︽ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠥᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠳᠠᠷᠤᠮᠠᠯᠯᠠᠨ ᠲᠠᠷᠬᠠᠭᠠᠯ᠎ᠠ
ᠨᠡᠶᠢᠲᠡᠯᠡᠭᠰᠡᠨ ᠴᠠᠭ᠄
2022/4/27
     ︽ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠥᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠳᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠥᠨ ᠤ ᠣᠷᠣᠯᠭ᠎ᠠ ᠶᠢᠨ ᠭᠠᠶᠢᠯᠢ ᠶᠢᠨ ᠬᠠᠤᠯᠢ︾ ᠶᠢᠨ ᠬᠠᠮᠢᠶᠠᠲᠠᠢ ᠲᠣᠭᠲᠠᠭᠠᠯ ᠢ ᠦᠨᠳᠦᠰᠦᠯᠡᠵᠦ᠂ 3 ᠨᠠᠰᠤ ᠬᠦᠷᠦᠭᠡᠳᠦᠢ ᠨᠢᠯᠬ᠎ᠠ ᠬᠡᠦᠬᠡᠳ ᠢ ᠠᠰᠠᠷᠠᠨ ᠬᠠᠮᠠᠭᠠᠯᠠᠬᠤ ᠵᠠᠷᠤᠳᠠᠯ ᠢ ᠬᠤᠪᠢ ᠬᠥᠮᠥᠨ ᠤ ᠲᠤᠰᠢᠶᠠᠬᠤ ᠣᠷᠣᠯᠭ᠎ᠠ ᠶᠢᠨ ᠭᠠᠶᠢᠯᠢ ᠠᠴᠠ ᠬᠠᠰᠤᠬᠤ ᠲᠤᠰᠬᠠᠢ ᠳᠠᠭᠠᠯᠲᠠ ᠵᠤᠷᠪᠤᠰ ᠢ ᠬᠡᠷᠡᠭᠵᠢᠭᠦᠯᠬᠦ ᠪᠠᠷ ᠲᠥᠷᠥ ᠶᠢᠨ ᠶᠠᠪᠤᠳᠠᠯ ᠤᠨ ᠬᠤᠷᠢᠶ᠎ᠠ ᠲᠣᠭᠲᠠᠭᠰᠠᠨ ᠪᠠᠶᠢᠨ᠎ᠠ᠃ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ 3 ᠨᠠᠰᠤ ᠬᠦᠷᠦᠭᠡᠳᠦᠢ ᠨᠢᠯᠬ᠎ᠠ ᠬᠡᠦᠬᠡᠳ ᠢ ᠠᠰᠠᠷᠠᠨ ᠬᠠᠮᠠᠭᠠᠯᠠᠬᠤ ᠬᠠᠮᠢᠶᠠᠲᠠᠢ ᠵᠠᠷᠤᠳᠠᠯ ᠢ ᠬᠡᠦᠬᠡᠳ ᠨᠢᠭᠡᠪᠦᠷᠢ ᠳᠤ ᠰᠠᠷ᠎ᠠ ᠪᠣᠯᠭᠠᠨ 1000 ᠲᠥᠭᠦᠷᠢᠭ ᠤᠨ ᠪᠠᠷᠢᠮᠵᠢᠶ᠎ᠠ ᠪᠠᠷ ᠲᠣᠭᠠᠴᠠᠭᠠᠯᠠᠨ ᠪᠣᠳᠣᠵᠤ ᠬᠤᠪᠢ ᠬᠥᠮᠥᠨ ᠤ ᠲᠤᠰᠢᠶᠠᠬᠤ ᠣᠷᠣᠯᠭ᠎ᠠ ᠶᠢᠨ ᠭᠠᠶᠢᠯᠢ ᠠᠴᠠ ᠬᠠᠰᠤᠬᠤ ᠪᠠᠷ ᠪᠣᠯᠵᠠᠢ᠃ ᠡᠨᠡ ᠲᠥᠷᠥ ᠶᠢᠨ ᠪᠣᠳᠣᠯᠭ᠎ᠠ ᠨᠢ ᠠᠷᠠᠳ ᠣᠯᠠᠨ ᠤ ᠦᠷ᠎ᠡ ᠬᠡᠦᠬᠡᠳ ᠢᠶᠠᠨ ᠠᠰᠠᠷᠠᠨ ᠬᠠᠮᠠᠭᠠᠯᠠᠬᠤ ᠳᠠᠷᠤᠭᠠᠰᠤ ᠶᠢ ᠬᠥᠩᠭᠡᠯᠡᠬᠦ ᠳᠤ ᠠᠰᠢᠭᠲᠠᠢ ᠪᠥᠭᠡᠳ ᠤᠯᠤᠰ ᠠᠴᠠ ᠠᠷᠠᠳ ᠲᠦᠮᠡᠨ ᠤ ᠬᠡᠦᠬᠡᠳ ᠥᠰᠬᠡᠵᠦ ᠬᠥᠮᠥᠵᠢᠭᠦᠯᠬᠦ ᠶᠢ ᠵᠣᠷᠢᠭᠵᠢᠭᠤᠯᠤᠨ ᠬᠠᠷᠠᠭᠠᠯᠵᠠᠵᠤ ᠪᠠᠶᠢᠬᠤ ᠶᠢ ᠬᠠᠷᠠᠭᠤᠯᠤᠭᠰᠠᠨ ᠪᠠᠶᠢᠨ᠎ᠠ᠃      ᠨᠥᠬᠦᠴᠡᠯ ᠳᠤ ᠨᠡᠶᠢᠴᠡᠬᠦ ᠬᠤᠪᠢ ᠬᠥᠮᠥᠨ ᠭᠠᠷ ᠤᠲᠠᠰᠤᠨ ᠤ APP ᠪᠠᠷ ᠣᠷᠣᠯᠭ᠎ᠠ ᠶᠢᠨ ᠭᠠᠶᠢᠯᠢ ᠲᠤᠰᠢᠶᠠᠬᠤ ᠬᠦᠰᠦᠨᠦᠭ ᠲᠡᠭᠡᠨ 3 ᠨᠠᠰᠤ ᠬᠦᠷᠦᠭᠡᠳᠦᠢ ᠨᠢᠯᠬ᠎ᠠ ᠬᠡᠦᠬᠡᠳ ᠤᠨ ᠠᠰᠠᠷᠠᠨ ᠬᠠᠮᠠᠭᠠᠯᠠᠬᠤ ᠵᠠᠷᠤᠳᠠᠯ ᠢ ᠣᠷᠣᠯᠭ᠎ᠠ ᠶᠢᠨ ᠭᠠᠶᠢᠯᠢ ᠠᠴᠠ ᠬᠠᠰᠤᠵᠤ ᠬᠡᠯᠲᠦᠷᠢᠭᠦᠯᠬᠦ ᠲᠤᠰᠬᠠᠢ ᠨᠡᠮᠡᠯᠲᠡ ᠵᠤᠷᠪᠤᠰ ᠢ ᠲᠠᠭᠯᠠᠵᠤ ᠡᠨᠡ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ᠃ ᠬᠠᠮᠢᠶᠠᠲᠠᠢ ᠲᠠᠯ᠎ᠠ ᠶᠢᠨ ᠵᠢᠳᠬᠦᠯᠲᠡᠨ ᠢᠯᠡᠷᠬᠡᠶᠢᠯᠡᠬᠦ ᠳᠡᠭᠡᠨ᠂ ᠡᠨᠡ ᠲᠣᠭᠲᠠᠭᠠᠯ ᠢ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠭᠠᠶᠢᠯᠢ ᠲᠠᠲᠠᠪᠤᠷᠢ ᠶᠢᠨ ᠬᠠᠰᠤᠵᠤ ᠬᠡᠯᠲᠦᠷᠢᠭᠦᠯᠬᠦ ᠲᠤᠰᠬᠠᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠢ ᠭᠠᠶᠢᠯᠢ ᠲᠤᠰᠢᠶᠠᠭᠴᠢᠳ ᠤᠨ ᠨᠢᠭᠡ ᠨᠠᠰᠤ ᠶᠢ ᠬᠠᠮᠤᠷᠤᠭᠰᠠᠨ ᠢ ᠬᠠᠷᠠᠭᠤᠯᠵᠤ ᠪᠠᠶᠢᠨ᠎ᠠ ᠭᠡᠵᠡᠢ᠃      ᠪᠡᠭᠡᠵᠢᠩ ᠤᠨ ᠤᠯᠤᠰ ᠤᠨ ᠨᠢᠭᠲᠠᠯᠠᠨ ᠪᠣᠳᠣᠭᠴᠢ ᠶᠢᠨ ᠳᠡᠭᠡᠳᠦ ᠰᠤᠷᠭᠠᠭᠤᠯᠢ ᠶᠢᠨ ᠡᠳ᠋ ᠤᠨ ᠵᠠᠰᠠᠭ ᠤᠨ ᠭᠠᠶᠢᠯᠢ ᠶᠢᠨ ᠲᠥᠷᠥ ᠶᠢᠨ ᠪᠣᠳᠣᠯᠭ᠎ᠠ ᠪᠣᠯᠣᠨ ᠬᠡᠷᠡᠭᠯᠡᠭᠡᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢ ᠰᠢᠦᠢ ᠬᠤᠩ ᠢᠯᠡᠷᠬᠡᠶᠢᠯᠡᠬᠦ ᠳᠡᠭᠡᠨ᠂ ᠮᠠᠨ ᠤ ᠤᠯᠤᠰ ᠤᠨ ᠬᠤᠪᠢ ᠬᠥᠮᠥᠨ ᠤ ᠣᠷᠣᠯᠭ᠎ᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠲᠤᠰᠬᠠᠢ ᠲᠥᠷᠥ ᠶᠢᠨ ᠪᠣᠳᠣᠯᠭ᠎ᠠ ᠨᠢ ᠨᠢᠭᠡᠨᠲᠡ ᠬᠥᠮᠥᠨ ᠪᠣᠯᠭᠠᠨ ᠤ ᠨᠢᠭᠡ ᠨᠠᠰᠤ ᠶᠢ ᠬᠠᠮᠤᠷᠤᠭᠰᠠᠨ ᠪᠠᠶᠢᠨ᠎ᠠ ᠭᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号