ᠱᠠᠩᠨᠠᠯ ᠤᠨ ᠮᠥᠩᠭᠦ 3000 ᠠᠴᠠ 30 ᠲᠦᠮᠡᠨ ᠲᠥᠭᠦᠷᠢᠭ︕
ᠨᠡᠶᠢᠲᠡᠯᠡᠭᠰᠡᠨ ᠴᠠᠭ᠄
2022/4/6
     ᠣᠶᠢᠷ᠎ᠠ ᠳᠤ᠂ ᠰᠤᠷᠪᠤᠯᠵᠢᠯᠠᠭᠴᠢ ᠥᠪᠥᠷ  ᠮᠣᠩᠭᠤᠯ ᠤᠨ  ᠥᠪᠡᠷᠲᠡᠭᠡᠨ  ᠵᠠᠰᠠᠬᠤ  ᠣᠷᠣᠨ ᠤ  ᠪᠠᠴᠢᠮ  ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ  ᠣᠷᠣᠨ ᠤ  ᠪᠠᠴᠢᠮ  ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠣᠯᠬᠦᠢ ᠦᠢᠯᠡᠳᠪᠤᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ  ᠢᠯᠡᠴᠢᠯᠡᠨ  ᠮᠡᠳᠡᠭᠦᠯᠦᠭᠰᠡᠳ ᠢ  ᠱᠠᠩᠨᠠᠬᠤ  ᠠᠷᠭ᠎ᠠ︾ ᠶᠢ  ᠳᠠᠷᠤᠮᠠᠯᠯᠠᠨ ᠲᠠᠷᠬᠠᠭᠠᠵᠤ᠂ ᠦᠢᠯᠡᠳᠪᠤᠷᠢᠯᠡᠯ ᠡᠵᠡᠩᠨᠡᠯᠲᠡ ᠶᠢᠨ ᠨᠢᠭᠡᠴᠡ ᠳᠤ ᠠᠵᠢᠯᠯᠠᠭᠰᠠᠳ ᠲᠣᠰ ᠨᠢᠭᠡᠴᠡ ᠶᠢᠨ ᠢᠶᠠᠨ ᠠᠶᠤᠯ ᠥᠬᠡᠶ ᠦᠢᠯᠡᠳᠪᠤᠷᠢᠯᠡᠯ ᠤᠨ ᠬᠦᠨᠳᠦ ᠶᠡᠭᠡ ᠠᠳᠡᠯ ᠤᠨ ᠳᠠᠯᠳᠠ ᠬᠡᠮ ᠪᠣᠯᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ  ᠮᠡᠳᠡᠭᠦᠯᠬᠦ ᠶᠢ ᠵᠣᠷᠢᠭᠵᠢᠭᠤᠯᠵᠤ᠂ ᠦᠢᠯᠡᠳᠪᠤᠷᠢᠯᠡᠯ ᠡᠵᠡᠩᠨᠡᠯᠲᠡ ᠶᠢᠨ ᠨᠢᠭᠡᠴᠡ ᠶᠢᠨ ᠬᠦᠨᠳᠦ ᠶᠡᠭᠡ ᠠᠳᠡᠯ ᠤᠨ ᠳᠠᠯᠳᠠ ᠬᠡᠮ᠂ ᠠᠶᠣᠯᠬᠦᠢ ᠦᠢᠯᠡᠳᠪᠤᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ︽ᠰᠡᠷᠡᠮᠵᠢᠯᠡᠬᠦᠯᠦᠭᠴᠢ︾ ᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠡᠩ ᠤᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠱᠠᠩᠨᠠᠬᠤ ᠪᠠᠷᠢᠮᠵᠢᠶ᠎ᠠ ᠪᠠᠨ ᠳᠡᠭᠡᠭᠰᠢᠯᠡᠭᠦᠯᠦᠨ᠎ᠡ᠃      ︽ᠠᠷᠭ᠎ᠠ︾ ᠶᠢᠨ  ᠲᠣᠭᠲᠠᠭᠠᠯ ᠢ ᠦᠨᠳᠦᠰᠦᠯᠡᠪᠡᠯ᠂  ᠨᠡᠶᠢᠭᠡᠮ ᠤᠨ  ᠣᠯᠠᠨ  ᠲᠦᠮᠡᠨ  ᠠᠶᠣᠯᠬᠦᠢ  ᠦᠢᠯᠡᠳᠪᠤᠷᠢᠯᠡᠯ ᠤᠨ ᠬᠦᠨᠳᠦ ᠶᠡᠭᠡ ᠠᠳᠡᠯ ᠤᠨ  ᠳᠠᠯᠳᠠ  ᠬᠡᠮ  ᠪᠤᠶᠤ  ᠬᠠᠤᠯᠢ ᠶᠢ  ᠵᠥᠷᠢᠴᠡᠭᠰᠡᠨ  ᠦᠢᠯᠡ  ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠱᠠᠩᠨᠠᠬᠤ ᠵᠣᠭᠤᠰ ᠤᠨ ᠲᠤᠭ᠎ᠠ ᠶᠢ ᠵᠠᠰᠠᠭ ᠵᠠᠬᠢᠷᠭᠠᠨ ᠤ   ᠰᠢᠢᠳᠬᠡᠯ ᠤᠨ ᠲᠤᠷᠭᠠᠭᠤᠯᠢ ᠶᠢᠨ ᠵᠣᠭᠤᠰ ᠤᠨ ᠲᠣᠭᠠᠨ ᠤ 15 % ᠪᠠᠷ ᠪᠤᠳᠤᠵᠤ᠂  ᠨᠠᠭᠠᠳᠤ  ᠵᠠᠬ᠎ᠠ ᠶᠢᠨ  ᠱᠠᠩᠨᠠᠯ ᠢ 3000  ᠲᠥᠭᠦᠷᠢᠭ᠂ ᠬᠠᠮᠤᠭ ᠤᠨ ᠶᠡᠭᠡ ᠳᠡᠭᠡᠨ 30 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ︔ ᠠᠳᠡᠯ ᠢ ᠨᠢᠭᠤᠭᠠᠳ ᠮᠡᠳᠡᠭᠦᠯᠦᠭᠰᠡᠨ ᠦᠭᠡᠶ᠂ ᠬᠤᠳᠠᠯ ᠢᠶᠠᠷ ᠮᠡᠳᠡᠭᠦᠯᠦᠭᠰᠡᠨ ᠢ ᠢᠯᠡᠴᠢᠯᠡᠨ ᠮᠡᠳᠡᠭᠦᠯᠦᠭᠰᠡᠨ ᠪᠣᠯ ᠬᠠᠮᠤᠭ ᠤᠨ ᠡᠴᠦᠰ ᠲᠤ ᠪᠠᠶᠢᠴᠠᠭᠠᠨ ᠲᠤᠲᠤᠯᠠᠭᠠᠳ ᠱᠠᠩᠨᠠᠯ ᠤᠯᠭᠤᠨ᠎ᠠ᠂ ᠬᠠᠮᠤᠭ ᠶᠡᠭᠡ ᠳᠡᠭᠡᠨ 30 ᠲᠦᠮᠡᠨ ᠲᠥᠭᠦᠷᠢᠭ ᠠᠴᠠ ᠳᠠᠪᠠᠭᠤᠯᠬᠤ ᠦᠭᠡᠶ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠠᠵᠢᠯᠯᠠᠭᠰᠠᠳ ᠲᠤᠰ ᠨᠢᠭᠡᠴᠡ ᠶᠢᠨ ᠢᠶᠠᠨ ᠠᠶᠣᠯᠬᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠳᠠᠯᠳᠠ ᠭᠡᠮ ᠪᠣᠯᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ᠂  ᠬᠢᠨᠠᠨ  ᠪᠠᠶᠢᠴᠠᠭᠠᠭᠠᠳ  ᠦᠨᠡᠨ ᠪᠣᠳᠠᠲᠠᠶ ᠪᠠᠶᠢᠪᠠᠯ᠂ ᠳᠡᠭᠡᠷ᠎ᠡ ᠳᠤᠷᠠᠳᠤᠭᠰᠠᠨ ᠰᠠᠭᠤᠷᠢᠨ ᠳᠡᠭᠡᠷ᠎ᠡ ᠱᠠᠩᠨᠠᠬᠤ ᠡᠷᠴᠢᠮ ᠢᠶᠠᠨ  ᠨᠡᠮᠡᠭᠳᠡᠭᠦᠯᠬᠦ  ᠬᠡᠷᠡᠭᠲᠡᠶ᠃  ᠡᠭᠦᠨ ᠤ ᠬᠠᠮᠲᠤ᠂ ︽ᠠᠷᠭ᠎ᠠ︾ ᠳᠤ ᠪᠠᠰᠠ ᠦᠢᠯᠡᠳᠪᠤᠷᠢᠯᠡᠯ ᠡᠵᠡᠩᠨᠡᠯᠲᠡ ᠶᠢᠨ ᠨᠢᠭᠡᠴᠡ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠂ ᠢᠯᠡᠴᠢᠯᠡᠨ ᠮᠡᠳᠡᠭᠦᠯᠦᠭᠴᠢ ᠳᠤ ᠴᠣᠬᠢᠯᠲᠠ ᠥᠭᠴᠦ ᠦᠰᠢᠶ᠎ᠡ ᠠᠪᠴᠤ ᠪᠣᠯᠬᠤ ᠥᠬᠡᠶ ᠭᠡᠵᠦ ᠣᠨᠴᠠᠭᠠᠶᠢᠯᠠᠨ ᠴᠢᠬᠤᠯᠠᠴᠢᠯᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号