ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ ᠨᠢᠭᠡ ᠪᠦᠯᠦᠭ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠬᠥᠮᠦᠵᠢᠭᠦᠯᠦᠨ᠎ᠡ︕
ᠨᠡᠶᠢᠲᠡᠯᠡᠭᠰᠡᠨ ᠴᠠᠭ᠄
2022/5/23
     ᠦᠨᠦᠬᠡᠨ᠂ ᠰᠤᠷᠭᠠᠨ ᠬᠥᠮᠦᠵᠢᠯ ᠤᠨ ᠶᠠᠮᠤᠨ ᠵᠡᠷᠭᠡ ᠨᠠᠢᠮᠠᠨ ᠰᠠᠯᠠᠭ᠎ᠠ ᠮᠥᠴᠢᠷ ᠬᠠᠮᠲᠤᠷᠠᠨ ︽ᠰᠢᠨ᠎ᠡ ᠴᠠᠭ ᠦᠶ᠎ᠡ ᠵᠢᠨ‌‍ᠰᠠᠭᠤᠷᠢ ᠰᠤᠷᠭᠠᠨ ᠬᠥᠮᠦᠵᠢᠯ ᠤᠨ ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ︾ ︵ᠳᠣᠷᠣᠭᠰᠢ ︽ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ︾ ᠭᠡᠵᠦ ᠲᠣᠪᠴᠢᠯᠠᠨ᠎ᠠ︶ ᠶᠢ  ᠳᠠᠷᠤᠮᠠᠯᠯᠠᠨ  ᠲᠠᠷᠬᠠᠭᠠᠪᠠ᠃      ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ  ᠬᠢᠵᠦ᠂ ︽ᠪᠠᠭᠰᠢ ᠶᠢ  ᠬᠦᠴᠦᠷᠬᠡᠭᠵᠢᠭᠦᠯᠬᠦ ᠲᠥᠯᠥᠪᠯᠡᠭᠡ︾ ᠶᠢᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ ᠣᠳᠣᠬᠠᠨ ᠳᠤ ᠮᠠᠨ ᠤ ᠤᠯᠤᠰ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠲᠤᠰᠬᠠᠶ ᠪᠠᠭᠰᠢ ᠨᠡᠶᠢᠲᠡ 1844 ᠲᠦᠮᠡ ᠪᠤᠢ᠂ ᠰᠠᠭᠤᠷᠢ ᠰᠤᠷᠭᠠᠨ ᠬᠥᠮᠦᠵᠢᠯ ᠤᠨ ᠪᠠᠭᠰᠢ 1586  ᠲᠦᠮᠡ  ᠪᠤᠢ᠂  ᠲᠤᠰᠬᠠᠶ  ᠪᠠᠭᠰᠢ ᠶᠢᠨ ᠪᠥᠬᠦ ᠲᠣᠭᠠᠨ ᠤ 86 % ᠶᠢ ᠡᠵᠡᠯᠡᠵᠦ ᠪᠠᠶᠢᠨ᠎ᠠ ᠭᠡᠪᠡ᠃      ᠰᠤᠷᠪᠤᠯᠵᠢᠯᠠᠭᠴᠢ ᠲᠤᠬᠠᠶ ᠶᠢᠨ ᠲᠠᠯᠠᠪᠠᠶ ᠠᠴᠠ ᠣᠶᠢᠯᠠᠭᠠᠭᠰᠠᠨ ᠢᠶᠠᠷ᠂ ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ ᠳᠤ ᠳᠥᠷᠪᠡᠨ ᠶᠡᠭᠡ ᠲᠠᠯ᠎ᠠ ᠠᠴᠠ 15 ᠵᠥᠢᠯ ᠤᠨ ᠠᠷᠭ᠎ᠠ ᠬᠡᠮᠵᠢᠶ᠎ᠡ  ᠳᠤᠷᠠᠳᠴᠤ᠂ ᠭᠤᠤᠯᠳᠠᠭᠤ ᠳᠤᠤᠷᠠᠬᠢ ᠬᠡᠳᠦᠨ ᠲᠠᠯ᠎ᠠ ᠪᠠᠷ ᠥᠭᠡᠷᠡᠴᠢᠯᠡᠯᠲᠡ ᠪᠠᠶᠢᠷᠢᠯᠠᠭᠤᠯᠤᠯᠲᠠ ᠬᠢᠨ᠎ᠠ᠃  ᠮᠠᠰᠲ᠋ᠧᠷ ᠤᠨ ᠬᠢᠷᠢ ᠬᠡᠮ ᠪᠦᠬᠦᠢ ᠨᠢᠭᠡ ᠪᠦᠯᠦᠭ ᠳᠤᠮᠳᠠᠳᠤ ᠪᠠᠭ᠎ᠠ ᠰᠤᠷᠭᠠᠭᠤᠯᠢ ᠶᠢᠨ  ᠪᠠᠭᠰᠢ  ᠪᠣᠯᠤᠨ  ᠰᠤᠷᠭᠠᠨ ᠬᠥᠮᠦᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠦᠨ᠎ᠡ᠃ ᠪᠠᠭᠰᠢ ᠶᠢᠨ ᠳᠡᠭᠡᠳᠦ ᠰᠤᠷᠭᠠᠭᠤᠯᠢ ᠨᠤᠭᠤᠳ ᠲᠤ ᠮᠠᠰᠲ᠋ᠧᠷ᠂  ᠳ᠋ᠤᠺᠲ᠋ᠤᠷ ᠬᠦᠮᠤᠵᠢᠭᠦᠯᠬᠦ ᠡᠷᠬᠡ ᠣᠯᠭᠤᠬᠤ ᠲᠠᠯ᠎ᠠ ᠪᠠᠷ ᠬᠢ ᠳᠡᠮᠵᠢᠯᠭᠡ ᠶᠢ ᠨᠡᠮᠡᠭᠳᠡᠭᠦᠯᠦᠨ᠎ᠡ᠃ ᠬᠡᠰᠡᠭ ᠪᠠᠭᠰᠢ ᠶᠢᠨ ᠲᠤᠰᠬᠠᠢ ᠮᠡᠷᠭᠡᠵᠢᠯ ᠤᠨ ᠠᠩᠬᠢ ᠶᠢ ᠦᠨᠳᠦᠰᠦᠨ ᠠᠩᠬᠢ ᠶᠢᠨ ᠳᠡᠭᠡᠳᠦ ᠰᠤᠷᠭᠠᠭᠤᠯᠢ ᠪᠣᠯᠭᠠᠨ ᠲᠡᠰ ᠳᠡᠪᠰᠢᠭᠦᠯᠬᠦ ᠶᠢ ᠲᠡᠮᠵᠢᠨ᠎ᠡ ᠃ ᠰᠤᠷᠭᠠᠨ ᠬᠥᠮᠦᠵᠢᠯ ᠤᠨ ᠮᠠᠰᠲ᠋ᠧᠷ᠂ ᠰᠤᠷᠭᠠᠨ ᠬᠥᠮᠦᠵᠢᠯ ᠤᠨ ᠳ᠋ᠣᠺᠲ᠋ᠣᠷ ᠡᠯᠰᠡᠬᠦ ᠲᠥᠯᠥᠪᠯᠡᠭᠡ ᠶᠢ ᠥᠷᠭᠡᠳᠬᠡᠨ᠎ᠡ ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠤᠵᠢᠭᠦᠯᠬᠦ ᠬᠢᠷᠢ ᠬᠡᠮ ᠤᠨ ᠰᠢᠯᠭᠠᠯᠲᠠ  ᠪᠣᠯᠤᠨ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠤᠯᠤᠨ᠎ᠠ᠃ ᠬᠥᠳᠡᠭᠡ ᠲᠣᠰᠬᠤᠨ ᠤ ᠪᠠᠭᠰᠢ ᠳᠤ ᠮᠡᠷᠭᠡᠵᠢᠯ ᠤᠨ ᠴᠣᠯᠠ ᠣᠯᠭᠤᠬᠤ᠂  ᠤᠷᠢᠵᠦ ᠬᠡᠷᠡᠭᠯᠡᠬᠦ  ᠲᠠᠯ᠎ᠠ ᠪᠠᠷ ᠤᠨᠴᠠᠭᠠᠢ ᠳᠡᠮᠵᠢᠯᠭᠡ ᠦᠵᠡᠭᠦᠯᠦᠨ᠎ᠡ᠃ ᠠᠮᠵᠢᠯᠲᠠ ᠪᠦᠲᠦᠮᠵᠢ ᠶᠢᠨ ᠴᠠᠯᠢᠩ ᠢ ᠬᠠᠲᠠᠭᠤᠵᠢᠯᠲᠠᠶ ᠠᠯᠤᠰ ᠬᠢᠵᠠᠭᠠᠷ ᠭᠠᠵᠠᠷ ᠣᠷᠣᠨ ᠤ ᠰᠤᠷᠭᠠᠭᠤᠯᠢ ᠵᠡᠷᠭᠡ ᠲᠡᠰᠢ ᠬᠡᠯᠪᠠᠶᠢᠯᠭᠡᠨ᠎ᠡ᠃  ᠬᠥᠭᠵᠢᠭᠰᠡᠨ ᠭᠠᠵᠠᠷ ᠣᠷᠣᠨ ᠪᠠ ᠬᠥᠭᠵᠢᠭᠡᠳᠦᠶ  ᠭᠠᠵᠠᠷ  ᠣᠷᠣᠨ ᠤ  ᠰᠤᠷᠤᠭᠴᠢᠳ ᠲᠤ  ︽ᠠᠳᠠᠯᠢᠬᠠᠨ ᠬᠢᠴᠢᠶᠡᠯ ᠣᠷᠣᠬᠤ︾ ᠶᠢ ᠪᠡᠶᠡᠯᠡᠭᠦᠯᠦᠨ᠎ᠡ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号