᠭᠡᠵᠦ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠱᠠᠭᠠᠷᠳᠠᠭᠰᠠᠨ ᠪᠠᠶᠢᠨ᠎ᠠ᠃      ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠱᠠᠭᠠᠷᠳᠠᠬᠤ ᠳᠠᠭᠠᠨ᠂ ᠵᠣᠬᠢᠶᠠᠨ ᠪᠠᠶᠢᠭᠤᠯᠵᠤ ᠤᠳᠤᠷᠢᠳᠬᠤ  ᠪᠠᠨ ᠴᠢᠩᠭᠠᠳᠬᠠᠵᠤ᠂ ᠬᠠᠮᠵᠢᠯᠴᠠᠵᠤ ᠵᠣᠬᠢᠴᠠᠭᠤᠯᠬᠤ ᠪᠠᠨ ᠡᠷᠴᠢᠮᠵᠢᠭᠦᠯᠵᠦ᠂ ᠲᠤᠰᠬᠠᠢ ᠠᠵᠢᠯᠯᠠᠭ᠎ᠠ ᠶᠢᠨ ᠪᠣᠳᠠᠲᠤ ᠦᠷ᠎ᠡ ᠠᠰᠢᠭ ᠣᠯᠬᠤ ᠶᠢ ᠪᠠᠲᠤᠯᠠᠬᠤ ᠬᠡᠷᠡᠭᠲᠡᠢ᠃ ᠶᠡᠷᠦᠩᠬᠡᠶᠢᠯᠡᠨ ᠵᠠᠰᠠᠨ ᠴᠡᠭᠴᠡᠯᠡᠬᠦ᠂ ᠡᠬᠢ ᠦᠨᠳᠦᠰᠦᠨ ᠠᠴᠠ ᠨᠢ ᠵᠠᠰᠠᠨ ᠴᠡᠭᠴᠡᠯᠡᠬᠦ ᠶᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠭᠠᠷᠬᠤ ᠶᠢ ᠠᠯᠢ ᠴᠢᠳᠠᠬᠤ ᠪᠠᠷ ᠠᠷᠢᠯᠭᠠᠬᠤ ᠬᠡᠷᠡᠭᠲᠡᠢ᠃ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠠᠶᠢᠯ ᠡᠷᠦᠬᠡ ᠳᠤ ᠬᠦᠷᠲᠡᠯ᠎ᠡ ᠰᠤᠷᠲᠠᠯᠴᠢᠯᠠᠨ ᠤᠬᠠᠭᠤᠯᠵᠤ᠂ ᠪᠦᠬᠦ ᠠᠷᠠᠳ ᠤᠨ ᠡᠮᠡᠭᠲᠡᠶᠢᠴᠦᠳ ᠬᠡᠦᠬᠡᠳ ᠪᠠᠭᠠᠴᠤᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠶᠢ ᠡᠰᠡᠷᠭᠦᠴᠡᠬᠦ ᠤᠬᠠᠮᠰᠠᠷ ᠢ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号