| | ᠠᠶᠢᠮᠠᠭ ᠤᠨ ᠵᠠᠬᠢᠷᠭ᠎ᠠ ᠶᠢᠨ ᠠᠵᠢᠯ ᠤᠨ ᠢᠯᠡᠳᠭᠡᠯ | | | — 2022 ᠣᠨ ᠤ 4 ᠳ᠋ᠣᠭᠡᠷ ᠰᠠᠷ᠎ᠠ ᠶᠢᠨ 21 ᠤ ᠡᠳᠦᠷ ᠤᠨ ᠰᠢᠯᠢ ᠶᠢᠨ ᠭᠤᠤᠯ ᠠᠶᠢᠮᠠᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠳᠡᠭᠡᠷ᠎ᠡ | ᠰᠢᠯᠢ ᠶᠢᠨ ᠭᠤᠣᠯ ᠠᠶᠢᠮᠠᠭ ᠤᠨ ᠳᠠᠷᠤᠭ᠎ᠠ ᠯᠦᠸᠧ ᠴᠢᠩ | | ᠡᠷᠬᠢᠯᠡᠭᠴᠢ ᠨᠠᠷ᠂ ᠭᠡᠰᠢᠭᠦᠳ ᠡ᠄ | ᠤᠳᠤ ᠪᠢ ᠵᠠᠬᠢᠷᠭ᠎ᠠ ᠶᠢᠨ ᠡᠮᠦᠨ᠎ᠡ ᠠᠴᠠ ᠠᠵᠢᠯ ᠤᠨ ᠢᠯᠡᠳᠬᠡᠯ ᠬᠢᠶ᠎ᠠ᠂ ᠡᠷᠬᠢᠯᠡᠭᠴᠢ ᠨᠠᠷ᠂ ᠭᠡᠰᠢᠭᠦᠳ | ᠪᠣᠯᠣᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠰᠠᠨᠠᠭᠤᠯᠭ᠎ᠠ ᠪᠠᠨ ᠳᠤᠷᠠᠳᠬᠤ ᠪᠣᠯᠪᠠᠤ᠃ | ᠨᠢᠭᠡ᠂ 2021 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠲᠦᠪᠡᠭ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠪᠠ ᠬᠦᠨᠳᠦ | ᠨᠣᠴᠢᠲᠠᠶ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠠᠶᠢᠮᠠᠭ ᠤᠨ ᠨᠠᠮ ᠤᠨ ᠬᠤᠷᠢᠶᠠᠨ ᠤ ᠳᠠᠭᠠᠭᠤᠯᠭ᠎ᠠ ᠳᠣᠤᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠦᠯᠦᠪᠵᠢᠬᠦᠯᠦᠨ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠣ ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ ᠵᠢᠱᠢᠭᠰᠡᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠣᠬᠢ ᠰᠠᠶᠢᠨ ᠡᠬᠢᠯᠡᠯᠲᠡ ᠶᠢ ᠴᠢᠷᠮᠠᠶᠢᠨ | ᠪᠡᠶᠡᠯᠡᠭᠦᠯᠪᠡ᠃ | ᠨᠢᠭᠡ ᠳᠤ ᠠᠵᠤ ᠠᠬᠤᠶ ᠶᠢᠨ ᠲᠣᠭᠲᠠᠭᠤᠨ ᠡᠷᠬᠢᠯᠳᠡ ᠶᠢ ᠦᠷᠭᠦᠯᠵᠢᠯᠡᠨ ᠠᠬᠢᠭᠤᠯᠪᠠ᠃ ᠲᠥᠷᠥᠯ | ᠵᠦᠢᠯ ᠤᠨ ᠲᠣᠭᠲᠠᠭᠤᠨ ᠪᠠᠯᠠ ᠣᠷᠣᠭᠤᠯᠤᠯᠲᠠ ᠶᠢ ᠬᠦᠴᠦᠯᠡᠨ ᠠᠳᠬᠤᠵᠤ᠂ ᠠᠶᠢᠮᠠᠭ ᠤᠨ ᠲᠠᠰ ᠤᠨ | ᠭᠤᠤᠯᠳᠠᠯᠭ᠎ᠠ ᠲᠠᠢ ᠲᠥᠷᠥᠯ ᠵᠦᠢᠯ 151 ᠶᠢ ᠬᠡᠷᠡᠭᠵᠢᠭᠦᠯᠦᠨ᠂ 310 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠴᠢᠬᠤᠯᠠ ᠲᠣᠮᠣ ᠠᠵᠤ ᠦᠢᠯᠡᠰ᠂ ᠰᠠᠭᠤᠷᠢ ᠲᠥᠬᠦᠭᠡᠷᠦᠮᠵᠢ᠂ ᠠᠷᠠᠳ ᠤᠨ | ᠠᠮᠢᠳᠤᠷᠠᠯ ᠵᠡᠷᠭᠡ ᠬᠦᠷᠢᠶᠡᠨ ᠳᠠᠬᠢ 71 ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠪᠠ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠵᠣ᠂ ᠰᠢᠨ᠎ᠡ ᠪᠠᠷ ᠨᠡᠮᠡᠭᠳᠡᠭᠰᠡᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠭᠰᠠᠨ | ᠲᠤᠭ᠎ᠠ 10 ᠳ᠋ᠦᠩᠰᠢᠭᠤᠷ ᠲᠥᠭᠦᠷᠢᠭ ᠢ ᠳᠠᠪᠠᠵᠤ᠂ ᠵᠢᠵᠢᠭ ᠪᠠᠭ᠎ᠠ ᠠᠵᠤ ᠠᠬᠤᠶᠢᠯᠠᠯ ᠳᠤ ᠰᠢᠨ᠎ᠡ ᠪᠠᠷ 138 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ 1.94 ᠲᠦᠮᠡᠨ | ᠡᠷᠦᠭᠡ ᠶᠢ ᠰᠢᠨ᠎ᠡ ᠪᠠᠷ ᠨᠡᠮᠡᠭᠳᠡᠭᠦᠯᠵᠣ᠂ 31 ᠠᠵᠣ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ | ᠬᠡᠪᠴᠢᠶᠡᠵᠢᠭᠰᠡᠨ ᠠᠵᠤ ᠠᠬᠤᠶᠢᠯᠠᠯ ᠤᠨ ᠪᠦᠷᠢᠳᠭᠡᠯ ᠳᠤ ᠣᠷᠣᠭᠤᠯᠵᠣ᠂ ᠡᠯ᠎ᠡ ᠲᠦᠷᠦᠯ ᠤᠨ ᠳᠡᠭᠡᠳᠦ ᠱᠠᠲᠤᠨ ᠤ | ᠰᠢᠯᠵᠢᠭᠦᠯᠦᠨ ᠥᠭᠬᠦ ᠪᠡᠯᠡ ᠮᠥᠩᠭᠦ ᠶᠢ 176 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 8.5% ᠪᠠᠷ | ᠨᠡᠮᠡᠭᠳᠡᠭᠦᠯᠦᠨ᠂ ︽ᠭᠤᠷᠪᠠ ᠶᠢ ᠪᠠᠲᠤᠯᠠᠬᠤ︾ ᠵᠡᠷᠭᠡ ᠵᠠᠪᠠᠯ ᠵᠠᠷᠣᠬᠤ ᠵᠠᠷᠤᠯᠭ᠎ᠠ ᠶᠢ ᠬᠦᠴᠦᠲᠡᠶ ᠪᠠᠲᠤᠯᠠᠪᠠ᠃ | ᠡᠨᠧᠷᠭᠢ ᠶᠢᠨ ᠡᠬᠢ ᠰᠤᠷᠪᠤᠯᠵᠢ ᠶᠢᠨ ᠠᠶᠤᠯᠭᠦᠶ ᠬᠠᠩᠭᠠᠯᠭ᠎ᠠ ᠶᠢ ᠪᠦᠬᠦ ᠲᠠᠯ᠎ᠠ ᠪᠠᠷ ᠪᠠᠲᠤᠯᠠᠵᠤ᠂ ᠲᠦᠬᠦᠭᠡᠢ | ᠨᠡᠭᠦᠷᠡᠰᠦᠨ ᠤ ᠭᠠᠷᠤᠯᠲᠠ ᠶᠢ 1.2 ᠳ᠋ᠦᠩᠰᠢᠭᠤᠷ ᠲᠣᠨ ᠳᠤ ᠬᠦᠷᠭᠡᠵᠦ᠂ 10.9% ᠪᠠᠷ ᠨᠡᠮᠡᠭᠳᠡᠭᠦᠯᠦᠨ᠂ | ᠢᠯᠴᠢ ᠶᠢᠨ ᠴᠠᠬᠢᠯᠭᠠᠨ ᠪᠠ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢ ᠲᠤᠰ ᠲᠤᠰ 8.1% ᠪᠠ | 147.7% ᠪᠠᠷ ᠨᠡᠮᠡᠭᠳᠡᠭᠦᠯᠪᠡ᠃ ᠡᠳ᠋ ᠤᠨ ᠵᠠᠰᠠᠭ ᠮᠥᠩᠭᠦᠨ ᠬᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠶᠢ | ᠯᠠᠪᠳᠠᠭᠤᠨ ᠪᠠᠲᠤᠲᠠᠶ ᠨᠠᠮᠳᠠᠭᠤᠯᠵᠣ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠠᠮᠳᠠᠭᠤᠯᠬᠤ ᠣᠨ ᠤ | ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠪᠥᠬᠦ ᠠᠶᠢᠮᠠᠭ ᠤᠨ ᠵᠠᠰᠠᠭ ᠤᠨ ᠣᠷᠳᠣᠨ ᠤ ᠥᠷᠢ ᠦᠭᠴᠡᠭᠡᠨ ᠤ | ᠨᠣᠷᠮ᠎ᠠ ᠶᠢ 8% ᠠᠴᠠ ᠳᠡᠭᠡᠭᠰᠢ ᠪᠠᠭᠤᠷᠠᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠬᠦᠢᠯᠭᠡᠭᠡᠨ ᠤ | ᠪᠠᠶᠢᠭᠤᠯᠤᠮᠵᠢ ᠶᠢᠨ ᠬᠡᠪ ᠤᠨ ᠪᠤᠰᠤ ᠵᠢᠭᠡᠯᠡᠯᠭᠡ ᠶᠢᠨ ᠨᠣᠷᠮ᠎ᠠ ᠶᠢ 0.61 ᠵᠠᠭᠤᠨ ᠤ ᠬᠤᠪᠢ ᠶᠢᠨ ᠴᠡᠭ ᠢᠶᠠᠷ | ᠪᠠᠭᠤᠷᠠᠭᠤᠯᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠲᠡᠭ ᠢ ᠮᠢᠩᠭᠠᠨ | ᠳ᠋ᠦᠩᠰᠢᠭᠤᠷ ᠲᠥᠭᠦᠷᠢᠭ ᠳᠠᠪᠠᠭᠤᠯᠵᠣ᠂ 5.8% ᠪᠠᠷ ᠨᠡᠮᠡᠭᠳᠡᠭᠦᠯᠦᠨ᠂ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠶᠢ 6.7% ᠪᠠᠷ ᠨᠡᠮᠡᠭᠳᠡᠭᠦᠯᠵᠣ ᠂ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ | 4.6% ᠪᠠᠷ ᠨᠡᠮᠡᠭᠳᠡᠭᠦᠯᠵᠣ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠶ | ᠬᠡᠮᠵᠢᠶ᠎ᠡ ᠶᠢ 7.1% ᠪᠠᠷ ᠨᠡᠮᠡᠭᠳᠡᠭᠦᠯᠵᠣ ᠂ ᠠᠵᠤ ᠠᠬᠤᠶ ᠶᠢᠨ ᠡᠷᠬᠢᠯᠳᠡ ᠵᠣᠬᠢᠰᠲᠠᠶ ᠬᠡᠪᠴᠢᠶᠡᠨ ᠳᠤ ᠪᠠᠶᠢᠬᠤ ᠶᠢ | ᠪᠠᠳᠣᠯᠠᠪᠠ᠃ | ᠬᠤᠶᠠᠷ ᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠠᠯᠬᠤᠴᠠ | ᠯᠠᠪᠳᠠᠭᠤᠨ ᠪᠠᠲᠤᠲᠠᠶ ᠪᠣᠯᠪᠠ᠃ ᠨᠡᠷᠡᠳᠣ ᠲᠥᠷᠥᠯ ᠳᠡᠮᠳᠡᠭᠳᠣ ᠶᠢᠨ ᠪᠠᠶᠢᠯᠳᠤᠬᠤ ᠪᠣᠳᠣᠯᠭ᠎ᠠ ᠪᠠᠷ ᠮᠠᠯ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠣ᠂ ᠰᠢᠯᠢ ᠶᠢᠨ ᠭᠤᠣᠯ ᠬᠤᠨᠢᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ | ᠲᠥᠯᠥᠪᠵᠢᠭᠦᠯᠭᠡ ᠪᠠ ᠨᠡᠷᠡᠲᠦ ᠲᠥᠷᠥᠯ ᠲᠡᠮᠳᠡᠭᠲᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ᠂ ᠨᠡᠷᠡᠲᠦ ᠲᠥᠷᠥᠯ | ᠲᠡᠮᠳᠡᠭᠲᠦ ᠶᠢᠨ ᠪᠠᠷᠢᠮᠵᠢᠶᠠᠨ ᠤ ᠰᠢᠰᠲ᠋ᠧᠮ ᠢ ᠲᠣᠭᠲᠠᠭᠠᠵᠤ᠂ ᠳᠤᠮᠳᠠᠳᠤ ᠤᠯᠤᠰ ᠤᠨ ᠣᠯᠠᠭᠠᠨ ᠢᠳᠡᠭᠡᠨ ᠤ | ᠨᠡᠶᠢᠭᠡᠮᠯᠢᠭ ᠤᠨ ᠪᠡᠯᠴᠢᠭᠡᠷ ᠤᠨ ᠬᠤᠨᠢᠨ ᠤ ᠠᠵᠤ ᠦᠢᠯᠡᠰ ᠤᠨ ᠲᠦᠷᠦᠭᠦᠴᠦᠳ ᠤᠨ ᠬᠤᠷᠠᠯ ᠪᠠ ᠬᠤᠨᠢᠨ ᠮᠢᠬᠠᠨ ᠤ | ᠠᠮᠲᠠᠲᠤ ᠢᠳᠡᠭᠡᠨ ᠤ ᠨᠠᠶᠢᠷ᠂ ᠪᠦᠳᠦᠭᠡᠭᠳᠡᠭᠦᠨ ᠢᠶᠠᠨ ᠲᠠᠨᠢᠯᠴᠠᠭᠤᠯᠬᠤ ᠴᠣᠭᠯᠠᠭᠠᠨ ᠵᠡᠷᠭᠡ ᠰᠢᠷᠢᠰ ᠠᠵᠢᠯᠯᠠᠭ᠎ᠠ ᠶᠢ | ᠡᠷᠬᠢᠯᠡᠨ ᠶᠠᠪᠣᠭᠳᠠᠭᠤᠯᠵᠣ᠂ ᠮᠠᠨ ᠤ ᠠᠶᠢᠮᠠᠭ ︽ᠳᠤᠮᠳᠠᠳᠤ ᠤᠯᠤᠰ ᠤᠨ ᠪᠡᠯᠴᠢᠭᠡᠷ ᠤᠨ ᠬᠤᠨᠢᠨ ᠤ ᠲᠥᠪ︾ | ᠭᠡᠰᠡᠨ ᠴᠣᠯᠠ ᠬᠦᠷᠳᠡᠵᠦ᠂ ︽ᠬᠤᠸᠠᠰᠢ ᠦᠬᠡᠷ ︾ ᠤᠨ ᠰᠢᠨ᠎ᠡ ᠡᠭᠦᠯᠳᠡᠷ ᠢ ᠨᠡᠷᠡᠶᠢᠳᠴᠦ᠂ ᠦᠵᠦᠮᠦᠴᠢᠨ | ᠬᠤᠨᠢᠨ ᠤ ᠤᠤᠯ ᠡᠭᠦᠯᠳᠡᠷ ᠤᠨ ᠲᠠᠯᠠᠪᠠᠶ᠂ ᠰᠥᠨᠢᠳ ᠬᠤᠨᠢᠨ ᠤ ᠰᠢᠯᠢᠳᠡᠭ ᠡᠭᠦᠯᠳᠡᠷ ᠤᠨ ᠲᠠᠯᠠᠪᠠᠶ᠂ ᠮᠣᠩᠭᠤᠯ | ᠠᠳᠤᠭᠤᠨ ᠤ ᠡᠭᠦᠯᠳᠡᠷ ᠬᠠᠮᠠᠭᠠᠯᠠᠬᠤ ᠰᠠᠭᠤᠷᠢᠨ ᠭᠠᠵᠠᠷ ᠢ ᠤᠯᠤᠰ ᠤᠨ ᠳᠡᠰ ᠤᠨ ᠮᠠᠯ ᠵᠢᠭᠦᠷᠲᠡᠨ ᠤ ᠤᠳᠤᠮᠯᠠᠯ ᠤᠨ | ᠡᠬᠢ ᠪᠠᠶᠠᠯᠢᠭ ᠤᠨ ᠡᠭᠦᠯᠳᠡᠷ ᠬᠠᠮᠠᠭᠠᠯᠠᠬᠤ ᠲᠠᠯᠠᠪᠠᠶ ᠳᠤ ᠣᠷᠣᠭᠤᠯᠵᠣ᠂ ︽ᠰᠢᠯᠢ ᠶᠢᠨ ᠭᠤᠣᠯ ᠴᠠᠭᠠᠨ ᠢᠳᠡᠭᠡ︾ | ᠨᠢ ᠤᠯᠤᠰ ᠤᠨ ᠮᠠᠯ ᠲᠠᠷᠢᠶᠠᠯᠠᠩ ᠤᠨ ᠠᠰᠢᠭ ᠰᠢᠮ᠎ᠠ ᠶᠢᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠳᠭᠡᠮᠵᠢᠳᠣ | ᠪᠦᠲᠦᠭᠡᠭᠳᠡᠬᠦᠨ ᠪᠣᠯᠪᠠ᠃ ᠰᠢᠯᠢᠳᠡᠭ ᠡᠭᠦᠯᠳᠡᠷ ᠤᠨ ᠦᠬᠡᠷ ᠪᠠ ᠪᠣᠷᠳᠣᠨ ᠲᠠᠷᠭᠤᠯᠠᠭᠤᠯᠤᠭᠰᠠᠨ ᠦᠬᠡᠷ ᠤᠨ ᠲᠤᠭ᠎ᠠ | ᠲᠣᠰᠪᠣᠷᠢ 8100 ᠲᠣᠯᠣᠭᠠᠢ ᠪᠠ 2.3 ᠲᠦᠮᠡᠨ ᠲᠣᠯᠣᠭᠠᠢ ᠳᠤ ᠬᠦᠷᠴᠦ᠂ ᠮᠠᠯᠵᠢᠯ ᠤᠨ ᠣᠨ ᠤ ᠦᠬᠡᠷ ᠤᠨ | ᠲᠤᠭ᠎ᠠ 24 ᠲᠦᠮᠡ ᠰᠢᠨ᠎ᠡ ᠪᠠᠷ ᠨᠡᠮᠡᠭᠳᠡᠪᠡ᠃ 10 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠰᠢᠨ᠎ᠡ ᠪᠠᠷ ᠪᠠᠶᠢᠭᠤᠯᠪᠠ᠃ ᠡᠨᠧᠷᠭᠢ ᠶᠢᠨ ᠠᠵᠤ ᠦᠢᠯᠡᠰ ᠤᠨ ︽ᠰᠠᠭᠤᠷᠢ︾ ᠲᠦᠷᠭᠡᠨ ᠢᠶᠠᠷ ᠪᠤᠵᠠᠭᠠᠶᠢᠷᠠᠵᠤ᠂ | 600 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠦᠷᠦᠯ ᠵᠦᠢᠯ ᠢ ᠤᠯᠤᠰ ᠤᠨ ᠠᠩᠬᠠᠳᠣᠭᠠᠷ ᠪᠦᠯᠦᠭ ᠤᠨ | ᠲᠤᠮᠤ ᠬᠡᠯᠪᠡᠷᠢ ᠶᠢᠨ ᠨᠠᠷᠠ ᠰᠠᠯᠬᠢᠨ ᠡᠨᠧᠷᠭᠢ ᠶᠢᠨ ᠰᠠᠭᠤᠷᠢᠨ ᠭᠠᠵᠠᠷ ᠤᠨ ᠬᠠᠭᠤᠳᠠᠰᠤᠨ ᠳᠤ ᠣᠷᠣᠭᠤᠯᠵᠣ᠂ ᠪᠥᠬᠦ | ᠠᠶᠢᠮᠠᠭ ᠤᠨ ᠰᠢᠨ᠎ᠡ ᠡᠨᠧᠷᠭᠢ ᠶᠢᠨ ᠶᠡᠷᠦᠩᠬᠡᠶ ᠮᠠᠰᠢᠨ ᠴᠣᠭᠴᠠᠯᠠᠪᠤᠷᠢ 1145 ᠲᠦᠮᠡᠨ ᠺᠢᠯᠣᠸᠠᠲ ᠲᠤ ᠬᠦᠷᠴᠦ᠂ | ᠢᠯᠴᠢ ᠶᠢᠨ ᠴᠠᠬᠢᠯᠭᠠᠨ ᠤ ᠶᠡᠷᠦᠩᠬᠡᠶ ᠮᠠᠰᠢᠨ ᠴᠣᠭᠴᠠᠯᠠᠪᠤᠷᠢ 1365 ᠲᠦᠮᠡᠨ ᠺᠢᠯᠣᠸᠠᠲ ᠲᠤ ᠬᠦᠷᠴᠦ᠂ ᠲᠣᠰ | ᠲᠣᠰ ᠪᠥᠬᠦ ᠣᠷᠣᠨ ᠤ ᠨᠢᠭᠡᠳᠦᠭᠡᠷ ᠪᠠ ᠬᠤᠶᠠᠳᠤᠭᠠᠷ ᠲᠤ ᠵᠢᠭᠰᠠᠭᠠᠭᠳᠠᠪᠠ᠃ ᠲᠠᠯ᠎ᠠ ᠨᠤᠲᠤᠭ ᠤᠨ ᠵᠢᠭᠤᠯᠴᠢᠯᠠᠯ ᠤᠨ | ᠦᠢᠯᠡᠰ ᠤᠨ ᠭᠦᠭᠵᠢᠯᠳᠡ ᠶᠢᠨ ᠬᠠᠨᠳᠣᠰᠢ ᠶᠢ ᠦᠨᠳᠦᠰᠦᠯᠡᠨ ᠬᠦᠴᠦᠨ ᠢᠶᠠᠨ ᠬᠠᠮᠳᠣᠳᠬᠠᠨ᠂ ᠲᠠᠰ | ᠳᠡᠪᠰᠢᠭᠦᠯᠬᠦ ᠶᠢ ᠳᠥᠯᠭᠢᠨ ᠠᠬᠢᠭᠤᠯᠵᠤ᠂ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠵᠡᠷᠭᠡ ᠰᠢᠷᠢᠰ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠨᠡᠶᠢᠲᠡ 266 ᠤᠯᠠᠮᠵᠢᠯᠠᠯᠲᠤ ᠵᠠᠭᠤᠴᠢᠯᠠᠭᠤᠷ ᠪᠠ | ᠰᠢᠨ᠎ᠡ ᠵᠠᠭᠤᠴᠢᠯᠠᠭᠤᠷ ᠢ ᠲᠡᠳᠡᠨ ᠠᠪᠴᠢᠷᠠᠵᠤ᠂ ᠵᠢᠷᠤᠭ ᠦᠰᠦᠭᠳᠣ ᠮᠡᠳᠡᠭᠡ ᠵᠠᠩᠭᠢ ᠪᠠ ᠸᠢᠳᠢᠣ᠋ ᠶᠢ 5000 | ᠰᠢᠬᠠᠮ ᠵᠣᠷᠪᠣᠰ ᠨᠡᠶᠢᠲᠡᠯᠡᠵᠦ᠂ 8.8 ᠳ᠋ᠦᠩᠰᠢᠭᠤᠷ ᠤᠳᠠᠭ᠎ᠠ ᠦᠷᠭᠡᠨ ᠢᠶᠠᠷ ᠨᠡᠪᠳᠡᠷᠡᠭᠦᠯᠵᠣ ᠰᠣᠨᠢᠷᠬᠠᠭᠤᠯᠪᠠ︔ | ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠳᠠᠷᠳᠠᠩ ᠵᠠᠮ ᠤᠨ ᠤᠯᠠᠭ᠎ᠠ | ᠦᠷᠳᠡᠭᠡᠨ ᠤ ᠡᠵᠡᠩᠨᠡᠯᠲᠡ ᠶᠢᠨ ᠪᠠᠷᠢᠮᠵᠢᠶ᠎ᠠ ᠵᠢᠴᠢ ᠱᠠᠩᠨᠠᠯ ᠨᠦᠬᠦᠪᠦᠷᠢ ᠶᠢᠨ ᠠᠷᠭ᠎ᠠ ᠶᠢ ᠨᠡᠶᠢᠲᠡᠯᠡᠵᠦ᠂ ᠣᠳᠣᠨ | ᠲᠠᠰ ᠤᠨ ᠤᠯᠠᠭ᠎ᠠ ᠥᠷᠲᠡᠭᠡ᠂ 36 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠦᠭᠡᠷᠡᠴᠢᠯᠡᠨ ᠱᠠᠩᠨᠠᠪᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠣ᠂ 6. | 36 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠠᠭᠤᠷᠬᠠᠶ ᠶᠢᠨ ᠣᠶᠣᠨᠴᠢᠯᠠᠭᠰᠠᠨ ᠲᠦᠷᠦᠯ ᠵᠦᠢᠯ ᠢ | ᠬᠡᠷᠡᠭᠵᠢᠭᠦᠯᠵᠦ᠂ ᠨᠢᠭᠡ ᠪᠦᠯᠦᠭ ᠲᠤᠮᠤ ᠬᠡᠯᠪᠡᠷᠢ ᠶᠢᠨ ᠨᠡᠭᠦᠷᠡᠰᠦᠨ ᠠᠭᠤᠷᠬᠠᠶ ᠶᠢᠨ ᠣᠶᠣᠨᠴᠢᠯᠠᠭᠰᠠᠨ ᠬᠢᠷᠢ | ᠲᠦᠪᠰᠢᠨ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠬᠤᠸᠠ ᠷᠦᠨ᠂ ᠳ᠋ᠠ ᠲᠠᠩ ᠰᠢᠨ᠎ᠡ ᠡᠨᠧᠷᠭᠢ ᠶᠢᠨ | ᠠᠯᠤᠰ ᠡᠵᠡᠮᠰᠢᠯᠲᠦ ᠣᠶᠤᠨᠴᠢ ᠲᠣᠬᠢᠷᠠᠭᠤᠯᠤᠯᠲᠠ ᠶᠢᠨ ᠲᠠᠪᠴᠠᠩ ᠤᠨ ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ | ᠵᠢᠩ ᠨᠧᠩ᠂ ᠵᠦᠩ ᠰᠢᠨ ᠲᠠᠢ ᠹᠦ᠋ ᠰᠢᠨ᠎ᠡ ᠡᠨᠧᠷᠭᠢ ᠶᠢᠨ ᠠᠵᠢᠯᠯᠠᠭᠤᠯᠣᠨ ᠬᠠᠮᠠᠭᠠᠯᠠᠬᠤ ᠲᠥᠪ ︵ᠶᠡᠷᠦᠩᠬᠡᠢ | ᠬᠡᠯᠲᠡᠰ︶ ᠤᠨ ᠲᠥᠷᠥᠯ ᠵᠦᠢᠯ ᠢ ᠨᠣᠳᠣᠭᠰᠢᠭᠤᠯᠪᠠ᠃ ᠠᠯᠮᠠᠰ ᠴᠢᠯᠠᠭᠤᠨ ᠰᠢᠬᠠᠭᠤᠷ ᠤᠨ ᠲᠥᠬᠦᠭᠡᠷᠦᠮᠵᠢ | ᠦᠢᠯᠡᠳᠬᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠪᠠᠯ | ᠴᠢᠯᠠᠭᠤᠨᠠᠯᠺᠧᠨ ᠤ ᠴᠠᠬᠢᠯᠭᠠᠨ ᠢᠯᠴᠢ ᠶᠢᠨ ᠮᠠᠲ᠋ᠧᠷᠢᠶᠠᠯ᠂ ᠮᠠᠰᠢᠨ ᠲᠡᠷᠭᠡᠨ ᠤ ᠰᠡᠯᠪᠢᠭ ᠲᠤᠨᠤᠭ ᠦᠢᠯᠡᠳᠪᠦᠷᠢᠯᠡᠬᠦ | ᠵᠡᠷᠭᠡ ᠡᠨᠧᠷᠭᠢ ᠶᠢᠨ ᠰᠤᠷᠪᠤᠯᠵᠢ ᠶᠢᠨ ᠪᠤᠰᠤ ᠶᠢᠨ ᠨᠢᠭᠡ ᠪᠦᠯᠦᠭ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠪᠠ᠃ | ᠭᠤᠷᠪᠠ ᠳᠤ ᠠᠮᠢ ᠠᠬᠤᠢ ᠶᠢᠨ ᠠᠶᠣᠯᠬᠦᠢ ᠶᠢᠨ ᠬᠠᠯᠬᠠᠪᠴᠢ ᠶᠢ ᠤᠯᠠᠮ ᠪᠠᠬᠢᠵᠢᠭᠦᠯᠪᠡ᠃ ᠤᠯᠤᠰ ᠤᠨ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ | ᠢᠶᠠᠨ ᠪᠥᠬᠦ ᠲᠠᠯ᠎ᠠ ᠪᠠᠷ ᠡᠬᠢᠯᠡᠭᠦᠯᠵᠦ᠂ ᠡᠭᠦᠳᠦᠨ ᠪᠠᠶᠢᠭᠤᠯᠬᠤ 36 ᠬᠦᠢᠴᠡᠳᠭᠡᠯ ᠲᠣᠭᠠᠨ ᠤ ᠬᠢᠨᠢ 24 ᠨᠢ | ᠪᠠᠷᠢᠮᠵᠢᠶᠠᠨ ᠳᠤ ᠬᠥᠷᠪᠡ᠃ ᠪᠥᠬᠦ ᠠᠶᠢᠮᠠᠭ ᠤᠨ ᠨᠣᠳᠤᠭ ᠨᠣᠳᠤᠭ ᠳᠡᠪᠢᠰᠭᠡᠷ ᠤᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ ᠶᠢᠨ ᠡᠬᠡ ᠨᠣᠤᠷᠠᠭ ᠢ ᠨᠠᠶᠢᠷᠠᠭᠤᠯᠤᠨ ᠳᠠᠭᠤᠰᠬᠠᠵᠤ᠂ ︽ᠭᠤᠷᠪᠠᠨ ᠱᠤᠭᠤᠮ ᠨᠢᠭᠡ ᠬᠠᠭᠤᠳᠠᠰᠤ︾ | ᠶᠢᠨ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠪᠠ᠃ ᠭᠤᠣᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ 80 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠵᠤ᠂ 36 | ᠲᠦᠮᠡᠨ ᠮᠦ ᠡᠯᠡᠰᠦᠷᠬᠡᠭ ᠭᠠᠵᠠᠷ ᠤᠨ ᠶᠡᠭᠡ ᠬᠥᠨᠥᠭᠡᠯᠲᠦ ᠣᠷᠣᠨ ᠢ ᠵᠠᠰᠠᠵᠤ᠂ ᠨᠤᠲᠤᠭ ᠪᠡᠯᠴᠢᠭᠡᠷ ᠤᠨ | ᠤᠷᠭᠤᠮᠠᠯ ᠤᠨ ᠪᠦᠷᠬᠦᠴᠡ ᠶᠢ 50.7 % ᠳᠤ ᠬᠦᠷᠭᠡᠪᠡ᠃ ︽ᠰᠢᠯᠢ ᠶᠢᠨ ᠬᠤᠳᠠ ᠶᠢᠨ ᠲᠠᠴᠢᠷᠳᠠᠭᠰᠠᠨ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ︾ ᠤᠨ ᠬᠡᠷᠡᠭ ᠤᠨ ᠵᠢᠱᠢᠶ᠎ᠡ ᠶᠢ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ | ᠭᠡᠷᠡᠲᠦ ᠲᠠᠯ᠎ᠠ ᠶᠢᠨ ᠶᠡᠭᠡ ᠬᠤᠷᠠᠯᠳᠣᠭᠠᠨ ᠤ ᠠᠷᠪᠠᠨ ᠲᠠᠪᠤᠳᠤᠭᠠᠷ ᠣᠳᠠᠭᠠᠨ ᠤ ᠬᠤᠷᠠᠯ ᠳᠡᠭᠡᠷ᠎ᠡ ᠳᠡᠯᠭᠡᠨ | ᠦᠵᠡᠭᠦᠯᠪᠡ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠬᠦ ᠪᠠᠨ ᠲᠦᠷᠭᠡᠳᠬᠡᠵᠦ᠂ 16.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠠᠶᠢᠭᠠᠳ | ᠵᠠᠰᠠᠬᠤ ᠬᠤᠭᠤᠴᠠᠭᠠᠨ ᠳᠤ ᠪᠠᠶᠢᠭ᠎ᠠ ᠠᠭᠤᠷᠬᠠᠶ ᠶᠢ 55.8 ᠬᠠᠪᠳᠠᠭᠠᠢ ᠳᠥᠷᠪᠡᠯᠵᠢᠨ ᠺᠢᠯᠣᠮᠧᠲᠷ ᠵᠠᠰᠠᠵᠤ᠂ ᠪᠥᠬᠦ | ᠵᠢᠯ ᠤᠨ ᠪᠠᠯᠠ ᠣᠷᠣᠭᠤᠯᠤᠯᠲᠠ ᠪᠠ ᠵᠠᠰᠠᠯᠲᠠ ᠶᠢᠨ ᠲᠠᠯᠠᠪᠠᠶ ᠨᠢ ︽ᠠᠷᠪᠠᠨ ᠭᠤᠷᠪᠠᠳᠣᠭᠠᠷ ᠳᠠᠪᠣᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠶᠡᠷᠦᠩᠬᠡᠶ ᠨᠡᠶᠢᠯᠡᠪᠦᠷᠢ ᠶᠢᠨ 74 % ᠪᠠ 42 % ᠪᠣᠯᠵᠣ᠂ 17 | ᠠᠭᠤᠷᠬᠠᠶ ᠨᠢ ᠪᠣᠬᠢᠷᠲᠤᠯ ᠥᠬᠡᠶ ᠠᠭᠤᠷᠬᠠᠶ ᠶᠢᠨ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠦᠩᠭᠡᠷᠡᠭᠦᠯᠵᠣ | ᠂ ᠪᠦᠬᠦ ᠨᠡᠶᠢᠲᠡ ᠳᠡᠭᠡᠨ 73 ᠠᠭᠤᠷᠬᠠᠶ ᠪᠣᠯᠵᠣ᠂ 7 ᠠᠭᠤᠷᠬᠠᠶ ᠨᠢ ᠪᠥᠬᠦ ᠠᠶᠢᠮᠠᠭ ᠤᠨ ᠠᠩᠬᠠᠳᠠᠭᠴᠢ ᠪᠦᠯᠦᠭ | ᠪᠣᠬᠢᠷᠲᠤᠯ ᠥᠬᠡᠶ ᠠᠭᠤᠷᠬᠠᠶ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠦᠨᠡᠯᠡᠭᠳᠡᠪᠡ︔ 4 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠬᠠᠶᠠᠭᠳᠠᠮᠠᠯ ᠨᠦᠬᠡ ᠶᠢ | 38 ᠬᠠᠪᠳᠠᠭᠠᠢ ᠳᠥᠷᠪᠡᠯᠵᠢᠨ ᠺᠢᠯᠣᠮᠧᠲᠷ ᠵᠠᠰᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠳᠠ ᠳᠤ ᠢᠯᠡᠯᠳᠡ ᠪᠠᠷᠠᠭᠤᠨ ᠭᠤᠷᠪᠠᠳᠣᠭᠠᠷ ᠠᠭᠤᠷᠬᠠᠢ ᠶᠢᠨ ᠬᠠᠷᠢᠭᠤ ᠲᠣᠰᠬᠠᠭᠰᠠᠨ 19 | ᠵᠣᠷᠪᠣᠰ ᠠᠰᠠᠭᠤᠳᠠᠯ᠂ ᠢᠯᠡᠯᠳᠡ ᠪᠠᠷᠠᠭᠤᠨ ᠬᠤᠶᠠᠳᠣᠭᠠᠷ ᠠᠭᠤᠷᠬᠠᠢ ᠶᠢᠨ ᠨᠢᠭᠡ ᠠᠴᠠ ᠨᠦᠭᠦᠭᠡ ᠶᠢ ᠵᠦᠢᠴᠢᠯᠡᠬᠦ | 15 ᠵᠣᠷᠪᠣᠰ ᠠᠰᠠᠭᠤᠳᠠᠯ ᠢ ᠪᠦᠬᠦᠨ ᠢ ᠴᠡᠭᠴᠡᠯᠡᠨ ᠵᠠᠰᠠᠪᠠ︔ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ 38 ᠵᠣᠷᠪᠣᠰ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 35 ᠵᠣᠷᠪᠣᠰ ᠢ ᠨᠢ ᠴᠡᠭᠴᠡᠯᠡᠨ ᠰᠠᠶᠢᠵᠢᠷᠠᠭᠤᠯᠵᠣ᠂ ᠣᠨ ᠤ ᠴᠡᠭᠴᠡᠯᠡᠨ | ᠰᠠᠶᠢᠵᠢᠷᠠᠭᠤᠯᠬᠤ ᠡᠭᠦᠷᠭᠡ ᠪᠠᠨ 100% ᠪᠠᠷ ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠠᠶᠢᠮᠠᠭ ᠤᠨ ᠠᠭᠠᠷ ᠤᠨ ᠴᠡᠪᠡᠷᠴᠡ ᠶᠢᠨ | ᠶᠡᠷᠦᠩᠬᠡᠶᠢᠯᠡᠭᠰᠡᠨ ᠵᠢᠭᠠᠯᠲᠠ ᠲᠤᠭ᠎ᠠ ᠪᠦᠬᠦ ᠣᠷᠣᠨ ᠤ ᠨᠢᠭᠡᠳᠦᠭᠡᠷ ᠲᠤ ᠵᠢᠭᠰᠠᠭᠠᠭᠳᠠᠵᠤ ᠂ 4 ᠭᠠᠵᠠᠷ ᠤᠨ | ᠭᠠᠳᠠᠷᠭᠤ ᠶᠢᠨ ᠤᠰᠤᠨ ᠤ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠴᠥᠮ ᠪᠠᠷᠢᠮᠵᠢᠶᠠᠨ | ᠳᠤ ᠬᠦᠷᠴᠦ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠲᠣᠭᠲᠠᠭᠤᠨ | ᠪᠠᠶᠢᠬᠤ ᠶᠢ ᠪᠠᠲᠤᠯᠠᠪᠠ᠃ ᠡᠨᠧᠷᠭᠢ ᠶᠢᠨ ᠬᠤᠷᠣᠭᠳᠠᠭᠤᠯᠭ᠎ᠠ ᠶᠢᠨ ᠬᠤᠤᠰ ᠡᠵᠡᠮᠳᠡᠯ ᠤᠨ ᠲᠥᠰᠦᠪ ᠤᠨ | ᠬᠠᠮᠢᠶᠠᠷᠤᠯᠲᠠ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠭᠦᠷᠭᠡ ᠪᠠᠨ ᠡᠮᠬᠢ | ᠵᠢᠷᠤᠮ ᠲᠠᠢ ᠪᠡᠶᠡᠯᠡᠭᠦᠯᠪᠡ᠃ | ᠲᠦᠷᠪᠡ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠨᠡᠭᠡᠭᠡᠯᠲᠡ ᠬᠢᠬᠦ ᠠᠷᠭ᠎ᠠ ᠬᠡᠮᠵᠢᠶ᠎ᠡ ᠪᠠᠨ | ᠦᠷᠭᠦᠯᠵᠢᠯᠡᠨ ᠭᠦᠨᠵᠡᠭᠡᠶᠢᠷᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠨ ᠬᠦᠴᠦᠯᠡᠨ | ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠥᠷᠪᠡ ᠶᠢ ᠬᠦᠢᠴᠡᠳᠭᠡᠬᠦ︾᠂ | ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠪᠠ ᠡᠯᠧᠺᠲᠷᠣᠨ ᠦᠨᠡᠮᠯᠡᠯ ᠤᠨ | ᠬᠡᠷᠡᠭᠯᠡᠯᠳᠡ ᠵᠡᠷᠭᠡ ᠲᠠᠯ᠎ᠠ ᠪᠠᠷ ᠪᠥᠬᠦ ᠣᠷᠣᠨ ᠤ ᠡᠮᠦᠨ᠎ᠡ ᠡᠩᠨᠡᠭᠡᠨ ᠳᠤ ᠵᠢᠭᠰᠠᠭᠠᠭᠳᠠᠵᠤ᠂ ᠰᠦᠯᠵᠢᠶᠡᠨ ᠳᠡᠭᠡᠷ᠎ᠡ | ᠬᠦᠢᠴᠡᠳᠭᠡᠵᠣ ᠪᠣᠯᠬᠤ ᠨᠣᠷᠮ᠎ᠠ᠂ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠭᠡᠬᠦ ᠨᠣᠷᠮ᠎ᠠ ᠵᠡᠷᠭᠡ ᠭᠤᠤᠯ ᠪᠣᠯᠬᠤ | ᠬᠦᠢᠴᠡᠳᠭᠡᠯ ᠲᠤᠭ᠎ᠠ ᠶᠢ ᠪᠥᠬᠦ ᠣᠷᠣᠨ ᠤ ᠲᠡᠷᠢᠭᠦᠨ ᠤ ᠬᠢᠷᠢ ᠲᠦᠪᠰᠢᠨ ᠳᠤ ᠬᠦᠷᠦᠭᠦᠯᠵᠦ᠂ ᠠᠵᠤ | ᠠᠬᠤᠶᠢᠯᠠᠯ ᠨᠡᠭᠡᠭᠡᠨ ᠡᠷᠭᠢᠯᠡᠬᠦ ᠴᠠᠭ ᠬᠤᠭᠤᠴᠠᠭ᠎ᠠ ᠶᠢ ᠬᠠᠭᠠᠰ ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ | ᠢᠨᠵᠧᠨᠧᠷᠢᠩ ᠤᠨ ᠲᠥᠷᠥᠯ ᠵᠦᠢᠯ ᠤᠨ ᠪᠥᠬᠦ ᠶᠠᠪᠤᠴᠠ ᠶᠢᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 45 | ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠪᠠ︔ ᠪᠥᠬᠦ ᠠᠶᠢᠮᠠᠭ ᠤᠨ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠪᠥᠬᠦ ᠲᠠᠯ᠎ᠠ ᠪᠠᠷ ᠠᠵᠢᠯᠯᠠᠭᠤᠯᠵᠣ᠂ | ᠨᠡᠶᠢᠲᠡ 7.1 ᠲᠦᠮᠡᠨ ᠬᠡᠷᠡᠭ ᠶᠠᠪᠣᠳᠠᠯ ᠢ ᠭᠥᠯᠢᠶᠡᠨ ᠠᠪᠴᠤ ᠬᠦᠢᠴᠡᠳᠭᠡᠨ᠂ ᠴᠠᠭ ᠲᠤᠬᠠᠶ ᠳᠤᠨᠢ ᠬᠦᠢᠴᠡᠳᠭᠡᠵᠣ | ᠳᠠᠭᠤᠰᠬᠠᠭᠰᠠᠨ ᠨᠣᠷᠮ᠎ᠠ᠂ ᠣᠯᠠᠨ ᠲᠦᠮᠡᠨ ᠤ ᠬᠠᠨᠣᠮᠵᠢ ᠶᠢᠨ ᠬᠡᠮᠵᠢᠶ᠎ᠡ ᠶᠢ ᠲᠣᠰ ᠲᠣᠰ 98 % ᠪᠠ 99 % | ᠠᠴᠠ ᠳᠡᠭᠡᠭᠰᠢ ᠳᠤ ᠬᠦᠷᠭᠡᠵᠣ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠡᠯᠡᠯᠲᠡ ᠪᠥᠬᠦ ᠣᠷᠣᠨ ᠤ | ᠨᠡᠷᠡᠰ ᠤᠨ ᠵᠢᠭᠰᠠᠭᠠᠯᠲᠠ ᠳᠤ ᠳᠥᠷᠪᠡᠳᠦᠭᠡᠷ ᠲᠤ ᠵᠢᠭᠰᠠᠭᠠᠭᠳᠠᠪᠠ᠃ ︽ᠰᠢᠨᠵᠢᠯᠡᠭᠡ ᠮᠡᠷᠭᠡᠵᠢᠯ ᠢᠶᠠᠷ ᠠᠶᠢᠮᠠᠭ ᠢᠶᠠᠨ | ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶᠢᠯᠠᠯ ᠤᠨ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠱᠠᠩᠨᠠᠯ ᠨᠥᠬᠦᠪᠥᠷᠢ ᠶᠢᠨ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ | ᠲᠣᠭᠳᠠᠭᠠᠵᠣ᠂ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ | ᠵᠦᠢᠯ 23 ᠶᠢ ᠬᠡᠷᠡᠭᠵᠢᠭᠦᠯᠵᠦ᠂ 59 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠢᠨᠵᠢᠯᠡᠭᠡ | ᠮᠡᠷᠭᠡᠵᠢᠯ ᠤᠨ ᠲᠥᠷᠥᠯ ᠵᠦᠢᠯ ᠤᠨ ᠵᠠᠷᠤᠳᠠᠯ ᠢ 7.6% ᠪᠠᠷ ᠨᠡᠮᠡᠭᠳᠡᠭᠦᠯᠵᠦ᠂ ᠮᠡᠷᠭᠡᠵᠢᠯ ᠤᠨ ᠭᠡᠷ᠎ᠡ ᠶᠢ ᠮᠠᠭᠠᠳᠯᠠᠨ | ᠲᠣᠭᠲᠠᠭᠠᠵᠤ ᠳᠠᠩᠰᠠᠯᠠᠭᠤᠯᠤᠭᠰᠠᠨ ᠲᠤᠭ᠎ᠠ ᠶᠢ 275 % ᠪᠠᠷ ᠨᠡᠮᠡᠭᠳᠡᠭᠦᠯᠦᠨ᠂ 200 ᠭᠠᠷᠤᠶ ᠲᠥᠷᠥᠯ ᠤᠨ ︽ | ᠵᠠᠰᠠᠭ ᠠᠵᠤ ᠠᠬᠤᠶᠢᠯᠠᠯ ᠤᠨ ᠰᠤᠳᠤᠯᠤᠨ ᠰᠤᠷᠤᠯᠴᠠᠬᠤ︾ ᠰᠢᠨᠵᠢᠯᠡᠭᠡ ᠮᠡᠷᠭᠡᠵᠢᠯ ᠤᠨ ᠲᠥᠷᠥᠯ ᠵᠦᠢᠯ ᠤᠨ | ᠬᠠᠮᠲᠤᠷᠠᠯᠴᠠᠭ᠎ᠠ ᠶᠢ ᠠᠬᠢᠭᠤᠯᠪᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠠᠵᠢᠯᠯᠠᠭᠠᠨ ᠤ ᠲᠥᠯᠥᠪᠯᠡᠭᠡ ᠶᠢ | ᠡᠬᠢᠯᠡᠨ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ 16 ᠳᠤᠮᠳᠠ ᠵᠢᠵᠢᠭ ᠠᠵᠤ ᠠᠬᠤᠶᠢᠯᠠᠯ ᠢ | ᠰᠢᠨ᠎ᠡ ᠪᠠᠷ ᠦᠨᠡᠯᠡᠵᠦ᠂ ᠳᠡᠭᠡᠷ᠎ᠡ ᠵᠢᠯ ᠤᠨ ᠬᠢ ᠠᠴᠠ 8 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠪᠡ︔ ᠳᠡᠭᠡᠳᠦ | ᠰᠢᠨ᠎ᠡ ᠮᠡᠷᠭᠡᠵᠢᠯ ᠤᠨ 8 ᠠᠵᠤ ᠠᠬᠤᠶᠢᠯᠠᠯ ᠢ ᠰᠢᠨ᠎ᠡ ᠪᠠᠷ ᠲᠠᠨᠢᠯᠴᠠᠭᠤᠯᠵᠤ ᠮᠠᠭᠠᠳᠯᠠᠨ ᠲᠣᠭᠳᠠᠭᠠᠵᠣ᠂ ᠪᠦᠬᠦ | ᠲᠤᠭ᠎ᠠ ᠶᠢ 25 ᠪᠣᠯᠭᠠᠪᠠ᠃ ᠠᠷᠠᠯᠵᠢᠶᠠᠴᠢᠨ ᠤᠷᠢᠵᠤ ᠪᠠᠯᠠ ᠳᠠᠳᠠᠨ ᠣᠷᠣᠭᠤᠯᠬᠤ ᠶᠢ ᠰᠢᠯᠭᠠᠵᠤ ᠱᠠᠩᠨᠠᠨ | ᠨᠥᠬᠦᠪᠥᠷᠢᠯᠡᠬᠦ ᠠᠷᠭ᠎ᠠ ᠶᠢ ᠲᠣᠭᠲᠠᠭᠠᠵᠤ᠂ ᠰᠠᠯᠬᠢ ᠭᠡᠷᠡᠯ ᠢᠯᠴᠢ ᠪᠠᠷ ᠤᠰᠤᠲᠥ᠋ᠷᠥᠭᠴᠢ ᠨᠦᠭᠡᠴᠡᠯᠡᠬᠦ᠂ ᠰᠠᠯᠬᠢᠨ | ᠬᠦᠴᠦᠨ ᠤ ᠮᠠᠰᠢᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠳᠡᠭᠡᠳᠣ ᠳᠡᠰ ᠤᠨ ᠬᠡᠯᠬᠢᠶᠡᠰᠣ ᠤᠷᠲᠤᠳᠬᠠᠨ ᠬᠡᠯᠬᠢᠶᠡᠰᠣ | ᠨᠥᠬᠦᠪᠥᠷᠢᠯᠡᠬᠦ ᠵᠡᠷᠭᠡ ᠨᠢᠭᠡ ᠪᠦᠯᠦᠭ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ︵ | ᠣᠷᠣᠨ ᠤ ᠭᠠᠳᠠᠨᠠᠬᠢ︶ ᠶᠢᠨ ᠪᠠᠯᠠ ᠮᠥᠩᠭᠦ ᠶᠢ 231 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ | 9% ᠪᠠᠷ ᠨᠡᠮᠡᠭᠳᠡᠭᠦᠯᠪᠡ᠃ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ | ᠴᠢᠳᠠᠮᠵᠢ ᠶᠢᠨ ᠳᠡᠭᠡᠭᠰᠢᠯᠡᠯᠲᠡ ᠶᠢ ᠲᠦᠷᠭᠡᠳᠬᠡᠨ ᠠᠬᠢᠭᠤᠯᠵᠤ᠂ ᠬᠦᠨᠳᠦ ᠨᠣᠴᠢᠲᠠᠶ ᠬᠢᠵᠢᠭ ᠤᠨ ᠲᠠᠭᠠᠷᠢᠯᠲᠠ ᠳᠤ | ᠤᠴᠠᠷᠠᠭᠰᠠᠨ ᠪᠠᠶᠢᠳᠠᠯ ᠳᠤᠤᠷ᠎ᠠ᠂ ᠪᠥᠬᠦ ᠵᠢᠯ ᠤᠨ ᠪᠣᠭᠤᠮᠲᠠ ᠪᠠᠷ ᠣᠷᠣᠭᠤᠯᠵᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠶᠢ1855 ᠲᠦᠮᠡᠨ ᠲᠣᠨ ᠳᠤ ᠭᠦᠷᠭᠡᠵᠣ᠂ ᠬᠢᠯᠢ ᠪᠠᠷ ᠣᠷᠣᠵᠤ ᠭᠠᠷᠬᠤ ᠳᠤᠮᠳᠠᠳᠤ | ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ 15.1 % ᠪᠠᠷ ᠨᠡᠮᠡᠭᠳᠡᠭᠦᠯᠪᠡ᠃ | ᠲᠠᠪᠤ ᠳᠤ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠰᠢᠨ᠎ᠡ ᠠᠬᠢᠴᠠ ᠲᠠᠢ ᠪᠣᠯᠭᠠᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠦᠷ᠎ᠡ ᠪᠦᠲᠦᠭᠡᠯ ᠢᠶᠠᠨ ᠪᠠᠬᠢᠵᠢᠭᠦᠯᠦᠨ ᠦᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠡᠯ᠎ᠡ ᠱᠠᠲᠤᠨ ᠤ ᠡᠳ᠋ ᠤᠨ | ᠵᠠᠰᠠᠭ ᠠᠴᠠ 6.64 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 371 ᠲᠥᠷᠥᠯ ᠵᠦᠢᠯ ᠵᠣᠯᠭᠠᠭᠤᠯᠬᠤ ᠶᠢ | ᠬᠡᠷᠡᠭᠵᠢᠭᠦᠯᠪᠡ︔ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠲᠡᠳᠬᠦᠬᠦ ᠳᠤ 1.45 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ 98 ᠲᠥᠷᠥᠯ ᠵᠦᠢᠯ ᠢ ᠬᠡᠷᠡᠭᠵᠢᠭᠦᠯᠪᠡ᠃ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ 9.4 ᠲᠦᠮᠡᠨ ᠬᠥᠮᠦᠨ ᠤ ᠣᠣᠭᠤᠬᠤ | ᠣᠰᠣᠨ ᠤ ᠠᠰᠠᠭᠤᠳᠠᠯ ᠢ ᠰᠢᠢᠳᠪᠦᠷᠢᠯᠡᠨ᠂ ᠮᠠᠯᠵᠢᠬᠤ ᠲᠠᠷᠢᠶᠠᠯᠠᠬᠤ ᠣᠷᠣᠨ ᠳᠤ 381ᠺᠢᠯᠣᠮᠧᠲᠷ ᠣᠷᠳᠣ ᠵᠠᠰᠠᠮᠠᠯ | ᠵᠠᠮ ᠵᠠᠰᠠᠵᠣ᠂ 6841 ᠡᠷᠦᠬᠡ ᠶᠢᠨ ᠵᠣᠷᠯᠣᠩ ᠢ ᠴᠡᠭᠴᠡᠯᠡᠨ ᠵᠠᠰᠠᠪᠠ᠃ ᠪᠦᠬᠦ ᠠᠶᠢᠮᠠᠭ ᠤᠨ ᠵᠠᠰᠠᠭ ᠵᠠᠬᠢᠷᠭᠠᠨ ᠤ | ᠭᠠᠴᠠᠭ᠎ᠠ ᠲᠣᠰᠬᠤᠨ ᠤ 4G ᠶᠢᠨ ᠪᠦᠷᠬᠦᠴᠡ ᠶᠢᠨ ᠨᠣᠷᠮ᠎ᠠ ᠶᠢ 98 % ᠠᠴᠠ ᠳᠡᠭᠡᠭᠰᠢ ᠳᠤ ᠬᠦᠷᠦᠭᠦᠯᠵᠦ᠂ | ᠲᠦᠷᠭᠡᠨ ᠬᠦᠷᠭᠡᠯᠳᠡ ᠶᠢᠨ ᠲᠠᠮᠵᠢᠭᠤᠯᠭ᠎ᠠ ᠶᠢᠨ ᠨᠣᠷᠮ᠎ᠠ ᠶᠢ 100% ᠳ᠋ᠤ᠋ᠬᠦ᠋ᠷᠦᠭᠦᠯᠪᠠ ᠃ ᠠᠪᠠᠭ᠎ᠠ ᠬᠤᠰᠢᠭᠤᠨ ᠤ | ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ᠨᠡᠶᠢᠲᠡ 56 ᠲᠥᠷᠥᠯ ᠵᠦᠢᠯ ᠢ ᠬᠡᠷᠡᠭᠵᠢᠭᠦᠯᠦᠨ᠂ 3.3 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠣᠳᠣ ᠦᠶ᠎ᠡ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ᠂ | ᠠᠮᠢᠲᠠᠨ ᠤ ᠬᠢᠵᠢᠭ ᠭᠡᠮ ᠢ ᠰᠡᠷᠭᠡᠶᠢᠯᠡᠨ ᠵᠠᠰᠠᠬᠤ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠲᠠᠯ᠎ᠠ ᠪᠠᠷ ᠬᠠᠰᠢᠷ | ᠲᠤᠷᠰᠢᠯᠭ᠎ᠠ ᠶᠢ ᠬᠠᠶᠢᠨ ᠰᠦᠪᠡᠭᠴᠢᠯᠡᠪᠡ᠃ 19 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠬᠤᠲᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠂ 2. | 26 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 77 ᠬᠠᠭᠤᠴᠢᠨ ᠰᠠᠭᠤᠭᠠᠯᠢ ᠲᠣᠭᠤᠷᠢᠭ᠂ 5616 | ᠡᠷᠦᠬᠡ ᠶᠢ ᠵᠠᠰᠠᠨ ᠰᠢᠨᠡᠳᠭᠡᠪᠡ᠃ 7.9 ᠲᠦᠮᠡᠨ ᠢᠵᠢ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠵᠦ ᠪᠠᠶᠢᠭ᠎ᠠ | ᠦᠨᠡᠮᠯᠡᠯ ᠬᠦᠢᠴᠡᠳᠬᠡᠬᠦ ᠠᠰᠠᠭᠤᠳᠠᠯ ᠢ ᠠᠩᠬ᠎ᠠ ᠤᠳᠠᠭ᠎ᠠ ᠪᠦᠬᠦᠨ ᠢ ᠳᠡᠩᠰᠡᠯᠡᠵᠦ᠂ ᠪᠥᠬᠦ ᠣᠷᠣᠨ ᠤ | ᠶᠡᠷᠦᠩᠭᠡᠶᠢᠯᠡᠭᠰᠡᠨ ᠵᠢᠭᠰᠠᠭᠠᠯᠳᠠ ᠳᠤ ᠨᠢᠭᠡᠳᠦᠭᠡᠷ ᠲᠤ ᠵᠢᠭᠰᠠᠭᠠᠭᠳᠠᠪᠠ᠃ 164 ᠲᠥᠷᠥᠯ ᠵᠦᠢᠯ ᠢ ᠰᠢᠨ᠎ᠡ ᠪᠠᠷ | ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠦᠩᠭᠦᠨ ᠤ ᠬᠢᠨᠠᠯᠲᠠ | ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠪᠠ᠃ ᠰᠠᠭᠤᠷᠢ ᠲᠤᠯᠭᠠᠭᠤᠷᠢᠯᠠᠯ ᠤᠨ ᠪᠠᠲᠤᠯᠠᠭ᠎ᠠ ᠶᠢᠨ ᠴᠢᠳᠠᠪᠤᠷᠢ ᠶᠢ | ᠤᠯᠠᠮ ᠴᠢᠩᠭᠠᠷᠠᠭᠤᠯᠵᠤ᠂ ᠬᠤᠱᠢᠭ᠎ᠠ ᠠᠴᠠ ᠹᠧᠩ ᠨᠢᠩ ᠬᠦᠷᠬᠦ ᠨᠢᠭᠡᠳᠦᠭᠡᠷ ᠬᠤᠭᠤᠴᠠᠭᠠᠨ ᠤ ᠲᠡᠮᠦᠷ ᠵᠠᠮ ᠲᠡᠷᠭᠡ | ᠨᠡᠪᠲᠡᠷᠡᠨ᠂ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ | ᠲᠥᠷᠥᠯ ᠵᠦᠢᠯ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ | ᠥᠭᠡᠷᠡᠴᠢᠯᠡᠨ ᠳᠡᠰᠵᠢᠬᠦᠯᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠲᠠᠢ ᠽᠢ ᠴᠧᠩ ᠠᠴᠠ ᠰᠢᠯᠢ ᠶᠢᠨ ᠬᠤᠳᠠ | ᠬᠦᠷᠬᠦ ᠲᠡᠮᠦᠷ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ | ᠃ 14.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠨ᠂ 10 ᠵᠤᠷᠪᠤᠰ ᠭᠤᠣᠯᠳᠠᠯᠭ᠎ᠠ ᠲᠠᠢ ᠵᠠᠰᠠᠮᠠᠯ ᠵᠠᠮ ᠢ | ᠰᠢᠨ᠎ᠡ ᠪᠠᠷ ᠦᠷᠭᠦᠯᠵᠢᠯᠡᠨ ᠵᠠᠰᠠᠵᠣ᠂ 4 ᠵᠤᠷᠪᠤᠰ ᠵᠠᠰᠠᠮᠠᠯ ᠵᠠᠮ ᠳᠤᠨᠢ ᠲᠡᠷᠭᠡ ᠨᠡᠪᠲᠡᠷᠡᠭᠦᠯᠪᠡ᠃ ᠪᠥᠬᠦ ᠠᠶᠢᠮᠠᠭ ᠤᠨ | ᠴᠠᠬᠢᠯᠭᠠᠨ ᠲᠣᠤᠷ ᠤᠨ ᠪᠥᠲᠥᠭᠡᠨ ᠪᠠᠶᠢᠭᠤᠯᠤᠯᠲᠠ ᠳᠤ 5.9 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠴᠠᠬᠢᠯᠭᠠᠨ ᠲᠣᠤᠷ ᠤᠨ ᠪᠦᠷᠢᠯᠳᠦᠴᠡ ᠪᠠ ᠴᠠᠬᠢᠯᠭᠠᠨ ᠬᠦᠴᠦᠨ ᠤ | ᠪᠠᠲᠤᠯᠠᠭ᠎ᠠ ᠶᠢᠨ ᠴᠢᠳᠠᠪᠤᠷᠢ ᠶᠢ ᠤᠯᠠᠮ ᠴᠢᠩᠭᠠᠳᠬᠠᠪᠠ᠃ | ᠵᠢᠷᠭᠤᠭ᠎ᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠪᠡ᠃ᠪᠦᠬᠦ ᠠᠶᠢᠮᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠣᠯᠠᠨ ᠨᠡᠶᠢᠲᠡ ᠶᠢᠨ ᠡᠩ ᠤᠨ | ᠲᠥᠰᠦᠪ ᠤᠨ ᠵᠠᠷᠤᠯᠭ᠎ᠠ ᠶᠢᠨ 64.4 % ᠶᠢ ᠡᠵᠡᠯᠡᠪᠡ᠃ ᠬᠤᠲᠠ ᠪᠠᠯᠭᠠᠰᠤᠨ ᠤ 1.28 ᠲᠦᠮᠡᠨ ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠨᠢ | ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠨ ᠡᠵᠡᠮᠳᠡᠬᠦ ᠬᠠᠷᠠᠯᠲᠠ ᠠᠴᠠ 1.6 ᠵᠠᠭᠤᠨ ᠤ ᠬᠤᠪᠢ ᠶᠢᠨ ᠴᠡᠭ | ᠳᠤᠤᠷ᠎ᠠ ᠪᠣᠯᠵᠣ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠰ ᠲᠣᠰ 7.3% ᠪᠠ 10. | 1% ᠪᠠᠷ ᠨᠡᠮᠡᠭᠳᠡᠭᠦᠯᠪᠡ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 8 ᠶᠢ ᠰᠢᠨ᠎ᠡ ᠪᠠᠷ ᠦᠷᠭᠦᠯᠵᠢᠯᠡᠨ | ᠪᠠᠶᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠠᠬᠢ ᠬᠡᠦᠬᠡᠳ ᠤᠨ ᠡᠵᠡᠯᠡᠬᠦ ᠬᠠᠷᠢᠴᠠᠯ ᠢ 73 | % ᠪᠣᠯᠭᠠᠨ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ | ᠪᠦᠷᠬᠦᠴᠡ ᠶᠢᠨ ᠨᠣᠷᠮ᠎ᠠ ᠶᠢ 92 % ᠲᠤ ᠬᠦᠷᠦᠭᠦᠯᠵᠦ᠂ ᠴᠥᠮ ᠪᠥᠬᠦ ᠣᠷᠣᠨ ᠤ ᠡᠮᠦᠨ᠎ᠡ ᠡᠩᠨᠡᠭᠡᠨ ᠳᠤ | ᠣᠷᠣᠭᠤᠯᠪᠠ᠃ ︽ᠬᠤᠶᠠᠷ ᠢ ᠬᠦᠩᠭᠡᠷᠡᠭᠦᠯᠬᠦ︾᠂ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ | ᠵᠡᠷᠭᠡ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠶᠢᠮᠠᠭ ᠤᠨ ᠮᠣᠩᠭᠤᠯ ᠳᠤᠮᠳᠠᠳᠤ | ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠬᠤᠭᠤᠴᠠᠭ᠎ᠠ ᠶᠣᠰᠣᠭᠠᠷ ᠠᠰᠢᠭᠯᠠᠯᠲᠠ ᠳᠤ ᠣᠷᠣᠭᠤᠯᠵᠤ᠂ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠲᠠᠢ ᠬᠠᠮᠲᠤᠷᠠᠨ | ᠰᠢᠯᠢ ᠶᠢᠨ ᠭᠤᠤᠯ ᠤᠨ ᠰᠠᠯᠪᠣᠷᠢ ᠰᠤᠷᠭᠠᠭᠤᠯᠢ ᠶᠢ ᠪᠠᠶᠢᠭᠤᠯᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ | ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠪᠠᠴᠢᠮ ᠡᠮᠨᠡᠯᠭᠡ ᠶᠢᠨ ᠠᠰᠠᠷ ᠤᠨ ᠭᠤᠤᠯ | ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ | ᠰᠢᠯᠢ ᠶᠢᠨ ᠭᠤᠣᠯ ᠤᠨ ᠮᠣᠩᠭᠤᠯ ᠡᠮᠴᠢᠯᠡᠭᠡᠨ ᠤ ᠡᠮᠨᠡᠯᠭᠡ ᠶᠢᠨ ᠳᠡᠭᠡᠳᠦ ᠰᠤᠷᠭᠠᠭᠤᠯᠢ ᠫᠠᠶᠢᠰᠠ ᠡᠯᠭᠦᠨ | ᠪᠠᠶᠢᠭᠤᠯᠤᠭᠳᠠᠵᠤ᠂ ᠠᠶᠢᠮᠠᠭ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠪᠠ ᠠᠨ ᠱᠧᠨ | ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠲᠤᠰᠬᠠᠶ ᠡᠮᠨᠡᠯᠭᠡ ᠶᠢᠨ ᠬᠤᠷᠢᠶ᠎ᠠ ᠪᠣᠯᠭᠠᠨ ᠲᠠᠰ ᠳᠡᠪᠰᠢᠭᠦᠯᠬᠦ ᠶᠢ | ᠳᠡᠮᠵᠢᠪᠡ᠃ ᠨᠡᠶᠢᠭᠡᠮ ᠤᠨ ᠪᠠᠲᠤᠯᠠᠭ᠎ᠠ᠂ ᠡᠮᠨᠡᠯᠭᠡ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠪᠠᠨ | ᠳᠡᠭᠡᠭᠰᠢᠯᠡᠭᠦᠯᠬᠦ ᠶᠢ ᠢᠳᠡᠪᠬᠢᠲᠡᠢ ᠪᠡᠶᠡᠯᠡᠭᠦᠯᠵᠦ᠂ ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠶᠢ | ᠠᠶᠢᠮᠠᠭ ᠤᠨ ᠱᠠᠲᠤᠨ ᠳᠤ ᠨᠢᠭᠡᠳᠦᠯᠲᠡᠢ ᠳᠤ ᠲᠥᠯᠥᠪᠵᠢᠭᠦᠯᠬᠦ ᠶᠢ ᠪᠡᠶᠡᠯᠡᠭᠦᠯᠪᠡ᠃ ᠨᠡᠶᠢᠭᠡᠮ ᠲᠣᠭᠤᠷᠢᠭ ᠲᠠᠬᠢ | ᠨᠠᠰᠤᠵᠢᠯ ᠤᠨ ᠦᠢᠯᠡᠴᠢᠯᠡᠬᠡᠨ ᠤ ᠲᠦᠬᠦᠭᠡᠷᠣᠮᠵᠢ ᠶᠢ 28 ᠪᠠᠶᠢᠭᠤᠯᠵᠤ᠂ ᠨᠡᠶᠢᠭᠡᠮ ᠲᠣᠭᠤᠷᠢᠭ ᠲᠠᠬᠢ ᠨᠠᠰᠤᠵᠢᠯ ᠤᠨ | ᠦᠢᠯᠡᠴᠢᠯᠡᠬᠡᠨ ᠤ ᠪᠦᠷᠬᠦᠴᠡ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠵᠦ᠂ ᠪᠥᠬᠦ ᠣᠷᠣᠨ ᠤ | ᠡᠮᠦᠨ᠎ᠡ ᠡᠩᠨᠡᠭᠡᠨ ᠳᠤ ᠣᠷᠣᠭᠤᠯᠪᠠ᠃ ᠤᠯᠠᠭᠠᠨᠮᠥ᠋ᠴᠢᠷ ᠤᠨ ᠬᠢᠨᠢ 296 ᠤᠳᠬ᠎ᠠ ᠤᠷᠠᠯᠢᠭ ᠤᠨ ᠪᠦᠲᠦᠭᠡᠯ ᠢ | ᠵᠣᠬᠢᠶᠠᠨ ᠪᠦᠲᠦᠭᠡᠵᠦ᠂ ᠦᠵᠦᠮᠦᠴᠢᠨ ᠤᠷᠳᠤ ᠶᠢᠨ ᠳᠠᠭᠤᠣ ᠨᠢ ᠤᠯᠤᠰ ᠤᠨ ᠲᠡᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠢᠶᠠᠷ ᠰᠣᠩᠭᠤᠭᠳᠠᠪᠠ᠃ ᠮᠠᠨ ᠤ ᠠᠶᠢᠮᠠᠭ ᠤᠨ | ᠲᠠᠮᠢᠷᠴᠢᠳ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠳᠤ 5 ᠠᠯᠲᠠᠨ | ᠮᠧᠳᠠᠯ ᠭᠦᠷᠳᠡᠭᠰᠡᠨ ᠰᠢᠯᠢᠳᠡᠭ ᠬᠢᠷᠢ ᠪᠦᠲᠦᠮᠵᠢ ᠣᠯᠪᠠ᠃ | ᠲᠤᠯᠤᠭ᠎ᠠ ᠳᠤ ᠨᠡᠶᠢᠭᠡᠮ ᠤᠨ ᠲᠦᠪᠰᠢᠷᠡᠯ ᠪᠦᠯᠬᠦᠮᠳᠡᠯ ᠤᠨ ᠶᠡᠭᠡ ᠲᠠᠯ᠎ᠠ ᠶᠢ ᠤᠯᠠᠮ ᠪᠠᠬᠢᠵᠢᠭᠦᠯᠪᠡ᠃ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠦᠨᠳᠦᠰᠦᠲᠡᠨ ᠤ ᠵᠥᠷᠢᠶᠡᠲᠦ ᠴᠢᠨᠠᠷ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠠᠷᠭ᠎ᠠ | ᠬᠡᠮᠵᠢᠶ᠎ᠡ ᠶᠢ ᠪᠦᠬᠦ ᠲᠠᠯ᠎ᠠ ᠪᠠᠷ ᠡᠮᠬᠢᠯᠡᠬᠦ ᠶᠢᠨ ᠬᠠᠮᠲᠤ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠪᠦᠬᠦ | ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠤᠯᠠᠮ ᠪᠠᠲᠤᠳᠬᠠᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠶᠡᠭᠡ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ︽ᠳᠡᠯᠭᠡᠷᠡᠭᠦᠯᠬᠦ ᠶᠣᠰᠣᠲᠠᠶ ᠶᠢ ᠨᠢ ᠪᠦᠬᠦᠨ ᠢ ᠳᠡᠯᠭᠡᠷᠡᠭᠦᠯᠵᠦ︾᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠢᠶᠠᠷ ᠠᠰᠠᠷᠠᠨ ᠬᠥᠮᠦᠵᠢᠭᠦᠯᠬᠦ ᠬᠥᠮᠦᠵᠢᠯ ᠢ ᠨᠡᠶᠢᠳᠡᠮ ᠪᠦᠷᠬᠦᠭᠦᠯᠪᠡ᠃ ᠨᠡᠶᠢᠭᠡᠮ ᠤᠨ | ᠠᠮᠤᠷ ᠲᠦᠪᠰᠢᠨ ᠲᠣᠭᠲᠠᠭᠤᠨ ᠤ ᠠᠶᠤᠯ ᠲᠦᠭᠰᠢᠭᠦᠷᠢ ᠶᠢ ᠪᠠᠶᠢᠴᠠᠭᠠᠵᠤ ᠴᠡᠭᠴᠡᠯᠡᠨ ᠵᠠᠰᠠᠬᠤ ︽ᠵᠠᠭᠤᠨ ᠡᠳᠦᠷ ᠤᠨ | ᠪᠣᠭᠤᠮᠲᠠ ᠰᠢᠪᠲᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠳᠠᠪᠬᠤᠷᠳᠠᠭᠤᠯᠣᠨ | ᠰᠤᠷᠪᠤᠯᠵᠢᠯᠠᠬᠤ ᠶᠢ ᠵᠠᠰᠠᠬᠤ ᠪᠠ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠭᠡᠳ ᠢᠯᠡᠳᠲᠡ | ᠦᠷ᠎ᠡ ᠪᠦᠲᠦᠮᠵᠢ ᠤᠯᠪᠠ᠃ ︽ᠲᠣᠷᠠᠨᠳᠣ ᠢᠨᠵᠧᠨᠧᠷᠢᠩ︾ ᠪᠠ ︽ᠤᠶᠤᠨᠲᠤ ᠳᠣᠲᠣᠭᠠᠳᠤ ᠶᠢ ᠬᠠᠮᠠᠭᠠᠯᠠᠬᠤ︾ | ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠮᠡᠳᠡᠭᠡ | ᠵᠠᠩᠭᠢᠵᠢᠯᠲᠠ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠤᠯᠠᠮ ᠳᠡᠭᠡᠭᠰᠢᠯᠡᠭᠦᠯᠪᠡ᠃ ᠵᠡᠭᠦᠨ ᠦᠵᠦᠮᠦᠴᠢᠨ | ᠬᠤᠰᠢᠭᠤᠨ ᠤ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ | ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠨᠢ ᠤᠯᠤᠰ ᠤᠨ ᠳᠤᠮᠳᠠ ᠬᠤᠭᠤᠴᠠᠭᠠᠨ ᠤ ᠦᠨᠡᠯᠡᠯᠲᠡ ᠳᠤ ᠬᠢᠷᠢ | ᠲᠡᠩᠴᠡᠪᠡ᠃ ᠠᠶᠤᠯᠭᠦᠶ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠷᠠᠭᠤᠯᠵᠤ᠂ | ᠠᠶᠣᠯᠬᠦᠢ ᠦᠢᠯᠡᠳᠪᠦᠷᠢᠯᠡᠯ ᠤᠨ ᠠᠳᠠᠯ ᠭᠠᠷᠬᠤ ᠲᠤᠭ᠎ᠠ ᠪᠣᠯᠤᠨ ᠠᠳᠡᠭᠰᠡᠨ ᠬᠥᠮᠦᠨ ᠤ ᠲᠤᠭ᠎ᠠ ᠶᠢᠨ ︽ᠬᠤᠣᠰ | ᠪᠠᠭᠤᠷᠠᠯᠳᠠ︾ ᠶᠢ ᠪᠡᠶᠡᠯᠡᠭᠦᠯᠵᠦ᠂ ᠢᠳᠡᠭᠡᠨ ᠣᠮᠳᠠᠭᠠᠨ ᠡᠮ ᠤᠨ ᠵᠦᠢᠯ ᠤᠨ ᠠᠮᠣᠷ ᠲᠦᠪᠰᠢᠨ ᠤ ᠬᠦᠨᠳᠦ ᠶᠡᠭᠡ | ᠡ᠊ᠨᠳᠡᠯ ᠭᠠᠷᠤᠭᠰᠠᠨ ᠦᠭᠡᠢ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠸᠠᠺᠼᠢᠨ ᠤ | ᠲᠠᠷᠢᠯᠭ᠎ᠠ ᠶᠢ ᠡᠮᠬᠢ ᠵᠢᠷᠤᠮ ᠲᠠᠢ ᠵᠣᠬᠢᠶᠠᠨ ᠪᠠᠶᠢᠭᠤᠯᠵᠤ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ | ᠬᠡᠮᠵᠢᠯᠲᠡ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠣᠷᠢᠯᠲᠠ ᠵᠡᠷᠭᠡ ᠠᠵᠢᠯ ᠢ ᠴᠢᠩᠭᠠᠳᠬᠠᠨ᠂ ᠡᠷᠢᠶᠡᠨ | ᠬᠤᠲᠠ ᠶᠢᠨ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠤᠰᠠᠳᠬᠠᠬᠤ ᠲᠠᠶᠢᠯᠠᠯᠳᠣᠭᠠᠨ ᠳᠤ ᠪᠥᠬᠦ ᠬᠦᠴᠦᠨ | ᠢᠶᠠᠷ ᠢᠶᠠᠨ ᠣᠷᠣᠯᠴᠠᠵᠣ ᠢᠯᠭᠤᠮ ᠢᠯᠠᠯᠲᠠ ᠣᠯᠵᠤ᠂ ᠠᠷᠠᠳ ᠣᠯᠠᠨ ᠤ ᠠᠮᠤᠷ ᠲᠦᠪᠰᠢᠨ ᠢ ᠬᠦᠴᠦᠲᠡᠶ | ᠬᠠᠮᠠᠭᠠᠯᠠᠪᠠ᠃ | ᠨᠢᠭᠡ ᠵᠢᠯ ᠤᠨ ᠲᠤᠷᠰᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠬᠤᠶᠠᠷ ᠢ ᠬᠦᠷᠢᠶᠡᠯᠡᠨ | ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ᠂ ᠠᠷᠠᠳ ᠤᠨ ᠠᠭᠠᠷ ᠤᠨ ᠰᠡᠷᠭᠡᠶᠢᠯᠡᠯᠲᠡ᠂ ᠱᠠᠰᠢᠨ ᠰᠤᠷᠲᠠᠬᠤᠨ ᠤ | ᠬᠡᠷᠡᠭ ᠶᠠᠪᠤᠳᠠᠯ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠬᠡᠷᠡᠭ ᠶᠠᠪᠤᠳᠠᠯ᠂ ᠲᠤᠭ᠎ᠠ ᠪᠦᠷᠢᠳᠬᠡᠯ ᠤᠨ | ᠪᠠᠶᠢᠴᠠᠭᠠᠯᠲᠠ᠂ ᠭᠠᠵᠠᠷ ᠬᠥᠳᠡᠯᠦᠯᠲᠡ ᠶᠢᠨ ᠴᠠᠭ ᠠᠭᠤᠷ᠂ ᠰᠣᠨᠢᠨ ᠮᠡᠳᠡᠭᠡ ᠷᠠᠳᠢᠣ᠋ ᠲᠧᠯᠸᠢᠰ᠂ ᠨᠡᠶᠢᠭᠡᠮ ᠤᠨ | ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠨᠢᠭᠤᠴᠠ ᠶᠢ ᠬᠠᠮᠠᠭᠠᠯᠠᠬᠤ ᠵᠡᠷᠭᠡ ᠠᠵᠢᠯ ᠴᠢᠩᠭᠠᠳᠬᠠᠭᠳᠠᠵᠣ᠂ ᠡᠪ | ᠬᠠᠮᠲᠤ ᠵᠠᠯᠠᠭᠤᠴᠤᠳ ᠤᠨ ᠡᠪᠯᠡᠯ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭᠠᠳᠣ ᠬᠤᠷᠠᠯ᠂ ᠰᠢᠨᠵᠢᠯᠡᠬᠦ | ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭᠠᠳᠣ ᠬᠤᠷᠠᠯ᠂ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠦᠪᠯᠡᠯ᠂ ᠠᠷᠠᠯᠵᠢᠶ᠎ᠠ ᠠᠬᠢᠭᠤᠯᠬᠤ ᠵᠦᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ | ᠰᠢᠨ᠎ᠡ ᠳᠦᠷᠰᠣ ᠪᠠᠶᠢᠳᠠᠯ ᠲᠠᠢ ᠪᠣᠯᠪᠠ᠃ | ᠨᠢᠭᠡ ᠵᠢᠯ ᠤᠨ ᠲᠤᠷᠰᠢ᠂ ᠠᠶᠢᠮᠠᠭ ᠤᠨ ᠵᠠᠬᠢᠷᠭ᠎ᠠ ᠨᠢ ᠤᠯᠤᠰ ᠲᠦᠷᠦ ᠶᠢᠨ ᠪᠠᠶᠢᠭᠤᠯᠤᠯᠲᠠ ᠶᠢ | ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠨᠠᠷᠢᠨ ᠬᠠᠭᠤᠳᠠᠰᠣᠨ | ᠵᠦᠢᠯᠡᠰ ᠢ ᠪᠦᠬᠦ ᠲᠠᠯ᠎ᠠ ᠪᠠᠷ ᠪᠡᠶᠡᠯᠡᠭᠦᠯᠪᠡ᠃ ᠲᠥᠪ ᠪᠠ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠯᠲᠠ | ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ᠂ ᠬᠢᠨᠠᠨ | ᠪᠣᠳᠣᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠨᠠᠷᠢᠨ ᠬᠢᠨᠠᠮᠠᠭᠠᠶ | ᠰᠠᠶᠢᠲᠤᠷ ᠠᠳᠬᠤᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠲᠦᠷᠦᠯ ᠢᠶᠠᠷ ᠴᠡᠭᠴᠡᠯᠡᠨ ᠵᠠᠰᠠᠬᠤ᠂ | ᠨᠡᠭᠡᠭᠡᠯᠲᠡ ᠶᠢᠨ ᠣᠷᠣᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠪᠠ ᠬᠠᠩᠭᠠᠨ ᠪᠣᠷᠣᠯᠠᠭᠤᠯᠬᠤ | ᠰᠢᠰᠲ᠋ᠧᠮ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶ᠎ᠡ ᠬᠡᠪᠴᠢᠶ᠎ᠡ᠂ ᠠᠮᠤ ᠪᠣᠳᠠᠭᠠᠨ ᠳᠤ | ᠬᠤᠯᠪᠣᠭᠳᠠᠭᠰᠠᠨ ᠠᠰᠠᠭᠤᠳᠠᠯ ᠵᠡᠷᠭᠡ ᠶᠢ ᠲᠤᠰᠬᠠᠶ ᠲᠦᠷᠦᠯ ᠢᠶᠠᠷ ᠴᠡᠭᠴᠡᠯᠡᠨ ᠵᠠᠰᠠᠬᠤ ᠠᠵᠢᠯ ᠢᠶᠠᠨ ᠯᠠᠪᠳᠠᠭᠤᠨ | ᠪᠠᠲᠤᠲᠠᠶ ᠥᠷᠨᠢᠭᠦᠯᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠪᠡ᠃ | ᠡᠷᠬᠢᠯᠡᠭᠴᠢ ᠨᠠᠷ᠂ ᠭᠡᠰᠢᠭᠦᠳ ᠡ︕ ᠦᠢ ᠣᠯᠠᠨ ᠵᠥᠷᠢᠴᠡᠯ ᠳᠠᠪᠬᠤᠴᠠᠵᠤ᠂ ᠠᠶᠤᠯ ᠲᠦᠭᠰᠢᠭᠦᠷᠢ | ᠥᠷᠢᠰᠥᠯᠳᠦᠭᠡᠨ ᠳᠠᠰᠣᠷᠠᠯᠳᠠ ᠦᠭᠡᠢ ᠨᠡᠮᠡᠭᠳᠡᠵᠦ ᠪᠠᠶᠢᠭ᠎ᠠ ᠪᠠᠶᠢᠳᠠᠯ ᠳᠣᠣᠷ᠎ᠠ᠂ ᠥᠩᠭᠡᠷᠡᠭᠰᠡᠨ ᠨᠢᠭᠡ ᠵᠢᠯ ᠤᠨ | ᠠᠮᠵᠢᠯᠲᠠ ᠪᠦᠲᠦᠮᠵᠢ ᠶᠢ ᠬᠢᠯᠪᠡᠷ ᠪᠣᠰᠣ ᠪᠠᠷ ᠣᠯᠤᠭᠰᠠᠨ ᠶᠣᠮ᠂ ᠡᠨᠡ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠣᠭᠤᠳᠣᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠶᠢᠮᠠᠭ ᠤᠨ ᠨᠠᠮ ᠤᠨ ᠬᠤᠷᠢᠶ᠎ᠠ ᠪᠦᠬᠦ ᠠᠶᠢᠮᠠᠭ ᠤᠨ | ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠪᠣᠯᠤᠨ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠮᠦᠨᠴᠣ ᠠᠶᠢᠮᠠᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠤᠯᠤᠰ ᠲᠦᠷᠦ ᠶᠢᠨ ᠵᠥᠪᠯᠡᠯᠭᠡᠨ | ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠬᠦ ᠬᠦᠴᠦᠨ ᠢᠶᠠᠷ ᠢᠶᠠᠨ ᠬᠠᠪᠰᠤᠷᠤᠯᠴᠠᠵᠤ᠂ ᠬᠢᠨᠠᠯᠲᠠ | ᠲᠠᠯᠪᠢᠵᠤ ᠳᠡᠮᠵᠢᠭᠰᠡᠨ ᠤ ᠦᠷ᠎ᠡ ᠳ᠋ᠦᠩ ᠪᠣᠯᠣᠨ᠎ᠠ᠃ ᠡ᠊ᠨᠳᠡ ᠪᠢ ᠵᠠᠬᠢᠷᠭ᠎ᠠ ᠶᠢᠨ ᠡᠮᠦᠨ᠎ᠡ ᠠᠴᠠ ᠲᠠ ᠪᠦᠬᠦᠨ ᠳᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠮᠠᠨ ᠤ ᠠᠶᠢᠮᠠᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠡᠷᠬᠡᠪᠰᠢ ᠵᠥᠪ ᠢᠶᠠᠷ ᠬᠠᠨᠳᠤᠬᠤ | ᠴᠢᠬᠤᠯᠠᠲᠠᠢ ᠶᠣᠮ᠂ ᠭᠤᠣᠯ ᠢᠯᠡᠷᠡᠯ ᠨᠢ᠄ ᠨᠡᠭᠦᠷᠡᠰᠣ ᠡᠨᠧᠷᠭᠢ ᠳᠤ ᠲᠦᠰᠢᠭᠯᠡᠬᠦ ᠤᠯᠠᠮᠵᠢᠯᠠᠯᠲᠤ ᠠᠵᠤ ᠦᠢᠯᠡᠰ ᠤᠨ | ᠪᠦᠲᠦᠴᠡ ᠶᠢ ᠬᠠᠷᠠᠬᠠᠨ ᠬᠤᠪᠢᠷᠠᠭᠤᠯᠤᠭᠠᠳᠤᠶ᠂ ᠵᠠᠯᠭᠠᠯᠳᠤᠭᠤᠯᠬᠤ ᠲᠦᠷᠦᠯ ᠵᠦᠢᠯ ᠤᠨ ᠨᠥᠭᠡᠴᠡ ᠬᠦᠷᠦᠯᠴᠡᠬᠦ | ᠥᠬᠡᠶ᠂ ᠢᠯᠠᠩᠭᠤᠶ᠎ᠠ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠳᠤ ᠲᠤᠯᠭᠠᠭᠤᠷᠢᠯᠠᠬᠤ ᠰᠢᠨ᠎ᠡ ᠲᠥᠷᠥᠯ ᠵᠦᠢᠯ ᠲᠣᠮᠣ ᠲᠥᠷᠥᠯ ᠵᠦᠢᠯ ᠰᠠᠶᠢᠨ ᠲᠥᠷᠥᠯ ᠵᠦᠢᠯ | ᠴᠥᠭᠡᠨ ᠪᠠᠶᠢᠨ᠎ᠠ︔ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠤᠴᠣᠷᠤᠩᠭᠤᠢ᠂ ᠳᠡᠭᠡᠳᠦ ᠲᠡᠰ | ᠳᠠᠪᠬᠤᠷᠭ᠎ᠠ ᠶᠢᠨ ᠴᠢᠳᠠᠪᠤᠷᠢᠲᠠᠨ ᠳᠤᠲᠠᠭᠳᠠᠵᠤ ᠪᠠᠶᠢᠬᠤ ᠵᠡᠷᠭᠡ ᠪᠣᠭᠤᠮᠢ ᠬᠦᠯᠢᠶᠡᠰᠦᠯᠡᠯ ᠢᠯᠡᠷᠬᠡᠢ ᠪᠠᠶᠢᠨ᠎ᠠ︔ | ᠭᠠᠳᠠᠭᠠᠳᠤ ᠨᠡᠭᠡᠭᠡᠯᠲᠡ ᠶᠢᠨ ᠳᠡᠰ ᠳᠠᠪᠬᠤᠷᠭ᠎ᠠ ᠥᠨᠳᠥᠷ ᠪᠢᠰᠢ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ | ᠳᠤ ᠪᠠᠰᠠ ᠴᠥᠭᠡᠨ ᠪᠤᠰᠤ ᠬᠦᠴᠢᠷ ᠠᠰᠠᠭᠤᠳᠠᠯ ᠪᠠ ᠰᠠᠭᠠᠳ ᠲᠦᠭᠵᠢᠷᠡᠯ ᠣᠷᠣᠰᠢᠵᠤ ᠪᠠᠶᠢᠨ᠎ᠠ︔ ᠠᠮᠢ | ᠠᠬᠤᠢ ᠶᠢᠨ ᠣᠷᠴᠢᠨ ᠨᠥᠬᠦᠴᠡᠯ ᠲᠣᠭᠲᠠᠭᠤᠨ ᠤ ᠲᠣᠮᠳᠠ ᠰᠠᠶᠢᠵᠢᠷᠠᠬᠤ ᠰᠠᠭᠤᠷᠢ ᠬᠡᠪᠡᠷᠡᠭ ᠪᠠᠶᠢᠵᠤ᠂ ᠠᠮᠢ | ᠠᠬᠤᠢ ᠶᠢ ᠵᠠᠰᠠᠨ ᠰᠡᠷᠭᠦᠭᠡᠬᠦ ᠪᠠ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠪᠠᠭᠠᠰᠬᠠᠬᠤ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ︔ ᠰᠠᠭᠤᠷᠢ ᠲᠥᠬᠦᠭᠡᠷᠦᠮᠵᠢ ᠪᠠ ᠠᠷᠠᠳ ᠤᠨ | ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠤᠯᠠᠨ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠬᠢᠭᠡᠳ ᠤᠯᠠᠨ ᠲᠦᠮᠡᠨ ᠤ ᠬᠦᠰᠡᠯ ᠱᠠᠭᠠᠷᠳᠠᠯᠭ᠎ᠠ | ᠶᠢᠨ ᠬᠤᠭᠤᠷᠣᠨᠳᠣᠬᠢ ᠵᠦᠷᠢᠶ᠎ᠡ ᠨᠡᠯᠢᠶᠡᠳ ᠶᠡᠭᠡ ᠪᠠᠶᠢᠨ᠎ᠠ︔ ᠬᠡᠰᠡᠭ ᠬᠤᠰᠢᠭᠤ ᠰᠢᠶᠠᠨ ᠤ ᠥᠷᠢ ᠦᠭᠴᠡᠭᠡᠨ ᠤ | ᠲᠦᠭᠰᠢᠭᠦᠷᠢ ᠶᠢᠨ ᠵᠡᠷᠭᠡ ᠳᠡᠰ ᠨᠡᠯᠢᠶᠡᠳ ᠥᠨᠳᠥᠷ ᠪᠠᠶᠢᠵᠤ᠂ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠵᠥᠷᠢᠴᠡᠯ ᠨᠡᠩ ᠲᠤᠪᠤᠶᠢᠮ᠎ᠠ ᠪᠠᠶᠢᠨ᠎ᠠ᠃ ᠡᠭᠦᠨ ᠤ ᠬᠠᠮᠳᠣ᠂ ᠪᠥᠬᠦ ᠠᠶᠢᠮᠠᠭ ᠤᠨ ᠵᠠᠰᠠᠭ ᠤᠨ ᠣᠷᠳᠣᠨ ᠤ | ᠰᠢᠰᠲ᠋ᠧᠮ ᠤᠨ ᠠᠵᠢᠯ ᠳᠤ ᠪᠠᠰᠠ ᠴᠥᠭᠡᠨ ᠪᠤᠰᠤ ᠠᠰᠠᠭᠤᠳᠠᠯ ᠣᠷᠣᠰᠢᠵᠤ᠂ ᠵᠠᠷᠢᠮ ᠭᠠᠵᠠᠷ ᠣᠷᠣᠨ ᠪᠠ ᠰᠠᠯᠠᠭ᠎ᠠ | ᠮᠥᠴᠢᠷ ᠤᠨ ᠣᠷᠣᠨ ᠪᠠᠶᠢᠷᠢ ᠳᠠᠪᠰᠢᠬᠤ ᠪᠠᠷ ᠮᠡᠷᠡᠶᠢᠬᠦ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ | ᠬᠦᠷᠦᠯᠴᠡᠬᠦ ᠥᠬᠡᠶ ᠪᠠᠶᠢᠵᠣ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠮᠥᠨ ᠯᠡ ᠣᠷᠣᠰᠢᠵᠣ᠂ | ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠬᠦ ᠴᠢᠬᠤᠯᠠᠲᠠᠶ᠂ ᠣᠨᠴᠠᠭᠠᠢᠯᠠᠨ ᠤᠯᠠᠨ ᠲᠦᠮᠡᠨ ᠤ | ᠬᠦᠰᠡᠯ ᠡᠷᠡᠮᠡᠯᠵᠡᠯ ᠤᠨ ᠡᠮᠦᠨ᠎ᠡ᠂ ᠪᠢᠳᠡ ︽ᠠᠷᠠᠳ ᠲᠦᠮᠡᠨ ᠤ ᠬᠦᠴᠢᠷ ᠵᠣᠪᠠᠯᠠᠩ ᠢ ᠦᠪᠡᠷ ᠤᠨ ᠶᠠᠪᠣᠳᠠᠯ ᠢᠶᠠᠷ | ᠦᠵᠡᠬᠦ︾ ᠬᠠᠷᠢᠭᠤᠴᠠᠯᠭᠠᠲᠤ ᠰᠡᠳᠬᠢᠯᠭᠡ᠂ ︽ᠡᠷᠳᠡᠯᠡᠵᠣ ᠣᠷᠣᠶᠢᠯᠠᠨ︾᠂ ︽ᠰᠢᠷᠭᠠᠭᠤ ᠵᠢᠳᠬᠦᠬᠦ︾ ᠲᠤᠯᠭᠠᠮ᠎ᠠ | ᠰᠡᠳᠬᠢᠯᠭᠡ ᠪᠠᠰᠠ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠬᠡᠬᠦ ᠮᠡᠳᠦ᠃ ᠡᠭᠦᠨ ᠳᠤ | ᠪᠢᠳᠡ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠠᠷᠢᠨ ᠬᠢᠨᠠᠮᠠᠭᠠᠶ ᠰᠢᠢᠳᠪᠦᠷᠢᠯᠡᠵᠣ᠂ ᠪᠦᠬᠦ ᠬᠦᠴᠦᠨ | ᠴᠢᠳᠠᠯ ᠢᠶᠠᠨ ᠰᠢᠪᠬᠠᠨ ᠠᠵᠢᠯ ᠢᠶᠠᠨ ᠨᠡᠩ ᠰᠠᠶᠢᠲᠤᠷ ᠬᠦᠢᠴᠡᠳᠬᠡᠬᠦ ᠴᠢᠬᠤᠯᠠᠲᠠᠢ ᠶᠣᠮ᠃ | ᠬᠤᠶᠠᠷ᠂ 2022 ᠣᠨ ᠤ ᠠᠵᠤ ᠠᠬᠤᠶ ᠨᠡᠶᠢᠭᠡᠮ ᠤᠨ ᠬᠦᠭᠵᠢᠬᠦᠯᠦᠯᠳᠡ ᠶᠢᠨ ᠬᠠᠷᠠᠯᠲᠠ ᠡᠭᠦᠷᠭᠡ | ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠦᠪᠡᠳᠡᠭᠰᠢ ᠶᠡᠬᠡᠪᠡᠷ ᠲᠠᠢ ᠪᠠᠷ ᠬᠤᠷᠠᠯᠳᠤᠬᠤ ᠪᠣᠯᠬᠤᠷ᠂ | ᠨᠠᠮ ᠪᠠ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠠᠬᠢᠴᠠ ᠳᠠᠬᠢ ᠲᠦᠢᠯ ᠤᠨ ᠴᠢᠬᠤᠯᠠ ᠨᠢᠭᠡ ᠵᠢᠯ | ᠪᠣᠯᠤᠨ᠎ᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠨᠡ ᠵᠢᠯ ᠤᠨ ᠠᠵᠢᠯ ᠤᠨ ᠶᠡᠷᠦᠩᠬᠡᠶ | ᠱᠠᠭᠠᠷᠳᠠᠯᠭ᠎ᠠ ᠪᠠ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠪᠥᠬᠦ | ᠠᠶᠢᠮᠠᠭ ᠤᠨ ᠠᠵᠤ ᠠᠬᠤᠶ ᠨᠡᠶᠢᠭᠡᠮ ᠤᠨ ᠭᠦᠭᠵᠢᠬᠦᠯᠦᠯᠳᠡ ᠶᠢᠨ ᠠᠵᠢᠯ ᠢ ᠰᠠᠶᠢᠲᠤᠷ ᠬᠢᠨ᠎ᠠ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠣᠨ | ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠣᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠭᠤᠰᠢᠯᠠᠭᠤᠯᠵᠣ᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠲᠣᠭᠲᠠᠭᠤᠨ ᠤ ᠲᠣᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠦᠮᠦᠨ ᠢᠶᠠᠷ | ᠦᠨᠳᠣᠰᠣ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠭᠦᠯᠬᠦ ᠪᠠ ᠠᠮᠤᠷ ᠲᠦᠪᠰᠢᠨ ᠢ | ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠵᠦᠪ ᠣᠨᠣᠪᠴᠢᠲᠠᠶ ᠪᠦᠬᠦ ᠲᠠᠯ᠎ᠠ ᠪᠠᠷ ᠳᠣᠭᠤᠰᠢᠯᠠᠭᠤᠯᠵᠣ | ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ ᠠᠭᠤᠰᠣᠯᠴᠠᠭᠤᠯᠵᠣ᠂ ᠥᠪᠡᠷᠲᠡᠭᠡᠨ | ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠤᠬᠠᠮᠰᠠᠷ ᠠᠴᠠ ᠪᠠᠨ ᠳᠠᠭᠠᠵᠤ᠂ ᠠᠮᠢ ᠠᠬᠤᠶ ᠶᠢ ᠣᠷᠢᠳ | ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠪᠠᠬᠢ ᠪᠣᠶ ᠪᠣᠯᠭᠠᠵᠤ᠂ ᠠᠷᠠᠳ ᠤᠨ | ᠠᠮᠢᠳᠤᠷᠠᠯ ᠤᠨ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ ᠨᠡᠶᠢᠭᠡᠮ ᠤᠨ ᠦᠢᠯᠡᠰ ᠤᠨ ᠬᠥᠭᠵᠢᠯᠲᠡ ᠶᠢᠨ | ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠨᠡᠶᠢᠭᠡᠮ ᠤᠨ ᠵᠠᠰᠠᠯᠲᠠ ᠶᠢᠨ ᠦᠢᠯᠡᠳᠦᠯ | ᠴᠢᠳᠠᠪᠬᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠷᠡᠰ ᠭᠤᠶᠢᠪᠢᠰᠢ ᠥᠬᠡᠶ ᠪᠠᠷ ᠨᠠᠮ ᠢᠶᠠᠨ ᠴᠢᠩᠭ᠎ᠠ ᠬᠠᠮᠢᠶᠠᠷᠴᠤ | ᠨᠠᠮ ᠢᠶᠠᠨ ᠴᠢᠩᠭ᠎ᠠ ᠵᠠᠰᠠᠵᠤ᠂ ᠣᠳᠣᠬᠢᠴᠢᠯᠠᠭᠰᠠᠨ ᠰᠢᠯᠢ ᠶᠢᠨ ᠭᠤᠤᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | 2022 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠭᠦᠭᠵᠢᠬᠦᠯᠦᠯᠳᠡ ᠶᠢᠨ ᠭᠤᠤᠯ ᠵᠢᠱᠢᠭᠰᠡᠨ | ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6 % ᠣᠷᠴᠢᠮ ᠨᠡᠮᠡᠭᠳᠡᠭᠦᠯᠵᠦ᠂ | ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 6.2 % ᠢᠶᠠᠷ ᠨᠡᠮᠡᠭᠳᠡᠭᠦᠯᠵᠦ᠂ ᠪᠦᠬᠦ ᠨᠡᠶᠢᠭᠡᠮ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6.5 % ᠣᠷᠴᠢᠮ ᠨᠡᠮᠡᠭᠳᠡᠭᠦᠯᠵᠦ᠂ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3 % ᠣᠷᠴᠢᠮ ᠳᠤ ᠪᠠᠶᠢᠯᠭᠠᠵᠤ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠵᠤ᠂ | ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠰᠠᠶᠢᠵᠢᠷᠠᠭᠤᠯᠣᠨ᠂ ᠥᠪᠡᠷᠲᠡᠭᠡᠨ ᠵᠠᠰᠠᠬᠤ | ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠢ ᠪᠠᠭᠠᠰᠬᠠᠬᠤ ᠡᠭᠦᠷᠭᠡ ᠪᠠᠨ ᠪᠡᠶᠡᠯᠡᠭᠦᠯᠦᠨ᠎ᠡ᠃ | ᠳᠡᠭᠡᠷᠡᠬᠢ ᠬᠠᠷᠠᠯᠲᠠ ᠶᠢ ᠳᠤᠷᠠᠳᠤᠭᠰᠠᠨ ᠨᠢ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠳᠠᠯᠪᠢᠨ᠂ ᠲᠣᠭᠲᠠᠭᠤᠨ ᠤ | ᠲᠣᠮᠳᠠ ᠤᠷᠤᠭᠰᠢᠯᠠᠭᠤᠯᠬᠤ ᠱᠠᠭᠠᠷᠳᠠᠯᠭ᠎ᠠ ᠶᠢ ᠬᠢᠨᠠᠮᠠᠭᠠᠢ ᠳᠣᠭᠤᠰᠢᠯᠠᠭᠤᠯᠵᠣ᠂ ᠥᠩᠭᠡᠷᠡᠭᠰᠡᠨ ᠬᠤᠶᠠᠷ ᠵᠢᠯ ᠤᠨ | ᠠᠵᠤ ᠠᠬᠤᠶ ᠶᠢᠨ ᠳᠤᠮᠳᠠᠴᠢ ᠨᠡᠮᠡᠭᠳᠡᠯ ᠤᠨ ᠬᠤᠷᠳᠤᠴᠠ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠲᠠ ᠲᠠᠢ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠢᠳᠡᠪᠬᠢᠲᠡᠶ ᠪᠠᠷ | ᠤᠷᠤᠭᠰᠢᠯᠠᠨ ᠲᠠᠪᠰᠢᠬᠤ ᠣᠪᠣᠷ ᠰᠣᠷᠳᠠᠯ ᠢ ᠬᠠᠷᠠᠭᠤᠯᠵᠣ᠂ ᠨᠡᠶᠢᠭᠡᠮ ᠤᠨ ᠳᠦᠰᠦᠪᠯᠡᠯ ᠢ ᠬᠥᠲᠥᠯᠥᠨ ᠵᠢᠯᠣᠭᠤᠳᠬᠤ | ᠳᠤ ᠠᠰᠢᠭᠲᠠᠢ ᠪᠠᠶᠢᠵᠣ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠲᠠᠶᠢᠴᠢᠯᠠᠨ᠂ ᠪᠣᠳᠠᠲᠠᠶ ᠠᠵᠢᠯ ᠤᠨ ᠳᠤᠮᠳᠠ | ᠪᠠᠨ ᠪᠢᠳᠡ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠨᠡᠩ ᠰᠠᠶᠢᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ | ᠬᠡᠷᠡᠭᠲᠡᠶ ᠶᠣᠮ᠃ ᠳᠣᠣᠷᠠᠬᠢ ᠲᠤᠯᠤᠭᠠᠨ ᠲᠠᠯ᠎ᠠ ᠶᠢᠨ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠪᠠᠨ | ᠦᠷᠭᠦᠯᠵᠢᠯᠡᠨ ᠴᠢᠩᠭᠠᠳᠬᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ | ᠪᠠᠶᠢᠭᠤᠯᠬᠤ ᠠᠵᠢᠯ ᠢᠶᠠᠨ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ 36 ᠵᠦᠢᠯ ᠤᠨ ᠬᠦᠢᠴᠡᠳᠭᠡᠯ ᠲᠤᠭ᠎ᠠ ᠲᠠᠢ | ᠬᠠᠷᠭᠤᠭᠤᠯᠣᠨ ᠴᠣᠭᠴᠠᠯᠠᠨ ᠪᠠᠶᠢᠭᠤᠯᠬᠤ ᠠᠵᠢᠯ ᠢᠶᠠᠨ ᠱᠠᠯᠠᠪᠳᠠᠭᠤᠯᠣᠨ ᠶᠠᠪᠣᠭᠤᠯᠵᠣ᠂ ᠵᠢᠯ ᠤᠨ ᠳᠣᠲᠣᠷ᠎ᠠ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠪᠠ ᠤᠯᠠᠭᠠᠶ ᠵᠢᠱᠢᠶ᠎ᠡ ᠦᠵᠡᠭᠦᠯᠬᠦ | ᠣᠷᠣᠨ᠂ ᠳᠣᠯᠣᠨ ᠨᠣᠣᠷ ᠰᠢᠶᠠᠨ ᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ | ᠮᠥᠨ︾ ᠭᠡᠳᠡᠭ ᠢᠶᠠᠨ ᠬᠠᠷᠠᠭᠤᠯᠣᠭᠰᠠᠨ ᠰᠠᠭᠤᠷᠢᠨ ᠭᠠᠵᠠᠷ ᠢ ᠦᠨᠳᠦᠰᠦᠨ ᠳᠡᠭᠡᠨ ᠪᠠᠷᠢᠮᠵᠢᠶᠠᠨ ᠳᠤ ᠬᠦᠷᠦᠭᠦᠯᠬᠦ ᠪᠠᠷ | ᠴᠢᠷᠮᠠᠶᠢᠬᠤ ᠶᠢᠨ ᠬᠠᠮᠲᠤ ᠡᠷᠡᠮᠡᠯᠵᠡᠯᠡᠨ ᠮᠡᠳᠡᠭᠦᠯᠬᠦ ᠠᠵᠢᠯ ᠢᠶᠠᠨ ᠥᠷᠨᠢᠭᠦᠯᠵᠦ᠂ 2023 ᠣᠨ ᠤ ᠡᠴᠦᠰ ᠪᠣᠯᠬᠤ | ᠳᠤ ᠴᠣᠭᠴᠠᠯᠠᠨ ᠪᠠᠶᠢᠭᠤᠯᠵᠤ ᠠᠮᠵᠢᠯᠲᠠ ᠤᠯᠬᠤ ᠳᠠᠭᠠᠨ ᠪᠠᠲᠤ ᠪᠠᠬᠢ ᠰᠠᠭᠤᠷᠢ ᠲᠠᠯᠪᠢᠨ᠎ᠠ︔ ᠪᠤᠰᠤᠳ ᠬᠤᠰᠢᠭᠤ | ᠬᠤᠲᠠ ᠶᠢᠨ ᠴᠣᠭᠴᠠᠯᠠᠨ ᠪᠠᠶᠢᠭᠤᠯᠬᠤ ᠠᠵᠢᠯ ᠢ ᠴᠤᠭ ᠲᠤᠨᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ | ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠦᠬᠦᠨ ᠢ ᠪᠠᠷᠢᠮᠵᠢᠶᠠᠨ ᠳᠤ ᠬᠦᠷᠦᠭᠦᠯᠬᠦ ᠪᠠᠷ ᠴᠢᠷᠮᠠᠶᠢᠨ᠎ᠠ᠃ | ᠰᠢᠯᠣᠭᠤᠨ ᠬᠦᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠮᠠᠯ ᠪᠡᠯᠴᠢᠭᠡᠷ ᠤᠨ | ᠲᠡᠩᠴᠡᠭᠦᠷᠢ ᠶᠢ ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠴᠡᠭ ᠤᠨ ᠠᠵᠢᠯ ᠢᠶᠠᠨ ᠰᠠᠶᠢᠲᠤᠷ ᠠᠳᠬᠤᠵᠤ᠂ ᠠᠮᠢ | ᠠᠬᠤᠶ ᠶᠢᠨ ᠣᠷᠴᠢᠨ ᠲᠣᠭᠤᠷᠢᠨ ᠤ ᠤᠯᠠᠨ ᠡᠯᠧᠮᠧᠨ᠋ᠲ ᠤᠨ ᠰᠢᠰᠲ᠋ᠧᠮᠲᠦ ᠵᠠᠰᠠᠯᠲᠠ ᠶᠢᠨ ᠬᠡᠪ ᠵᠠᠭᠪᠤᠷ ᠢ ᠪᠣᠶ | ᠪᠣᠯᠭᠠᠨ᠎ᠠ᠃ ᠭᠤᠷᠪᠠᠳᠠᠬᠢ ᠡᠲᠡᠭᠡᠳ ᠤᠨ ᠬᠢᠨ ᠢ ᠢᠳᠡᠪᠬᠢᠲᠡᠶ ᠪᠠᠷ ᠣᠷᠢᠨ ᠣᠷᠣᠭᠤᠯᠵᠤ ᠠᠮᠢ ᠠᠬᠤᠶ ᠶᠢᠨ ᠣᠷᠴᠢᠨ | ᠲᠣᠭᠤᠷᠢᠨ ᠢ ᠬᠠᠮᠠᠭᠠᠯᠠᠬᠤ ᠪᠠ ᠰᠡᠷᠭᠦᠭᠡᠬᠦ ᠠᠵᠢᠯ ᠳᠤ ᠣᠷᠣᠯᠴᠠᠭᠤᠯᠵᠤ᠂ ᠵᠢᠯ ᠤᠨ ᠡᠴᠦᠰ ᠲᠤ ︽ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ ︾ ᠶᠢᠨ ᠲᠤᠷᠰᠢᠯᠲᠠ ᠶᠢᠨ ᠴᠡᠭ ᠤᠨ ᠠᠵᠢᠯ ᠤᠨ ᠳ᠋ᠦᠩᠨᠡᠯᠲᠡ ᠶᠢ | ᠪᠡᠶᠡᠯᠡᠭᠦᠯᠵᠦ᠂ ᠬᠠᠰᠢᠷ ᠲᠤᠷᠰᠢᠯᠭ᠎ᠠ᠂ ᠬᠡᠪ ᠵᠠᠭᠪᠤᠷ ᠢᠶᠠᠨ ᠳᠡᠯᠭᠡᠷᠡᠭᠦᠯᠦᠨ᠎ᠡ᠃ ᠭᠤᠷᠪᠠᠳᠤᠭᠠᠷ ᠡᠭᠡᠯᠵᠢ ᠶᠢᠨ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠪᠠ | ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠵᠡᠷᠭᠡ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠯᠴᠢᠭᠡᠷ ᠤᠨ ᠳᠠᠭᠠᠭᠠᠴᠠ ᠳᠤ ᠲᠣᠬᠢᠷᠠᠬᠤ ᠮᠠᠯ ᠤᠨ ᠲᠤᠭ᠎ᠠ | ᠲᠣᠯᠣᠭᠠᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠬᠠᠤᠯᠢ ᠬᠡᠷᠡᠭᠵᠢᠭᠦᠯᠦᠨ ᠴᠢᠩᠭ᠎ᠠ ᠬᠢᠨᠠᠨ | ᠬᠠᠮᠢᠶᠠᠷᠴᠤ᠂ ᠨᠤᠲᠤᠭ ᠪᠡᠯᠴᠢᠭᠡᠷ ᠢ ᠠᠮᠠᠷᠠᠭᠠᠵᠣ᠂ ᠰᠢᠨᠵᠢᠯᠡᠬᠦ ᠤᠬᠠᠭᠠᠨᠴᠢ ᠪᠠᠷ ᠠᠰᠢᠭᠯᠠᠨ᠎ᠠ᠃ ᠠᠭᠤᠷᠬᠠᠶ ᠶᠢᠨ ᠠᠮᠢ | ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠᠨ ᠦᠷᠭᠦᠯᠵᠢᠯᠡᠨ ᠠᠬᠢᠭᠤᠯᠵᠤ᠂ ᠣᠲᠣ ᠶᠢᠨ | ᠪᠠᠶᠢᠭ᠎ᠠ ᠪᠣᠬᠢᠷᠲᠤᠯ ᠥᠬᠡᠶ ᠠᠭᠤᠷᠬᠠᠶ ᠶᠢ ᠪᠠᠶᠢᠴᠠᠭᠠᠬᠤ ᠪᠠ ᠥᠪᠡᠰᠦᠪᠡᠨ ᠪᠠᠶᠢᠴᠠᠭᠠᠬᠤ ᠲᠤᠰᠬᠠᠶ ᠲᠦᠷᠦᠯ ᠤᠨ | ᠠᠵᠢᠯᠯᠠᠭ᠎ᠠ ᠪᠠᠨ ᠪᠥᠬᠦ ᠲᠠᠯ᠎ᠠ ᠪᠠᠷ ᠥᠷᠨᠢᠭᠦᠯᠵᠦ᠂ ᠵᠢᠯ ᠤᠨ ᠳᠣᠲᠣᠷ᠎ᠠ 20 ᠪᠣᠬᠢᠷᠲᠤᠯ ᠥᠬᠡᠶ ᠠᠭᠤᠷᠬᠠᠶ ᠶᠢ | ᠰᠢᠨ᠎ᠡ ᠪᠠᠷ ᠪᠠᠶᠢᠭᠤᠯᠵᠣ᠂ ᠪᠣᠬᠢᠷᠲᠤᠯ ᠥᠬᠡᠶ ᠠᠭᠤᠷᠬᠠᠶ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ 3 ᠠᠴᠠ | ᠳᠡᠭᠡᠭᠰᠢ ᠪᠠᠶᠢᠭᠤᠯᠣᠨ᠎ᠠ︔ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠶᠢ ᠵᠠᠰᠠᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ 13 ᠬᠠᠪᠳᠠᠭᠠᠢ ᠳᠥᠷᠪᠡᠯᠵᠢᠨ ᠺᠢᠯᠣᠮᠧᠲᠷ ᠤᠨ ᠦᠯᠡᠳᠡᠭᠳᠡᠯ ᠬᠠᠶᠠᠭᠳᠠᠮᠠᠯ | ᠨᠦᠬᠡ ᠶᠢᠨ ᠲᠥᠷᠥᠯ ᠵᠦᠢᠯ ᠢ ᠵᠠᠰᠠᠬᠤ ᠠᠵᠢᠯ ᠢᠶᠠᠨ ᠰᠠᠶᠢᠲᠤᠷ ᠬᠢᠵᠦ᠂ ᠵᠢᠯ ᠤᠨ ᠳᠣᠲᠣᠷ᠎ᠠ ᠬᠡᠬᠡᠷ᠎ᠡ ᠭᠠᠳᠠᠨᠠᠬᠢ ᠪᠣᠢ | ᠪᠦᠬᠦᠢ ᠪᠠᠷᠢᠯᠭ᠎ᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ 2023 ᠣᠨ ᠤ ᠰᠡᠭᠦᠯᠴᠢ ᠳᠤ ᠪᠦᠬᠦ | ᠠᠶᠢᠮᠠᠭ ᠤᠨ ᠦᠢᠯᠡᠳᠪᠦᠷᠢᠯᠡᠬᠦ ᠬᠤᠭᠤᠴᠠᠭᠠᠨ ᠳᠤ ᠪᠠᠶᠢᠭ᠎ᠠ ᠪᠤᠢ ᠪᠦᠬᠦᠢ ᠠᠭᠤᠷᠬᠠᠢ ᠶᠢ ᠪᠣᠬᠢᠷᠲᠤᠯ ᠦᠭᠡᠢ | ᠠᠭᠤᠷᠬᠠᠢ ᠪᠣᠯᠭᠠᠨ ᠪᠠᠶᠢᠭᠤᠯᠵᠤ᠂ ᠲᠡᠦᠬᠡ ᠶᠢᠨ ᠦᠯᠡᠳᠡᠭᠳᠡᠯ ᠬᠠᠶᠠᠭᠳᠠᠮᠠᠯ ᠨᠦᠬᠡ ᠶᠢ ᠪᠦᠬᠦᠨ ᠢ ᠵᠠᠰᠠᠵᠤ | ᠳᠠᠭᠤᠰᠬᠠᠬᠤ ᠳᠤ ᠪᠠᠲᠤ ᠪᠠᠬᠢ ᠰᠠᠭᠤᠷᠢ ᠲᠠᠯᠪᠢᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠲᠠᠶᠢᠯᠠᠯᠳᠣᠭᠠᠨ ᠢ ᠭᠦᠨᠵᠡᠭᠡᠶ ᠰᠠᠶᠢᠲᠤᠷ ᠬᠢᠨ᠎ᠠ | ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ | ᠪᠦᠬᠦ ᠬᠦᠴᠦᠨ ᠢᠶᠠᠷ ᠰᠠᠶᠢᠲᠤᠷ ᠠᠳᠬᠤᠵᠤ᠂ ᠨᠢᠭᠡ ᠠᠴᠠ ᠨᠦᠬᠦᠭᠡ ᠶᠢ ᠵᠦᠢᠴᠢᠯᠡᠬᠦ᠂ ᠦᠩᠭᠡᠨ ᠲᠠᠯ᠎ᠠ ᠬᠢᠭᠡᠳ | ᠦᠨᠳᠦᠰᠦ ᠰᠣᠷᠪᠣᠯᠵᠢ ᠠᠴᠠ ᠨᠢ ᠵᠡᠷᠭᠡᠪᠡᠷ ᠵᠠᠰᠠᠬᠤ ᠶᠢ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠮᠵᠢ ᠰᠢᠯᠭᠠᠨ ᠪᠠᠶᠢᠴᠠᠭᠠᠯᠳᠠ ᠶᠢ ᠳᠠᠭᠠᠭᠠᠵᠤ ᠳᠡᠶᠢᠯᠬᠦ ᠶᠢ ᠪᠠᠳᠣᠯᠠᠨ᠎ᠠ᠃ ᠬᠦᠬᠡ ᠤᠭᠲᠠᠷᠭᠤᠢ᠂ ᠬᠥᠬᠡᠮᠳᠦᠭ | ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠪᠦᠬᠦ | ᠠᠶᠢᠮᠠᠭ ᠤᠨ ᠭᠤᠣᠯᠳᠠᠯᠭ᠎ᠠ ᠲᠠᠢ ᠰᠠᠪᠠ ᠭᠠᠵᠠᠷ ᠢ ᠪᠠᠶᠢᠩᠭᠤᠵᠢᠭᠤᠯᠤᠨ ᠶᠡᠷᠦᠩᠬᠡᠶᠢᠯᠡᠨ ᠵᠠᠰᠠᠬᠤ ᠪᠠᠨ ᠪᠦᠬᠦ | ᠲᠠᠯ᠎ᠠ ᠪᠠᠷ ᠥᠷᠨᠢᠭᠦᠯᠵᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠵᠢᠵᠢᠭ ᠰᠠᠪᠠ ᠭᠠᠵᠠᠷ ᠢ ᠵᠠᠰᠠᠬᠤ᠂ | ᠭᠤᠣᠯ ᠤᠨ ᠣᠷᠣᠰᠬᠠᠯ ᠢ ᠵᠠᠰᠠᠵᠣ ᠨᠡᠪᠳᠡᠷᠡᠬᠦᠯᠬᠦ ᠵᠡᠷᠭᠡ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ | ᠬᠡᠷᠡᠭᠵᠢᠭᠦᠯᠵᠦ᠂ ᠭᠤᠣᠯ ᠤᠨ ᠡᠷᠭᠢ ᠶᠢᠨ ᠮᠠᠯ ᠠᠵᠤ ᠠᠬᠤᠢ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ | ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠤᠯᠤᠰ ᠤᠨ ᠡᠵᠡᠮᠰᠢᠯᠳᠣ ᠣᠭᠲᠣᠯᠤᠭᠠᠰᠤ ᠶᠢᠨ ᠤᠰᠤᠨ ᠤ ᠴᠢᠨᠠᠷ ᠢ | ᠤᠷᠳᠤ ᠬᠤᠭᠤᠴᠠᠭ᠎ᠠ ᠲᠣᠭᠲᠠᠭᠤᠨ ᠢᠶᠠᠷ ᠪᠠᠷᠢᠮᠵᠢᠶᠠᠨ ᠳᠤ ᠬᠦᠷᠭᠡᠬᠦ ᠶᠢ ᠪᠠᠲᠤᠯᠠᠨ᠎ᠠ︔ ᠤᠤᠭᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠰᠢᠨ᠎ᠡ ᠪᠠᠷ ᠴᠤᠬᠤᠯᠠᠪᠤᠷᠢᠯᠠᠭᠰᠠᠨ ᠤᠤᠭᠤᠬᠤ ᠤᠰᠤᠨ ᠤ | ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠵᠢᠷᠤᠮᠵᠢᠭᠰᠠᠨ ᠪᠦᠳᠦᠭᠡᠨ ᠪᠠᠶᠢᠭᠤᠯᠤᠯᠲᠠ ᠥᠷᠨᠢᠭᠦᠯᠦᠨ᠎ᠡ︔ | ᠬᠤᠲᠠ ᠪᠠᠯᠭᠠᠰᠤ ᠪᠠ ᠬᠦᠷᠢᠶᠡᠯᠡᠩ ᠲᠣᠭᠤᠷᠢᠭ ᠤᠨ ᠪᠣᠬᠢᠷ ᠤᠰᠤ ᠭᠠᠳᠠᠭᠰᠢᠯᠠᠭᠤᠯᠬᠤ ᠦᠢᠯᠡᠳᠪᠦᠷᠢ ᠶᠢᠨ ᠣᠷᠴᠢᠨ | ᠲᠣᠭᠤᠷᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠭᠤᠨ ᠢᠶᠠᠷ ᠭᠠᠳᠠᠭᠰᠢᠯᠠᠭᠤᠯᠬᠤ | ᠪᠠᠷᠢᠮᠵᠢᠶᠠᠨ ᠳᠤ ᠬᠦᠷᠦᠬᠦᠯᠬᠦ ᠶᠢ ᠦᠨᠡᠨᠬᠦ ᠪᠠᠲᠤᠯᠠᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠠᠰᠠᠭᠤᠳᠠᠯ ᠢᠶᠠᠨ ᠦᠨᠡᠨᠬᠦ ᠰᠢᠢᠳᠪᠦᠷᠢᠯᠡᠵᠣ᠂ ᠬᠠᠶᠠᠭᠳᠠᠮᠠᠯ ᠪᠣᠳᠠᠰ | ᠦᠢᠯᠡᠳᠪᠦᠷᠢᠯᠡᠬᠦ ᠠᠵᠤ ᠠᠬᠤᠶᠢᠯᠠᠯ ᠢ ᠵᠠᠰᠠᠬᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠠᠲᠠᠪᠤᠷᠢᠯᠠᠨ | ᠲᠤᠰᠢᠶᠠᠬᠤ ᠠᠵᠢᠯ ᠢᠶᠠᠨ ᠪᠥᠬᠦ ᠲᠠᠯ᠎ᠠ ᠪᠠᠷ ᠠᠬᠢᠭᠤᠯᠵᠤ᠂ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ | ᠥᠪᠡᠷ ᠤᠨ ᠥᠷᠲᠡᠭ ᠢ ᠨᠢ ᠳᠡᠭᠡᠭᠰᠢᠯᠡᠭᠦᠯᠵᠦ᠂ ᠡᠷᠭᠢᠯᠳᠦᠭᠦᠯᠦᠨ ᠠᠰᠢᠭᠯᠠᠬᠤ ᠲᠥᠷᠥᠯ ᠵᠦᠢᠯ | ᠨᠠᠶᠢᠳᠠᠪᠤᠷᠢᠵᠢᠭᠤᠯᠬᠤ ᠶᠢ ᠱᠠᠭᠠᠷᠳᠠᠨ᠎ᠠ︔ ᠬᠤᠱᠢᠭ᠎ᠠ ᠠᠴᠠ ᠹᠧᠩ ᠨᠢᠩ ᠬᠦᠷᠬᠦ ᠨᠢᠭᠡᠳᠦᠭᠡᠷ ᠬᠤᠭᠤᠴᠠᠭᠠᠨ ᠤ ᠲᠡᠮᠦᠷ | ᠵᠠᠮ ᠨᠡᠪᠲᠡᠷᠡᠭᠦᠯᠦᠭᠰᠡᠨ ᠲᠣᠬᠢᠶᠠᠯ ᠢᠶᠠᠷ᠂ ᠨᠤᠨᠲᠠᠭ ᠨᠡᠭᠦᠷᠡᠰᠦᠨ ᠦᠨᠡᠰᠦ ᠵᠡᠷᠭᠡ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠭᠠᠳᠠᠭᠰᠢ ᠲᠡᠭᠡᠭᠡᠪᠦᠷᠢᠯᠡᠨ ᠪᠣᠷᠣᠯᠠᠭᠤᠯᠬᠤ᠂ ᠡᠷᠭᠢᠯᠳᠦᠭᠦᠯᠦᠨ ᠠᠰᠢᠭᠯᠠᠬᠤ ᠶᠢ | ᠰᠦᠪᠡᠭᠴᠢᠯᠡᠨ ᠠᠬᠢᠭᠤᠯᠤᠨ᠎ᠠ︔ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠳᠤ ᠣᠷᠣᠭᠤᠯᠤᠭᠰᠠᠨ | ᠭᠤᠤᠯᠳᠠᠯᠭ᠎ᠠ ᠲᠠᠢ ᠬᠠᠮᠢᠶᠠᠷᠤᠯᠲᠠ ᠶᠢᠨ ᠨᠢᠭᠡᠴᠡ ᠳᠤ ᠴᠥᠮ ᠰᠦᠯᠵᠢᠶᠡᠨ ᠳᠡᠭᠡᠷ᠎ᠡ ᠬᠢᠨᠠᠨ ᠬᠡᠮᠵᠢᠵᠦ ᠬᠢᠨᠠᠨ ᠡᠵᠡᠮᠳᠡᠬᠦ | ᠲᠦᠬᠦᠭᠡᠷᠣᠮᠵᠢ ᠤᠭᠰᠠᠷᠠᠵᠤ᠂ ᠵᠥᠪᠰᠢᠶᠡᠷᠡᠯ ᠳᠤ ᠣᠷᠣᠭᠤᠯᠬᠤ ᠶᠢᠨ ᠠᠷᠭ᠎ᠠ ᠥᠬᠡᠶ ᠭᠡᠪᠡᠴᠣ ᠣᠷᠴᠢᠨ | ᠲᠣᠭᠤᠷᠢᠨ ᠳᠤ ᠨᠥᠯᠥᠭᠡ ᠶᠡᠬᠡᠲᠡᠶ ᠠᠭᠤᠷᠬᠠᠶ ᠶᠢᠨ ᠠᠵᠤ ᠠᠬᠤᠶᠢᠯᠠᠯ᠂ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠵᠡᠷᠭᠡ ᠪᠣᠬᠢᠷᠲᠤᠯ ᠭᠠᠳᠠᠭᠰᠢᠯᠠᠭᠤᠯᠬᠤ ᠨᠢᠭᠡᠴᠡ ᠶᠢ ᠣᠶᠣᠨᠳᠣ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠪᠴᠠᠩ ᠳᠤ ᠣᠷᠣᠭᠤᠯᠤᠨ ᠬᠢᠨᠠᠨ ᠬᠠᠮᠢᠶᠠᠷᠤᠨ᠎ᠠ︔ ᠪᠥᠬᠦ ᠠᠶᠢᠮᠠᠭ ᠤᠨ | ᠬᠡᠪᠴᠢᠶᠡᠨ ᠳᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠬᠠᠳᠠᠭᠠᠯᠠᠬᠤ | ᠴᠡᠪᠡᠷᠯᠡᠨ ᠪᠤᠯᠠᠬᠤ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠠᠭᠤᠷᠬᠠᠶ ᠶᠢᠨ ᠮᠠᠯᠲᠠᠵᠤ | ᠬᠥᠨᠳᠡᠶᠢᠷᠡᠭᠦᠯᠦᠭᠰᠡᠨ ᠣᠷᠣᠨ ᠪᠠ ᠬᠠᠶᠠᠭᠳᠠᠮᠠᠯ ᠮᠠᠯᠲᠠᠭᠰᠠᠨ ᠨᠦᠬᠡ ᠶᠢ ᠡᠭᠡᠭᠦᠯᠦᠨ ᠪᠦᠭᠯᠡᠬᠦ ᠠᠮᠢ ᠠᠬᠤᠶ ᠶᠢᠨ | ᠵᠠᠰᠠᠯᠲᠠ ᠲᠠᠢ ᠤᠶᠠᠯᠳᠤᠭᠤᠯᠤᠨ᠂ ᠬᠠᠳᠠᠭᠠᠯᠠᠬᠤ ᠲᠠᠯᠠᠪᠠᠶ ᠶᠢ ᠥᠭᠡᠷᠡᠴᠢᠯᠡᠬᠦ᠂ ᠴᠡᠪᠡᠷᠯᠡᠨ ᠪᠤᠯᠠᠬᠤ ᠲᠠᠯᠠᠪᠠᠶ ᠶᠢ | ᠪᠥᠲᠥᠭᠡᠨ ᠪᠠᠶᠢᠭᠤᠯᠬᠤ ᠵᠡᠷᠭᠡ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ | ᠶᠡᠷᠦᠩᠬᠡᠶᠢᠯᠡᠨ ᠵᠠᠰᠠᠬᠤ ᠪᠠ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠨ | ᠦᠷᠭᠦᠯᠵᠢᠯᠡᠨ ᠰᠠᠶᠢᠲᠤᠷ ᠠᠳᠬᠤᠵᠤ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ︾ ᠠᠵᠤ | ᠠᠬᠤᠶᠢᠯᠠᠯ ᠢ ᠶᠡᠷᠦᠩᠬᠡᠶᠢᠯᠡᠨ ᠵᠠᠰᠠᠬᠤ᠂ ᠨᠡᠭᠦᠷᠡᠰᠦ ᠰᠢᠲᠠᠭᠠᠬᠤ ᠪᠠ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ | ᠪᠣᠬᠢᠷᠲᠤᠯ ᠢ ᠵᠠᠰᠠᠬᠤ ᠵᠡᠷᠭᠡ ᠠᠵᠢᠯ ᠢᠶᠠᠨ ᠦᠷᠭᠦᠯᠵᠢᠯᠡᠨ ᠠᠬᠢᠭᠤᠯᠵᠤ᠂ ᠠᠭᠠᠷ ᠤᠨ ᠴᠡᠪᠡᠷᠴᠡ ᠪᠠᠨ ᠪᠦᠬᠦ ᠣᠷᠣᠨ ᠤ | ᠡᠮᠦᠨ᠎ᠡ ᠡᠩᠨᠡᠭᠡᠨ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ | ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ | ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠨ᠂ ᠠᠮᠢ ᠠᠬᠤᠶ ᠶᠢᠨ ᠬᠠᠮᠠᠭᠠᠯᠠᠯᠲᠠ ᠶᠢᠨ ᠣᠯᠠᠭᠠᠨ ᠱᠤᠭᠤᠮ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠣᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ | ᠬᠢᠵᠠᠭᠠᠷ ᠵᠡᠷᠭᠡ ᠭᠤᠷᠪᠠᠨ ᠵᠤᠷᠪᠤᠰ ᠣᠷᠣᠨ ᠵᠠᠶ ᠶᠢᠨ ᠬᠠᠮᠢᠶᠠᠷᠤᠨ ᠡᠵᠡᠮᠳᠡᠬᠦ ᠬᠤᠷᠢᠭ᠎ᠠ ᠱᠤᠭᠤᠮ ᠢ ᠨᠢᠭᠡᠳᠦᠯᠲᠡᠶ | ᠲᠦᠯᠦᠪᠵᠢᠬᠦᠯᠦᠨ ᠵᠠᠭᠠᠭᠯᠠᠨ ᠲᠣᠭᠲᠠᠭᠠᠵᠤ ᠨᠠᠶᠢᠳᠠᠪᠤᠷᠢᠵᠢᠭᠤᠯᠤᠨ᠂ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ | ︾ ᠨᠣᠳᠤᠭ ᠳᠡᠪᠢᠰᠭᠡᠷ ᠣᠷᠣᠨ ᠵᠠᠶ ᠶᠢᠨ ᠲᠥᠯᠥᠪᠵᠢᠭᠦᠯᠭᠡ ᠶᠢ ᠪᠣᠶ ᠪᠣᠯᠭᠠᠨ᠎ᠠ᠃ ︽ᠭᠤᠷᠪᠠᠨ ᠱᠤᠭᠤᠮ ᠨᠢᠭᠡ | ᠬᠠᠭᠤᠳᠠᠰᠤ︾ ᠶᠢᠨ ᠣᠷᠣᠨ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠪᠥᠬᠦ ᠲᠠᠯ᠎ᠠ ᠪᠠᠷ | ᠬᠡᠷᠡᠭᠵᠢᠭᠦᠯᠵᠦ᠂ ᠲᠣᠭᠠᠴᠢᠯᠠᠭᠰᠠᠨ ᠬᠢᠨᠠᠨ ᠬᠠᠮᠢᠶᠠᠷᠤᠯᠲᠠ ᠶᠢᠨ ᠨᠠᠶᠢᠳᠠᠪᠣᠷᠢᠵᠢᠭᠤᠯᠣᠯᠳᠠ ᠶᠢ ᠠᠬᠢᠭᠤᠯᠤᠨ᠂ ᠪᠥᠬᠦ | ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠤ ᠪᠠᠶᠢᠷᠢᠰᠢᠯ ᠢ ᠬᠤᠰᠢᠭᠤ ᠰᠢᠶᠠᠨ ᠤ ᠬᠡᠪᠴᠢᠶᠡᠨ ᠳᠤ | ᠨᠤᠲᠤᠭᠰᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ | ᠨᠤᠲᠠᠯᠠᠨ ᠲᠣᠭᠳᠠᠭᠠᠬᠤ ᠳᠠᠩᠰᠠᠯᠠᠯᠳᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠵᠢᠯ ᠤᠨ ᠳᠣᠲᠣᠷ᠎ᠠ | ᠭᠤᠤᠯᠳᠠᠯᠭ᠎ᠠ ᠲᠠᠢ ᠣᠷᠣᠨ ᠪᠦᠰᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ | ᠲᠣᠭᠳᠠᠭᠠᠬᠤ ᠳᠠᠩᠰᠠᠯᠠᠯᠳᠠ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠦᠨ᠎ᠠ᠃ ᠢᠵᠢ ᠪᠦᠷᠢᠳᠦᠭᠦᠯᠦᠭᠰᠡᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ | ᠦᠨᠡᠯᠡᠵᠦ ᠬᠢᠨᠠᠨ ᠰᠢᠯᠭᠠᠬᠤ ᠰᠢᠰᠲ᠋ᠧᠮ ᠢ ᠪᠠᠶᠢᠭᠤᠯᠵᠤ᠂ ᠪᠣᠳᠠᠲᠠᠶ ᠲᠦᠯᠦᠪᠵᠢᠬᠦᠯᠵᠣ ᠳᠡᠶᠢᠯᠬᠦ᠂ | ᠨᠠᠶᠢᠳᠠᠪᠣᠷᠢᠵᠢᠭᠤᠯᠵᠣ ᠳᠡᠶᠢᠯᠬᠦ᠂ ᠰᠠᠬᠢᠵᠤ ᠳᠡᠶᠢᠯᠬᠦ ᠶᠢ ᠦᠨᠡᠨᠬᠦ ᠪᠠᠲᠤᠯᠠᠨ᠎ᠠ᠃ ᠤᠯᠤᠰ᠂ ᠥᠪᠡᠷᠲᠡᠭᠡᠨ ᠵᠠᠰᠠᠬᠤ | ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠮᠠᠨ ᠤ ᠠᠶᠢᠮᠠᠭ ᠤᠨ | ᠨᠡᠭᠦᠷᠡᠰᠦᠳᠦ᠋ᠷᠣᠭ᠍ᠴᠢ ᠭᠠᠳᠠᠭᠰᠢᠯᠠᠭᠤᠯᠬᠤ ᠣᠷᠭᠢᠯ ᠬᠡᠮᠵᠢᠭᠳᠡᠯ ᠳᠤ ᠬᠥᠷᠬᠦ ᠬᠡᠷᠡᠭᠵᠢᠭᠦᠯᠬᠦ ᠲᠥᠰᠦᠯ ᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ︽1+N+X︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ︽ᠬᠤᠤᠰ ᠨᠡᠭᠦᠷᠡᠰᠦᠲᠥ᠋ᠷᠥᠭᠴᠢ︾ ᠶᠢᠨ ᠠᠵᠢᠯ ᠢᠶᠠᠨ ᠰᠢᠰᠲ᠋ᠧᠮᠵᠢᠭᠦᠯᠦᠨ᠂ ᠱᠠᠲᠤ | ᠬᠤᠪᠢᠶᠠᠨ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠳᠡᠵᠦ᠂ | ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢ ᠴᠢᠩᠭ᠎ᠠ ᠬᠢᠵᠠᠭᠠᠷᠯᠠᠬᠤ᠂ ᠶᠡᠷᠦᠩᠬᠡᠶ ᠬᠡᠮᠵᠢᠶ᠎ᠡ ᠪᠠᠨ | ᠬᠠᠷᠢᠮᠠᠬᠠᠶ ᠴᠢᠨᠠᠷᠲᠠᠶ ᠬᠠᠮᠢᠶᠠᠷᠬᠤ ᠶᠢ ᠬᠡᠷᠡᠭᠵᠢᠭᠦᠯᠦᠨ᠂ ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠣᠰ ᠡᠵᠡᠮᠳᠡᠯ | ︾ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠣᠰ ᠡᠵᠡᠮᠳᠡᠯ︾ | ᠳᠠᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠰᠢᠨ᠎ᠡ ᠪᠠᠷ ᠪᠠᠶᠢᠭᠤᠯᠬᠤ ᠲᠦᠷᠦᠯ ᠵᠦᠢᠯ ᠳᠤ | ᠴᠥᠮ ︽ᠬᠤᠶᠠᠷ ᠲᠡᠷᠢᠭᠦᠨ ᠤ ᠬᠢ︾ ᠶᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠬᠡᠷᠡᠭᠵᠢᠭᠦᠯᠵᠦ᠂ ᠡᠨᠧᠷᠭᠢ ᠶᠢᠨ | ᠬᠤᠷᠣᠭᠳᠠᠭᠤᠯᠭ᠎ᠠ ᠶᠡᠬᠡᠲᠡᠶ᠂ ᠪᠣᠬᠢᠷᠳᠣᠯ ᠶᠡᠬᠡᠲᠡᠶ ᠲᠦᠷᠦᠯ ᠵᠦᠢᠯ ᠢ ᠳᠣᠣᠷ᠎ᠠ ᠲᠦᠪᠰᠢᠨ ᠢᠶᠠᠷ ᠰᠣᠬᠤᠷ | ᠪᠠᠯᠠᠶ ᠪᠠᠷ ᠭᠦᠭᠵᠢᠬᠦᠯᠬᠦ ᠶᠢ ᠡᠷᠡᠰ ᠬᠤᠷᠢᠭᠯᠠᠨ᠎ᠠ᠃ | ᠨᠡᠭᠦᠷᠡᠰᠦ ᠶᠢ ᠴᠡᠪᠡᠷ ᠠᠷᠢᠭᠤᠨ ᠪᠥᠭᠡᠳ ᠥᠨᠳᠥᠷ ᠪᠦᠲᠦᠮᠵᠢᠲᠡᠶ ᠠᠰᠢᠭᠯᠠᠬᠤ ᠶᠢ ᠬᠦᠴᠦᠲᠡᠶ ᠲᠦᠯᠬᠢᠨ ᠠᠬᠢᠭᠤᠯᠵᠤ | ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠤᠷᠠᠭᠤᠯᠬᠤ | ᠰᠢᠨᠡᠴᠢᠯᠡᠯᠳᠡ᠂ ᠠᠮᠢᠳᠤᠯᠢᠭ ᠴᠢᠨᠠᠷᠲᠠᠶ ᠰᠢᠨᠡᠴᠢᠯᠡᠯᠳᠡ᠂ ᠢᠯᠴᠢ ᠬᠠᠩᠭᠠᠬᠤ ᠰᠢᠨᠡᠴᠢᠯᠡᠯᠳᠡ ᠶᠢ ᠪᠦᠬᠦ ᠲᠠᠯ᠎ᠠ ᠪᠠᠷ | ᠥᠷᠨᠢᠭᠦᠯᠵᠦ᠂ ᠨᠡᠭᠦᠷᠡᠰᠦᠲᠥ᠋ᠷᠥᠭᠴᠢ ᠶᠢ ᠡᠭᠡᠭᠦᠯᠦᠨ ᠬᠤᠷᠢᠶᠠᠬᠤ ᠪᠠ ᠡᠨᠧᠷᠭᠢ ᠠᠷᠪᠢᠯᠠᠬᠤ ᠮᠡᠷᠭᠡᠵᠢᠯ ᠤᠨ | ᠰᠢᠨᠡᠴᠢᠯᠡᠯᠳᠡ ᠬᠢᠬᠦ ᠶᠢ ᠵᠣᠷᠢᠭᠵᠢᠭᠤᠯᠵᠤ᠂ ᠪᠣᠬᠢᠷᠲᠤᠯ ᠪᠣᠳᠠᠰ ᠢ ᠴᠡᠪᠡᠷᠵᠢᠬᠦᠯᠦᠨ ᠭᠠᠳᠠᠭᠰᠢᠯᠠᠭᠤᠯᠬᠤ ᠶᠢ | ᠪᠡᠶᠡᠯᠡᠭᠦᠯᠦᠨ᠎ᠡ᠃ ᠡᠨᠧᠷᠭᠢ ᠠᠷᠪᠢᠯᠠᠬᠤ ᠮᠡᠷᠭᠡᠵᠢᠯ ᠤᠨ ᠰᠢᠨᠡᠴᠢᠯᠡᠯᠳᠡ ᠶᠢᠨ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠪᠠᠨ ᠰᠠᠶᠢᠲᠤᠷ ᠬᠡᠷᠡᠭᠵᠢᠭᠦᠯᠵᠦ᠂ ᠵᠢᠯ ᠤᠨ ᠳᠣᠲᠣᠷ᠎ᠠ 31 ᠭᠤᠤᠯᠳᠠᠯᠭ᠎ᠠ ᠲᠠᠢ ᠡᠨᠧᠷᠭᠢ ᠬᠡᠷᠡᠭᠯᠡᠬᠦ | ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠮᠡᠷᠭᠡᠵᠢᠯ ᠤᠨ ᠰᠢᠨᠡᠴᠢᠯᠡᠯᠳᠡ ᠬᠢᠵᠦ᠂ ᠦᠯᠡᠳᠡᠭᠰᠡᠨ | ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠲᠠᠢ ᠦᠢᠯᠡᠳᠪᠦᠷᠢ ᠶᠢ ᠪᠦᠬᠦᠨ ᠢ ᠴᠡᠪᠡᠷᠯᠡᠨ ᠭᠠᠷᠭᠠᠵᠤ᠂ ᠳᠣᠣᠷ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠪᠠᠷ ᠲᠠᠮᠵᠢᠭᠤᠯᠣᠨ ᠤᠯᠠᠮᠵᠢᠯᠠᠯᠲᠤ ᠠᠵᠤ ᠦᠢᠯᠡᠰ ᠢ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦᠯᠦᠨ᠎ᠡ᠃ | ︵ᠬᠤᠶᠠᠷ︶ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠠᠳᠬᠤᠵᠤ ᠡᠷᠬᠢᠯᠳᠡ ᠶᠢ ᠪᠠᠳᠣᠯᠠᠨ ᠨᠡᠮᠡᠭᠳᠡᠯ ᠢ | ᠲᠣᠭᠳᠠᠪᠣᠷᠢᠵᠢᠭᠤᠯᠵᠣ᠂ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ | ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠠᠳᠬᠤᠨ᠎ᠠ᠃ | ᠠᠶᠢᠮᠠᠭ ᠤᠨ ᠲᠠᠰ ᠤᠨ145 ᠭᠤᠤᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠩᠬᠠᠷᠴᠤ᠂ ᠣᠳᠣᠬᠠᠨ ᠤ | ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠠᠳᠬᠤᠨ᠂ ᠠᠵᠢᠯ ᠤᠨ ᠬᠤᠭᠤᠴᠠᠭ᠎ᠠ ᠶᠢ ᠲᠣᠭᠳᠠᠭᠠᠨ | ᠱᠠᠯᠠᠪᠳᠠᠭᠤᠯᠣᠨ ᠠᠵᠢᠯᠯᠠᠭᠤᠯᠬᠤ᠂ ᠵᠢᠷᠤᠭ ᠲᠦᠯᠦᠪᠵᠢᠭᠦᠯᠭᠡ ᠲᠣᠭᠳᠠᠭᠠᠨ ᠲᠠᠶᠢᠯᠠᠯᠳᠣᠭᠠᠨ ᠬᠢᠵᠣ᠂ ᠬᠠᠷᠢᠭᠤᠴᠠᠯᠭ᠎ᠠ | ᠪᠠᠨ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠣᠯᠳᠠ | ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ᠂ ᠪᠥᠬᠦ ᠵᠢᠯ ᠳᠤ 330 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠲᠥᠷᠥᠯ ᠵᠦᠢᠯ ᠢ ᠨᠥᠭᠡᠴᠡᠯᠡᠬᠦ ᠠᠵᠢᠯ ᠢᠶᠠᠨ ᠪᠥᠬᠦ ᠲᠠᠯ᠎ᠠ ᠪᠠᠷ | ᠴᠢᠩᠭᠠᠳᠬᠠᠨ ᠰᠠᠶᠢᠵᠢᠷᠠᠭᠤᠯᠵᠤ᠂ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠱᠠᠯᠠᠪᠳᠠᠨ ᠰᠦᠪᠡᠭᠴᠢᠯᠡᠬᠦ | ᠪᠠ ᠨᠥᠭᠡᠴᠡᠯᠡᠵᠦ᠂ ᠨᠢᠭᠡ ᠪᠦᠯᠦᠭ ᠢ ᠨᠢ ᠨᠥᠭᠡᠴᠡᠯᠡᠬᠦ᠂ ᠨᠢᠭᠡ ᠪᠦᠯᠦᠭ ᠢ ᠨᠢ ᠠᠵᠢᠯ ᠡᠬᠢᠯᠡᠭᠦᠯᠬᠦ᠂ ᠨᠢᠭᠡ ᠪᠦᠯᠦᠭ ᠢ | ᠨᠢ ᠪᠥᠲᠥᠭᠡᠨ ᠪᠠᠶᠢᠭᠤᠯᠬᠤ᠂ ᠨᠢᠭᠡ ᠪᠦᠯᠦᠭ ᠢ ᠨᠢ ᠠᠵᠢᠯ ᠳᠠᠭᠤᠰᠬᠠᠨ ᠦᠷᠭᠦᠯᠵᠢᠯᠡᠬᠦᠯᠬᠦ ᠪᠠᠶᠢᠷᠢᠰᠢᠯ ᠢ ᠪᠣᠶ | ᠪᠣᠯᠭᠠᠨ᠎ᠠ᠃ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠣᠨᠣᠪᠴᠢᠲᠠᠢ ᠡᠵᠡᠮᠳᠡᠵᠦ᠂ ︽ᠬᠤᠶᠠᠷ ᠰᠢᠨ᠎ᠡ ᠨᠢᠭᠡ | ᠴᠢᠬᠤᠯᠡ︾ ᠪᠠ ᠳᠤᠲᠠᠭᠤᠳᠠᠯ ᠤᠨ ᠬᠦᠷᠢᠶ᠎ᠡ ᠴᠠᠷᠠᠭᠠᠨ ᠳᠤ ᠠᠩᠬᠠᠷᠣᠯ ᠢᠶᠠᠨ ᠲᠥᠪᠯᠡᠷᠡᠭᠦᠯᠦᠨ᠂ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠶ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢ ᠭᠦᠢᠴᠡᠳ ᠪᠥᠭᠡᠳ | ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠪᠠ | ᠳᠠᠶᠢᠴᠢᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ | ᠬᠦᠴᠦᠨ ᠢ ᠭᠦᠢᠴᠡᠳ ᠬᠥᠭᠵᠢᠭᠡᠨ᠎ᠡ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠪᠦᠬᠦ | ᠠᠶᠢᠮᠠᠭ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶᠡᠰᠦ ᠶᠢᠨ ᠲᠣᠭᠤᠷᠢᠨ ᠳᠤ᠂ ᠠᠵᠢᠯ ᠲᠥᠷᠥᠯ ᠤᠨ | ᠳᠠᠭᠠᠭᠤᠯᠤᠭᠴᠢ ᠠᠵᠤ ᠠᠬᠤᠶᠢᠯᠠᠯ ᠪᠣᠯᠣᠨ ᠠᠵᠣ ᠦᠢᠯᠡᠰ ᠤᠨ ᠲᠦᠷᠦᠭᠦᠣ ᠦᠢᠯᠡᠳᠬᠦᠨ ᠪᠠ ᠳᠠᠭᠠᠯᠳᠠ | ᠦᠢᠯᠡᠳᠬᠦᠨ ᠤ ᠢᠵᠢ ᠪᠥᠷᠢᠳᠦᠭᠰᠡᠨ ᠠᠵᠤ ᠠᠬᠤᠶᠢᠯᠠᠯ ᠳᠤ ᠴᠢᠭᠯᠡᠭᠦᠯᠦᠨ᠂ ᠠᠷᠠᠯᠵᠢᠶᠠᠴᠢᠨ ᠢᠶᠠᠷ ᠠᠷᠠᠯᠵᠢᠶᠠᠴᠢᠨ | ᠤᠷᠢᠬᠤ᠂ ᠠᠵᠤ ᠦᠢᠯᠡᠰ ᠤᠨ ᠬᠡᠯᠬᠢᠶᠡᠰᠦ ᠪᠠᠷ ᠠᠷᠠᠯᠵᠢᠶᠠᠴᠢᠨ ᠤᠷᠢᠬᠤ ᠪᠠ ᠠᠷᠠᠯᠵᠢᠶᠠᠴᠢᠨ ᠤᠷᠢᠵᠤ | ᠲᠠᠨᠢᠯᠴᠠᠭᠤᠯᠬᠤ ᠬᠤᠷᠠᠯ ᠡᠷᠭᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠬᠠᠨᠳᠤᠯᠭᠠᠲᠤ ᠴᠢᠨᠠᠷᠲᠠᠶ ᠪᠠᠷ ᠠᠷᠠᠯᠵᠢᠶᠠᠴᠢᠨ | ᠤᠷᠢᠬᠤ ᠠᠵᠢᠯᠯᠠᠭ᠎ᠠ ᠶᠢ ᠱᠠᠲᠤ ᠬᠤᠪᠢᠶᠠᠵᠤ ᠲᠥᠷᠥᠯ ᠬᠤᠪᠢᠶᠠᠨ ᠥᠷᠨᠢᠭᠦᠯᠵᠦ᠂ ᠬᠠᠷᠠᠯᠲᠠᠲᠤ ᠠᠵᠤ ᠠᠬᠤᠶᠢᠯᠠᠯ ᠢ | ᠮᠥᠷᠳᠡᠨ ᠦᠢᠯᠡᠴᠢᠯᠡᠬᠦ᠂ ᠭᠡᠷ᠎ᠡ ᠲᠣᠭᠲᠠᠭᠰᠠᠨ ᠲᠥᠷᠥᠯ ᠵᠦᠢᠯ ᠢ ᠮᠥᠷᠳᠡᠨ ᠦᠷ᠎ᠡ ᠪᠦᠲᠦᠮᠵᠢ ᠠᠰᠠᠭᠤᠬᠤ᠂ | ᠠᠮᠠᠯᠠᠯᠲᠠ ᠶᠢᠨ ᠲᠥᠷᠥ ᠶᠢᠨ ᠪᠣᠳᠣᠯᠭ᠎ᠠ ᠶᠢ ᠮᠥᠷᠳᠡᠨ ᠪᠡᠶᠡᠯᠡᠭᠦᠯᠬᠦ ᠠᠵᠢᠯ ᠢᠶᠠᠨ ᠰᠠᠶᠢᠲᠤᠷ ᠬᠢᠵᠦ᠂ ᠠᠷᠠᠯᠵᠢᠶᠠᠴᠢᠨ | ᠤᠷᠢᠵᠤ ᠪᠠᠯᠠ ᠣᠷᠣᠭᠤᠯᠬᠤ ᠶᠢᠨ ᠠᠮᠵᠢᠯᠲᠠ ᠤᠯᠬᠤ ᠨᠣᠷᠮ᠎ᠠ ᠪᠠᠨ ᠳᠡᠭᠡᠭᠰᠢᠯᠡᠭᠦᠯᠦᠨ᠎ᠡ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ ᠳᠡᠪᠰᠢᠬᠦ ᠶᠢ ᠬᠦᠴᠦᠯᠡᠨ ᠠᠬᠢᠭᠤᠯᠵᠤ᠂ ︽ᠠᠵᠤ ᠠᠬᠤᠶᠢᠯᠠᠯ | ᠢ ᠲᠦᠪᠯᠡᠷᠡᠭᠦᠯᠬᠦ᠂ ᠠᠵᠤ ᠦᠢᠯᠡᠰ ᠢ ᠪᠦᠭᠡᠮᠨᠡᠷᠡᠭᠦᠯᠬᠦ᠂ ᠬᠥᠭᠵᠢᠯᠲᠡ ᠶᠢ ᠡᠷᠴᠢᠮᠵᠢᠭᠦᠯᠬᠦ︾ ᠰᠡᠳᠬᠢᠴᠡ ᠪᠠᠷ᠂ | ᠲᠤᠯᠤᠨ ᠨᠤᠤᠷ ᠠᠵᠤ ᠠᠬᠤᠶ ᠶᠢᠨ ᠨᠡᠭᠡᠭᠡᠯᠳᠡ ᠶᠢᠨ ᠣᠷᠣᠨ ᠲᠣᠭᠤᠷᠢᠭ᠂ ᠠᠵᠤ ᠦᠢᠯᠡᠰ ᠤᠨ ᠨᠡᠭᠡᠭᠡᠯᠳᠡ ᠶᠢᠨ | ᠣᠷᠣᠨ ᠲᠣᠭᠤᠷᠢᠭ ᠤᠨ ᠪᠣᠣᠴᠠᠩ ᠠᠵᠤ ᠦᠢᠯᠡᠰ ᠤᠨ ᠬᠦᠷᠢᠶᠡᠯᠡᠩ ᠢ ᠦᠷᠭᠦᠯᠵᠢᠯᠡᠬᠦᠯᠬᠦ᠂ ᠰᠢᠯᠢ ᠶᠢᠨ ᠭᠤᠣᠯ ᠠᠵᠤ | ᠠᠬᠤᠶ ᠮᠡᠷᠭᠡᠵᠢᠯ ᠤᠨ ᠨᠡᠭᠡᠭᠡᠯᠳᠡ ᠶᠢᠨ ᠣᠷᠣᠨ ᠲᠣᠭᠤᠷᠢᠭ ᠤᠨ ᠡᠨᠧᠷᠭᠢ ᠶᠢᠨ ᠲᠣᠨᠣᠭᠯᠠᠯ ᠦᠢᠯᠡᠳᠬᠦ ᠬᠦᠷᠢᠶᠡᠯᠡᠩ | ᠲᠣᠭᠤᠷᠢᠭ ᠢᠶᠠᠷ ᠭᠤᠣᠯᠳᠠᠯᠭ᠎ᠠ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ︽ᠬᠠᠷᠢᠶ᠎ᠠ ᠭᠠᠵᠠᠷ ᠤᠨ ᠬᠢᠵᠠᠭᠠᠷᠯᠠᠯ ᠢ | ᠡᠪᠳᠡᠵᠣ ᠬᠠᠮᠳᠣᠷᠠᠯᠴᠠᠨ ᠠᠵᠤ ᠠᠬᠤᠶ ᠪᠠᠨ ᠬᠦᠭᠵᠢᠬᠦᠯᠬᠦ ᠬᠦᠷᠢᠶᠡᠯᠡᠩ ᠲᠣᠭᠤᠷᠢᠭ︾ ᠢ ᠪᠠᠶᠢᠭᠤᠯᠵᠤ᠂ ᠵᠢᠯ ᠤᠨ | ᠳᠣᠲᠣᠷ᠎ᠠ 5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠪᠠᠷᠢᠮᠵᠢᠶ᠎ᠠ ᠪᠠᠷ ᠵᠠᠰᠠᠵᠣ ᠴᠢᠮᠡᠬᠦ᠂ ᠪᠠᠷᠢᠮᠵᠢᠶᠠᠳᠣ | ᠦᠢᠯᠡᠳᠪᠦᠷᠢ ᠶᠢᠨ ᠬᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠪᠠ ᠰᠠᠭᠤᠷᠢ ᠲᠦᠭᠦᠭᠡᠷᠣᠮᠵᠢ ᠶᠢ | ᠲᠡᠭᠦᠯᠳᠡᠷᠵᠢᠭᠦᠯᠬᠦ ᠵᠡᠷᠭᠡ ᠪᠠᠨ ᠨᠠᠷᠢᠨ ᠬᠢᠨᠠᠮᠠᠭᠠᠶ ᠰᠠᠶᠢᠲᠤᠷ ᠬᠢᠵᠦ᠂ ᠲᠡᠷᠢᠭᠦᠨ ᠤ ᠠᠵᠤ ᠦᠢᠯᠡᠰ ᠤᠨ | ᠰᠢᠯᠵᠢᠯᠲᠡ ᠶᠢ ᠵᠣᠯᠭᠠᠭᠤᠯᠬᠤ ᠲᠤᠯᠭᠠᠭᠤᠷᠢᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠡᠳᠬᠦᠨ ᠪᠤᠵᠠᠭᠠᠶᠢᠷᠠᠭᠤᠯᠤᠨ᠎ᠠ᠃ ᠤᠯᠤᠰ ᠤᠨ ᠰᠢᠨ᠎ᠡ ᠬᠠᠮ | ᠮᠠᠶ᠋ᠢᠭ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠲᠡᠷᠡ ᠬᠡᠪ ᠢᠶᠠᠷ ᠨᠢ | ᠰᠠᠶᠢᠲᠤᠷ ᠨᠠᠶᠢᠳᠠᠪᠤᠷᠢᠵᠢᠭᠤᠯᠵᠤ᠂ ᠦᠢᠯᠡᠳᠬᠦ ᠦᠢᠯᠡᠰ᠂ ᠵᠢᠵᠢᠭ ᠪᠠᠭ᠎ᠠ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢ ᠲᠡᠳᠬᠦᠨ ᠳᠡᠮᠵᠢᠬᠦ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠶᠢ ᠰᠢᠭᠤᠳ ᠲᠦᠷᠭᠡᠨ ᠡᠳ᠋ᠯᠡᠬᠦᠯᠬᠦ ᠶᠢ ᠠᠬᠢᠭᠤᠯᠵᠣ᠂ ᠰᠦᠢᠳᠬᠡᠯ ᠪᠠᠭᠤᠷᠠᠭᠤᠯᠬᠤ ᠪᠠᠷ ᠳᠠᠮᠵᠢᠨ ᠡᠬᠢ | ᠰᠤᠷᠪᠤᠯᠵᠢ ᠶᠢ ᠨᠡᠮᠡᠭᠳᠡᠭᠦᠯᠦᠨ᠎ᠡ᠃ ᠪᠥᠬᠦ ᠣᠷᠣᠨ ᠤ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢ ᠪᠤᠶᠢᠵᠢᠭᠤᠯᠬᠤ ᠲᠥᠯᠥᠪᠯᠡᠭᠡ ᠪᠠᠨ ᠦᠷᠭᠦᠯᠵᠢᠯᠡᠨ ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠶ ᠶᠢᠨ ᠠᠮᠢᠵᠢᠷᠠᠯ ᠤᠨ ᠬᠦᠴᠦᠨ ᠢ ᠬᠦᠢᠴᠡᠳ ᠪᠠᠳᠠᠷᠠᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ | ᠬᠠᠣᠯᠢ ᠲᠣᠭᠲᠠᠭᠠᠯ ᠠᠴᠠ ᠵᠥᠷᠢᠴᠡᠨ ᠰᠣᠶᠢᠳᠬᠡᠯ ᠬᠤᠷᠢᠶᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠥᠷᠢ ᠦᠭᠴᠡᠭᠡ ᠶᠢ ᠲᠦᠯᠦᠬᠦ ᠡᠭᠦᠷᠭᠡ ᠪᠠᠨ ᠪᠦᠬᠦ ᠳᠠᠯ᠎ᠠ | ᠪᠠᠷ ᠪᠡᠶᠡᠯᠡᠭᠦᠯᠦᠨ᠎ᠡ᠃ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠠᠵᠠᠭᠠᠶ ᠵᠣᠶᠢᠯᠡᠰ ᠤᠨ ᠨᠠᠷᠢᠨ | ᠬᠠᠭᠤᠳᠠᠰᠤ ᠶᠢᠨ ᠲᠦᠷᠢᠮ ᠢ ᠨᠠᠶᠢᠳᠠᠪᠤᠷᠢᠵᠢᠭᠤᠯᠵᠤ᠂ ᠪᠦᠬᠦ ᠶᠠᠪᠤᠴᠠ ᠳᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ | ᠪᠠᠨ ᠴᠢᠩᠭᠠᠳᠬᠠᠵᠤ᠂ ᠥᠮᠴᠢᠯᠡᠬᠦ ᠡᠷᠬᠡ ᠪᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ᠃ ᠲᠦᠭᠡᠮᠡᠯ ᠬᠠᠷᠠᠭᠠᠯᠵᠠᠯ ᠤᠨ ᠪᠠᠭ᠎ᠠ ᠬᠡᠮᠵᠢᠶᠡᠨ ᠤ ᠵᠢᠭᠡᠯᠡᠯᠭᠡ ᠪᠠᠷ | ᠳᠡᠮᠵᠢᠬᠦ ᠠᠷᠭ᠎ᠠ ᠠᠪᠴᠠᠯ ᠢ ᠰᠠᠶᠢᠲᠤᠷ ᠬᠡᠷᠡᠭᠯᠡᠵᠦ᠂ ᠮᠥᠩᠭᠦᠨ ᠭᠦᠢᠯᠭᠡᠭᠡᠨ ᠤ ᠰᠢᠰᠲ᠋ᠧᠮ ᠤᠨ ᠪᠣᠳᠠᠲᠤ | ᠴᠣᠭᠴᠠ ᠶᠢᠨ ᠠᠵᠤ ᠠᠬᠤᠶ ᠳᠤ ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠤᠯᠠᠨ ᠮᠥᠩᠭᠦᠨ ᠭᠦᠢᠯᠭᠡᠭᠡᠨ ᠤ ᠡᠷᠴᠢ ᠬᠦᠴᠦᠨ | ᠨᠡᠮᠡᠷᠢᠯᠡᠨ᠎ᠡ᠃ | ᠬᠡᠷᠡᠭᠯᠡᠭᠡᠨ ᠤ ᠪᠠᠭᠲᠠᠭᠠᠮᠵᠢ ᠶᠢ ᠥᠷᠭᠡᠳᠬᠡᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠬᠡᠷᠡᠭᠯᠡᠭᠡ ᠶᠢ | ᠥᠷᠭᠡᠳᠬᠡᠬᠦ ᠪᠠᠨ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠠᠢ ᠤᠶᠠᠯᠳᠤᠭᠤᠯᠵᠤ | ᠂ ᠪᠣᠳᠠᠲᠤ ᠴᠣᠭᠴᠠ ᠶᠢᠨ ᠬᠤᠳᠠᠯᠳᠤᠭᠠᠨ ᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡᠨ ᠤ ᠭᠦᠨᠵᠡᠭᠡᠶ ᠠᠭᠤᠰᠤᠯᠴᠠᠯ ᠢ ᠠᠬᠢᠭᠤᠯᠵᠤ᠂ | ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠡᠭᠡᠯᠢ ᠲᠣᠭᠤᠷᠢᠭ ᠤᠨ ᠵᠠᠬ᠎ᠠ ᠳᠡᠯᠭᠡᠭᠦᠷ᠂ ᠬᠤᠳᠠᠯᠳᠤᠭ᠎ᠠ ᠳᠡᠯᠭᠡᠭᠦᠷ᠂ | ᠦᠳᠡᠰᠢ ᠶᠢᠨ ᠠᠵᠤ ᠠᠬᠤᠶ ᠵᠡᠷᠭᠡ ᠪᠠᠨ ᠪᠦᠬᠦ ᠲᠠᠯ᠎ᠠ ᠪᠠᠷ ᠬᠥᠭᠵᠢᠶᠡᠨᠲᠡᠶ ᠪᠣᠯᠭᠠᠬᠤ ᠶᠢ ᠲᠦᠯᠬᠢᠨ ᠠᠬᠢᠭᠤᠯᠤᠨ᠎ᠠ᠃ | ᠬᠤᠲᠠ ᠬᠥᠳᠡᠭᠡ ᠶᠢᠨ ᠬᠦᠢᠯᠭᠡᠭᠡᠨ ᠤ ᠰᠢᠰᠲ᠋ᠧᠮ ᠢ ᠪᠦᠷᠢᠨᠰᠢᠬᠦᠯᠵᠦ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠬᠦᠢᠯᠭᠡᠭᠡᠨ ᠤ ᠬᠥᠮᠥᠷᠭᠡᠯᠡᠨ ᠬᠠᠳᠠᠭᠠᠯᠠᠬᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠰᠠᠶᠢᠲᠤᠷ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡ ᠶᠢ ᠥᠷᠭᠡᠳᠬᠡᠨ᠎ᠡ᠃ ᠰᠦᠯᠵᠢᠶᠡᠨ ᠣᠳᠣᠳ ᠤᠨ | ᠠᠵᠤ ᠠᠬᠤᠶ ᠶᠢᠨ ᠬᠥᠭᠵᠢᠯᠲᠡ ᠶᠢ ᠲᠡᠳᠬᠦᠨ ᠳᠡᠮᠵᠢᠬᠦ ᠠᠷᠭ᠎ᠠ ᠬᠡᠮᠵᠢᠶ᠎ᠡ ᠪᠠᠨ ᠰᠠᠶᠢᠲᠤᠷ ᠨᠠᠶᠢᠳᠠᠪᠤᠷᠢᠵᠢᠭᠤᠯᠵᠤ᠂ | ᠡᠯᠧᠺᠲᠷᠣᠨ ᠬᠤᠳᠠᠯᠳᠤᠭ᠎ᠠ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠣᠬᠤ ᠵᠡᠷᠭᠡ ᠵᠢᠵᠢᠭᠯᠡᠨ ᠪᠣᠷᠣᠯᠠᠭᠤᠯᠬᠤ | ᠰᠢᠨ᠎ᠡ ᠠᠷᠭ᠎ᠠ ᠵᠠᠮ ᠢ ᠨᠡᠭᠡᠭᠡᠵᠦ᠂ ᠰᠦᠯᠵᠢᠶᠡᠨ ᠣᠳᠣᠳ ᠤᠨ ᠤᠷᠤᠯᠳᠤᠭᠠᠨ ᠤ ᠵᠦᠢᠯᠡᠰ ᠤᠨ ᠬᠡᠪᠴᠢᠶ᠎ᠡ ᠪᠠᠨ | ᠥᠷᠭᠡᠳᠬᠡᠨ᠂ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠬᠡᠪ ᠵᠠᠭᠪᠤᠷ ᠢ ᠲᠠᠰᠤᠷᠠᠯᠲᠠ ᠥᠬᠡᠶ ᠪᠣᠶ ᠪᠣᠯᠭᠠᠨ᠎ᠠ᠃ | ︵ᠭᠤᠷᠪᠠ︶ ᠠᠵᠤ ᠦᠢᠯᠡᠰ ᠤᠨ ᠣᠳᠣᠬᠢᠴᠢᠯᠠᠭᠰᠠᠨ ᠬᠢᠷᠢ ᠲᠦᠪᠰᠢᠨ ᠢᠶᠠᠨ ᠲᠦᠷᠭᠡᠳᠬᠡᠨ | ᠳᠡᠭᠡᠭᠰᠢᠯᠡᠭᠦᠯᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ | ᠦᠢᠯᠡᠰ ᠤᠨ ᠠᠮᠤᠷ ᠲᠦᠪᠰᠢᠨ ᠢ ᠪᠠᠲᠤᠯᠠᠬᠤ ᠳᠤ ᠰᠢᠯᠢ ᠶᠢᠨ ᠭᠤᠤᠯ ᠤᠨ ᠬᠦᠴᠦᠨ ᠴᠢᠳᠠᠯ ᠢᠶᠠᠨ ᠨᠡᠮᠡᠷᠢᠯᠡᠨ᠎ᠡ | ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢᠶᠠᠨ ᠪᠤᠵᠠᠭᠠᠶᠢᠷᠠᠭᠤᠯᠤᠨ ᠬᠦᠴᠦᠷᠭᠡᠭᠵᠢᠭᠦᠯᠦᠨ᠎ᠡ᠃ ᠠᠮᠢ ᠠᠬᠤᠶ ᠶᠢ ᠣᠷᠢᠳ ᠢᠶᠠᠷ | ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠬᠤ᠂ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ | ᠳᠠᠮᠵᠢᠭᠤᠯᠤᠨ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ ᠬᠥᠭᠵᠢᠯᠲᠡ ᠳᠤ ᠬᠦᠴᠦᠨ ᠣᠯᠭᠤᠨ᠎ᠠ᠃ | ᠦᠨᠳᠦᠷ ᠳᠡᠰ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠨᠠᠶᠢᠳᠠᠪᠤᠷᠢᠵᠢᠭᠤᠯᠬᠤ᠂ ᠢᠵᠢ ᠪᠦᠷᠢᠳᠦᠭᠦᠯᠬᠦ ᠰᠢᠰᠲ᠋ᠧᠮ ᠢ | ᠲᠡᠭᠦᠯᠳᠡᠷᠵᠢᠭᠦᠯᠬᠦ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠲᠥᠪ ᠲᠧᠯᠸᠢᠰ | ᠵᠡᠷᠭᠡ ᠡᠷᠬᠡ ᠰᠦᠷᠲᠦ ᠵᠠᠭᠤᠴᠢᠯᠠᠭᠤᠷ ᠲᠤ ᠵᠠᠷ ᠮᠡᠳᠡᠭᠡ ᠲᠠᠯᠪᠢᠬᠤ ᠪᠠᠷ ᠳᠠᠮᠵᠢᠭᠤᠯᠤᠨ᠂ ︽ᠲᠠᠯ᠎ᠠ ᠨᠤᠲᠤᠭ ᠤᠨ | ᠲᠣᠯᠣᠭᠠᠢ ᠬᠤᠨᠢ︾ ᠪᠣᠯᠤᠨ ︽ᠳᠤᠮᠳᠠᠳᠤ ᠤᠯᠤᠰ ᠤᠨ ᠪᠡᠯᠴᠢᠭᠡᠷ ᠤᠨ ᠬᠤᠨᠢᠨ ᠤ ᠲᠦᠪ︾ ᠭᠡᠬᠦ ᠨᠡᠷᠡᠳᠣ ᠳᠡᠮᠳᠡᠭ | ᠢᠶᠠᠨ ᠤᠯᠠᠮ ᠴᠣᠣᠷᠢᠶᠠᠳᠣᠭᠤᠯᠣᠨ ᠠᠯᠳᠠᠷᠰᠢᠭᠤᠯᠵᠣ᠂ ᠵᠢᠯ ᠤᠨ ᠳᠣᠲᠣᠷ᠎ᠠ 23 ᠲᠦᠮᠡᠨ ᠲᠠᠯ᠎ᠠ ᠨᠤᠲᠤᠭ ᠤᠨ | ᠬᠤᠨᠢᠨ ᠤ ᠬᠠᠭᠤᠷᠮᠠᠭ ᠢ ᠰᠡᠷᠭᠡᠶᠢᠯᠡᠬᠦ ᠮᠦᠷᠳᠡᠨ ᠨᠡᠭᠡᠮᠵᠢᠯᠳᠡ ᠶᠢ ᠬᠡᠷᠡᠭᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ | ᠪᠦᠲᠦᠭᠡᠭᠳᠡᠬᠦᠨ ᠤ ᠶᠡᠷᠦᠩᠬᠡᠶ ᠠᠰᠢᠭ ᠤᠨ 5% ᠠᠴᠠ ᠳᠡᠭᠡᠭᠰᠢ ᠦᠨ᠎ᠡ ᠥᠰᠬᠡᠬᠦ ᠶᠢ ᠪᠡᠶᠡᠯᠡᠭᠦᠯᠦᠨ᠂ ᠰᠢᠯᠢ ᠶᠢᠨ | ᠭᠤᠤᠯ ᠬᠤᠨᠢ ᠶᠢ ᠨᠠᠷᠠᠲᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠣᠯᠭᠠᠬᠤ ᠶᠢᠨ ᠬᠠᠮᠲᠤ ᠰᠢᠯᠢ ᠶᠢᠨ ᠭᠤᠤᠯ ᠴᠠᠭᠠᠨ | ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ | ᠥᠨᠳᠥᠷ ᠪᠠᠷᠢᠮᠵᠢᠶ᠎ᠠ ᠪᠠᠷ ᠠᠬᠢᠭᠤᠯᠵᠤ᠂ ᠰᠢᠯᠢ ᠶᠢᠨ ᠭᠤᠤᠯ ᠦᠬᠡᠷ ᠤᠨ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢᠶᠠᠨ | ᠡᠬᠢᠯᠡᠭᠦᠯᠦᠨ᠎ᠡ᠃ ᠰᠢᠯᠢᠳᠡᠭ ᠡᠭᠦᠯᠳᠡᠷ ᠤᠨ ᠦᠢᠯᠡᠰ ᠢ ᠬᠦᠭᠵᠢᠬᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ | ᠲᠠᠯ᠎ᠠ ᠨᠤᠲᠤᠭ ᠤᠨ ᠠᠯᠠᠰᠢᠨ ᠬᠤᠨᠢᠨ ᠤ ᠠᠵᠤ ᠦᠢᠯᠡᠰ ᠤᠨ ᠪᠦᠯᠦᠭᠯᠡᠯ᠂ ᠠᠯᠠᠰᠢᠨ ᠦᠬᠡᠷ ᠤᠨ ᠡᠭᠦᠯᠳᠡᠷ ᠤᠨ ᠡᠬᠢ | ᠪᠠᠶᠠᠯᠢᠭ ᠢ ᠬᠠᠳᠠᠭᠠᠯᠠᠵᠤ ᠠᠰᠢᠭᠯᠠᠬᠤ ᠰᠢᠨ᠎ᠡ ᠶᠢ ᠡᠭᠦᠳᠬᠦ ᠲᠥᠪ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠂ ᠤᠯᠤᠰ ᠤᠨ ᠲᠠᠰ ᠤᠨ 3 ᠠᠯᠠᠰᠢᠨ ᠬᠤᠨᠢ ᠠᠯᠠᠰᠢᠨ | ᠦᠬᠡᠷ ᠤᠨ ᠡᠭᠦᠯᠳᠡᠷ ᠪᠤᠶᠢᠵᠢᠭᠤᠯᠬᠤ ᠭᠤᠤᠯ ᠲᠠᠯᠠᠪᠠᠶ ᠶᠢ ᠪᠠᠶᠢᠭᠤᠯᠵᠤ᠂ ︽ᠬᠤᠸᠠᠰᠢ ᠦᠬᠡᠷ︾ ᠤᠨ ᠰᠢᠨ᠎ᠡ | ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠠᠵᠢᠯ ᠢᠶᠠᠨ ᠰᠠᠶᠢᠲᠤᠷ ᠠᠳᠬᠤᠨ᠎ᠠ᠃ ᠴᠢᠨᠠᠷ ᠰᠠᠶᠢᠲᠠᠶ | ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠠᠷᠭ᠎ᠠ ᠳᠤ ᠵᠠᠰᠠᠪᠤᠷᠢ | ᠣᠷᠣᠭᠤᠯᠵᠤ᠂ ᠠᠯᠠᠰᠢᠨ ᠦᠬᠡᠷ ᠤᠨ ᠰᠢᠯᠢᠳᠡᠭ ᠡᠭᠦᠯᠳᠡᠷ ᠦᠷᠡᠵᠢᠭᠦᠯᠦᠨ ᠪᠤᠶᠢᠵᠢᠭᠤᠯᠬᠤ ᠶᠢ ᠲᠤᠰᠬᠠᠶ ᠲᠦᠷᠦᠯ | ᠢᠶᠠᠷ ᠠᠬᠢᠭᠤᠯᠬᠤ ᠣᠨ ᠤ ᠠᠵᠢᠯ ᠤᠨ ᠲᠥᠰᠦᠯ ᠢ ᠲᠣᠭᠲᠠᠭᠠᠵᠤ᠂ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ | ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠵᠢᠯ ᠤᠨ ᠳᠣᠲᠣᠷ᠎ᠠ ᠡᠭᠦᠯᠳᠡᠷ ᠤᠨ ᠦᠬᠡᠷ ᠤᠨ ᠲᠠᠯᠠᠪᠠᠶ ᠶᠢ | 25 ᠳᠤ ᠬᠦᠷᠦᠭᠦᠯᠵᠦ᠂ ᠠᠯᠠᠰᠢᠨ ᠦᠬᠡᠷ ᠤᠨ ᠭᠤᠤᠯᠯᠠᠬᠤ ᠰᠦᠷᠦᠭ ᠢ 340 ᠳᠤ ᠬᠦᠷᠦᠭᠦᠯᠵᠦ᠂ ᠢᠴᠡᠭᠡᠯ | ᠦᠷ᠎ᠡ ᠶᠢᠨ ᠬᠡᠭᠡᠯᠲᠦᠭᠦᠯᠭᠡ ᠶᠢᠨ ᠡᠵᠡᠯᠡᠬᠦ ᠬᠠᠷᠢᠴᠠᠯ ᠪᠠ ᠦᠷᠡᠵᠢᠯ ᠤᠨ ᠨᠣᠷᠮ᠎ᠠ ᠶᠢ ᠲᠣᠰ ᠲᠣᠰ 50% ᠪᠠ | 83% ᠳᠤ ᠬᠦᠷᠦᠭᠦᠯᠦᠨ᠎ᠡ︔ ᠠᠯᠠᠰᠢᠨ ᠬᠤᠨᠢᠨ ᠤ ᠦᠷᠡᠵᠢᠯ ᠤᠨ ᠲᠠᠯᠠᠪᠠᠶ ᠶᠢ 110 ᠳᠤ ᠬᠦᠷᠦᠭᠦᠯᠵᠦ᠂ | ᠭᠤᠣᠯᠯᠠᠬᠤ ᠰᠦᠷᠦᠭ ᠢ 1500 ᠳᠤ ᠬᠦᠷᠦᠭᠦᠯᠵᠦ᠂ ᠠᠯᠠᠰᠢᠨ ᠬᠤᠨᠢᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ | ᠪᠠ ᠳᠦᠭᠦᠮ ᠡᠷᠯᠢᠰᠡᠵᠢᠭᠦᠯᠦᠯᠲᠡ ᠶᠢ ᠰᠦᠪᠡᠭᠴᠢᠯᠡᠵᠣ ᠠᠬᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ | ᠣᠷᠣᠨ ᠤ ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢᠶᠠᠷ ᠲᠦᠰᠢᠭ ᠪᠣᠯᠭᠠᠵᠤ | ᠂ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ ᠭᠤᠤᠯᠳᠠᠯᠭ᠎ᠠ ᠲᠠᠢ ᠲᠡᠳᠬᠦᠵᠦ᠂ | ᠵᠢᠯ ᠤᠨ ᠳᠣᠲᠣᠷ᠎ᠠ 50 ᠲᠣᠯᠣᠭᠠᠶ ᠠᠴᠠ ᠳᠡᠭᠡᠭᠰᠢᠬᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ | 124 ᠡᠷᠦᠬᠡ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ︽ᠪᠥᠬᠦ ᠣᠷᠣᠨ ᠤ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠲᠤᠬᠠᠶ ᠠᠷᠭ᠎ᠠ ᠬᠡᠮᠵᠢᠶ᠎ᠡ ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠰᠢᠯᠢ ᠶᠢᠨ ᠬᠤᠳᠠ᠂ | ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠴᠠᠭᠠᠨ ᠢᠳᠡᠭᠡ ᠡᠳ᠋ᠰᠢᠭᠦᠯᠬᠦ 3 ᠠᠵᠤ ᠠᠬᠤᠶᠢᠯᠠᠯ ᠤᠨ ᠲᠠᠰ ᠳᠡᠪᠰᠢᠬᠦ ᠶᠢ | ᠲᠡᠳᠬᠦᠨ ᠳᠡᠮᠵᠢᠵᠦ᠂ ᠪᠠᠷᠢᠮᠵᠢᠶᠠᠵᠢᠭᠰᠠᠨ ᠵᠢᠵᠢᠭ ᠦᠢᠯᠡᠳᠭᠡᠯ ᠤᠨ ᠭᠠᠵᠠᠷ ᠢ ᠰᠢᠨ᠎ᠡ ᠪᠠᠷ 30 ᠡᠷᠦᠬᠡ | ᠪᠠᠶᠢᠭᠤᠯᠤᠨ᠎ᠠ᠃ ᠮᠠᠯ ᠠᠵᠤ ᠠᠬᠤᠶ ᠲᠠᠷᠢᠶᠠᠯᠠᠩ ᠤᠨ ᠭᠤᠤᠯ ᠴᠣᠭᠴᠠ ᠶᠢ ᠪᠤᠶᠢᠵᠢᠭᠤᠯᠬᠤ ᠠᠵᠢᠯᠯᠠᠭ᠎ᠠ ᠪᠠᠨ ᠶᠡᠬᠡᠪᠡᠷ | ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ 5 ᠬᠥᠲᠥᠴᠢ ᠠᠵᠤ ᠠᠬᠤᠶᠢᠯᠠᠯ ᠢ ᠰᠢᠨ᠎ᠡ ᠪᠠᠷ | ᠭᠤᠶᠤᠴᠢᠯᠠᠵᠤ᠂ 20 ᠵᠢᠱᠢᠶ᠎ᠡ ᠦᠵᠡᠭᠦᠯᠬᠦ ᠬᠤᠷᠰᠢᠶᠠᠵᠢᠯ᠂ 200 ᠵᠢᠱᠢᠶ᠎ᠡ ᠦᠵᠡᠭᠦᠯᠬᠦ ᠬᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠶ ᠶᠢ ᠦᠨᠡᠯᠡᠨ ᠲᠣᠭᠳᠠᠭᠠᠨ᠎ᠠ᠃ ᠮᠠᠯ ᠳᠡᠵᠢᠭᠡᠪᠣᠷᠢ ᠶᠢᠨ ᠬᠢᠵᠢᠭ ᠭᠡᠮ ᠢ ᠰᠡᠷᠭᠡᠶᠢᠯᠡᠨ | ᠡᠵᠡᠮᠳᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢᠶᠠᠨ ᠯᠠᠪᠳᠠᠭᠤᠨ ᠢᠶᠠᠷ ᠠᠬᠢᠭᠤᠯᠵᠤ᠂ ᠪᠷᠦ᠋ᠼᠧᠯ | ᠡᠪᠡᠳᠴᠢᠨ ᠵᠡᠷᠭᠡ ᠬᠥᠮᠦᠨ ᠮᠠᠯ ᠳᠤ ᠬᠠᠯᠳᠠᠪᠣᠷᠢᠯᠠᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠡᠷᠴᠢᠮ ᠢᠶᠠᠨ | ᠴᠢᠩᠭᠠᠷᠠᠭᠤᠯᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ | ᠲᠠᠯᠠᠪᠠᠶ ᠶᠢ ᠲᠣᠭᠲᠠᠪᠤᠷᠢᠵᠢᠭᠤᠯᠤᠨ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠪᠠᠳᠣ ᠰᠠᠬᠢᠨ᠎ᠠ᠃ | ᠴᠡᠪᠡᠷ ᠡᠨᠧᠷᠭᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ | ᠴᠣᠭᠴᠠᠯᠠᠨ᠎ᠠ᠃ ᠦᠪᠡᠷᠳᠡᠭᠡᠨ ᠵᠠᠰᠠᠬᠤ ᠣᠷᠣᠨ ᠤ ︽ᠬᠤᠶᠠᠷ ᠢ ᠲᠡᠷᠢᠭᠦᠨ ᠳᠤ ᠲᠠᠯᠪᠢᠬᠤ᠂ ᠬᠤᠶᠠᠷ ᠢ ᠳᠠᠪᠠᠭᠤᠯᠬᠤ︾ | ᠬᠠᠷᠠᠯᠲᠠ ᠶᠢᠨ ᠲᠣᠭᠤᠷᠢᠨ ᠳᠤ᠂ ᠮᠠᠨ ᠤ ᠠᠶᠢᠮᠠᠭ ᠤᠨ ᠰᠢᠨ᠎ᠡ ᠡᠨᠧᠷᠭᠢ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠲᠣᠭᠲᠠᠭᠠᠵᠤ᠂ ᠰᠢᠨ᠎ᠡ ᠡᠨᠧᠷᠭᠢ ᠶᠢᠨ ᠪᠠᠶᠢᠷᠢᠰᠢᠭᠤᠯᠤᠯᠲᠠ ᠶᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠵᠢᠯ ᠤᠨ ᠳᠣᠲᠣᠷ᠎ᠠ ᠱᠠᠩᠳᠣ ᠶᠢᠨ 200 ᠲᠦᠮᠡᠨ ᠺᠢᠯᠣᠸᠠᠲ ᠤᠨ ᠰᠢᠨ᠎ᠡ | ᠡᠨᠧᠷᠭᠢ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ᠂ 400 ᠲᠦᠮᠡᠨ ᠺᠢᠯᠣᠸᠠᠲ ᠤᠨ ᠰᠢᠨ᠎ᠡ | ᠡᠨᠧᠷᠭᠢ ᠶᠢᠨ ᠲᠥᠷᠥᠯ ᠵᠦᠢᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠵᠠᠩᠪᠸᠢ — | ᠢᠯᠠᠯᠳᠠ ᠣᠨᠴᠠ ᠥᠨᠳᠥᠷ ᠬᠦᠴᠦᠳᠡᠯᠳᠣ ᠴᠠᠬᠢᠯᠭᠠᠨ ᠢ ᠭᠠᠳᠠᠭᠰᠢ ᠬᠦᠷᠭᠡᠬᠦ ᠱᠣᠭᠤᠮ ᠤᠨ ᠡᠮᠦᠨᠡᠬᠢ | ᠬᠤᠭᠤᠴᠠᠭᠠᠨ ᠤ ᠠᠵᠢᠯ ᠢᠶᠠᠨ ᠢᠳᠡᠪᠬᠢᠲᠡᠶ ᠠᠬᠢᠭᠤᠯᠵᠤ᠂ ᠣᠨᠴᠠ ᠥᠨᠳᠥᠷ ᠬᠦᠴᠦᠳᠡᠯᠳᠣ ᠴᠠᠬᠢᠯᠭᠠᠨ ᠤ | ᠬᠤᠶᠢᠰᠢᠳᠠ ᠶᠢᠨ ᠢᠵᠢ ᠪᠥᠷᠢᠳᠦᠭᠦᠯᠬᠦ ᠰᠢᠨ᠎ᠡ ᠡᠨᠧᠷᠭᠢ ᠶᠢᠨ ᠲᠥᠷᠥᠯ ᠵᠦᠢᠯ ᠢ ᠦᠷᠭᠦᠯᠵᠢᠯᠡᠨ ᠴᠢᠷᠮᠠᠶᠢᠨ | ᠣᠯᠣᠨ᠎ᠠ᠃ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶᠡᠰᠣ ᠶᠢ ᠨᠢᠭᠡ ᠴᠣᠭᠴᠠᠵᠢᠭᠤᠯᠣᠨ | ᠬᠦᠭᠵᠢᠬᠦᠯᠬᠦ ᠶᠢᠨ ᠲᠣᠭᠤᠷᠢᠨ ᠳᠤ᠂ ︽ ᠰᠢᠨ᠎ᠡ ᠡᠨᠧᠷᠬᠢ ᠨᠦᠭᠡᠴᠡᠯᠡᠬᠦ︾ ᠪᠠ ︽ᠤᠰᠤᠲᠥ᠋ᠷᠥᠭᠴᠢ︾ ᠭᠡᠬᠦ ᠡᠨᠡ | ᠬᠤᠶᠠᠷ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠳᠠᠭᠠᠭᠤᠯᠣᠭᠴᠢ ᠠᠵᠤ ᠠᠬᠤᠶᠢᠯᠠᠯ ᠤᠨ ︽ᠬᠡᠯᠬᠢᠶᠡᠰᠣ | ᠶᠢᠨ ᠡᠵᠡᠨ︾ ᠤ ᠦᠢᠯᠡᠳᠦᠯ ᠢᠶᠠᠨ ᠪᠠᠳᠠᠷᠠᠭᠤᠯᠤᠨ᠂ ᠵᠢᠩ ᠨᠧᠩ ᠴᠠᠭᠠᠨᠨᠠᠭᠤᠷ ᠤᠨ ᠰᠠᠯᠬᠢ ᠭᠡᠷᠡᠯ ᠢᠯᠴᠢ ᠪᠠᠷ | ᠤᠰᠤᠲᠥ᠋ᠷᠥᠭᠴᠢ ᠨᠦᠭᠡᠴᠡᠯᠡᠬᠦ ᠵᠢᠱᠢᠶ᠎ᠡ ᠦᠵᠡᠭᠦᠯᠬᠦ ᠲᠥᠷᠥᠯ ᠵᠦᠢᠯ ᠪᠠ ᠰᠠᠯᠬᠢ ᠭᠡᠷᠡᠯ ᠢᠶᠠᠷ ᠤᠰᠤᠲᠥ᠋ᠷᠥᠭᠴᠢ | ᠨᠦᠭᠡᠴᠡᠯᠡᠵᠣ ᠨᠣᠭᠤᠭᠠᠨ ᠰᠢᠪᠲᠦᠷ ᠦᠢᠯᠡᠳᠬᠦ ᠶᠢ ᠨᠢᠭᠡ ᠴᠣᠠᠠᠴᠠᠵᠢᠭᠤᠯᠬᠤ ᠲᠥᠷᠥᠯ ᠵᠦᠢᠯ᠂ ᠱᠧᠩ ᠳᠦᠨ ᠤ | ᠡᠨᠧᠷᠭᠢ ᠨᠦᠭᠡᠴᠡᠯᠡᠬᠦ ᠳ᠋ᠢᠶᠠᠨ ᡂᠢ ᠶᠢᠨ ᠵᠠᠭᠪᠤᠷ ᠤᠨ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠱᠤᠭᠤᠮ ᠵᠡᠷᠭᠡ ᠢ | ᠡᠬᠢᠯᠡᠭᠦᠯᠦᠨ ᠬᠡᠷᠡᠭᠵᠢᠭᠦᠯᠵᠦ᠂ ᠪᠣᠬᠢᠷᠳᠣᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠰᠢᠪᠲᠦᠷ ᠦᠢᠯᠡᠳᠬᠦ᠂ | ᠤᠰᠤᠲᠥ᠋ᠷᠥᠭᠴᠢ ᠪᠠᠷ ᠬᠦᠨᠳᠣ ᠬᠡᠯᠪᠡᠷᠢ ᠶᠢᠨ ᠮᠠᠰᠢᠨ ᠲᠡᠷᠭᠡᠨ ᠤ ᠲᠦᠯᠡᠰᠢ ᠶᠢ ᠣᠷᠣᠯᠠᠭᠤᠯᠬᠤ ᠵᠡᠷᠭᠡ ᠬᠡᠷᠡᠭᠯᠡᠭᠡᠨ ᠤ | ᠵᠢᠱᠢᠶ᠎ᠡ ᠦᠵᠡᠭᠦᠯᠬᠦ ᠦᠢᠯᠡᠳᠬᠦᠨ ᠢ ᠢᠳᠡᠪᠬᠢᠲᠠᠢ ᠥᠷᠨᠢᠭᠦᠯᠦᠨ᠂ ᠰᠢᠨ᠎ᠡ ᠡᠨᠧᠷᠭᠢ ᠶᠢᠨ ᠠᠬᠤᠶ ᠲᠠᠯᠠᠪᠠᠶ ᠶᠢᠨ | ᠬᠡᠷᠡᠭᠯᠡᠯᠲᠡ ᠶᠢ ᠶᠡᠬᠡᠪᠡᠷ ᠥᠷᠭᠡᠳᠬᠡᠨ᠎ᠡ᠃ ᠰᠠᠯᠬᠢᠨ ᠬᠦᠴᠦᠨ ᠤ ᠮᠠᠰᠢᠨ ᠴᠣᠭᠴᠠᠯᠠᠪᠣᠷᠢ ᠦᠢᠯᠡᠳᠬᠦ ᠠᠵᠤ | ᠠᠬᠤᠶᠢᠯᠠᠯ ᠤᠨ ᠲᠠᠰ ᠳᠡᠪᠰᠢᠭᠦᠯᠬᠦ ᠶᠢ ᠳᠡᠮᠵᠢᠵᠦ᠂ ᠲᠣᠮᠣ ᠰᠠᠶ᠎ᠠ ᠸᠠᠲ ᠤᠨ ᠲᠠᠰ ᠤᠨ ᠤᠶᠤᠨᠲᠤ ᠰᠠᠯᠬᠢᠨ | ᠬᠦᠴᠦᠨ ᠤ ᠮᠠᠰᠢᠨ ᠤ ᠴᠣᠭᠴᠠᠯᠠᠪᠣᠷᠢ᠂ ᠭᠤᠤᠯ ᠰᠡᠯᠪᠢᠭ ᠲᠣᠨᠤᠭ ᠵᠡᠷᠭᠡ ᠲᠣᠨᠣᠭᠯᠠᠯ ᠢ ᠦᠢᠯᠡᠳᠬᠦ ᠳᠠᠯ᠎ᠠ ᠪᠠᠷ | ᠭᠤᠤᠯᠳᠠᠯᠭ᠎ᠠ ᠲᠠᠢ ᠰᠢᠪᠲᠤᠯᠵᠤ᠂ ᠥᠨᠳᠥᠷ ᠨᠡᠮᠡᠯᠲᠡ ᠥᠷᠲᠡᠭ ᠪᠥᠬᠦᠶ᠂ ᠮᠡᠷᠭᠡᠵᠢᠯ ᠨᠢᠭᠲᠠᠷᠠᠭᠰᠠᠨ ᠬᠡᠯᠪᠡᠷᠢ ᠶᠢᠨ | ᠨᠥᠬᠦᠪᠥᠷᠢᠯᠡᠬᠦ ᠬᠡᠯᠬᠢᠶᠡᠰᠦ ᠶᠢᠨ ᠲᠥᠷᠥᠯ ᠵᠦᠢᠯ ᠢᠶᠠᠨ ᠨᠣᠳᠣᠭᠰᠢᠭᠤᠯᠬᠤ ᠶᠢ ᠢᠳᠡᠪᠬᠢᠲᠡᠶ ᠪᠠᠷ ᠠᠬᠢᠭᠤᠯᠤᠨ᠎ᠠ᠃ | ᠰᠢᠨ᠎ᠡ ᠡᠨᠧᠷᠭᠢ ᠶᠢᠨ ᠠᠯᠤᠰ ᠡᠵᠡᠮᠰᠢᠯᠳᠣ ᠳᠣᠭᠢᠷᠠᠭᠤᠯᠬᠤ ᠲᠠᠪᠴᠠᠩ ᠪᠠ ᠠᠵᠢᠯᠯᠠᠭᠤᠯᠬᠤ ᠲᠥᠪ ︵ᠶᠡᠷᠦᠩᠬᠡᠶ | ᠬᠡᠯᠲᠡᠰ︶ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠠᠵᠢᠯᠯᠠᠭᠤᠯᠣᠯᠳᠠ ᠶᠢ ᠪᠠᠶᠢᠴᠠᠭᠠᠨ ᠵᠠᠰᠠᠬᠤ᠂ | ᠮᠡᠷᠭᠡᠵᠢᠯ ᠤᠨ ᠦᠢᠯᠡᠴᠢᠯᠡᠭᠡ ᠪᠠ ᠪᠣᠭᠤᠳᠠᠯᠯᠠᠵᠤ ᠲᠡᠭᠡᠭᠡᠪᠦᠷᠢᠯᠡᠬᠦ᠂ ᠡᠭᠡᠭᠦᠯᠦᠨ ᠠᠰᠢᠭᠯᠠᠬᠤ ᠵᠡᠷᠭᠡ ᠠᠵᠤ | ᠦᠢᠯᠡᠰ ᠤᠨ ᠬᠡᠯᠬᠢᠶᠡᠰᠣ ᠶᠢ ᠨᠥᠬᠦᠪᠥᠷᠢᠯᠡᠵᠦ᠂ ᠰᠢᠨ᠎ᠡ ᠡᠨᠧᠷᠭᠢ ᠶᠢᠨ ᠲᠣᠨᠣᠭᠯᠠᠯ ᠤᠨ ᠪᠥᠬᠦ ᠠᠵᠤ ᠦᠢᠯᠡᠰ ᠤᠨ | ᠬᠡᠯᠬᠢᠶᠡᠰᠣ ᠶᠢ ᠦᠢᠯᠡᠳᠬᠦ ᠪᠠ ᠠᠵᠢᠯᠯᠠᠭᠤᠯᠬᠤ ᠦᠢᠯᠡᠴᠢᠯᠡᠭᠡᠨ ᠤ ᠰᠠᠭᠤᠷᠢᠨ ᠭᠠᠵᠠᠷ ᠢ ᠪᠣᠶ ᠪᠣᠯᠭᠠᠨ᠎ᠠ᠃ | ᠤᠯᠠᠮᠵᠢᠯᠠᠯᠲᠤ ᠠᠵᠤ ᠦᠢᠯᠡᠳᠪᠦᠷᠢ ᠶᠢᠨ ᠪᠣᠬᠢᠷᠲᠤᠯ ᠦᠭᠡᠢ ᠤᠶᠤᠨᠴᠢᠯᠠᠭᠰᠠᠨ ᠬᠥᠭᠵᠢᠯᠲᠡ ᠶᠢ | ᠠᠬᠢᠭᠤᠯᠤᠨ᠎ᠠ᠃ ᠨᠡᠭᠦᠷᠡᠰᠦ ᠴᠠᠬᠢᠯᠭᠠᠨ ᠤ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠶᠢᠨ ᠬᠤᠪᠢᠷᠠᠭᠤᠯᠣᠯᠳᠠ ᠶᠢ ᠲᠥᠯᠬᠢᠨ ᠠᠬᠢᠭᠤᠯᠵᠤ᠂ ᠵᠢᠩ ᠨᠧᠩ ᠴᠠᠭᠠᠨᠨᠠᠭᠤᠷ᠂ ᠤᠯᠤᠰ ᠤᠨ ᠴᠠᠬᠢᠯᠭᠠᠨ | ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠠᠭᠤᠷᠬᠠᠶ ᠶᠢᠨ ᠠᠮᠠᠰᠠᠷ ᠲᠠᠬᠢ ᠬᠤᠶᠠᠷ ᠴᠠᠬᠢᠯᠭᠠᠨ | ᠦᠢᠯᠡᠳᠪᠦᠷᠢ ᠶᠢᠨ ᠭᠤᠣᠯ ᠴᠣᠭᠴᠠᠲᠤ ᠪᠠᠷᠢᠯᠭ᠎ᠠ ᠶᠢ ᠵᠢᠯ ᠤᠨ ᠳᠣᠲᠣᠷ᠎ᠠ ᠳᠠᠭᠤᠰᠬᠠᠬᠤ ᠶᠢ ᠠᠬᠢᠭᠤᠯᠵᠤ᠂ | ᠵᠢᠶᠠᠩᠰᠦ ᠶᠢᠨ ᠡᠨᠧᠷᠭᠢ ᠶᠢᠨ ᠣᠯᠠᠭᠠᠢ ᠴᠠᠬᠢᠯᠭᠠᠨ ᠦᠢᠯᠡᠳᠪᠦᠷᠢ ᠶᠢᠨ ᠭᠤᠣᠯ ᠴᠣᠭᠴᠠ ᠶᠢ ᠪᠠᠷᠢᠯᠭ᠎ᠠ ᠶᠢᠨ ᠱᠠᠲᠤᠨ | ᠳᠤ ᠣᠷᠣᠭᠤᠯᠵᠣ᠂ ᠬᠤᠸᠠ ᠳ᠋ᠢᠶᠠᠨ ᠪᠠᠶᠠᠨᠬᠤᠸᠠ ᠶᠢᠨ ᠶᠢᠨ ᠱᠠᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ | ᠬᠤᠭᠤᠴᠠᠭᠠᠨ ᠤ ᠠᠵᠢᠯ ᠡᠬᠢᠯᠡᠭᠦᠯᠬᠦ ᠨᠥᠬᠦᠴᠡᠯ ᠢ ᠪᠦᠷᠢᠳᠦᠭᠦᠯᠦᠨ᠎ᠡ᠃ ᠣᠨᠴᠠ ᠥᠨᠳᠥᠷ ᠬᠦᠴᠦᠳᠡᠯᠲᠦ ᠴᠠᠬᠢᠯᠭᠠᠨ | ᠢ ᠭᠠᠳᠠᠭᠰᠢ ᠬᠦᠷᠭᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠬᠢᠴᠠ ᠶᠢ ᠵᠡᠷᠭᠡᠪᠡᠷ ᠲᠦᠷᠭᠡᠳᠬᠡᠨ | ᠠᠬᠢᠭᠤᠯᠵᠤ᠂ ᠵᠢᠯ ᠤᠨ ᠳᠣᠲᠣᠷ᠎ᠠ ᠵᠢᠶᠠᠩᠰᠦ ᠶᠢᠨ ᠡᠨᠧᠷᠭᠢ ᠶᠢᠨ ᠤᠯᠠᠭᠠᠶ ᠴᠠᠬᠢᠯᠭᠠᠨ ᠭᠠᠷᠭᠠᠬᠤ ᠦᠢᠯᠡᠳᠪᠦᠷᠢ᠂ | ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠠᠶᠠᠨᠬᠤᠸᠠ ᠠᠭᠤᠷᠬᠠᠶ ᠶᠢᠨ ᠬᠤᠳᠳᠤᠭ ᠤᠨ | ᠠᠮᠠᠰᠠᠷ ᠲᠠᠬᠢ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠦᠷᠭᠡᠭᠦ ᠱᠤᠭᠤᠮ ᠤᠨ ᠢᠨᠵᠧᠨᠧᠷᠢᠩ ᠢ ᠬᠢᠨᠠᠨ | ᠵᠦᠪᠰᠢᠶᠡᠷᠡᠭᠦᠯᠬᠦ ᠶᠢᠨ ᠬᠠᠮᠲᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠥᠪᠥᠷ | ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠤᠷ ᠤᠨ ᠵᠡᠭᠦᠨ ᠦᠵᠦᠭᠦᠷ ᠤᠨ ᠲᠣᠤᠷ ᠤᠨ ᠪᠦᠷᠢᠯᠳᠦᠴᠡ ᠶᠢ | ᠲᠡᠭᠦᠯᠳᠡᠷᠵᠢᠭᠦᠯᠵᠦ᠂ ᠪᠤᠯᠠᠭ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠡᠰᠡᠭ ᠤᠨ ᠬᠤᠶᠠᠷ ᠰᠠᠭᠤᠷᠢ 500 | ᠺᠢᠯᠤᠸᠤᠯᠲ ᠤᠨ ᠬᠦᠴᠦᠳᠡᠯ ᠬᠤᠪᠢᠰᠬᠠᠬᠤ ᠦᠷᠳᠡᠭᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠬᠡᠨ ᠠᠵᠢᠯ | ᠡᠬᠢᠯᠡᠬᠦᠯᠵᠣ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠠᠴᠠ ᠰᠦᠨᠢᠳ ᠵᠡᠬᠦᠨ ᠬᠤᠰᠢᠭᠤᠨ ᠤ ᠮᠠᠨᠳᠠᠯᠳᠣ | ᠪᠠᠯᠭᠠᠰᠣᠨ ᠤ ᠰᠠᠷᠠᠭᠤᠯᠳᠠᠯ᠎ᠠ ᠭᠠᠴᠠᠭ᠎ᠠ ᠬᠥᠷᠬᠦ 500 ᠺᠢᠯᠤᠸᠤᠯᠲ ᠤᠨ ᠴᠠᠬᠢᠯᠭᠠᠨ ᠬᠦᠷᠭᠡᠬᠦ ᠱᠤᠭᠤᠮ ᠤᠨ | ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠵᠦ᠂ ᠠᠶᠢᠮᠠᠭ ᠤᠨ ᠳᠣᠲᠣᠷᠠᠬᠢ 500 ᠺᠢᠯᠤᠸᠤᠯᠲ ᠤᠨᠴᠠᠬᠢᠯᠭᠠᠨ | ᠲᠣᠤᠷ ᠢ ᠲᠦᠷᠭᠡᠬᠡᠨ ᠪᠦᠷᠢᠯᠳᠣᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠪᠠ ᠠᠶᠣᠯᠭᠦᠢ ᠦᠢᠯᠡᠳᠪᠦᠷᠢᠯᠡᠯ ᠤᠨ | ᠤᠯᠠᠭᠠᠨ ᠱᠤᠭᠤᠮ ᠢ ᠴᠢᠩᠭ᠎ᠠ ᠰᠠᠬᠢᠭᠰᠠᠨ ᠤᠷᠢᠲᠠᠯ ᠳᠣᠤᠷ᠎ᠠ᠂ ᠰᠢᠨ᠎ᠡ ᠪᠠᠷ ᠬᠢᠨᠠᠨ ᠨᠡᠮᠡᠭᠳᠡᠭᠦᠯᠦᠭᠰᠡᠨ ︵ | ᠳᠣᠭᠢᠷᠠᠭᠤᠯᠤᠨ ᠨᠡᠮᠡᠭᠳᠡᠭᠦᠯᠬᠦ︶ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠡᠮᠬᠢ ᠵᠢᠷᠤᠮ ᠲᠠᠢ ᠪᠠᠷ | ᠬᠦᠭᠵᠢᠭᠡᠨ᠂ ᠪᠥᠬᠦ ᠵᠢᠯ ᠳᠤ 1.3 ᠳ᠋ᠦᠩᠰᠢᠭᠤᠷ ᠲᠣᠨ ᠲᠦᠭᠦᠬᠡᠶ ᠨᠡᠭᠦᠷᠡᠰᠦ ᠦᠢᠯᠡᠳᠪᠦᠷᠢᠯᠡᠬᠦ ᠪᠠᠷ ᠴᠢᠷᠮᠠᠶᠢᠵᠤ᠂ | ᠤᠯᠤᠰ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ | ᠨᠠᠶᠢᠳᠠᠪᠤᠷᠢᠵᠢᠭᠤᠯᠤᠨ᠎ᠠ᠃ ︽ᠡᠭᠦᠯᠡᠨ ᠪᠤᠳᠤᠯᠲᠠ ᠲᠣᠮᠣ ᠳ᠋ᠠᠶᠢᠲ᠋ᠠ ᠣᠶᠣᠨᠴᠢ ᠴᠢᠳᠠᠪᠬᠢ︾ ᠶᠢᠨ ᠠᠵᠢᠯᠯᠠᠭ᠎ᠠ ᠶᠢ | ᠶᠡᠬᠡᠪᠡᠷ ᠬᠡᠷᠡᠭᠵᠢᠭᠦᠯᠵᠦ᠂ ᠨᠡᠭᠦᠷᠡᠰᠦᠨ ᠠᠭᠤᠷᠬᠠᠶ᠂ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠤᠨ 5G + ᠣᠶᠤᠨᠴᠢᠯᠠᠭᠰᠠᠨ ᠬᠡᠷᠡᠭᠯᠡᠯᠳᠡ ᠶᠢ ᠠᠬᠢᠭᠤᠯᠵᠤ᠂ ᠨᠢᠭᠡ ᠪᠦᠯᠦᠭ | ᠲᠣᠭᠠᠴᠢᠯᠠᠭᠰᠠᠨᠦᠢᠯᠡᠳᠪᠦᠷᠢ ᠶᠢᠨ ᠲᠠᠰᠤᠭ᠂ ᠤᠶᠤᠨᠲᠤ ᠠᠭᠤᠷᠬᠠᠶ᠂ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ | ᠲᠣᠭᠤᠷᠢᠭ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ ᠪᠠᠷ | ᠳᠡᠮᠵᠢᠨ ᠡᠨᠧᠷᠭᠢ ᠬᠡᠷᠡᠭᠰᠡᠬᠦ ᠤᠯᠠᠮᠵᠢᠯᠠᠯᠲᠤ ᠠᠵᠤ ᠦᠢᠯᠡᠰ ᠢ ᠤᠶᠤᠨᠴᠢᠯᠠᠨ ᠲᠠᠰ ᠳᠡᠪᠰᠢᠭᠦᠯᠦᠨ᠎ᠡ᠃ ᠬᠢᠮᠡᠯ ᠠᠯᠮᠠᠰ | ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠲᠠᠯ᠎ᠠ ᠨᠤᠲᠤᠭ ᠤᠨ ᠵᠢᠭᠤᠯᠴᠢᠯᠠᠯ ᠤᠨ ᠦᠢᠯᠡᠰ ᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ᠃ | ᠦᠢᠯᠡᠴᠢᠯᠡᠭᠡ ᠪᠠᠨ ᠳᠡᠭᠡᠭᠰᠢᠯᠡᠭᠦᠯᠬᠦ ᠪᠠᠷ ᠬᠤᠷᠢᠭ᠎ᠠ ᠱᠤᠭᠤᠮ ᠪᠣᠯᠭᠠᠵᠤ᠂ ᠰᠢᠨ᠎ᠡ ᠵᠠᠭᠤᠴᠢᠯᠠᠭᠤᠷ᠂ ᠲᠡᠷᠢᠭᠦᠨ ᠤ | ᠰᠣᠶᠣᠯ ᠵᠤᠭᠠᠴᠠᠯ ᠤᠨ ᠠᠵᠤ ᠠᠬᠤᠶᠢᠯᠠᠯ ᠲᠠᠢ ᠬᠠᠮᠲᠤᠷᠠᠯᠴᠠᠬᠤ ᠪᠠᠷ ᠭᠠᠷᠳᠠᠴᠠ ᠪᠣᠯᠭᠠᠵᠤ᠂ ᠭᠠᠳᠠᠭᠰᠢ ᠤᠬᠠᠭᠤᠯᠵᠤ | ᠡᠵᠡᠩᠨᠡᠨ ᠪᠣᠷᠣᠯᠠᠭᠤᠯᠬᠤ ᠪᠠᠷ ᠭᠤᠤᠯᠳᠠᠯᠭ᠎ᠠ ᠪᠣᠯᠭᠠᠨ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠨᠠᠭᠠᠳᠤᠮ ᠵᠢᠴᠢ | ᠪᠥᠬᠦ ᠤᠯᠤᠰ ᠤᠨ ᠲᠠᠯ᠎ᠠ ᠨᠤᠲᠤᠭ ᠢᠶᠠᠷ ᠵᠢᠭᠤᠯᠴᠢᠯᠠᠨ ᠰᠡᠭᠦᠳᠡᠷᠯᠡᠬᠦ ᠲᠣᠮᠣ ᠤᠷᠤᠯᠳᠤᠭᠠᠨ᠂ ᠮᠢᠩᠭᠠᠨ ᠭᠠᠵᠠᠷ ᠤᠨ | ᠲᠠᠯ᠎ᠠ ᠨᠤᠲᠤᠭ ᠤᠨ ᠦᠵᠡᠮᠵᠢ ᠶᠢᠨ ᠲᠠᠷᠳᠠᠩ ᠵᠠᠮ ᠤᠨ ᠮᠠᠰᠢᠨ ᠲᠡᠷᠭᠡᠨ ᠤ ᠨᠠᠭᠠᠳᠤᠮ ᠵᠡᠷᠭᠡ ᠰᠢᠷᠢᠰ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠲᠣᠬᠢᠶᠠᠯ ᠢ ᠠᠰᠢᠭᠯᠠᠨ ᠦᠷᠭᠦᠯᠵᠢᠯᠡᠨ ᠬᠦᠭᠵᠢᠬᠦᠯᠵᠣ᠂ ︽ | ᠲᠡᠨᠢᠭᠡᠷ ᠲᠠᠯ᠎ᠠ ᠰᠢᠯᠢ ᠶᠢᠨ ᠭᠤᠤᠯ︾ ᠤᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢᠶᠠᠨ | ᠳᠡᠭᠡᠭᠰᠢᠯᠡᠭᠦᠯᠦᠨ᠎ᠡ᠃ ᠣᠷᠣᠨ ᠵᠠᠶ ᠶᠢᠨ ᠪᠠᠶᠢᠷᠢᠰᠢᠭᠤᠯᠤᠯᠲᠠ ᠶᠢᠨ ᠲᠠᠯ᠎ᠠ ᠪᠠᠷ ᠰᠢᠯᠢ ᠶᠢᠨ ᠭᠤᠤᠯ ᠤᠨ ᠢᠶᠠᠨ ᠮᠢᠩᠭᠠᠨ | ᠭᠠᠵᠠᠷ ᠤᠨ ᠲᠠᠯ᠎ᠠ ᠨᠤᠲᠤᠭ ᠤᠨ ᠦᠵᠡᠮᠵᠢ ᠵᠢᠨᠲ᠋ᠠᠷᠳᠠᠩ ᠵᠠᠮ ᠢᠶᠠᠷ ᠭᠤᠤᠯ ᠱᠤᠭᠤᠮ ᠪᠣᠯᠭᠠᠵᠤ᠂ ᠲᠣᠯᠣᠨ ᠨᠣᠣᠷ | ᠰᠢᠶᠠᠨ᠂ ᠲᠠᠶᠢᠹᠣᠰᠧ ᠬᠤᠰᠢᠭᠤ ᠪᠣᠯᠤᠨ ᠤᠯᠠᠭᠠᠶ ᠬᠠᠮᠢᠶᠠᠷᠤᠯᠲᠠ ᠶᠢᠨ ᠣᠷᠣᠨ ᠢᠶᠠᠷ ᠡᠮᠦᠨ᠎ᠡ ᠤᠮᠠᠷ᠎ᠠ ᠶᠢᠨ ᠴᠢᠬᠤᠯᠠ | ᠡᠭᠦᠳᠡ ᠡᠷᠦᠬᠡ ᠪᠣᠯᠭᠠᠵᠤ᠂ ᠰᠢᠯᠣᠭᠤᠨ ᠬᠥᠬᠡ ᠬᠤᠰᠢᠭᠤ᠂ ᠰᠢᠯᠢ ᠶᠢᠨ ᠬᠤᠲᠠ ᠵᠡᠷᠭᠡ ᠭᠠᠵᠠᠷ ᠤᠨ | ᠭᠤᠤᠯᠳᠠᠯᠭ᠎ᠠ ᠲᠠᠢ ᠦᠵᠡᠮᠵᠢ ᠶᠢᠨ ᠣᠷᠣᠨ ᠦᠵᠡᠮᠵᠢ ᠶᠢᠨ ᠴᠡᠭ ᠪᠣᠯᠤᠨ ᠵᠢᠭᠤᠯᠴᠢᠯᠠᠯ ᠤᠨ ᠡᠬᠢ ᠰᠣᠷᠪᠣᠯᠵᠢ ᠶᠢ | ᠬᠤᠯᠪᠣᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠰᠣᠯᠪᠢᠴᠠᠭᠤᠯᠤᠨ ᠬᠥᠭᠵᠢᠭᠦᠯᠬᠦ᠂ ᠬᠤᠯᠪᠣᠭᠠᠯᠠᠨ | ᠬᠥᠭᠵᠢᠭᠦᠯᠬᠦ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠡᠨᠡ ᠵᠢᠯ ᠲᠣᠯᠣᠨ ᠨᠣᠣᠷ ᠤᠨ ᠦᠵᠡᠮᠵᠢ ᠶᠢᠨ ᠣᠷᠣᠨ ᠤ | ᠶᠠᠰᠤ ᠴᠢᠨᠠᠷ ᠢ ᠳᠡᠭᠡᠭᠰᠢᠯᠡᠭᠦᠯᠬᠦ᠂ ᠤᠯᠠᠭᠠᠶ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ 5 | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠠᠷᠠᠭᠤᠨ | ᠦᠵᠦᠮᠦᠴᠢᠨ ᠬᠤᠰᠢᠭᠤ᠂ ᠰᠢᠯᠤᠭᠤᠨ ᠬᠥᠬᠡ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ | ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠲᠣᠯᠣᠨ ᠨᠣᠣᠷ᠂ ᠤᠯᠠᠭᠠᠶ ᠶᠢᠨ ᠣᠯᠠᠨ | ᠲᠣᠬᠤᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ | ᠪᠠᠶᠢᠭᠤᠯᠵᠤ᠂ ᠪᠡᠯᠡ ᠨᠡᠶᠢᠯᠡᠭᠦᠯᠦᠨ ᠦᠵᠡᠮᠵᠢ ᠶᠢᠨ ᠣᠷᠣᠨ ᠪᠠ ᠣᠳᠣᠨ ᠲᠠᠰ ᠤᠨ ᠪᠠᠭᠤᠳᠠᠯ ᠵᠡᠷᠭᠡ | ᠦᠢᠯᠡᠴᠢᠯᠡᠭᠡᠨ ᠤ ᠲᠦᠭᠦᠭᠡᠷᠣᠮᠵᠢ ᠶᠢᠨ ᠲᠥᠷᠥᠯ ᠢ ᠬᠡᠷᠡᠭᠵᠢᠬᠦᠯᠵᠣ᠂ ᠵᠢᠭᠤᠯᠴᠢᠯᠠᠯ ᠤᠨ ᠦᠢᠯᠡᠴᠢᠯᠡᠭᠡᠨ ᠤ ᠬᠢᠷᠢ | ᠲᠦᠪᠰᠢᠨ ᠪᠠ ᠭᠥᠯᠢᠶᠡᠨ ᠠᠪᠴᠣ ᠵᠣᠴᠢᠯᠠᠬᠤ ᠴᠢᠳᠠᠪᠤᠷᠢ ᠪᠠᠨ ᠤᠯᠠᠮ ᠳᠡᠭᠡᠭᠰᠢᠯᠡᠭᠦᠯᠦᠨ᠎ᠡ᠃ | ︵ᠲᠦᠷᠪᠡ︶ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠴᠤ ᠨᠡᠬᠡᠬᠡᠯᠳᠡ ᠶᠢ | ᠥᠷᠭᠡᠳᠬᠡᠬᠦ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠶᠡᠬᠡᠪᠡᠷ ᠪᠤᠶᠢᠵᠢᠭᠤᠯᠤᠨ᠎ᠠ | ᠪᠦᠬᠦ ᠲᠠᠯ᠎ᠠ ᠪᠠᠷ ᠪᠠᠷᠢᠮᠵᠢᠶᠠᠵᠢᠭᠤᠯᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠨ | ᠰᠢᠯᠢᠳᠡᠭᠵᠢᠬᠦᠯᠵᠣ ᠳᠡᠭᠡᠭᠰᠢᠯᠡᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ 2022 ᠣᠨ ᠤ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢ | ᠡᠬᠢᠯᠡᠭᠦᠯᠦᠨ ᠬᠡᠷᠡᠭᠵᠢᠬᠦᠯᠵᠣ᠂ ︽ᠰᠢᠯᠢ ᠶᠢᠨ ᠭᠤᠣᠯ ᠠᠶᠢᠮᠠᠭ ᠤᠨ ᠬᠤᠳᠠᠯᠳᠤᠭ᠎ᠠ ᠡᠵᠡᠩᠨᠡᠬᠦ ᠨᠡᠩ ᠰᠢᠯᠢᠳᠡᠭ | ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠠᠵᠢᠯᠯᠠᠭ᠎ᠠ ᠶᠢ | ᠨᠠᠶᠢᠳᠠᠪᠤᠷᠢᠵᠢᠭᠤᠯᠬᠤ ᠲᠥᠰᠦᠯ︾ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠵᠠᠰᠠᠭ ᠤᠨ ᠣᠷᠳᠣᠨ ᠤ | ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠬᠦ ᠪᠠᠷ ᠭᠤᠣᠯ ᠭᠠᠷᠳᠠᠴᠠ ᠪᠣᠯᠭᠠᠵᠤ᠂ ︽ᠨᠢᠭᠡ | ᠰᠦᠯᠵᠢᠶ᠎ᠡ ᠪᠠᠷ ᠪᠦᠬᠦᠨ ᠢ ᠬᠦᠢᠴᠡᠳᠭᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠪᠦᠬᠦ | ᠲᠠᠯ᠎ᠠ ᠪᠠᠷ ᠠᠬᠢᠭᠤᠯᠵᠤ᠂ ᠨᠢᠭᠤᠷ ᠵᠣᠯᠭᠠᠬᠤ ᠦᠭᠡᠶ ᠪᠠᠷ ᠬᠢᠨᠠᠨ ᠵᠥᠪᠰᠢᠶᠡᠷᠡᠬᠦ ᠪᠠ ᠮᠡᠳᠡᠭᠡ ᠵᠠᠩᠭᠢᠵᠢᠯᠲᠠ᠂ | ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠳᠡᠭᠡᠷ᠎ᠡ ᠭᠤᠣᠯᠳᠠᠯᠭ᠎ᠠ ᠪᠠᠨ ᠲᠠᠯᠪᠢᠵᠤ᠂ | ᠤᠷᠢᠳᠠᠴᠢ ᠭᠠᠷᠳᠠᠮ ᠢ ᠪᠠᠭᠠᠰᠬᠠᠬᠤ᠂ ᠲᠤᠯᠭᠠᠭᠤᠷᠢᠯᠠᠬᠤ ᠴᠢᠬᠤᠯᠠ ᠨᠥᠬᠦᠴᠡᠯ ᠪᠠ ᠠᠵᠢᠯ ᠶᠠᠪᠤᠳᠠᠯ ᠬᠦᠢᠴᠡᠳᠬᠡᠬᠦ | ᠭᠤᠭᠴᠣᠭᠠᠨ ᠤ ᠲᠠᠯ᠎ᠠ ᠪᠠᠷ ᠰᠢᠪᠲᠤᠯᠤᠯᠲᠠ ᠲᠠᠢ ᠪᠣᠯᠭᠠᠵᠤ᠂ ᠨᠠᠩ ᠣᠯᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠠᠮᠠᠯᠠᠯᠳᠠ ᠪᠠᠨ ᠳᠠᠷᠤᠶ ᠳᠤᠨᠢ ᠬᠦᠢᠴᠡᠳᠭᠡᠬᠦ ᠪᠣᠯᠭᠠᠨ ᠬᠤᠪᠢᠷᠠᠭᠤᠯᠵᠣ᠂ | ᠳᠠᠷᠤᠶ ᠳᠤᠨᠢ ᠬᠦᠢᠴᠡᠳᠭᠡᠬᠦ ᠪᠠᠨ ᠨᠢᠭᠤᠷ ᠵᠣᠯᠭᠠᠬᠤ ᠦᠭᠡᠶ ᠪᠠᠷ ᠬᠢᠨᠠᠨ ᠵᠥᠪᠰᠢᠶᠡᠷᠡᠬᠦ ᠪᠣᠯᠭᠠᠨ᠂ ᠰᠦᠯᠵᠢᠯᠳᠦᠭᠰᠡᠨ | ᠢᠶᠠᠨ ᠵᠡᠷᠭᠡ ᠳᠤᠨᠢ ᠬᠤᠯᠪᠣᠬᠤ ᠪᠣᠯᠭᠠᠨ᠂ ᠤᠷᠢᠳᠠᠴᠢ ᠴᠢᠬᠤᠯᠠ ᠨᠥᠬᠦᠴᠡᠯ ᠢ ᠲᠣᠭᠠᠴᠢᠯᠠᠨ ᠬᠠᠮᠲᠤ ᠪᠠᠷ ᠡᠳ᠋ᠯᠡᠬᠦ | ᠪᠣᠯᠭᠠᠨ ᠬᠤᠪᠢᠷᠠᠭᠤᠯᠬᠤ ᠬᠡᠬᠦ ᠮᠡᠳᠣ᠂ ᠵᠢᠯ ᠤᠨ ᠳᠣᠲᠣᠷ᠎ᠠ ︽ᠨᠢᠭᠡ ᠴᠣᠩᠬᠤᠪᠴᠢ︾ ᠪᠠᠷ ᠲᠥᠷᠥᠯ ᠬᠤᠪᠢᠶᠠᠨ | ᠭᠥᠯᠢᠶᠡᠨ ᠠᠪᠴᠤ ᠰᠢᠢᠳᠪᠦᠷᠢᠯᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 90% ᠠᠴᠠ | ᠳᠡᠭᠡᠭᠰᠢ ᠳᠤ ᠬᠦᠷᠦᠭᠦᠯᠵᠦ᠂ ᠠᠶᠢᠮᠠᠭ᠂ ᠬᠤᠰᠢᠭᠤ ᠬᠤᠶᠠᠷ ᠱᠠᠲᠤᠨ ᠤ ᠳᠠᠷᠤᠶ ᠳᠤᠨᠢ ᠬᠦᠢᠴᠡᠳᠭᠡᠬᠦ ᠵᠣᠶᠢᠯᠡᠰ ᠤᠨ | ᠡᠵᠡᠯᠡᠬᠦ ᠬᠠᠷᠢᠴᠠᠯ ᠢ ᠲᠣᠰ ᠲᠣᠰ 50% ᠪᠠ 85% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ︔ ︽ | ᠮᠦᠩᠭᠡ ᠰᠣᠪᠠᠭ︾ ᠤᠨ ᠦᠨᠳᠦᠷ ᠳᠠᠪᠳᠠᠮᠵᠢᠳᠣ ᠣᠨᠴᠠᠯᠢᠭᠲᠠᠢ ᠬᠡᠷᠡᠭᠯᠡᠯᠳᠡ ᠶᠢ ᠵᠠᠯᠭᠠᠨ ᠣᠷᠣᠭᠤᠯᠬᠤ ᠵᠦᠢᠯᠡᠰ ᠢ | 300 ᠲᠦᠷᠦᠯ ᠳᠤ ᠬᠦᠷᠦᠭᠦᠯᠵᠦ᠂ 12 ᠵᠦᠢᠯ ᠤᠨ ︽ᠥᠨᠳᠥᠷ ᠦᠷ᠎ᠡ ᠪᠦᠲᠦᠮᠵᠢ ᠲᠠᠢ ᠪᠠᠷ ᠨᠢᠭᠡ | ᠶᠠᠪᠤᠳᠠᠯ ᠢ ᠬᠦᠢᠴᠡᠳᠬᠡᠬᠦ︾ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ | ᠬᠦᠢᠴᠡᠳᠬᠡᠬᠦ︾ ᠪᠣᠳᠠᠲᠠᠶ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠦᠨ᠎ᠡ᠃ ᠠᠵᠤ ᠠᠬᠤᠶᠢᠯᠠᠯ ᠤᠨ ᠪᠠᠯᠠ | ᠣᠷᠣᠭᠤᠯᠤᠨ ᠦᠢᠯᠡᠳᠪᠦᠷᠢᠯᠡᠵᠣ ᠡᠵᠡᠩᠨᠡᠬᠦ ᠵᠡᠷᠭᠡ ᠪᠥᠬᠦ ᠠᠮᠢᠨ ᠰᠣᠳᠠᠰᠣᠨ ᠤ ᠦᠶᠡᠯᠡᠯ ᠤᠨ ᠬᠤᠭᠤᠴᠠᠭᠠᠨ ᠤ | ᠲᠣᠭᠤᠷᠢᠨ ᠳᠤ᠂ ᠠᠵᠤ ᠠᠬᠤᠶᠢᠯᠠᠯ ᠡᠷᠭᠢᠯᠡᠬᠦ᠂ ᠪᠠᠷᠢᠯᠭ᠎ᠠ ᠶᠢᠨ ᠵᠥᠪᠰᠢᠶᠡᠷᠡᠯ ᠢ ᠬᠦᠢᠴᠡᠳᠬᠡᠬᠦ᠂ ᠴᠠᠬᠢᠯᠭᠠᠨ ᠬᠦᠴᠦ | ᠪᠠ ᠤᠰᠤ ᠰᠢᠲᠠᠮᠠᠬᠠᠢ ᠬᠡᠶ ᠬᠡᠷᠡᠭᠯᠡᠬᠦ ᠵᠡᠷᠭᠡ ᠭᠤᠤᠯᠳᠠᠯᠭ᠎ᠠ ᠲᠠᠢ ᠬᠦᠢᠴᠡᠳᠭᠡᠯ ᠲᠤᠭ᠎ᠠ ᠤᠯᠬᠤ ᠶᠢ ᠦᠷᠭᠦᠯᠵᠢᠯᠡᠨ | ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠬᠠᠯᠠᠮᠰᠢᠯ ᠣᠳᠠᠰᠣᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ | ᠭᠤᠮᠣᠳᠠᠯ ᠱᠠᠭᠠᠷᠳᠠᠯᠭ᠎ᠠ ᠶᠢ ᠬᠦᠢᠴᠡᠳᠬᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ | ᠰᠢᠨ᠎ᠡ ᠣᠳᠣᠷᠢᠳᠣᠯᠭ᠎ᠠ ᠬᠠᠭᠤᠴᠢᠨ ᠲᠠᠩᠰᠠ ᠶᠢ ᠥᠯᠥ ᠬᠠᠮᠢᠶᠠᠷᠬᠤ︾᠂ ᠭᠡᠷ᠎ᠡ ᠠᠴᠠ ᠵᠥᠷᠢᠴᠡᠵᠦ ᠢᠲᠡᠭᠡᠯ ᠢᠶᠠᠨ | ᠠᠯᠳᠠᠬᠤ ᠵᠡᠷᠭᠡ ᠦᠵᠡᠭᠳᠡᠯ ᠭᠠᠷᠬᠤ ᠶᠢ ᠡᠷᠡᠰ ᠲᠡᠪᠴᠢᠨ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠡᠪᠳᠡᠬᠦ | ᠦᠢᠯᠡ ᠠᠵᠢᠯᠯᠠᠭ᠎ᠠ ᠶᠢ ᠡᠷᠡᠰ ᠵᠠᠯᠬᠠᠭᠠᠨ ᠰᠢᠳᠬᠡᠵᠦ᠂ ᠪᠠᠯᠠ ᠣᠷᠣᠭᠤᠯᠤᠭᠴᠢᠳ ᠢ ᠰᠢᠯᠢ ᠶᠢᠨ ᠭᠤᠤᠯ ᠠᠶᠢᠮᠠᠭ ᠲᠤ | ᠰᠠᠨᠠᠭ᠎ᠠ ᠠᠮᠤᠷ ᠪᠠᠯᠠ ᠣᠷᠣᠭᠤᠯᠵᠤ᠂ ᠰᠠᠨᠠᠭ᠎ᠠ ᠠᠮᠤᠷ ᠠᠳᠠᠯ ᠦᠢᠯᠡᠰ ᠴᠣᠭᠴᠠᠯᠠᠨ᠂ ᠰᠠᠨᠠᠭ᠎ᠠ ᠠᠮᠤᠷ | ᠠᠵᠢᠯᠯᠠᠭᠤᠯᠣᠨ᠎ᠠ᠃ | ︽ᠰᠢᠨᠵᠢᠯᠡᠭᠡ ᠮᠡᠷᠭᠡᠵᠢᠯ ᠢᠶᠠᠷ ᠠᠶᠢᠮᠠᠭ ᠢᠶᠠᠨ ᠭᠦᠭᠵᠢᠬᠦᠯᠬᠦ︾ ᠠᠵᠢᠯᠯᠠᠭ᠎ᠠ ᠪᠠᠨ ᠭᠦᠨᠵᠡᠭᠡᠶ ᠠᠬᠢᠭᠤᠯᠤᠨ᠎ᠠ᠃ | ᠵᠠᠰᠠᠭ ᠤᠨ ᠣᠷᠳᠣᠨ ᠤ ᠰᠤᠳᠤᠯᠤᠨ ᠪᠦᠲᠦᠭᠡᠬᠦ ᠪᠡᠯᠡ ᠣᠷᠣᠭᠤᠯᠤᠯᠲᠠ ᠶᠢᠨ ᠪᠠᠳᠣᠯᠠᠭᠠᠳᠣ ᠨᠡᠮᠡᠭᠳᠡᠯ ᠤᠨ | ᠲᠣᠭᠲᠠᠴᠠ ᠪᠠ ᠨᠡᠶᠢᠭᠡᠮ ᠤᠨ ᠣᠯᠠᠨ ᠠᠷᠭ᠎ᠠ ᠵᠠᠮ ᠢᠶᠠᠷ ᠪᠡᠯᠡ ᠣᠷᠣᠭᠤᠯᠬᠤ ᠶᠢ ᠤᠷᠮᠠᠰᠢᠭᠤᠯᠬᠤ ᠲᠣᠭᠲᠠᠴᠠ ᠶᠢ | ᠨᠠᠶᠢᠳᠠᠪᠤᠷᠢᠵᠢᠭᠤᠯᠵᠤ᠂ ᠠᠶᠢᠮᠠᠭ ᠤᠨ ᠲᠣᠰ ᠱᠠᠲᠤᠨ ᠤ ᠲᠥᠰᠦᠪ ᠲᠤ ᠰᠢᠨᠵᠢᠯᠡᠭᠡ ᠮᠡᠷᠭᠡᠵᠢᠯ ᠤᠨ ᠲᠤᠰᠬᠠᠶ | ᠲᠦᠷᠦᠯ ᠤᠨ ᠪᠠᠯᠠ ᠮᠥᠩᠭᠦ ᠲᠣᠬᠢᠷᠠᠭᠤᠯᠬᠤ ᠶᠢ 50% ᠪᠠᠷ ᠨᠡᠮᠡᠭᠳᠡᠭᠦᠯᠵᠣ᠂ ᠠᠶᠢᠮᠠᠭ ᠤᠨ ᠳᠡᠰ ᠤᠨ ᠰᠢᠨᠵᠢᠯᠡᠭᠡ | ᠮᠡᠷᠭᠡᠵᠢᠯ ᠤᠨ 55 ᠲᠥᠷᠥᠯ ᠵᠦᠢᠯ ᠢ ᠬᠡᠷᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ | ᠴᠡᠪᠡᠷ ᠡᠨᠧᠷᠭᠢ᠂ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠵᠡᠷᠭᠡ ᠬᠦᠷᠢᠶ᠎ᠡ ᠴᠠᠷᠠᠭ᠎ᠠ ᠶᠢ ᠲᠥᠪᠯᠡᠷᠡᠭᠦᠯᠦᠨ | ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠵᠦᠢᠯ ᠬᠡᠷᠡᠭᠵᠢᠭᠦᠯᠬᠦ ᠶᠢ ᠳᠡᠮᠵᠢᠨ᠎ᠡ | ᠃ ᠡᠯ᠎ᠡ ᠬᠤᠰᠢᠭᠤ ᠰᠢᠶᠠᠨ ᠬᠤᠲᠠ ︵ᠣᠷᠣᠨ︶᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ | ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠪᠠ ᠮᠠᠨ ᠤ ᠠᠶᠢᠮᠠᠭ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ ᠶᠢᠨ ᠱᠠᠩᠨᠠᠵᠤ ᠨᠥᠬᠦᠪᠥᠷᠢᠯᠡᠬᠦ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠰᠠᠶᠢᠲᠤᠷ | ᠨᠠᠶᠢᠳᠠᠪᠣᠷᠢᠵᠢᠭᠤᠯᠵᠣ᠂ ᠠᠵᠤ ᠠᠬᠤᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠢ ᠪᠤᠶᠢᠵᠢᠭᠤᠯᠤᠨ ᠪᠠᠶᠢᠭᠤᠯᠬᠤ ᠠᠵᠢᠯ ᠢᠶᠠᠨ ᠲᠦᠷᠭᠡᠳᠬᠡᠵᠦ᠂ ᠰᠢᠨᠵᠢᠯᠡᠭᠡ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ︽ᠬᠤᠶᠠᠷ | ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠵᠢᠯ ᠤᠨ ᠳᠣᠲᠣᠷ᠎ᠠ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ 30 ᠪᠣᠯᠭᠠᠵᠤ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ 10 ᠶᠢ ᠦᠨᠡᠯᠡᠬᠦᠯᠦᠨ ᠬᠦᠮᠦᠷᠭᠡᠯᠡᠬᠦ ᠶᠢ ᠪᠠᠳᠣᠯᠠᠨ᠎ᠠ᠃ ︽1230︾ ᠢᠨᠵᠧᠨᠧᠷᠢᠩ ᠵᠡᠷᠭᠡ | ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠦᠷᠦᠯ ᠵᠦᠢᠯ ᠢ ᠦᠷᠭᠦᠯᠵᠢᠯᠡᠨ ᠲᠦᠯᠬᠢᠨ ᠠᠬᠢᠭᠤᠯᠵᠤ᠂ | ᠵᠢᠯ ᠤᠨ ᠳᠣᠳᠣᠷ᠎ᠠ 100 ᠨᠡᠷᠡᠰ ᠴᠢᠳᠠᠪᠤᠷᠢᠲᠠᠨ ᠢ ᠣᠷᠠᠨ ᠰᠠᠮᠪᠠᠭᠠᠯᠢᠭ ᠢᠶᠠᠷ ᠲᠠᠳᠠᠨ ᠠᠪᠴᠢᠷᠠᠵᠤ᠂ ᠳᠡᠭᠡᠳᠣ ᠳᠡᠰ | ᠤᠨ ᠴᠢᠳᠠᠪᠤᠷᠢᠲᠠᠨ ᠢ 900 ᠠᠴᠠ ᠳᠡᠭᠡᠭᠰᠢ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ 800 ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠦᠨ᠎ᠡ᠃ | ᠨᠡᠭᠡᠭᠡᠯᠲᠡ ᠬᠢᠵᠦ ᠬᠠᠮᠲᠤᠷᠠᠯᠴᠠᠬᠤ ᠬᠢᠷᠢ ᠲᠦᠪᠰᠢᠨ ᠢᠶᠠᠨ ᠤᠯᠠᠮ ᠳᠡᠭᠡᠭᠰᠢᠯᠡᠭᠦᠯᠦᠨ᠎ᠡ᠃ ᠤᠯᠤᠰ ᠤᠨ | ᠲᠣᠳᠣᠭᠠᠳᠣᠬᠢ ᠶᠡᠭᠡ ᠣᠷᠴᠢᠯ ᠲᠠᠢ ᠠᠭᠤᠰᠤᠯᠴᠠᠬᠤ ᠪᠠᠨ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠪᠡᠭᠡᠵᠢᠩ | ᠲᠢᠶᠠᠨᠵᠢᠨ ᠾᠧᠪᠧᠢ᠂ ᠪᠦᠸᠧᠬᠠᠢ ᠲᠠᠩᠭᠢᠰ ᠢ ᠲᠣᠭᠤᠷᠢᠭᠰᠠᠨ ᠣᠷᠣᠨ᠂ ᠬᠥᠬᠡᠮᠥ᠋ᠷᠡᠨ ᠤ ᠭᠤᠷᠪᠠᠯᠵᠢᠨ ᠬᠤᠶᠢᠭ | ᠵᠡᠷᠭᠡ ᠬᠥᠭᠵᠢᠭᠰᠡᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ | ᠴᠢᠩᠭᠠᠳᠬᠠᠵᠤ᠂ ᠳᠡᠭᠡᠳᠦ ᠲᠡᠰ ᠤᠨ ᠠᠵᠤ ᠦᠢᠯᠡᠰ ᠢ ᠨᠡᠩ ᠰᠠᠶᠢᠲᠤᠷ ᠬᠦᠯᠢᠶᠡᠨ ᠠᠪᠴᠤ᠂ ᠳᠠᠭᠠᠭᠤᠯᠤᠭᠴᠢ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠲᠡᠷᠢᠭᠦᠨ ᠤ ᠡᠯᠧᠮᠧᠨ᠋ᠲ ᠢ ᠰᠢᠩᠭᠡᠭᠡᠨ ᠠᠪᠴᠤ᠂ ᠬᠡᠷᠡᠭᠯᠡᠭᠡᠨ ᠤ ᠵᠠᠬ᠎ᠠ | ᠳᠡᠯᠭᠡᠭᠦᠷ ᠢ ᠨᠡᠭᠡᠭᠡᠨ᠎ᠡ᠃ ᠡᠮᠦᠨᠡᠲᠦ ᠬᠡᠰᠡᠭ ᠤᠨ ᠬᠤᠰᠢᠭᠤ ᠰᠢᠶᠠᠨ ᠤ ᠣᠷᠣᠨ ᠪᠠᠶᠢᠷᠢ ᠶᠢᠨ ᠵᠠᠮ ᠬᠠᠷᠢᠯᠴᠠᠭᠠᠨ ᠤ | ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠪᠡᠭᠡᠵᠢᠩ ᠲᠢᠶᠠᠨᠵᠢᠨ ᠾᠧᠪᠧᠢ ᠶᠢᠨ ᠠᠵᠤ | ᠦᠢᠯᠡᠰ ᠤᠨ ᠰᠢᠯᠵᠢᠯᠲᠡ ᠲᠠᠢ ᠢᠳᠡᠪᠬᠢᠲᠡᠶ ᠪᠠᠷ ᠵᠠᠯᠭᠠᠨ ᠵᠣᠯᠭᠠᠭᠤᠯᠬᠤ ᠶᠢ ᠳᠡᠮᠵᠢᠵᠦ᠂ ᠬᠡᠲᠦ ᠬᠠᠲᠠᠭᠤ ᠮᠠᠲ᠋ᠧᠷᠢᠶᠠᠯ | ᠂ ᠨᠠᠷᠢᠯᠢᠭ ᠡᠳ᠋ᠰᠢᠭᠦᠯᠭᠡ᠂ ᠨᠠᠷᠢᠯᠢᠭ ᠴᠢᠳᠬᠤᠮᠠᠯ ᠲᠣᠨᠤᠭ᠂ ᠪᠣᠬᠢᠷᠲᠤᠯ ᠥᠬᠡᠶ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠪᠠ ᠡᠷᠡᠭᠦᠯᠵᠢᠯ ᠰᠤᠪᠢᠯᠠᠯᠲᠠ ᠵᠢᠭᠤᠯᠴᠢᠯᠠᠯ ᠵᠡᠷᠭᠡ ᠠᠵᠤ ᠦᠢᠯᠡᠰ ᠢ | ᠭᠤᠤᠯᠳᠠᠯᠭ᠎ᠠ ᠲᠠᠢ ᠬᠥᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ | ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ | ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠷᠢᠶᠡᠨ ᠬᠤᠲᠠ ᠶᠢᠨ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ | ᠤᠯᠤᠰ ᠤᠨ ᠪᠠᠷᠠᠭᠠᠨ ᠤ ᠬᠦᠢᠯᠭᠡᠭᠡᠨ ᠤ ᠵᠠᠩᠭᠢᠯᠠᠭ᠎ᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠡᠷᠢᠶᠡᠨ ᠬᠤᠲᠠ ᠶᠢᠨ ᠲᠡᠮᠦᠷ ᠵᠠᠮ ᠤᠨ ᠥᠷᠲᠡᠭᠡ ᠲᠠᠯᠠᠪᠤᠷ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠲᠥᠷᠥᠯ | ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠵᠢᠨᠢᠩ ᠠᠴᠠ ᠡᠷᠢᠶᠡᠨ ᠬᠦᠷᠬᠦ ᠲᠡᠮᠦᠷ ᠵᠠᠮ ᠤᠨ | ᠴᠢᠳᠠᠮᠵᠢ ᠶᠢ ᠥᠷᠭᠡᠳᠬᠡᠨ ᠥᠭᠡᠷᠡᠴᠢᠯᠡᠬᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠡᠷᠢᠶᠡᠨ | ᠬᠤᠲᠠ ᠶᠢᠨ ᠲᠦᠪᠯᠡᠷᠡᠭᠦᠯᠬᠦ ᠲᠥᠪ ᠤᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠬᠦ ᠪᠠᠷ ᠴᠢᠷᠮᠠᠶᠢᠵᠤ᠂ ᠵᠡᠭᠦᠨ | ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠦᠨ᠂ ︽ᠵᠠᠮ ᠥᠩᠭᠡᠷᠡᠬᠦ ᠠᠵᠤ ᠠᠬᠤᠶ︾ ᠶᠢᠨ ︽ᠨᠣᠳᠣᠭᠰᠢᠭᠰᠠᠨ ᠠᠵᠤ ᠠᠬᠤᠶ︾ | ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠳᠤ ᠨᠡᠩ ᠰᠠᠶᠢᠲᠤᠷ ᠠᠭᠤᠰᠤᠯᠴᠠᠵᠤ᠂ ︽ᠵᠡᠭᠦᠨ ᠬᠤᠶᠢᠲᠤ ᠶᠢᠨ ᠡᠬᠡ ᠬᠠᠭᠤᠷᠠᠢ ᠳᠠᠯᠠᠢ | ᠲᠠᠩᠭᠢᠰ ᠤᠨ ᠰᠢᠨ᠎ᠡ ᠵᠠᠮ︾ ᠳᠠᠭᠠᠤ ᠶᠢᠨ ᠭᠠᠵᠠᠷ ᠣᠷᠣᠨ ᠯᠤᠭ᠎ᠠ ᠶᠢᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠠᠭᠤᠷᠢ ᠲᠥᠬᠦᠭᠡᠷᠦᠮᠵᠢ᠂ ᠰᠣᠶᠣᠯ ᠵᠤᠭᠠᠴᠠᠯ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠮᠠᠷᠠᠰᠢ ᠤᠷᠤᠰ ᠮᠣᠩᠭᠤᠯ ᠲᠠᠢ ᠵᠠᠯᠭᠠᠯᠳᠤᠭᠰᠠᠨ᠂ | ᠡᠮᠦᠨᠡᠰᠢ ᠭᠠᠷᠠᠮ ᠲᠠᠢ ᠬᠤᠯᠪᠣᠭᠠᠯᠠᠭᠰᠠᠨ ᠬᠢᠯᠢ ᠬᠢᠵᠠᠭᠠᠷ ᠳᠠᠯᠠᠢ ᠲᠠᠩᠭᠢᠰ ᠲᠤ ᠨᠡᠪᠲᠡᠷᠡᠬᠦ ᠰᠢᠨ᠎ᠡ ᠳᠠᠪᠠᠭᠤᠯᠢᠭ ᠢ | ᠲᠦᠷᠭᠡᠳᠬᠡᠨ ᠪᠠᠶᠢᠭᠤᠯᠤᠨ᠎ᠠ᠃ | ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠤᠲᠠ ᠬᠥᠳᠡᠭᠡ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠣᠨ᠎ᠠ᠃ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠬᠦᠯᠵᠦ᠂ ︽ᠭᠤᠷᠪᠠᠨ ᠡᠷᠦᠬᠡ︾ ᠶᠢ ᠴᠠᠭ ᠲᠤᠬᠠᠢ ᠳᠤᠨᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠳᠤ | ᠣᠷᠣᠭᠤᠯᠵᠤ᠂ ᠡᠷᠲᠡ ᠢᠯᠡᠷᠡᠭᠦᠯᠬᠦ᠂ ᠡᠷᠲᠡ ᠬᠠᠪᠰᠤᠷᠤᠨ ᠲᠡᠳᠬᠦᠬᠦ ᠶᠢ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ | ᠲᠠᠬᠢᠨ ᠶᠠᠳᠠᠭᠤᠷᠠᠬᠤ ᠠᠴᠠ ᠡᠷᠡᠰ ᠰᠡᠷᠭᠡᠶᠢᠯᠡᠵᠦ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ | ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ᠂ ᠲᠥᠪ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠲᠥᠷᠥᠯ ᠢᠶᠠᠷ ᠢᠶᠠᠨ | ᠳᠡᠮᠵᠢᠬᠦ ᠪᠠ ᠨᠡᠶᠢᠭᠡᠮ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠨ᠂ | ᠠᠰᠠᠭᠤᠳᠠᠯ ᠢᠯᠡᠷᠡᠪᠡᠯ ᠴᠠᠭ ᠲᠤᠬᠠᠶ ᠳᠤᠨᠢ ᠰᠢᠢᠳᠪᠦᠷᠢᠯᠡᠨ᠎ᠡ᠃ ᠮᠠᠨ ᠤ ᠠᠶᠢᠮᠠᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽5 + 1︾ ᠶᠢᠨ ᠬᠡᠷᠡᠭᠵᠢᠭᠦᠯᠬᠦ ᠲᠥᠰᠦᠯ ᠢ ᠰᠠᠶᠢᠲᠤᠷ ᠨᠠᠶᠢᠳᠠᠪᠤᠷᠢᠵᠢᠭᠤᠯᠵᠤ᠂ | ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠭᠤᠤᠯᠳᠠᠯᠭ᠎ᠠ ᠲᠠᠢ ᠦᠷᠭᠦᠯᠵᠢᠯᠡᠨ ᠬᠦᠴᠦᠯᠡᠵᠦ᠂ | ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠮᠠᠯ ᠠᠵᠤ | ᠠᠬᠤᠶ ᠲᠠᠷᠢᠶᠠᠯᠠᠩ ᠤᠨ ᠦᠢᠯᠡᠳᠪᠦᠷᠢᠯᠡᠯ ᠤᠨ ᠪᠠᠭᠤᠷᠠᠶ ᠭᠤᠭᠴᠤᠭ᠎ᠠ ᠪᠣᠯᠤᠨ ᠲᠠᠷᠠᠬᠠᠶ ᠪᠣᠳᠠᠷᠬᠠᠢ ᠮᠠᠯᠵᠢᠬᠤ | ᠲᠠᠷᠢᠶᠠᠯᠠᠬᠤ ᠡᠷᠥᠭᠡ ᠳᠤ ᠦᠢᠯᠡᠴᠢᠯᠡᠬᠦ ᠪᠠᠷ ᠭᠤᠣᠯᠳᠠᠯᠭ᠎ᠠ ᠪᠣᠯᠭᠠᠨ᠂ ᠤᠯᠠᠨ ᠡᠰᠢᠵᠢᠬᠦᠯᠦᠭᠰᠡᠨ᠂ ᠤᠯᠠᠨ ᠲᠥᠷᠥᠯ | ᠬᠡᠯᠪᠡᠷᠢ ᠪᠦᠬᠦᠢ ᠮᠠᠯ ᠠᠵᠤ ᠠᠬᠤᠶ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ | ᠶᠡᠬᠡᠪᠡᠷ ᠬᠥᠭᠵᠢᠭᠦᠯᠦᠨ᠎ᠡ᠃ ᠲᠥᠪ ᠪᠠ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ ᠶᠢ ᠵᠣᠯᠭᠠᠭᠤᠯᠬᠤ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠥᠲᠥᠭᠡᠨ | ᠪᠠᠶᠢᠭᠤᠯᠤᠯᠲᠠ ᠵᠡᠷᠭᠡ ᠡᠯ᠎ᠡ ᠲᠥᠷᠥᠯ ᠤᠨ ᠲᠥᠷᠥᠯ ᠵᠦᠢᠯ ᠢ ᠨᠠᠶᠢᠷᠠᠭᠤᠯᠤᠨ ᠲᠣᠭᠳᠠᠭᠠᠬᠤ ᠠᠵᠢᠯ ᠢᠶᠠᠨ ᠰᠠᠶᠢᠲᠤᠷ | ᠠᠳᠬᠤᠵᠤ᠂ ᠨᠠᠶᠢᠷᠠᠭᠤᠯᠤᠨ ᠲᠣᠭᠳᠠᠭᠠᠬᠤ ᠶᠠᠰᠤ ᠴᠢᠨᠠᠷ ᠪᠠ ᠡᠮᠦᠨᠡᠬᠢ ᠬᠤᠭᠤᠴᠠᠭᠠᠨ ᠤ ᠠᠵᠢᠯ ᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠠᠵᠢᠯ ᠡᠬᠢᠯᠡᠬᠦᠯᠬᠦ ᠨᠣᠷᠮ᠎ᠠ ᠪᠠ ᠪᠠᠯᠠ ᠮᠦᠩᠭᠦᠨ ᠤ ᠵᠠᠷᠣᠴᠠᠭᠤᠯᠭ᠎ᠠ | ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠣ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠵᠢᠯ ᠤᠨ ᠳᠣᠲᠣᠷ᠎ᠠ ᠪᠠᠯᠠ ᠮᠥᠩᠭᠦ ᠶᠢ ᠨᠢᠭᠡᠳᠬᠡᠨ 59 ᠭᠤᠤᠯᠳᠠᠯᠭ᠎ᠠ ᠲᠠᠢ ᠭᠠᠴᠠᠭ᠎ᠠ | ᠲᠣᠰᠬᠤᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠣᠷᠯᠣᠩ ᠤᠨ ᠦᠭᠡᠷᠡᠴᠢᠯᠡᠯᠳᠡ᠂ ᠬᠥᠮᠦᠨ | ᠮᠠᠯ ᠢ ᠰᠠᠯᠭᠠᠬᠤ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ᠂ ᠭᠠᠴᠠᠭ᠎ᠠ ᠲᠣᠰᠬᠤᠨ ᠤ | ᠳᠦᠷᠢ ᠲᠦᠷᠬᠦ ᠶᠢ ᠰᠠᠶᠢᠵᠢᠷᠠᠭᠤᠯᠬᠤ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ | ᠪᠠᠶᠢᠭᠤᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠡᠷᠦᠬᠡ ᠶᠢᠨ ᠵᠣᠷᠯᠣᠩ ᠢ | ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠪᠥᠬᠦ ᠲᠠᠯ᠎ᠠ ᠪᠠᠷ ᠰᠠᠶᠢᠲᠤᠷ ᠠᠳᠬᠤᠵᠤ᠂ ᠵᠣᠷᠯᠣᠩ ᠢ ᠦᠭᠡᠷᠡᠴᠢᠯᠡᠨ | ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠪᠠᠨ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠪᠠᠭ᠎ᠠ | ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠭᠰᠠᠨ ᠲᠤᠷᠰᠢᠯᠲᠠ ᠶᠢᠨ ᠴᠡᠭ ᠤᠨ ᠠᠷᠭ᠎ᠠ ᠲᠤᠷᠰᠢᠯᠭ᠎ᠠ ᠶᠢ | ᠰᠠᠶᠢᠲᠤᠷ ᠳ᠋ᠦᠩᠨᠡᠨ ᠰᠢᠷᠭᠠᠭᠠᠵᠣ᠂ ᠪᠤᠰᠤᠳ ᠬᠤᠰᠢᠭᠤ ᠰᠢᠶᠠᠨ ᠬᠤᠲᠠ ︵ᠣᠷᠣᠨ︶ ᠳᠤ ᠢᠳᠡᠪᠬᠢᠲᠡᠶ ᠪᠠᠷ | ᠳᠡᠯᠭᠡᠷᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠯᠢ ᠶᠢᠨ ᠭᠤᠤᠯ ᠠᠶᠢᠮᠠᠭ ᠤᠨ ᠥᠯᠢᠭᠡᠷ | ᠳᠠᠭᠤᠷᠢᠶᠠᠯ︾ ᠢ ᠬᠦᠴᠦᠯᠡᠨ ᠪᠣᠶ ᠪᠣᠯᠭᠠᠨ᠎ᠠ᠃ | ᠬᠤᠲᠠ ᠪᠠᠯᠭᠠᠰᠣᠨ ᠤ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠠᠰᠣᠷᠠᠯᠳᠠ | ᠦᠭᠡᠢ ᠳᠡᠭᠡᠭᠰᠢᠯᠡᠭᠦᠯᠦᠨ᠎ᠡ᠃ ᠣᠯᠠᠨ ᠲᠦᠮᠡᠨ ᠤ ︽ᠪᠠᠴᠢᠮ ᠬᠦᠴᠢᠷ ᠵᠣᠪᠠᠨᠢᠯ ᠬᠦᠰᠡᠯ︾ ᠢ ᠰᠢᠢᠳᠪᠦᠷᠢᠯᠡᠬᠦ ᠪᠠᠷ | ᠭᠤᠤᠯ ᠠᠭᠤᠯᠭ᠎ᠠ ᠪᠣᠯᠭᠠᠭᠰᠠᠨ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠬᠤᠲᠠ ᠪᠠᠯᠭᠠᠰᠣᠨ ᠤ ᠴᠢᠳᠠᠮᠵᠢ ᠶᠢ ᠲᠡᠭᠦᠯᠳᠡᠷᠵᠢᠬᠦᠯᠦᠨ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ 119 | ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 7074 ᠡᠷᠦᠬᠡ ᠶᠢᠨ ᠬᠠᠭᠤᠴᠢᠨ ᠣᠷᠣᠨ ᠰᠠᠭᠤᠴᠠ ᠶᠢ | ᠥᠭᠡᠷᠡᠴᠢᠯᠡᠨ ᠵᠠᠰᠠᠵᠤ᠂ 640 ᠳᠥᠭᠦᠮ ᠪᠦᠲᠦᠴᠡᠳᠣ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ | ᠵᠠᠰᠠᠪᠠ ᠃ ᠤᠯᠠᠨ ᠲᠦᠮᠡᠨ ᠤ ᠥᠯᠥ ᠬᠥᠳᠡᠯᠬᠦ ᠬᠥᠷᠥᠩᠭᠡ ᠶᠢᠨ ︽ᠦᠨᠡᠮᠯᠡᠯ ᠠᠪᠬᠤ ᠳᠤ ᠬᠦᠴᠢᠷᠲᠡᠶ︾ | ᠠᠰᠠᠭᠤᠳᠠᠯ ᠢ ᠦᠷᠭᠦᠯᠵᠢᠯᠡᠨ ᠠᠩᠬᠠᠷᠴᠤ᠂ ︽ᠬᠥᠳᠡᠯᠦᠩᠭᠦᠶ ᠪᠠᠷ ᠦᠭᠡᠢ ᠪᠣᠯᠭᠠᠬᠤ︾ ᠶᠢ ᠪᠡᠶᠡᠯᠡᠭᠦᠯᠦᠨ᠎ᠡ᠃ | ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠨᠡᠶᠢᠲᠡ ᠶᠢᠨ | ᠲᠦᠷᠢᠶᠡᠰᠦᠯᠡᠯ ᠤᠨ ᠣᠷᠣᠨ ᠰᠠᠭᠤᠴᠠ ᠶᠢ ᠵᠢᠷᠤᠮᠵᠢᠭᠤᠯᠤᠨ ᠬᠥᠭᠵᠢᠭᠦᠯᠵᠦ᠂ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠬᠤᠪᠢᠶᠠᠷᠢᠯᠠᠯᠲᠠ ᠬᠠᠮᠢᠶᠠᠷᠤᠯᠲᠠ ᠶᠢᠨ ᠠᠵᠢᠯ ᠢᠶᠠᠨ ᠰᠠᠶᠢᠲᠤᠷ ᠬᠢᠵᠦ᠂ ᠬᠤᠳᠠ ᠪᠠᠯᠭᠠᠰᠤᠨ ᠤ | ᠠᠮᠢᠳᠣᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠳᠡᠭᠰᠡᠳ᠂ ᠣᠷᠣᠯᠭ᠎ᠠ ᠪᠠᠭᠠᠲᠠᠶ ᠣᠷᠣᠨ ᠰᠠᠭᠤᠴᠠ ᠶᠢᠨ | ᠲᠠᠯ᠎ᠠ ᠪᠠᠷ ᠬᠦᠴᠢᠷᠳᠡᠯ ᠲᠠᠢ ᠭᠡᠷ ᠪᠦᠯᠢ ᠶᠢᠨ ᠭᠤᠶᠤᠴᠢᠯᠠᠯ ᠢᠶᠠᠷ ᠨᠢ ︽ᠪᠠᠲᠤᠯᠠᠬᠤ ᠶᠣᠰᠣᠲᠠᠶ ᠶᠢ ᠨᠢ ᠴᠥᠮ | ᠪᠠᠳᠣᠯᠠᠨ᠎ᠠ︾︔ ᠰᠢᠯᠢ ᠶᠢᠨ ᠬᠤᠳᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠠ | ᠬᠠᠮᠲᠤ ᠶᠢᠨ ᠥᠮᠴᠢᠯᠡᠯ ᠤᠨ ᠡᠷᠬᠡ ᠲᠠᠢ ᠣᠷᠣᠨ ᠰᠠᠭᠤᠴᠠ ᠶᠢᠨ ᠠᠶᠢᠮᠠᠭ ᠤᠨ ᠱᠠᠲᠤᠨ ᠤ ᠲᠤᠷᠰᠢᠯᠲᠠ ᠶᠢᠨ | ᠴᠡᠭ ᠤᠨ ᠠᠵᠢᠯ ᠢ ᠰᠠᠶᠢᠲᠤᠷ ᠠᠳᠬᠤᠵᠤ᠂ ᠬᠤᠲᠠ ᠶᠢᠨ ᠰᠢᠨ᠎ᠡ ᠠᠷᠠᠳ ᠵᠡᠷᠭᠡ ᠬᠥᠮᠦᠰ ᠤᠨ ᠣᠷᠣᠨ | ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢ ᠨᠠᠩ ᠰᠠᠶᠢᠲᠤᠷ ᠬᠠᠩᠭᠠᠨ᠎ᠠ᠃ ᠰᠢᠯᠢ ᠶᠢᠨ ᠬᠤᠳᠠ ᠶᠢᠨ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠬᠤᠲᠠ ᠶᠢᠨ ᠶᠠᠪᠤᠳᠠᠯ ᠤᠨ | ᠰᠠᠭᠤᠷᠢ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ ᠭᠠᠵᠠᠷ ᠳᠣᠣᠷᠠᠬᠢ | ᠬᠤᠭᠤᠯᠠᠶ ᠭᠤᠣᠷᠰᠣ ᠶᠢ ᠨᠢᠭᠡ ᠴᠤᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠬᠦᠯᠦᠨ᠂ | ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠣᠷᠴᠢᠨ ᠲᠣᠭᠤᠷᠢᠨ ᠤ ᠠᠷᠢᠭᠤᠨ ᠴᠡᠪᠡᠷ᠂ | ᠴᠡᠴᠡᠷᠯᠢᠭ ᠤᠨ ᠨᠣᠭᠤᠭᠠᠷᠠᠭᠤᠯᠤᠯᠲᠠ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠤᠯᠠᠨ ᠨᠡᠶᠢᠲᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠮ ᠱᠣᠭᠤᠮ ᠡᠪᠳᠡᠷᠡᠭᠰᠡᠨ᠂ ᠨᠣᠭᠤᠭᠠᠷᠠᠭᠤᠯᠤᠯᠲᠠ | ᠳᠤᠲᠠᠭᠳᠠᠭᠰᠠᠨ᠂ ᠠᠷᠢᠭᠤᠨ ᠴᠡᠪᠡᠷ ᠤᠨ ᠴᠡᠪᠡᠷᠯᠡᠭᠳᠡᠭᠡᠳᠦᠢ ᠭᠠᠵᠠᠷ ᠵᠡᠷᠭᠡ ᠠᠰᠠᠭᠤᠳᠠᠯ ᠢ ᠪᠦᠬᠦ ᠲᠠᠯ᠎ᠠ ᠪᠠᠷ | ᠴᠡᠭᠴᠡᠯᠡᠨ ᠵᠠᠰᠠᠵᠤ᠂ ᠬᠤᠳᠠ ᠶᠢᠨ ᠣᠷᠣᠵᠤ ᠭᠠᠷᠬᠤ ᠵᠠᠮ ᠢ ᠴᠡᠭᠴᠡᠯᠡᠨ ᠵᠠᠰᠠᠬᠤ ᠪᠠ ᠭᠡᠷ ᠤᠨ ᠭᠠᠳᠠᠨᠠᠬᠢ ᠤᠯᠠᠨ | ᠨᠡᠶᠢᠲᠡ ᠶᠢᠨ ᠲᠠᠯᠠᠪᠤᠷ᠂ ᠲᠡᠷᠭᠡ ᠬᠥᠰᠬᠡ ᠶᠢᠨ ᠵᠣᠭᠰᠣᠭᠠᠯ ᠵᠡᠷᠭᠡ ᠶᠢᠨ ᠲᠦᠷᠢᠮᠵᠢᠯ ᠬᠠᠮᠢᠶᠠᠷᠤᠯᠲᠠ ᠶᠢ | ᠴᠢᠩᠭᠠᠳᠬᠠᠵᠤ᠂ ᠬᠤᠳᠠ ᠪᠠᠨ ᠨᠡᠩ ᠴᠡᠪᠡᠷ ᠲᠡᠭᠰᠢ ᠪᠥᠭᠡᠳ ᠡᠮᠬᠢ ᠵᠢᠷᠤᠮ ᠲᠠᠢ᠂ ᠣᠷᠣᠰᠢᠨ ᠰᠠᠭᠤᠬᠤ ᠳᠤ | ᠲᠣᠬᠢᠷᠠᠮᠵᠢᠲᠠᠶ᠂ ᠠᠵᠢᠯ ᠦᠢᠯᠡᠰ ᠪᠠ ᠵᠤᠭᠠᠴᠠᠯ ᠳᠤ ᠳᠠᠭᠠᠯᠠᠮᠵᠢᠲᠠᠢ ᠪᠣᠯᠭᠠᠨ᠎ᠠ᠃ | ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠤᠯᠤᠰ ᠠᠴᠠ ᠰᠠᠭᠤᠷᠢ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠦᠭᠬᠦ ᠠᠵᠠ ᠲᠣᠬᠢᠶᠠᠯ ᠢ | ᠠᠮᠵᠢᠵᠤ᠂ ᠰᠠᠭᠤᠷᠢ ᠲᠥᠬᠦᠭᠡᠷᠦᠮᠵᠢ ᠶᠢᠨ ᠳᠤᠪᠤᠶᠢᠮ᠎ᠠ ᠳᠤᠲᠠᠭᠤᠳᠠᠯ ᠢ ᠲᠦᠷᠭᠡᠨ ᠨᠥᠬᠦᠪᠥᠷᠢᠯᠡᠨ᠎ᠡ᠃ ᠵᠢᠯ ᠤᠨ | ᠳᠣᠲᠣᠷ᠎ᠠ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠰᠢᠯᠤᠭᠤᠨ ᠬᠥᠬᠡ | ᠬᠤᠰᠢᠭᠤᠨ ᠠᠴᠠ ᠰᠢᠯᠢ ᠶᠢᠨ ᠬᠤᠲᠠ ᠬᠥᠷᠬᠦ ᠬᠡᠰᠡᠭ᠂ ᠵᠢᠨᠢᠩ ᠠᠴᠠ ᠡᠷᠢᠶᠡᠨ ᠬᠤᠳᠠ ᠬᠦᠷᠬᠦ ᠲᠡᠮᠦᠷ ᠵᠠᠮ ᠤᠨ | ᠴᠢᠳᠠᠮᠵᠢ ᠶᠢ ᠥᠷᠭᠡᠳᠬᠡᠨ ᠥᠭᠡᠷᠡᠴᠢᠯᠡᠬᠦ ᠵᠡᠷᠭᠡ 4 ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠦᠨᠡᠨᠬᠦ ᠪᠠᠲᠤᠯᠠᠵᠤ᠂ ᠵᠢᠨᠢᠩ ᠠᠴᠠ ᠲᠦᠩᠯᠢᠶᠣᠣ ᠭᠦᠷᠬᠦ ᠨᠡᠪᠲᠡᠷᠡᠭᠰᠡᠨ ᠲᠡᠮᠦᠷ ᠵᠠᠮ ᠤᠨ | ᠴᠠᠬᠢᠯᠭᠠᠨᠵᠢᠭᠤᠯᠬᠤ ᠥᠭᠡᠷᠡᠴᠢᠯᠡᠯᠲᠡ ︵ᠰᠢᠯᠢ ᠶᠢᠨ ᠭᠤᠤᠯ ᠠᠶᠢᠮᠠᠭ ᠤᠨ ᠬᠡᠰᠡᠭ︶᠂ ᠪᠠᠶᠠᠨᠬᠤᠸᠠ ᠳᠡᠭᠡᠳᠦ ᠨᠠᠷᠢᠯᠢᠭ | ᠬᠥᠩᠭᠡᠨ ᠴᠠᠭᠠᠨ ᠤ ᠬᠠᠪᠲᠠᠰᠤᠨ ᠪᠦᠰᠡ ᠶᠢᠨ ᠦᠢᠯᠡᠳᠪᠦᠷᠢ ᠶᠢᠨ ᠲᠡᠮᠦᠷ ᠵᠠᠮ ᠤᠨ ᠲᠤᠰᠬᠠᠶ ᠱᠤᠭᠤᠮ ᠵᠡᠷᠭᠡ 3 | ᠲᠥᠷᠥᠯ ᠵᠦᠢᠯ ᠢ ᠪᠠᠶᠢᠭᠤᠯᠵᠤ ᠳᠠᠭᠤᠰᠬᠠᠨ᠎ᠠ᠃ ᠰᠢᠯᠢ ᠶᠢᠨ ᠬᠤᠳᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠨ | ᠳᠡᠰᠵᠢᠬᠦᠯᠬᠦ ᠪᠠ ᠪᠠᠷᠠᠭᠤᠨ ᠦᠵᠦᠮᠦᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ | ᠲᠥᠷᠥᠯ ᠵᠦᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠭᠠᠷ ᠠᠶᠠᠯᠠᠯ ᠤᠨ ᠱᠤᠭᠤᠮ ᠤᠨ ᠲᠣᠤᠷ ᠢ ᠥᠷᠭᠡᠳᠬᠡᠨ᠂ | ᠠᠷᠠᠳ ᠤᠨ ᠠᠭᠠᠷ ᠤᠨ ᠲᠡᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ 10 ᠶᠢ ᠬᠡᠷᠡᠭᠵᠢᠭᠦᠯᠵᠦ᠂ 4 ᠵᠤᠷᠪᠤᠰ ᠵᠠᠰᠠᠮᠠᠯ ᠵᠠᠮ ᠢ | ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠦᠨᠡᠨᠬᠦ ᠪᠠᠲᠤᠯᠠᠵᠤ᠂ 2 ᠵᠤᠷᠪᠤᠰ ᠵᠠᠰᠠᠮᠠᠯ ᠵᠠᠮ ᠤᠨ ᠲᠥᠷᠥᠯ | ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ 2 ᠵᠤᠷᠪᠤᠰ ᠲᠥᠷᠥᠯ ᠵᠦᠢᠯ ᠢ ᠵᠦᠪᠰᠢᠶᠡᠷᠡᠭᠦᠯᠦᠨ ᠲᠥᠷᠥᠯ | ᠵᠦᠢᠯ ᠳᠤ ᠣᠷᠣᠭᠤᠯᠣᠨ᠎ᠠ︔ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ | ᠪᠠᠶᠢᠭᠤᠯᠤᠯᠲᠠ ᠪᠠᠨ ᠴᠢᠩᠭᠠᠳᠬᠠᠵᠤ᠂ ᠵᠢᠯ ᠤᠨ ᠳᠣᠲᠣᠷ᠎ᠠ 650 ᠺᠢᠯᠣᠮᠧᠲᠷ ᠪᠥᠲᠥᠭᠡᠨ ᠪᠠᠶᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠢᠵᠢ | ᠪᠥᠷᠢᠳᠦᠭᠦᠯᠦᠨ ᠴᠠᠬᠢᠯᠭᠠᠨ ᠬᠠᠩᠭᠠᠬᠤ᠂ ᠬᠥᠳᠡᠭᠡ ᠲᠣᠰᠬᠤᠨ ᠤ ᠴᠠᠬᠢᠯᠭᠠᠨ ᠤ ᠲᠣᠤᠷ ᠤᠨ ᠥᠭᠡᠷᠡᠴᠢᠯᠡᠯᠲᠡ ᠵᠢᠴᠢ | ᠬᠤᠲᠠ ᠬᠥᠳᠡᠭᠡ ᠶᠢᠨ ᠴᠠᠬᠢᠯᠭᠠᠨ ᠲᠦᠭᠡᠭᠡᠬᠦ ᠲᠣᠤᠷ ᠤᠨ ᠭᠤᠤᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ | ᠠᠳᠠᠭ ᠲᠠᠭᠠᠨ 3618 ᠮᠠᠯᠴᠢᠨ ᠡᠷᠦᠬᠡ ᠳᠤ ᠴᠠᠬᠢᠯᠭᠠᠨ ᠲᠣᠤᠷ ᠨᠡᠪᠳᠡᠷᠡᠭᠦᠯᠦᠨ᠎ᠡ᠃ ᠬᠤᠳᠠ ᠲᠣᠭᠤᠷᠢᠭ᠂ ᠵᠠᠬ᠎ᠠ | ᠬᠢᠵᠠᠭᠠᠷ ᠣᠷᠣᠨ ᠪᠣᠯᠤᠨ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠵᠠᠮ ᠳᠠᠭᠠᠤ ᠳᠤ 5G ᠶᠢᠨ ᠰᠠᠭᠤᠷᠢ | ᠥᠷᠳᠡᠭᠡ ᠶᠢ 936᠂ 4G ᠶᠢᠨ ᠰᠠᠭᠤᠷᠢ ᠥᠷᠳᠡᠭᠡ 54 ᠶᠢ ᠰᠢᠨ᠎ᠡ ᠪᠠᠷ ᠪᠠᠶᠢᠭᠤᠯᠵᠤ᠂ ᠬᠢᠯᠢ ᠬᠢᠵᠠᠭᠠᠷ ᠣᠷᠣᠨ | ᠳᠤ4G ᠶᠢᠨ ᠰᠠᠭᠤᠷᠢ ᠥᠷᠳᠡᠭᠡ 26 ᠶᠢ ᠪᠠᠶᠢᠭᠤᠯᠬᠤ ᠶᠢᠨ ᠬᠠᠮᠲᠤ ᠬᠢᠯᠢ ᠬᠢᠵᠠᠭᠠᠷ ᠮᠠᠯᠵᠢᠬᠤ ᠣᠷᠣᠨ ᠤ ᠥᠷᠭᠡᠨ | ᠪᠦᠰᠡᠲᠦ ᠰᠦᠯᠵᠢᠶ᠎ᠡ ᠶᠢᠨ ᠪᠦᠷᠬᠦᠴᠡ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠲᠣᠬᠢᠶ᠎ᠠ ᠦᠭᠡᠢ | ᠪᠠᠯᠠᠶ ᠣᠷᠣᠨ ᠤ ᠠᠰᠠᠭᠤᠳᠠᠯ ᠢ ᠲᠦᠷᠭᠡᠳᠬᠡᠨ ᠰᠢᠢᠳᠪᠦᠷᠢᠯᠡᠨ᠎ᠡ᠃ | ︵ᠵᠢᠷᠭᠤᠭ᠎ᠠ︶ ᠤᠯᠠᠨ ᠲᠦᠮᠡᠨ ᠤ ︽ᠪᠠᠴᠢᠮ ᠬᠦᠴᠢᠷ ᠵᠣᠪᠠᠨᠢᠯ ᠬᠦᠰᠡᠯ︾ ᠤᠨ ᠠᠰᠠᠭᠤᠳᠠᠯ ᠢ | ᠬᠦᠴᠦᠯᠡᠨ ᠰᠢᠢᠳᠪᠦᠷᠢᠯᠡᠵᠣ᠂ ᠠᠷᠠᠳ ᠤᠨ ᠠᠮᠢᠳᠤᠷᠠᠯ ᠢᠶᠠᠨ ᠤᠯᠠᠮ ᠪᠠᠳᠣᠯᠠᠵᠣ ᠰᠠᠶᠢᠵᠢᠷᠠᠭᠤᠯᠤᠨ᠎ᠠ | ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠎ᠠ᠃ ︽ | ᠰᠢᠯᠢ ᠶᠢᠨ ᠭᠤᠤᠯ ᠠᠶᠢᠮᠠᠭ ᠤᠨ ᠡᠷᠦᠬᠡ ᠠᠮᠠ ᠶᠢᠨ ᠲᠠᠩᠰᠠ ᠲᠠᠢ ᠠᠵᠢᠯ ᠣᠯᠤᠭᠠᠳᠤᠶ ᠳᠡᠭᠡᠳᠦ ᠰᠤᠷᠭᠠᠭᠤᠯᠢ | ᠲᠡᠭᠦᠰᠦᠭᠰᠡᠳ ᠢ ᠬᠠᠪᠰᠤᠷᠤᠨ ᠲᠡᠳᠬᠦᠬᠦ ᠠᠵᠢᠯ ᠤᠨ ᠲᠥᠰᠦᠯ︾ ᠢ ᠰᠠᠶᠢᠲᠤᠷ ᠨᠠᠶᠢᠳᠠᠪᠤᠷᠢᠵᠢᠭᠤᠯᠵᠤ᠂ ᠳᠡᠭᠡᠳᠦ | ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ | ᠭᠤᠤᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ ᠵᠣᠬᠢᠶᠠᠨ ᠪᠠᠶᠢᠭᠤᠯᠬᠤ | ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠠ ᠠᠵᠢᠯ ᠡᠷᠢᠭᠰᠡᠳ ᠲᠤ ᠨᠠᠷᠢᠯᠢᠭ | ᠣᠨᠣᠴᠠᠲᠠᠶ ᠪᠠᠷ ᠵᠣᠯᠭᠠᠭᠤᠯᠬᠤ ᠲᠠᠪᠴᠠᠩ ᠬᠠᠩᠭᠠᠵᠤ᠂ ᠵᠢᠯ ᠤᠨ ᠳᠣᠲᠣᠷ᠎ᠠ 6 ᠲᠦᠮᠡᠨ ᠠᠵᠢᠯ ᠤᠨ ᠪᠠᠶᠢᠷᠢ ᠡᠯᠰᠡᠨ᠎ᠡ | ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠣᠯᠪᠠᠰᠤᠷᠠᠭᠤᠯᠤᠯ ᠤᠨ ᠪᠠᠶᠢᠭᠤᠯᠤᠮᠵᠢ ᠵᠡᠷᠭᠡ ᠠᠴᠢᠶᠠᠯᠠᠪᠤᠷᠢ ᠶᠢᠨ | ᠲᠠᠪᠴᠠᠩ ᠢ ᠬᠦᠢᠴᠡᠳ ᠠᠰᠢᠭᠯᠠᠨ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠬᠢᠶᠠᠯᠠᠭ᠎ᠠ ᠶᠢᠨ ᠬᠠᠭᠤᠳᠠᠰᠤ᠂ | ᠬᠠᠨᠳᠤᠯᠭ᠎ᠠ ᠲᠠᠢ᠂ ᠠᠵᠢᠯ ᠤᠨ ᠪᠠᠶᠢᠷᠢ ᠲᠣᠭᠲᠠᠭᠠᠬᠤ ᠪᠣᠯᠪᠠᠰᠤᠷᠠᠭᠤᠯᠤᠯ ᠢ ᠥᠷᠨᠢᠭᠦᠯᠵᠦ᠂ ᠵᠢᠯ ᠤᠨ ᠳᠣᠲᠣᠷ᠎ᠠ | 5000 ᠬᠥᠮᠦᠨ ᠤᠳᠠᠭ᠎ᠠ ᠳᠤ ᠮᠡᠷᠭᠡᠵᠢᠯ ᠴᠢᠳᠠᠪᠤᠷᠢ ᠶᠢᠨ ᠪᠣᠯᠪᠠᠰᠣᠷᠠᠯ ᠬᠦᠷᠳᠡᠭᠡᠵᠣ᠂ ᠬᠤᠲᠠ ᠪᠠᠯᠭᠠᠰᠣᠨ ᠤ | 9000 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠲᠣᠰ ᠵᠢᠯ ᠳᠤᠨᠢ 2 ᠲᠦᠮᠡ ᠠᠴᠠ | ᠳᠡᠭᠡᠭᠰᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠣᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ | ᠤᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠠ᠃ | ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ | ᠬᠡᠷᠡᠭᠵᠢᠬᠦᠯᠦᠯᠳᠡ ᠶᠢᠨ ᠲᠥᠰᠦᠯ ᠵᠢᠴᠢ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠰᠠᠶᠢᠲᠤᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠵᠠᠷᠤᠳᠠᠯ ᠤᠨ ᠪᠡᠯᠡ ᠣᠷᠣᠭᠤᠯᠤᠯᠲᠠ ᠶᠢ ᠦᠷᠭᠦᠯᠵᠢᠯᠡᠨ | ᠨᠡᠮᠡᠭᠳᠡᠭᠦᠯᠵᠦ᠂ ︽ᠲᠠᠪᠤᠨ ᠬᠥᠮᠦᠵᠢᠯ ᠢ ᠵᠡᠷᠭᠡ ᠪᠠᠷ ᠴᠢᠬᠤᠯᠠᠴᠢᠯᠠᠬᠤ︾ ᠰᠢᠰᠲ᠋ᠧᠮ ᠢ ᠪᠠᠶᠢᠭᠤᠯᠤᠨ᠎ᠠ᠃ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠵᠢᠭᠦᠯᠦᠭᠰᠡᠨ ᠦᠷ᠎ᠡ ᠪᠦᠲᠦᠭᠡᠯ ᠢ | ᠲᠠᠰᠤᠷᠠᠯᠲᠠ ᠥᠬᠡᠶ ᠪᠠᠬᠢᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ | ᠵᠢᠷᠤᠮᠵᠢᠭᠤᠯᠤᠨ ᠪᠠᠷᠢᠮᠵᠢᠶᠠᠨ ᠳᠤ ᠬᠦᠷᠦᠭᠦᠯᠦᠭᠰᠡᠨ ᠰᠤᠷᠭᠠᠭᠤᠯᠢ ︵ᠬᠦᠷᠢᠶᠡᠯᠡᠩ︶᠂ ᠵᠢᠱᠢᠶ᠎ᠡ ᠦᠵᠡᠭᠦᠯᠬᠦ | ᠰᠤᠷᠭᠠᠭᠤᠯᠢ ︵ᠬᠦᠷᠢᠶᠡᠯᠡᠩ︶ ᠶᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠨᠡ | ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠣ | ᠪᠠᠶᠢᠭ᠎ᠠ ᠰᠤᠷᠭᠠᠭᠤᠯᠢ ᠶᠢᠨ ᠳᠡᠭᠡᠳᠦ ᠨᠢᠭᠡᠳᠦᠭᠡᠷ ᠣᠨ ᠳᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠨ᠎ᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠶᠢ ᠢᠳᠡᠪᠬᠢᠲᠡᠶ | ᠬᠡᠷᠡᠭᠵᠢᠭᠦᠯᠵᠦ᠂ ᠪᠠᠭᠰᠢ ᠶᠢᠨ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠵᠠᠬᠢᠷᠤᠯ ᠢ ᠦᠷᠢᠰᠦᠯᠳᠦᠭᠦᠯᠦᠨ ᠠᠵᠢᠯ ᠤᠨ ᠪᠠᠶᠢᠷᠢ ᠳᠤ ᠭᠠᠷᠭᠠᠵᠣ᠂ | ᠢᠯᠡ ᠪᠠᠷ ᠰᠢᠯᠢᠨ ᠰᠣᠩᠭᠤᠬᠤ᠂ ᠰᠣᠯᠢᠯᠴᠠᠭᠤᠯᠣᠨ ᠲᠤᠰᠢᠶᠠᠯ ᠡᠭᠦᠷᠭᠡᠯᠡᠬᠦᠯᠬᠦ ᠵᠡᠷᠭᠡ ᠰᠣᠩᠭᠤᠨ ᠬᠡᠷᠡᠭᠯᠡᠬᠦ ᠠᠵᠢᠯ | ᠢᠶᠠᠨ ᠥᠷᠨᠢᠭᠦᠯᠦᠨ᠎ᠡ︔ ᠰᠤᠷᠭᠠᠨ ᠬᠥᠮᠦᠵᠢᠯ ᠤᠨ ᠰᠢᠯᠢᠳᠡᠭ ᠴᠢᠳᠠᠪᠤᠷᠢᠲᠠᠨ ᠢ ᠣᠷᠢᠨ ᠠᠪᠴᠢᠷᠠᠬᠤ | ᠬᠡᠷᠡᠭᠵᠢᠬᠦᠯᠦᠯᠳᠡ ᠶᠢᠨ ᠲᠥᠰᠦᠯ ᠢ ᠨᠠᠶᠢᠳᠡᠯᠡᠵᠣ᠂ ᠵᠢᠯ ᠤᠨ ᠳᠣᠲᠣᠷ᠎ᠠ ᠳᠤᠮᠳᠠᠳᠤ ᠪᠠᠭ᠎ᠠ ᠰᠤᠷᠭᠠᠭᠤᠯᠢ ᠶᠢᠨ 409 | ᠪᠠᠭᠰᠢ ᠶᠢ ᠢᠯᠡ ᠪᠠᠷ ᠤᠷᠢᠨ ᠡᠯᠰᠡᠨ᠎ᠡ᠃ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ | ᠳᠤᠮᠳᠠᠳᠤ ᠰᠤᠷᠭᠠᠭᠤᠯᠢ ᠶᠢᠨ ᠰᠢᠯᠢ ᠶᠢᠨ ᠭᠤᠤᠯ ᠤᠨ ᠰᠠᠯᠪᠣᠷᠢ ᠰᠤᠷᠭᠠᠭᠤᠯᠢ ᠶᠢ ᠰᠠᠶᠢᠲᠤᠷ ᠡᠷᠭᠢᠯᠡᠵᠦ᠂ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠵᠢᠱᠢᠶ᠎ᠡ | ᠦᠵᠡᠭᠦᠯᠦᠨ ᠳᠠᠶᠢᠴᠢᠯᠠᠵᠣ᠂ ᠰᠢᠨ᠎ᠡ ᠳᠡᠭᠡᠭᠰᠢᠯᠡᠯᠳᠡ ᠲᠠᠢ ᠪᠣᠯᠭᠠᠨ᠎ᠠ᠃ 11 ᠬᠡᠦᠬᠡᠳ ᠤᠨ ᠴᠡᠴᠡᠷᠯᠢᠭ ᠢ ᠰᠢᠨ᠎ᠡ ᠪᠠᠷ | ᠦᠷᠭᠦᠯᠵᠢᠯᠡᠨ ᠥᠭᠡᠷᠡᠴᠢᠯᠡᠨ ᠪᠠᠶᠢᠭᠤᠯᠵᠤ᠂ ︽ᠬᠡᠦᠬᠡᠳ ᠤᠨ ᠴᠡᠴᠡᠷᠯᠢᠭ ᠲᠤ ᠣᠷᠣᠬᠤ ᠳᠤ ᠬᠦᠴᠢᠷ︾ ᠪᠠᠶᠢᠭ᠎ᠠ | ᠠᠰᠠᠭᠤᠳᠠᠯ ᠢ ᠤᠯᠠᠨ ᠠᠷᠭ᠎ᠠ ᠵᠠᠮ ᠢᠶᠠᠷ ᠰᠢᠢᠳᠪᠦᠷᠢᠯᠡᠨ᠎ᠡ᠃ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠨ᠎ᠡ᠃ ᠪᠥᠬᠦ ᠠᠶᠢᠮᠠᠭ ᠤᠨ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠤᠰᠬᠠᠶ | ᠲᠦᠷᠦᠯ ᠤᠨ ᠬᠢᠨᠠᠨ ᠵᠢᠯᠣᠭᠤᠳᠬᠤ ᠠᠵᠢᠯᠯᠠᠭ᠎ᠠ ᠶᠢ ᠡᠬᠢᠯᠡᠭᠦᠯᠵᠦ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ᠂ | ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢᠨ ᠰᠤᠷᠭᠠᠭᠤᠯᠢ | ᠡᠷᠭᠢᠯᠡᠬᠦ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠦᠢᠴᠡᠳᠬᠡᠬᠦ ᠶᠢ ᠱᠠᠯᠠᠪᠳᠠᠭᠤᠯᠵᠣ᠂ ᠰᠤᠷᠭᠠᠭᠤᠯᠢ | ᠡᠷᠭᠢᠯᠡᠬᠦ ᠬᠢᠷᠢ ᠬᠡᠮᠵᠢᠶ᠎ᠡ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠦᠨᠡᠨᠬᠦ ᠳᠡᠭᠡᠭᠰᠢᠯᠡᠭᠦᠯᠦᠨ᠎ᠡ᠃ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ | ᠰᠢᠯᠢᠳᠡᠭ ᠢ ᠡᠭᠦᠳᠬᠦ ᠶᠢ ᠲᠦᠷᠭᠡᠪᠴᠢᠯᠡᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ᠂ ᠴᠠᠯᠢᠩ | ᠬᠥᠯᠥᠰᠥ ᠶᠢᠨ ᠲᠦᠷᠢᠮ᠂ ᠬᠠᠮᠢᠶᠠᠷᠤᠯᠲᠠ ᠶᠢᠨ ᠬᠢᠨᠠᠨ ᠰᠢᠯᠭᠠᠯᠲᠠ ᠵᠡᠷᠭᠡ ᠥᠭᠡᠷᠡᠴᠢᠯᠡᠯᠲᠡ ᠶᠢ ᠲᠦᠯᠬᠢᠨ | ᠠᠬᠢᠭᠤᠯᠤᠨ᠎ᠠ᠃ ᠵᠢᠯ ᠤᠨ ᠳᠣᠲᠣᠷ᠎ᠠ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ | ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠤᠯᠠᠮᠵᠢᠯᠠᠯᠲᠤ ᠡᠮᠴᠢᠯᠡᠭᠡᠨ ᠤ ᠠᠰᠠᠷ ᠢ ᠪᠠᠶᠢᠭᠤᠯᠤᠨ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠥᠪᠥᠷ ᠮᠣᠩᠭᠤᠯ ᠤᠨ ᠡᠮᠨᠡᠯᠭᠡ ᠶᠢᠨ ᠶᠡᠭᠡ | ᠰᠤᠷᠭᠠᠭᠤᠯᠢ ᠶᠢᠨ ᠮᠣᠩᠭᠤᠯ ᠡᠮᠴᠢᠯᠡᠭᠡᠨ ᠤ ᠡᠮᠨᠡᠯᠭᠡ ᠶᠢᠨ ᠳᠡᠭᠡᠳᠦ ᠰᠤᠷᠭᠠᠭᠤᠯᠢ᠂ ᠠᠶᠢᠮᠠᠭ ᠤᠨ ᠬᠠᠯᠳᠠᠪᠤᠷᠢᠲᠤ | ᠡᠪᠡᠳᠴᠢᠨ ᠤ ᠡᠮᠨᠡᠯᠭᠡ ᠶᠢᠨ ᠬᠤᠷᠢᠶ᠎ᠠ᠂ ᠠᠨ ᠱᠧᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠠᠨᠠᠭᠠᠬᠤ | ᠤᠬᠠᠭᠠᠨ ᠤ ᠲᠥᠪ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠠᠶᠢᠮᠠᠭ ᠤᠨ ᠲᠥᠪ | ᠡᠮᠨᠡᠯᠭᠡ ᠶᠢᠨ ᠬᠤᠷᠢᠶᠠᠨ ᠤ ᠭᠤᠷᠪᠠᠳᠣᠭᠠᠷ ᠳᠡᠰ ᠤᠨ ᠭᠦᠬᠡ ᠲᠦᠷᠦᠯ ᠤᠨ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ | ᠠᠬᠢᠭᠤᠯᠣᠨ᠎ᠠ᠃ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠠ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ | ᠪᠠᠨ ᠴᠢᠩᠭᠠᠳᠬᠠᠵᠤ᠂ ᠠᠶᠢᠮᠠᠭ ᠤᠨ ᠰᠢᠭᠤᠳ ᠬᠠᠷᠢᠶ᠎ᠠ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠰᠢᠨ᠎ᠡ | ᠮᠡᠷᠭᠡᠵᠢᠯ ᠰᠢᠨ᠎ᠡ ᠲᠥᠷᠥᠯ ᠵᠦᠢᠯ ᠢ 20 ᠠᠴᠠ ᠳᠡᠭᠡᠭᠰᠢ ᠥᠷᠭᠡᠳᠬᠡᠨ ᠬᠡᠷᠡᠭᠯᠡᠵᠦ᠂ ᠭᠤᠷᠪᠠ ᠳᠥᠷᠪᠡᠳᠦᠭᠡᠷ | ᠳᠡᠰ ᠤᠨ ᠮᠡᠰᠡ ᠵᠠᠰᠠᠯ ᠤᠨ ᠡᠵᠡᠯᠡᠬᠦ ᠬᠠᠷᠢᠴᠠᠯ ᠢ 65% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠴᠡᠭᠡᠵᠢ | ᠡᠪᠡᠳᠬᠦ᠂ ᠰᠠ ᠡᠪᠡᠳᠴᠢᠨ᠂ ᠵᠢᠷᠮᠦᠰᠦᠯᠡᠬᠦ᠂ ᠬᠦᠩᠭᠡᠵᠢᠬᠦ ᠵᠡᠷᠭᠡ ᠲᠠᠪᠤᠨ ᠶᠡᠭᠡ ᠲᠥᠪ ᠤᠨ ᠪᠠᠶᠢᠭᠤᠯᠤᠯᠲᠠ ᠪᠠᠷ | ᠲᠦᠰᠢᠭ ᠪᠣᠯᠭᠠᠵᠤ᠂ ᠪᠥᠬᠦ ᠠᠶᠢᠮᠠᠭ ᠢ ᠬᠠᠮᠤᠷᠤᠭᠰᠠᠨ ᠪᠠᠴᠢᠮ ᠲᠦᠭᠰᠢᠭᠦᠷᠢᠲᠡᠶ ᠬᠦᠨᠳᠦ ᠡᠪᠡᠳᠴᠢᠳᠡᠨ ᠢ ᠡᠮᠨᠡᠨ | ᠠᠪᠤᠷᠬᠠᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ | ᠭᠤᠣᠯᠳᠠᠯᠭ᠎ᠠ ᠶᠢ ᠲᠤᠪᠤᠶᠢᠯᠭᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠳᠡᠭᠦᠯᠳᠡᠷᠵᠢᠬᠦᠯᠦᠨ᠎ᠡ᠃ | ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠨ | ᠡᠮ ᠡᠮᠨᠡᠯᠭᠡ ᠪᠠ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ | ᠲᠠᠰᠤᠷᠠᠯᠲᠠ ᠦᠭᠡᠢ ᠥᠷᠭᠡᠳᠬᠡᠵᠦ᠂ ᠳᠠᠭᠠᠳᠬᠠᠯ ᠤᠨ ᠰᠠᠭᠤᠷᠢ ᠮᠦᠩᠭᠦᠨ ᠤ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠨ᠂ ᠠᠶᠤᠯᠭᠦᠶ ᠦᠷᠭᠦᠯᠵᠢᠯᠡᠭᠰᠡᠨ ᠠᠵᠢᠯᠯᠠᠯᠳᠠ ᠶᠢ ᠦᠨᠡᠨᠬᠦ ᠪᠠᠲᠤᠯᠠᠨ᠎ᠠ᠃ ᠬᠦᠨᠳᠦ ᠣᠨᠴᠠ ᠶᠡᠭᠡ | ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ | ᠬᠦᠴᠢᠷᠳᠡᠯ ᠲᠠᠢ ᠤᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ | ᠃ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠ ᠨᠥᠬᠦᠪᠥᠷᠢ ᠶᠢᠨ | ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠬᠦᠴᠢᠷᠳᠡᠯ ᠲᠠᠢ ᠬᠦᠮᠦᠰ ᠲᠤ ᠦᠨᠳᠦᠰᠦᠨ ᠴᠢᠨᠠᠷᠲᠠᠶ | ᠪᠠᠲᠤᠯᠠᠭ᠎ᠠ ᠣᠯᠭᠤᠨ᠎ᠠ᠃ ᠨᠠᠰᠤᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ | ᠲᠣᠭᠤᠷᠢᠭ ᠲᠠᠬᠢ ᠨᠠᠰᠤᠵᠢᠯ ᠤᠨ ᠦᠢᠯᠡᠴᠢᠯᠡᠭᠡᠨ ᠤ ᠪᠦᠷᠬᠦᠴᠡ ᠶᠢ 90% ᠠᠴᠠ ᠳᠡᠭᠡᠭᠰᠢ ᠳᠤ ᠭᠦᠷᠭᠡᠨ᠎ᠡ᠃ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠥᠡᠯᠢᠭ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ | ᠨᠢᠭᠦᠯᠡᠰᠦᠩᠭᠦᠶ ᠦᠢᠯᠡᠰ ᠤᠨ ᠬᠥᠭᠵᠢᠯᠲᠡ ᠶᠢ ᠲᠡᠮᠵᠢᠵᠤ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ | ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠣᠷᠣᠰᠢᠭᠤᠯᠭ᠎ᠠ ᠶᠢᠨ ᠦᠢᠯᠡᠴᠢᠯᠡᠭᠡᠨ ᠤ | ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠣᠭᠲᠠᠭᠠᠯ ᠠᠴᠠ | ᠵᠥᠷᠢᠴᠡᠨ ᠪᠤᠯᠠᠰᠢᠨ ᠭᠠᠵᠠᠷ ᠪᠠᠶᠢᠭᠤᠯᠬᠤ ᠶᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ | ᠠᠬᠢᠭᠤᠯᠤᠨ᠎ᠠ᠃ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠲᠣᠮᠳᠠᠳᠣ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ | ᠰᠢᠵᠢᠮ ᠤᠨ ᠲᠣᠭᠤᠷᠢᠨ ᠳᠤ᠂ ᠤᠯᠠᠭᠠᠨᠮᠥ᠋ᠴᠢᠷ᠂ ᠰᠣᠨᠢᠨ ᠮᠡᠳᠡᠭᠡ ᠷᠠᠳᠢᠣ᠋ ᠲᠧᠯᠸᠢᠰ᠂ ᠤᠳᠬ᠎ᠠ ᠤᠷᠠᠯᠢᠭ ᠵᠣᠬᠢᠶᠠᠨ | ᠪᠦᠲᠦᠭᠡᠬᠦ ᠦᠢᠯᠡᠰ ᠤᠨ ᠲᠥᠪ ᠴᠡᠭᠡᠴᠢ ᠪᠠᠷ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ ᠠᠮᠢᠳᠣᠷᠠᠯ ᠳᠤ | ᠤᠢᠢᠷᠠᠳᠤᠭᠰᠠᠨ᠂ ᠤᠯᠠᠨ ᠲᠦᠮᠡᠨ ᠤ ᠳᠤᠮᠳᠠ ᠤᠯᠠᠮᠵᠢᠯᠠᠭᠳᠠᠭᠰᠠᠨ᠂ ᠦᠪ ᠬᠦᠷᠦᠩᠭᠡ ᠪᠣᠯᠣᠭᠰᠠᠨ ᠤᠳᠬ᠎ᠠ | ᠤᠷᠠᠯᠢᠭ ᠤᠨ ᠰᠣᠳᠣᠨ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠨ᠎ᠡ᠃ ᠪᠣᠯᠪᠠᠰᠤᠨ ᠤ ᠪᠠᠶᠢᠭᠤᠯᠣᠯᠳᠠ ᠪᠠᠨ | ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ | ᠤᠳᠤᠮᠰᠢᠯ ᠤᠨ ᠪᠤᠰᠤ ᠵᠠᠯᠭᠠᠮᠵᠢᠯᠠᠯ ᠢᠶᠠᠨ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ | ᠲᠦᠪᠰᠢᠨ ᠤ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ | ᠮᠥᠬᠦᠬᠦ ᠰᠢᠬᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠦᠢᠯᠡᠰ ᠪᠠ ᠥᠨᠳᠥᠷ | ᠨᠠᠰᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠶᠢ ᠵᠠᠪᠳᠤᠨ ᠠᠪᠣᠷᠠᠨ | ᠲᠣᠰᠠᠯᠠᠨ᠎ᠠ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠨᠢᠭᠡ | ᠴᠤᠭᠴᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠠᠨ ᠲᠦᠮᠡᠨᠴᠢ ᠰᠣᠶᠣᠯ ᠪᠡᠶ᠎ᠡ ᠶᠢᠨ ᠲᠠᠮᠢᠷ ᠪᠠ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠠ᠃ | ︵ᠲᠤᠯᠤᠭ᠎ᠠ︶ ᠬᠥᠭᠵᠢᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠬᠡ | ᠤᠯᠤᠰ ᠤᠨ ᠤᠮᠠᠷᠠᠲᠤ ᠶᠢᠨ ᠠᠮᠣᠭᠤᠯᠠᠩ ᠲᠣᠭᠲᠠᠭᠤᠨ ᠤ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠨ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠨ ᠦᠨᠡᠨᠬᠦ ᠪᠠᠳᠣᠵᠢᠭᠤᠯᠣᠨᠠ | ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢ | ᠢᠮᠠᠭᠲᠠ ︽ᠤᠯᠤᠰ ᠤᠨ ᠲᠣᠮᠣ ᠶᠠᠪᠣᠳᠠᠯ︾ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠲᠣᠭᠤᠷᠢᠨ ᠳᠤ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠵᠤ᠂ ᠵᠦᠪ ᠴᠢᠭᠯᠡᠯ ᠠᠴᠠ ᠰᠠᠯᠭᠠᠶᠢᠷᠠᠬᠤ ᠶᠢ ᠵᠠᠯᠠᠷᠠᠭᠤᠯᠬᠤ᠂ ᠴᠡᠭᠴᠡᠯᠡᠨ | ᠥᠭᠡᠷᠡᠴᠢᠯᠡᠵᠦ ᠴᠡᠭᠴᠡᠯᠡᠨ ᠵᠠᠰᠠᠬᠤ ᠠᠵᠢᠯ ᠢᠶᠠᠨ ᠦᠷᠭᠦᠯᠵᠢᠯᠡᠨ ᠲᠦᠯᠬᠢᠨ ᠠᠬᠢᠭᠤᠯᠣᠨ᠎ᠠ᠃ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢᠶᠠᠨ | ᠪᠥᠬᠦ ᠲᠠᠯ᠎ᠠ ᠪᠠᠷ ᠡᠬᠢᠯᠡᠭᠦᠯᠦᠨ᠂ ︽ᠭᠤᠷᠪᠠᠨ ᠰᠠᠯᠵᠤ ᠴᠢᠳᠠᠬᠤ ᠥᠬᠡᠶ︾᠂ ︽ᠲᠠᠪᠤᠨ ᠮᠡᠳᠡᠷᠡᠬᠦᠢ︾ ᠦᠵᠡᠯ | ᠰᠠᠨᠠᠭ᠎ᠠ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠵᠦ᠂ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠰᠠᠶᠢᠲᠤᠷ ᠬᠠᠮᠠᠭᠠᠯᠠᠨ᠎ᠠ᠃ ᠪᠥᠬᠦ ᠤᠯᠤᠰ᠂ ᠪᠥᠬᠦ ᠣᠷᠣᠨ ᠤ ᠱᠠᠰᠢᠨ ᠰᠤᠷᠲᠠᠬᠤᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠱᠠᠰᠢᠨ | ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠬᠠᠤᠯᠢ ᠪᠤᠰᠤ ᠱᠠᠰᠢᠨ ᠰᠤᠷᠲᠠᠬᠤᠨ ᠤ | ᠠᠵᠢᠯᠯᠠᠭ᠎ᠠ ᠶᠢ ᠴᠡᠭᠴᠡᠯᠡᠨ ᠵᠠᠰᠠᠵᠤ᠂ ᠱᠠᠰᠢᠨ ᠰᠤᠷᠲᠠᠬᠤᠨ ᠤ ᠡᠶ᠎ᠡ ᠵᠣᠬᠢᠴᠠᠯ ᠢᠶᠠᠨ ᠲᠠᠰᠤᠷᠠᠯᠲᠠ ᠥᠬᠡᠶ | ᠠᠬᠢᠭᠤᠯᠤᠨ᠎ᠠ᠃ | ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠪᠠᠨ | ᠲᠡᠷᠢᠭᠦᠨ ᠳᠤ ᠲᠠᠯᠪᠢᠵᠤ᠂ ᠬᠢᠯᠢ ᠶᠢᠨ ᠵᠠᠮ ᠱᠤᠭᠤᠮ᠂ ᠪᠡᠭᠡᠵᠢᠩ ᠢ ᠲᠣᠭᠤᠷᠢᠭᠰᠠᠨ ᠵᠠᠮ ᠱᠤᠭᠤᠮ᠂ ᠡᠷᠬᠢᠨ | ᠲᠣᠭᠤᠷᠢᠨ ᠤ ᠵᠠᠮ ᠱᠤᠭᠤᠮ ᠤᠨ ︽ᠭᠤᠷᠪᠠᠨ ᠵᠠᠮ ᠬᠠᠰᠢᠯᠭ᠎ᠠ︾ ᠶᠢ ᠴᠢᠩᠭ᠎ᠠ ᠪᠠᠬᠢᠵᠢᠬᠦᠯᠦᠨ᠎ᠡ᠃ ᠨᠡᠶᠢᠭᠡᠮ ᠤᠨ | ᠠᠮᠤᠷ ᠲᠦᠪᠰᠢᠨ ᠲᠣᠭᠲᠠᠭᠤᠨ ᠪᠠᠶᠢᠳᠠᠯ ᠤᠨ ᠠᠶᠣᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠭᠰᠠᠨ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠵᠥᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠵᠡᠷᠭᠡ | ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠳᠤᠷᠢᠳᠤᠯᠭ᠎ᠠ ᠶᠢᠨ ᠰᠤᠷᠪᠤᠯᠵᠢᠯᠠᠭ᠎ᠠ ᠶᠢ ᠭᠥᠯᠢᠶᠡᠨ ᠠᠪᠬᠤ | ᠳᠣᠷᠣᠭᠰᠢ ᠪᠠᠭᠤᠵᠤ ᠰᠤᠷᠪᠤᠯᠵᠢᠯᠠᠬᠤ ᠵᠡᠷᠭᠡ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠦᠨᠡᠨᠬᠦ | ᠡᠷᠲᠡ ᠠᠴᠠ ᠂ ᠪᠠᠭ᠎ᠠ ᠠᠴᠠ᠂ ᠡᠭᠦᠰᠦᠯ ᠠᠴᠠ ᠨᠢ ᠠᠳᠬᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠶᠢ ᠪᠠᠶᠢᠩᠭᠤᠵᠢᠭᠤᠯᠬᠤ ᠲᠣᠭᠲᠠᠴᠠ ᠪᠠᠨ ᠪᠦᠷᠢᠨᠰᠢᠬᠦᠯᠵᠦ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠡᠯ᠎ᠡ | ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ | ᠵᠢᠯ ᠤᠨ ᠳᠣᠲᠣᠷ᠎ᠠ ︽ᠲᠣᠷᠠᠨᠳᠣ ᠢᠨᠵᠧᠨᠧᠷᠢᠩ︾ ᠪᠠ ︽ᠤᠶᠤᠨᠲᠤ ᠳᠣᠲᠣᠭᠠᠳᠤ ᠶᠢ ᠬᠠᠮᠠᠭᠠᠯᠠᠬᠤ︾ ᠲᠥᠷᠥᠯ | ᠵᠦᠢᠯ ᠢ ᠪᠠᠶᠢᠭᠤᠯᠵᠤ ᠳᠠᠭᠤᠰᠬᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠰᠠᠶᠢᠲᠤᠷ ᠬᠢᠵᠦ᠂ | ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠵᠦ᠂ | ᠴᠡᠷᠢᠭ ᠵᠠᠰᠠᠭ ᠴᠡᠷᠢᠭ ᠠᠷᠠᠳ ᠪᠦᠯᠬᠦᠮᠳᠡᠨ ᠨᠢᠭᠡᠳᠴᠦ ᠡᠬᠡ ᠤᠯᠤᠰ ᠤᠨ ᠢᠶᠠᠨ ᠤᠮᠠᠷᠠᠲᠤ ᠬᠢᠯᠢ ᠶᠢᠨ ᠠᠮᠤᠷ | ᠲᠣᠭᠲᠠᠭᠤᠨ ᠢ ᠬᠠᠮᠠᠭᠠᠯᠠᠨ᠎ᠠ᠃ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠥᠴᠦᠬᠡᠨ ᠴᠦ ᠰᠤᠯᠠᠷᠠᠭᠤᠯᠤᠯ ᠦᠭᠡᠢ ᠴᠢᠩᠭᠠᠳᠬᠠᠨ᠎ᠠ | ᠃ ᠠᠶᠣᠯᠬᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ | ᠳᠡᠭᠦᠰᠭᠡᠯ ᠤᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠮᠠᠨ ᠤ ᠠᠶᠢᠮᠠᠭ ᠤᠨ ᠠᠶᠣᠯᠬᠦᠢ ᠦᠢᠯᠡᠳᠪᠦᠷᠢᠯᠡᠯ ᠢ | ᠰᠢᠯᠭᠠᠨ ᠬᠢᠨᠠᠬᠤ᠂ ᠪᠣᠯᠵᠣᠨ ᠶᠠᠷᠢᠯᠴᠠᠬᠤ᠂ ᠮᠡᠳᠡᠭᠡᠯᠡᠬᠦ ᠵᠡᠷᠭᠡ ᠭᠤᠷᠪᠠᠨ ᠠᠷᠭ᠎ᠠ ᠪᠠ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠠᠮᠠᠯᠠᠵᠤ ᠮᠡᠳᠡᠭᠦᠯᠬᠦ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠠᠶᠣᠯᠬᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠂ ᠢᠯᠠᠩᠭᠤᠶ᠎ᠠ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠳᠠᠯᠳᠠ ᠬᠡᠮ ᠰᠣᠭᠤᠭ ᠢ | ᠵᠢᠭᠰᠠᠭᠠᠨ ᠪᠠᠶᠢᠴᠠᠭᠠᠬᠤ ᠪᠠ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠭᠠᠳᠠᠭᠰᠢ | ᠳᠠᠭᠠᠭᠠᠴᠢᠯᠠᠭᠤᠯᠬᠤ ᠪᠠᠷᠢᠯᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠠᠵᠤ | ᠠᠬᠤᠶᠢᠯᠠᠯ ᠤᠨ ᠳᠠᠭᠠᠭᠠᠴᠢᠯᠠᠯᠲᠠ ᠪᠠᠷ ᠬᠠᠮᠢᠶᠠᠷᠤᠯᠲᠠ ᠶᠢ ᠣᠷᠣᠯᠠᠭᠤᠯᠬᠤ ᠵᠡᠷᠭᠡ ᠠᠰᠠᠭᠤᠳᠠᠯ ᠢ ᠦᠨᠡᠨᠬᠦ | ᠰᠢᠢᠳᠪᠦᠷᠢᠯᠡᠨ᠎ᠡ᠃ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠠᠶᠣᠯᠬᠦᠢ ᠦᠢᠯᠡᠳᠪᠦᠷᠢᠯᠡᠯ ᠤᠨ ᠰᠠᠭᠤᠷᠢ | ᠮᠠᠶ᠋ᠢᠭ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠭᠤᠷᠪᠠᠳᠠᠬᠢ | ᠡᠲᠡᠭᠡᠳ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠭᠤᠤᠯᠳᠠᠯᠭ᠎ᠠ ᠲᠠᠢ ᠠᠵᠢᠯ | ᠲᠥᠷᠥᠯ ᠤᠨ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠠᠮᠤᠷ ᠲᠦᠪᠰᠢᠨ ᠤ ᠬᠢᠨᠠᠨ ᠦᠨᠡᠯᠡᠯᠳᠡ | ᠬᠢᠨ᠎ᠡ᠃ ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠭ᠎ᠠ ᠶᠢᠨ ᠵᠢᠯᠣᠭᠤᠳᠬᠤ ᠲᠥᠪ᠂ ᠥᠨᠳᠥᠷ | ᠠᠰᠢᠭᠯᠠᠮᠵᠢᠳᠣ ᠠᠯᠤᠰ ᠡᠵᠡᠮᠰᠢᠯ ᠤᠨ ᠳᠠᠭᠠᠭᠤᠯᠢ ᠣᠲᠣ ᠪᠠᠷ ᠬᠢᠨᠠᠨ ᠬᠡᠮᠵᠢᠬᠦ ᠰᠢᠰᠲ᠋ᠧᠮ ᠪᠠ ᠴᠠᠭ ᠠᠭᠤᠷ ᠤᠨ | ᠷᠠᠳᠠᠷ ᠢ ᠬᠢᠨᠠᠨ ᠬᠡᠮᠵᠢᠬᠦ ᠥᠷᠲᠡᠭᠡ ᠲᠣᠤᠷ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠡᠷᠡᠭᠵᠢᠭᠦᠯᠵᠦ᠂ | ᠠᠭᠤᠷᠬᠠᠶ ᠶᠢᠨ ᠤᠶᠤᠨᠴᠢᠯᠠᠬᠰᠠᠨ ᠪᠠᠶᠢᠭᠤᠯᠤᠯᠲᠠ ᠶᠢ ᠪᠠᠲᠤᠲᠠᠶ ᠠᠬᠢᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ | ᠭᠠᠯ ᠲᠣᠶᠢᠮᠠᠷ ᠢ ᠰᠡᠷᠭᠡᠶᠢᠯᠡᠬᠦ᠂ ᠭᠠᠵᠠᠷ ᠵᠦᠢ ᠶᠢᠨ ᠭᠠᠶ ᠭᠠᠮᠰᠢᠭ ᠢ ᠰᠡᠷᠭᠡᠶᠢᠯᠡᠬᠦ ᠪᠠ ᠴᠠᠭ ᠠᠭᠤᠷ ᠤᠨ | ᠦᠢᠯᠡᠴᠢᠯᠡᠭᠡ ᠶᠢ ᠦᠨᠡᠨᠬᠦ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ | ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠪᠠᠨ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠢᠳᠡᠭᠡᠨ ᠣᠮᠳᠠᠭᠠᠨ ᠡᠮ ᠤᠨ ᠵᠦᠢᠯ ᠪᠠ ᠸᠠᠺᠼᠢᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠮᠢᠳᠤ ᠪᠣᠳᠠᠰ ᠤᠨ ᠠᠮᠤᠷ ᠲᠦᠪᠰᠢᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠰᠢᠨᠵᠢᠯᠡᠬᠦ ᠤᠬᠠᠭᠠᠨᠴᠢ ᠪᠠᠷ | ᠨᠠᠷᠢᠯᠢᠭ ᠣᠨᠣᠴᠠᠲᠠᠶ ᠬᠢᠨ᠎ᠡ᠃ ︽ᠭᠠᠳᠠᠨ᠎ᠠ ᠠᠴᠠ ᠬᠢᠵᠢᠭ ᠬᠠᠯᠳᠠᠪᠣᠷᠢᠯᠠᠨ ᠣᠷᠣᠵᠣ ᠢᠷᠡᠬᠦ ᠶᠢ ᠰᠡᠷᠭᠡᠶᠢᠯᠡᠬᠦ᠂ | ᠳᠣᠲᠣᠭᠠᠳᠤ ᠳᠠᠭᠠᠨ ᠳᠠᠬᠢᠨ ᠦᠷᠪᠢᠰᠦᠨ ᠳᠡᠯᠭᠡᠷᠡᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠶᠡᠷᠦᠩᠬᠡᠶ ᠠᠷᠭ᠎ᠠ | ᠪᠣᠳᠣᠯᠭ᠎ᠠ ᠶᠣᠰᠣᠭᠠᠷ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭ᠎ᠠ | ᠨᠠᠶᠢᠳᠠᠪᠤᠷᠢᠵᠢᠭᠤᠯᠵᠤ᠂ ᠣᠯᠠᠨ ᠭᠠᠵᠠᠷ ᠲᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠪᠦᠷᠢᠨᠰᠢᠬᠦᠯᠦᠨ᠂ ᠬᠦᠮᠦᠰ ᠤᠨ ᠨᠠᠰᠢ ᠴᠠᠰᠢ ᠶᠠᠪᠣᠬᠤ ᠬᠠᠮᠢᠶᠠᠷᠤᠯᠲᠠ ᠪᠠᠨ ᠪᠣᠳᠠᠲᠠᠶ ᠪᠥᠭᠡᠳ ᠨᠠᠷᠢᠯᠢᠭ ᠠᠳᠬᠤᠵᠤ᠂ | ᠲᠣᠤᠷᠵᠢᠭᠤᠯᠤᠨ ᠵᠢᠭᠰᠠᠭᠠᠨ ᠪᠠᠶᠢᠴᠠᠭᠠᠬᠤ ᠪᠠ ᠬᠠᠮᠢᠶᠠᠷᠬᠤ ᠲᠣᠭᠲᠠᠴᠠ ᠪᠠᠨ ᠴᠢᠩᠭᠠᠷᠠᠭᠤᠯᠤᠨ᠎ᠠ᠃ | ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠᠨ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ᠂ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠯᠲᠠ ᠵᠡᠷᠭᠡ ᠡᠩᠨᠡᠭᠡᠨ ᠤ | ᠪᠠᠶᠢᠭᠤᠯᠤᠯᠲᠠ ᠶᠢ ᠤᠯᠠᠮ ᠴᠢᠩᠭᠠᠷᠠᠭᠤᠯᠵᠣ᠂ ᠠᠷᠭᠠᠴᠠᠨ ᠰᠢᠢᠳᠪᠦᠷᠢᠯᠡᠬᠦ ᠂ ᠪᠥᠭᠡᠮ ᠬᠦᠴᠢᠯ ᠢ ᠪᠠᠶᠢᠴᠠᠭᠠᠨ | ᠬᠡᠮᠵᠢᠯᠳᠡ᠂ ᠲᠠᠬᠤᠯ ᠡᠪᠡᠳᠴᠢᠨ ᠤ ᠰᠤᠳᠤᠯᠤᠯ ᠤᠨ ᠡᠬᠢ ᠡᠭᠦᠰᠦᠯ ᠢ ᠮᠦᠷᠳᠡᠬᠦ᠂ ᠨᠡᠶᠢᠭᠡᠮ ᠤᠨ ᠲᠠᠯ᠎ᠠ ᠠᠴᠠ | ᠬᠠᠮᠢᠶᠠᠷᠤᠨ ᠡᠵᠡᠮᠳᠡᠬᠦ ᠪᠠ ᠡᠳ᠋ ᠪᠣᠳᠠᠰ ᠢ ᠨᠥᠭᠡᠴᠡᠯᠡᠬᠦ ᠵᠡᠷᠭᠡ ᠰᠠᠭᠤᠷᠢ ᠪᠠᠲᠤᠯᠠᠭ᠎ᠠ ᠶᠢᠨ ᠴᠢᠳᠠᠪᠤᠷᠢ ᠪᠠᠨ | ᠨᠡᠮᠡᠭᠳᠡᠭᠦᠯᠦᠨ᠎ᠡ᠃ ᠬᠤᠯᠤᠭᠠᠨ᠎ᠠ ᠬᠢᠵᠢᠭ ᠵᠡᠷᠭᠡ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠠᠷᠬᠠᠭ | ᠡᠪᠡᠳᠴᠢᠨ ᠤᠯᠠᠨ ᠡᠭᠦᠰᠳᠡᠭ ᠡᠪᠡᠳᠴᠢᠨ ᠢ ᠬᠠᠮᠲᠤ ᠪᠠᠷ ᠰᠡᠷᠭᠡᠶᠢᠯᠡᠬᠦ ᠠᠵᠢᠯ ᠢᠶᠠᠨ ᠰᠠᠶᠢᠲᠤᠷ ᠬᠢᠵᠦ᠂ ᠤᠯᠠᠨ | ᠲᠦᠮᠡᠨ ᠤ ᠠᠮᠢ ᠨᠠᠰᠣ ᠡᠷᠡᠭᠦᠯ ᠮᠡᠨᠳᠤ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ᠭᠤᠷᠪᠠ᠂ ᠵᠠᠬᠢᠷᠭ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠨ᠎ᠠ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠭᠦᠨᠳᠣ ᠶᠡᠭᠡ ᠡᠭᠦᠷᠭᠡ ᠶᠢᠨ ᠡᠮᠦᠨ᠎ᠡ᠂ | ᠪᠢᠳᠡ ᠬᠦᠰᠡᠯ ᠨᠠᠶᠢᠳᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ | ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠳᠡ ᠦᠭᠡᠢ ᠴᠢᠩᠭᠠᠷᠠᠭᠤᠯᠵᠣ᠂ ᠪᠦᠬᠦ ᠠᠶᠢᠮᠠᠭ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠦᠢᠯᠡᠳᠦᠯᠭᠡ ᠳᠤᠮᠳᠠ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠪᠣᠯᠤᠨ | ᠠᠷᠠᠳ ᠲᠦᠮᠡᠨ ᠤ ᠢᠲᠡᠭᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠶᠤᠮ᠃ | ︵ᠨᠢᠭᠡ︶ ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠣᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠭᠤᠰᠢᠯᠠᠭᠤᠯᠵᠣ | ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠳᠣᠭᠤᠰᠢᠯᠠᠭᠤᠯᠵᠣ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠬᠠᠪᠣᠷᠢᠯᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ | ᠦᠨᠡᠨᠴᠢ ᠪᠠᠷ ᠬᠦᠷᠢᠶᠡᠯᠡᠵᠣ᠂ ︽ᠬᠤᠶᠠᠷ ᠢ ᠬᠠᠮᠠᠭᠠᠯᠠᠬᠤ︾ ᠶᠢ ᠨᠠᠮ ᠤᠨ ᠱᠤᠭᠤᠮ ᠴᠢᠭᠯᠡᠯᠲᠡ ᠲᠥᠷᠥ ᠶᠢᠨ | ᠪᠣᠳᠣᠯᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠲᠠ ᠶᠢ | ᠳᠣᠭᠤᠰᠢᠯᠠᠭᠤᠯᠣᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠬᠦ ᠪᠠᠨ ᠡᠷᠡᠰ ᠪᠡᠶᠡᠯᠡᠭᠦᠯᠵᠦ᠂ ︽ | ᠲᠠᠪᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ︾ ᠪᠠᠨ ᠦᠨᠡᠨᠬᠦ ᠡᠭᠦᠷᠭᠡᠯᠡᠵᠦ᠂ ᠰᠠᠶᠢᠲᠤᠷ | ᠬᠦᠢᠴᠡᠳᠭᠡᠨ᠎ᠡ᠃ | ︵ᠬᠤᠶᠠᠷ︶ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠᠨ ᠪᠦᠬᠦ | ᠲᠠᠯ᠎ᠠ ᠪᠠᠷ ᠴᠢᠩᠭᠠᠳᠬᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠪᠠᠨ ᠵᠠᠬᠢᠷᠭ᠎ᠠ ᠶᠢᠨ ᠠᠵᠢᠯ | ᠪᠣᠯᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠳᠣᠭᠤᠰᠢᠯᠠᠭᠤᠯᠬᠤ ᠶᠢ ᠪᠠᠷᠢᠮᠲᠠᠯᠠᠵᠤ᠂ ᠨᠠᠮ ᠤᠨ | ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠢ | ᠭᠦᠨᠵᠡᠭᠡᠶ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠲᠤᠰᠬᠠᠶ ᠲᠦᠷᠦᠯ ᠢᠶᠠᠷ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ | ᠪᠠᠬᠢᠵᠢᠭᠦᠯᠵᠦ᠂ ᠨᠡᠭᠡᠭᠡᠯᠳᠡ ᠶᠢᠨ ᠣᠷᠣᠨ ᠲᠣᠭᠤᠷᠢᠭ᠂ ᠠᠮᠤ ᠪᠤᠳᠠᠭ᠎ᠠ ᠬᠤᠳᠠᠯᠳᠤᠨ ᠠᠪᠬᠤ ᠪᠣᠷᠣᠯᠠᠭᠤᠯᠬᠤ ᠪᠠ | ᠮᠥᠩᠭᠦᠨ ᠭᠦᠢᠯᠭᠡᠭᠡ᠂ ᠤᠯᠤᠰ ᠤᠨ ᠦᠮᠴᠢᠯᠡᠯᠳᠣ ᠠᠵᠤ ᠠᠬᠤᠶᠢᠯᠠᠯ ᠵᠡᠷᠭᠡ ᠬᠦᠷᠢᠶᠡᠨ ᠳᠠᠬᠢ ᠢᠯᠵᠠᠷᠠᠯ ᠢ | ᠡᠰᠡᠷᠭᠦᠴᠡᠬᠦ ᠠᠵᠢᠯ ᠢᠶᠠᠨ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ ᠪᠠᠨ ᠭᠦᠨᠵᠡᠭᠡᠶᠢᠷᠡᠭᠦᠯᠵᠦ᠂ ᠨᠢᠭᠡ ᠠᠴᠠ ᠨᠦᠭᠦᠭᠡ ᠶᠢ ᠵᠦᠢᠴᠢᠯᠡᠨ ᠡᠳ᠋ ᠤᠨ ᠵᠠᠰᠠᠭ ᠤᠨ ᠪᠡᠯᠡ | ᠮᠦᠩᠭᠦᠨ ᠤ ᠬᠡᠷᠡᠭᠯᠡᠯᠲᠡ ᠪᠠ ᠤᠯᠠᠨ ᠨᠡᠶᠢᠲᠡ ᠶᠢᠨ ᠡᠬᠢ ᠪᠠᠶᠠᠯᠢᠭ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠦᠷᠦᠯ ᠵᠦᠢᠯ᠂ ᠤᠯᠤᠰ ᠤᠨ ᠦᠮᠴᠢᠯᠡᠯᠳᠣ ᠡᠳ᠋ ᠬᠦᠷᠦᠩᠭᠡ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠲᠥᠪ ᠬᠤᠷᠢᠶᠠᠨ ᠤ ᠨᠠᠢᠮᠠᠨ ᠵᠣᠷᠪᠣᠰ | ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠤᠨ ᠠᠷᠬᠠᠭ ᠭᠡᠮ ᠢ ᠦᠷᠭᠦᠯᠵᠢᠯᠡᠨ ᠴᠡᠭᠴᠡᠯᠡᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠣᠷᠴᠢᠨ ᠢ ᠴᠢᠷᠮᠠᠶᠢᠨ ᠪᠤᠢ ᠪᠣᠯᠭᠠᠨ᠎ᠠ᠃ | ︵ᠭᠤᠷᠪᠠ︶ ᠬᠠᠣᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠠᠨ ᠯᠠᠪᠳᠠᠭᠤᠨ | ᠪᠠᠳᠣᠳᠠᠢ ᠠᠬᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢᠶᠠᠨ ᠪᠦᠬᠦ | ᠲᠠᠯ᠎ᠠ ᠪᠠᠷ ᠥᠷᠨᠢᠭᠦᠯᠵᠦ᠂ ᠬᠠᠤᠯᠢ ᠶᠣᠰᠣᠭᠠᠷ ᠵᠠᠰᠠᠭ ᠪᠠᠷᠢᠬᠤ ᠪᠠᠨ ᠴᠢᠩᠳᠠᠯᠠᠵᠤ᠂ ᠶᠠᠷᠢᠶ᠎ᠠ ᠬᠡᠯᠡᠯᠴᠡᠭᠡ ᠦᠢᠯᠡ | ᠠᠵᠢᠯᠯᠠᠭ᠎ᠠ ᠪᠠᠨ ᠲᠦᠪ ᠭᠤᠣᠯᠴᠢ ᠵᠢᠷᠣᠮᠵᠢᠭᠤᠨ ᠪᠣᠯᠪᠠᠰᠣᠨ ᠪᠠᠶᠢᠯᠭᠠᠬᠤ ᠶᠢ ᠦᠨᠡᠨᠬᠦ ᠪᠡᠶᠡᠯᠡᠭᠦᠯᠦᠨ᠎ᠡ᠃ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠳᠣ ᠪᠤᠳᠤᠯᠭ᠎ᠠ ᠲᠣᠭᠲᠠᠭᠠᠬᠤ ᠲᠣᠭᠲᠠᠴᠠ ᠪᠠᠨ ᠲᠡᠭᠦᠯᠳᠡᠷᠵᠢᠭᠦᠯᠵᠦ᠂ | ᠳᠦᠷᠢᠮᠵᠢᠭᠰᠡᠨ ᠪᠢᠴᠢᠭ ᠮᠠᠲ᠋ᠧᠷᠢᠶᠠᠯ ᠢ ᠬᠥᠳᠡᠯᠦᠩᠭᠦᠶ ᠰᠢᠢᠳᠪᠦᠷᠢᠯᠡᠬᠦ ᠪᠠᠨ ᠴᠢᠩᠭᠠᠳᠬᠠᠵᠤ᠂ ᠵᠠᠬᠢᠷᠭ᠎ᠠ ᠶᠢᠨ | ᠰᠢᠢᠳᠪᠦᠷᠢᠳᠣ ᠪᠤᠳᠤᠯᠭ᠎ᠠ ᠲᠣᠭᠳᠠᠭᠠᠬᠤ ᠳᠤ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ | ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠨ | ᠭᠦᠨᠵᠡᠭᠡᠶᠢᠷᠡᠭᠦᠯᠵᠦ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ | ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠣ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠭᠡᠰᠢᠭᠦᠳ ᠤᠨ ᠳᠤᠷᠠᠳᠤᠯᠭ᠎ᠠ ᠶᠢ ᠴᠢᠨᠠᠷ | ᠰᠠᠶᠢᠲᠠᠶ ᠬᠦᠢᠴᠡᠳᠭᠡᠵᠣ᠂ ᠨᠡᠶᠢᠭᠡᠮ ᠨᠡᠶᠢᠳᠡ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠣ᠂ ᠬᠢᠨᠠᠨ ᠪᠣᠳᠣᠯᠳᠠ᠂ ᠲᠤᠭ᠎ᠠ ᠪᠦᠷᠢᠳᠭᠡᠯ ᠤᠨ ᠬᠢᠨᠠᠯᠲᠠ ᠳᠠᠯᠪᠢᠯᠲᠠ ᠪᠠᠨ ᠴᠢᠩᠭᠠᠳᠬᠠᠨ᠂ ᠬᠢᠨᠠᠯᠲᠠ | ᠲᠠᠯᠪᠢᠬᠤ ᠳᠤᠮᠳᠠ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠭᠦᠢᠴᠡᠳᠭᠡᠨ᠎ᠡ᠃ | ︵ᠳᠥᠷᠪᠡ︶ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠶᠢᠨ ᠬᠢᠷᠢ ᠲᠦᠪᠰᠢᠨ ᠢᠶᠠᠨ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃ ︽ᠬᠤᠣᠰ ᠵᠠᠭᠤᠨ ᠡᠳᠦᠷ ᠤᠨ ᠪᠣᠭᠤᠮᠳᠠ ᠰᠢᠪᠳᠣᠯᠬᠤ︾ ᠠᠵᠢᠯᠯᠠᠭᠠᠨ ᠤ | ᠪᠠᠶᠢᠩᠭᠤᠵᠢᠯᠲᠠ ᠪᠠᠨ ᠭᠦᠨᠵᠡᠭᠡᠶ ᠠᠬᠢᠭᠤᠯᠵᠤ᠂ ᠠᠵᠢᠯ ᠤᠨ ᠰᠤᠷᠲᠠᠯ ᠢᠶᠠᠨ ᠤᠯᠠᠮ ᠰᠠᠶᠢᠵᠢᠷᠠᠭᠤᠯᠵᠤ᠂ | ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ᠠᠶᠢᠮᠠᠭ ᠤᠨ ᠨᠠᠮ ᠤᠨ ᠬᠤᠷᠢᠶᠠᠨ ᠠᠴᠠ ᠲᠣᠭᠲᠠᠭᠠᠭᠰᠠᠨ | ᠣᠨ ᠤ ᠬᠠᠷᠠᠯᠳᠠ ᠡᠭᠦᠷᠭᠡ ᠶᠢᠨ ᠲᠣᠭᠤᠷᠢᠨ ᠳᠤ᠂ ᠠᠵᠢᠯ ᠢᠶᠠᠨ ᠲᠦᠷᠦᠯᠵᠢᠬᠦᠯᠬᠦ᠂ ᠲᠦᠷᠦᠯ ᠵᠦᠢᠯ ᠢᠶᠠᠨ | ᠬᠠᠭᠤᠳᠠᠰᠤᠵᠢᠭᠤᠯᠬᠤ᠂ ᠨᠠᠷᠢᠨ ᠬᠠᠭᠤᠳᠠᠰᠣ ᠪᠠᠨ ᠬᠠᠷᠢᠭᠤᠴᠠᠯᠭᠠᠵᠢᠭᠤᠯᠬᠤ ᠶᠢ ᠪᠠᠷᠢᠮᠲᠠᠯᠠᠨ᠂ ᠲᠣᠬᠢᠷᠠᠭᠤᠯᠣᠯᠳᠠ ᠶᠢ | ᠪᠠᠶᠢᠩᠭᠤᠵᠢᠭᠤᠯᠬᠤ᠂ ᠮᠦᠷᠳᠡᠵᠣ ᠱᠠᠯᠠᠪᠳᠠᠭᠤᠯᠣᠨ ᠬᠦᠢᠴᠡᠳᠭᠡᠭᠦᠯᠬᠦ᠂ ᠲᠣᠭᠲᠠᠮᠠᠯ ᠬᠤᠭᠤᠴᠠᠭ᠎ᠠ ᠲᠠᠢ ᠮᠡᠳᠡᠭᠦᠯᠬᠦ᠂ | ᠬᠤᠭᠤᠴᠠᠭ᠎ᠠ ᠲᠣᠭᠳᠠᠭᠠᠨ ᠰᠢᠢᠳᠪᠦᠷᠢᠯᠡᠬᠦᠯᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠳᠡᠭᠡᠳᠦ ᠳᠣᠤᠷᠠᠳᠤ | ᠱᠠᠲᠤ ᠨᠡᠪᠳᠡᠷᠡᠯᠴᠡᠭᠰᠡᠨ᠂ ᠱᠠᠲᠤ ᠱᠠᠲᠤ ᠪᠠᠷ ᠬᠠᠷᠢᠭᠤᠴᠠᠭᠰᠠᠨ ᠬᠠᠷᠢᠭᠤᠴᠠᠯᠭ᠎ᠠ ᠶᠢᠨ ᠬᠡᠯᠬᠢᠶᠡᠰᠣ ᠶᠢ ᠪᠣᠶ ᠪᠣᠯᠭᠠᠵᠤ᠂ | ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠤᠯᠲᠠ ᠲᠠᠢ᠂ ᠵᠦᠢᠯ ᠪᠣᠯᠭᠠᠨ ᠳᠤ ᠪᠣᠳᠠᠲᠤ ᠦᠷ᠎ᠡ ᠪᠦᠲᠦᠮᠵᠢᠲᠠᠢ | ᠪᠠᠶᠢᠯᠭᠠᠬᠤ ᠶᠢ ᠦᠨᠡᠨᠬᠦ ᠪᠠᠳᠣᠯᠠᠨ᠎ᠠ᠃ | ᠡᠷᠬᠢᠯᠡᠭᠴᠢ ᠨᠠᠷ᠂ ᠭᠡᠰᠢᠭᠦᠳ ᠡ︕ ᠰᠢᠨ᠎ᠡ ᠬᠠᠷᠢᠭᠤᠴᠠᠯᠭ᠎ᠠ ᠬᠦᠨᠳᠦ ᠡᠭᠦᠷᠭᠡ ᠶᠢ ᠡᠭᠦᠷᠭᠡᠯᠡᠵᠦ᠂ ᠰᠢᠨ᠎ᠡ | ᠠᠶᠠᠨ ᠵᠠᠮ ᠬᠥᠮᠦᠰ ᠢ ᠡᠷᠡᠯᠬᠡᠭᠯᠡᠨ ᠤᠷᠤᠭᠰᠢᠯᠠᠭᠤᠯᠤᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠡᠭᠡᠵᠣ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠤᠬ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠯᠭᠡᠭᠯᠡᠨ ᠤᠷᠤᠭᠰᠢᠯᠠᠵᠤ᠂ ᠡᠨᠡ ᠵᠢᠯ ᠤᠨ ᠡᠯ᠎ᠡ | ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕ | | |