ᠰᠣᠷᠭᠠᠨ ᠬᠦᠮᠦᠵᠢᠯ ᠤᠨ ᠶᠠᠮᠤᠨ ᠤ ᠴᠢᠬᠤᠯᠠ ᠮᠡᠳᠡᠭᠡ
ᠨᠡᠶᠢᠲᠡᠯᠡᠭᠰᠡᠨ ᠴᠠᠭ᠄
2022/5/27
     ᠰᠣᠷᠭᠠᠨ ᠬᠦᠮᠦᠵᠢᠯ ᠤᠨ ᠶᠠᠮᠤᠨ ᠤ ᠲᠤᠬᠠᠶᠢᠯᠠᠭᠰᠠᠨ ᠠᠵᠢᠯ ᠮᠡᠷᠬᠡᠵᠢᠯ ᠤᠨ ᠰᠣᠷᠭᠠᠨ ᠬᠦᠮᠦᠵᠢᠯ ᠪᠤᠯᠤᠨ ᠲᠣᠮᠣᠴᠤᠤᠯ ᠤᠨ ᠰᠣᠷᠭᠠᠨ ᠬᠦᠮᠦᠵᠢᠯ ᠤᠨ ᠵᠤᠷᠭᠠᠨ ᠤ ᠳᠠᠷᠤᠭ᠎ᠠ ᠴᠧᠨ ᠽᠢ ᠵᠢᠢ ᠢᠯᠡᠷᠬᠡᠶᠢᠯᠡᠬᠦ ᠳᠡᠭᠡᠨ᠂ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠲᠤᠬᠠᠶᠢᠯᠠᠭᠰᠠᠨ ᠠᠵᠢᠯ ᠮᠡᠷᠬᠡᠵᠢᠯ ᠤᠨ ᠰᠣᠷᠭᠠᠨ ᠬᠦᠮᠦᠵᠢᠯ ᠤᠨ ᠬᠠᠤᠯᠢ︾ ᠶᠢ ᠨᠡᠶᠢᠳᠡᠯᠡᠭᠰᠡᠨ ᠤ ᠳᠠᠷᠠᠭ᠎ᠠ᠂ ᠲᠤᠰ ᠬᠠᠤᠯᠢ ᠶᠢ ᠵᠠᠷᠢᠮ ᠬᠥᠮᠥᠨ ᠪᠤᠷᠤᠭᠤ ᠪᠠᠷ ᠣᠶᠢᠯᠠᠭᠠᠭᠰᠠᠨ ᠪᠠᠶᠢᠨ᠎ᠠ ᠭᠡᠵᠡᠢ᠃      ᠡᠨᠡ ᠲᠤᠬᠠᠢ ᠴᠧᠨ ᠽᠢ ᠵᠢᠢ ᠳᠠᠨᠢᠯᠴᠠᠭᠤᠯᠬᠤ ᠳᠠᠭᠠᠨ᠂ ᠡᠨᠡ ᠤᠳᠠᠭᠠᠨ ᠤ ᠰᠢᠨ᠎ᠡ ᠬᠠᠣᠯᠢ ᠳᠤ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠳᠠᠷᠠᠭ᠎ᠠ ᠠᠳᠠᠯᠢ ᠪᠤᠰᠤ ᠱᠠᠳᠦ ᠦᠶ᠎ᠡ ᠳᠤ ᠪᠠᠶᠢᠳᠠᠯ ᠢ ᠦᠨᠳᠦᠰᠦᠯᠡᠵᠦ᠂ ᠲᠤᠬᠠᠶᠢᠯᠠᠭᠰᠠᠨ ᠠᠵᠢᠯ ᠮᠡᠷᠬᠡᠵᠢᠯ ᠤᠨ ᠰᠣᠷᠭᠠᠨ ᠬᠦᠮᠦᠵᠢᠯ ᠪᠤᠯᠤᠨ ᠡᠩ ᠤᠨ ᠰᠣᠷᠭᠠᠨ ᠬᠦᠮᠦᠵᠢᠯ ᠤᠨ ᠵᠤᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ ᠬᠡᠰᠡᠨ ᠠᠴᠠ ᠪᠢᠰᠢ᠂ ᠬᠠᠷᠢᠨ ᠳᠤᠮᠳᠠ ᠵᠡᠷᠬᠡ ᠶᠢᠨ ᠲᠤᠬᠠᠶᠢᠯᠠᠭᠰᠠᠨ ᠠᠵᠢᠯ ᠮᠡᠷᠬᠡᠵᠢᠯ ᠤᠨ ᠰᠣᠷᠭᠠᠨ ᠬᠦᠮᠦᠵᠢᠯ ᠢ ᠬᠦᠴᠦᠨ ᠦᠬᠡᠢ ᠪᠤᠯᠭᠠᠨ᠎ᠠ ᠬᠡᠰᠡᠨ ᠦᠬᠡ ᠪᠢᠰᠢ ᠶᠤᠮ ᠬᠡᠵᠠᠢ᠃ ᠳᠣᠣᠷᠠᠬᠢ ᠮᠡᠲᠦ ᠶᠢᠨ ᠭᠤᠷᠪᠠᠨ ᠲᠠᠯ᠎ᠠ ᠪᠠᠷ ᠠᠵᠢᠯ ᠢ ᠰᠠᠶᠢᠨ ᠬᠢᠬᠦ ᠴᠢᠬᠤᠯᠠᠲᠠᠢ       ᠨᠢᠬᠡ ᠳᠤ᠂ ᠰᠣᠷᠭᠠᠭᠤᠯᠢ ᠡᠷᠬᠢᠯᠡᠬᠦ ᠤᠷᠴᠢᠨ ᠨᠦᠬᠦᠴᠡᠯ ᠢ ᠰᠠᠶᠢᠵᠢᠷᠠᠭᠤᠯᠤᠨ᠎ᠠ᠃ ᠪᠡᠯᠡ ᠣᠷᠣᠭᠤᠯᠣᠯᠳᠠ  ᠪᠠᠨ ᠨᠡᠮᠡᠭᠳᠡᠬᠦᠯᠵᠦ᠂ ᠳᠤᠮᠳᠠ ᠵᠡᠷᠬᠡ ᠶᠢᠨ ᠲᠤᠬᠠᠶᠢᠯᠠᠭᠰᠠᠨ ᠠᠵᠢᠯ ᠮᠡᠷᠬᠡᠵᠢᠯ ᠤᠨ ᠰᠣᠷᠭᠠᠭᠤᠯᠢ ᠶᠢᠨ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠬᠡᠷᠡᠭᠵᠢᠬᠦᠯᠦᠨ᠎ᠡ᠃       ᠬᠤᠶᠠᠷ ᠲᠤ᠂ ᠰᠣᠷᠭᠠᠭᠤᠯᠢ ᠳᠤ ᠣᠷᠣᠬᠤ ᠠᠷᠭ᠎ᠠ ᠵᠠᠮ ᠢ ᠰᠢᠯᠤᠭᠤᠳᠬᠠᠨ᠎ᠠ᠃ ᠪᠦᠷᠢᠨ ᠮᠡᠷᠬᠡᠵᠢᠯ ᠤᠨ ᠲᠦᠪᠰᠢᠨ ᠲᠠᠢ ᠲᠤᠬᠠᠶᠢᠯᠠᠭᠰᠠᠨ ᠠᠵᠢᠯ ᠮᠡᠷᠬᠡᠵᠢᠯ ᠤᠨ ᠰᠣᠷᠭᠠᠨ ᠬᠦᠮᠦᠵᠢᠯ ᠤᠨ ᠴᠢᠨᠠᠷᠯᠢᠭ ᠬᠦᠭᠵᠢᠯᠳᠡ ᠶᠢ  ᠠᠬᠢᠭᠤᠯᠵᠣ᠂ ᠲᠤᠬᠠᠶᠢᠯᠠᠭᠰᠠᠨ ᠠᠵᠢᠯ ᠮᠡᠷᠬᠡᠵᠢᠯ ᠤᠨ ᠰᠣᠷᠭᠠᠨ ᠬᠦᠮᠦᠵᠢᠯ ᠤᠨ ᠰᠢᠯᠭᠠᠯᠳᠠ ᠶᠢᠨ ᠳᠦᠷᠢᠮ ᠢ ᠳᠡᠬᠦᠯᠳᠡᠷᠵᠢᠬᠦᠯᠵᠦ᠂ ᠲᠤᠬᠠᠶᠢᠯᠠᠭᠰᠠᠨ ᠠᠵᠢᠯ ᠮᠡᠷᠬᠡᠵᠢᠯ ᠤᠨ ᠪᠦᠷᠢᠨ ᠮᠡᠷᠭᠡᠵᠢᠯ ᠤᠨ ᠠᠩᠬᠢ ᠶᠢ ᠦᠷᠬᠡᠳᠬᠡᠨ᠂ ᠳᠣᠮᠳᠠ ᠵᠡᠷᠬᠡ ᠶᠢᠨ ᠲᠤᠬᠠᠶᠢᠯᠠᠭᠰᠠᠨ ᠠᠵᠢᠯ ᠮᠡᠷᠬᠡᠵᠢᠯ ᠤᠨ ᠰᠣᠷᠣᠭᠴᠢᠳ ᠤᠨ ᠳᠡᠬᠡᠳᠦ ᠵᠡᠷᠬᠡ ᠶᠢᠨ ᠰᠣᠷᠭᠠᠨ ᠬᠦᠮᠦᠵᠢᠯ ᠬᠦᠷᠳᠡᠬᠦ ᠱᠠᠭᠠᠷᠳᠠᠯᠭ᠎ᠠ ᠶᠢ ᠬᠠᠩᠭᠠᠨ᠎ᠠ᠃      ᠭᠤᠷᠪᠠ ᠳᠤ᠂ ᠰᠣᠷᠭᠠᠭᠤᠯᠢ ᠡᠷᠬᠢᠯᠡᠬᠦ ᠬᠠᠨᠳᠣᠯᠭ᠎ᠠ ᠴᠢᠭᠯᠡᠯ ᠢ ᠰᠢᠯᠢᠳᠡᠭᠵᠢᠬᠦᠯᠦᠨ᠎ᠡ᠃ ᠶᠡᠷᠦᠩᠬᠡᠢ ᠳᠤᠨᠢ ᠠᠪᠴᠦ ᠬᠡᠯᠡᠪᠡᠯ᠂ ᠳᠦᠷᠦ ᠶᠢᠨ ᠪᠤᠳᠤᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠳᠬᠠᠵᠤ᠂ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠵᠦ᠂ ᠣᠯᠠᠨ ᠳᠠᠯ᠎ᠠ ᠶᠢᠨ ᠰᠣᠩᠭᠤᠯᠳᠠ ᠣᠯᠭᠤᠵᠦ᠂ ᠨᠡᠩ ᠣᠯᠠᠨ ᠰᠣᠷᠣᠭᠴᠢᠳ ᠢ ᠰᠠᠨᠠᠭᠠᠴᠢᠯᠠᠭ᠎ᠠ  ᠲᠠᠢ ᠰᠣᠩᠭᠤᠯᠳᠠ ᠬᠢᠬᠦ ᠪᠣᠯᠭᠠᠵᠤ᠂ ᠲᠤᠬᠠᠶᠢᠯᠠᠭᠰᠠᠨ ᠠᠵᠢᠯ ᠮᠡᠷᠬᠡᠵᠢᠯ ᠤᠨ ᠪᠤᠯᠤᠨ ᠡᠩ ᠤᠨ ᠰᠣᠷᠭᠠᠨ ᠬᠦᠮᠦᠵᠢᠯ ᠤᠨ ᠵᠤᠬᠢᠴᠠᠩᠭᠤᠢ ᠬᠦᠭᠵᠢᠯᠳᠡ ᠶᠢ ᠠᠬᠢᠭᠤᠯᠵᠤ᠂ ᠰᠣᠷᠣᠭᠴᠢ ᠪᠤᠯᠭᠠᠨ ᠦᠪᠡᠷᠳᠡᠬᠡᠨ ᠡᠵᠡᠨ ᠮᠡᠳᠡᠵᠦ ᠢᠷᠡᠭᠡᠳᠦᠢ ᠵᠦᠭ ᠤᠷᠤᠭᠰᠢᠯᠠᠬᠤ ᠳᠤᠨᠢ ᠨᠥᠬᠦᠴᠡᠯ ᠪᠦᠷᠢᠯᠳᠦᠵᠦ ᠥᠭᠬᠦ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号