ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠲᠥᠯᠥᠪᠵᠢᠭᠦᠯᠭᠡ︾  ᠶᠢ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2022/5/5
    ᠲᠥᠷᠥ ᠶᠢᠨ  ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠦᠷᠦᠭᠦᠬᠡᠨ ︽︿ᠠᠷᠪᠠᠨ  ᠳᠥᠷᠪᠡᠳᠦᠭᠡᠷ  ᠲᠠᠪᠤᠨ  ᠵᠢᠯ  ﹀ ᠤᠨ  ᠲᠦᠯᠦᠪᠵᠢᠭᠦᠯᠭᠡ   ᠶᠢᠨ ᠬᠤᠭᠤᠴᠠᠭᠠᠨ ᠤ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾  ᠭᠡᠵᠦ ᠲᠣᠪᠴᠢᠯᠠᠨ᠎ᠠ︶ ᠶᠢ  ᠳᠠᠷᠤᠮᠠᠯᠯᠠᠨ  ᠲᠠᠷᠬᠠᠭᠠᠵᠤ᠂  ︽ᠠᠷᠪᠠᠨ  ᠳᠥᠷᠪᠡᠳᠦᠭᠡᠷ  ᠲᠠᠪᠤᠨ  ᠵᠢᠯ︾ ᠤᠨ  ᠲᠦᠯᠦᠪᠵᠢᠭᠦᠯᠭᠡ   ᠶᠢᠨ ᠬᠤᠭᠤᠴᠠᠭᠠᠨ ᠤ ᠬᠢᠲᠠᠳ ᠡᠮ ᠡᠮᠨᠡᠯᠭᠡ ᠶᠢᠨ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠃             ︽ᠲᠥᠯᠥᠪᠵᠢᠭᠦᠯᠭᠡ︾ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠰᠢ ᠶᠢᠨ ᠫᠢᠩ ᠤᠨ  ᠰᠢᠨ᠎ᠡ  ᠴᠠᠭ  ᠦᠶ᠎ᠡ ᠶᠢᠨ  ᠳᠤᠮᠳᠠᠳᠤ  ᠤᠯᠤᠰ ᠤᠨ  ᠣᠨᠴᠠᠯᠢᠭ ᠲᠠᠢ ᠨᠡᠶᠢᠭᠡᠮ  ᠵᠢᠷᠤᠮ ᠤᠨ  ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ  ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ  ᠬᠤᠷᠠᠯ ᠤᠨ  ᠵᠣᠷᠢᠭ  ᠰᠠᠨᠠᠭ᠎ᠠ ᠶᠢ ᠭᠦᠨᠵᠡᠭᠡᠶ ᠳᠣᠭᠤᠰᠢᠯᠠᠭᠤᠯᠵᠣ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ  ᠪᠠᠶᠢᠷᠢᠰᠢᠭᠤᠯᠤᠯᠳᠠ ᠶᠢ  ᠨᠢᠭᠡᠳᠦᠯᠲᠡᠶ  ᠲᠦᠯᠦᠪᠵᠢᠭᠦᠯᠦᠨ  ᠠᠬᠢᠭᠤᠯᠵᠤ᠂  ︽ᠳᠥᠷᠪᠡᠨ  ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠳᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ  ᠲᠥᠪ  ᠬᠤᠷᠢᠶ᠎ᠠ᠂ ᠲᠥᠷᠥ ᠵᠢᠨ‌‍ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠪᠦᠷᠢᠨ  ᠪᠦᠲᠦᠨ ᠵᠦᠪ ᠤᠨᠤᠪᠴᠢᠳᠠᠢ ᠪᠦᠬᠦ ᠲᠠᠯ᠎ᠠ ᠪᠠᠷ ᠳᠣᠭᠤᠰᠢᠯᠠᠭᠤᠯᠵᠣ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂  ᠬᠢᠲᠠᠳ  ᠧᠦ᠋ᠷᠣᠫᠠ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠵᠤ᠂ ᠣᠬᠢ ᠰᠣᠳᠣ ᠶᠢ ᠨᠢ ᠵᠠᠯᠭᠠᠮᠵᠢᠯᠠᠵᠤ᠂ ᠲᠥᠪ ᠶᠣᠰᠣ ᠶᠢ  ᠪᠠᠷᠢᠮᠲᠠᠯᠠᠨ ᠰᠢᠨ᠎ᠡ ᠶᠢ ᠡᠭᠦᠳᠴᠦ᠂ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠳᠤᠲᠠᠭᠤᠳᠠᠯ ᠢᠶᠠᠨ ᠨᠦᠭᠦᠪᠦᠷᠢᠯᠡᠨ᠂ ᠪᠠᠭᠤᠷᠠᠶ ᠲᠠᠯ᠎ᠠ ᠪᠠᠨ ᠬᠦᠴᠦᠷᠭᠡᠭᠵᠢᠭᠦᠯᠵᠦ᠂ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠠᠮᠢᠵᠢᠷᠠᠯ ᠤᠨ ᠬᠦᠴᠦᠨ ᠢᠶᠠᠨ ᠬᠦᠭᠵᠢᠭᠡᠵᠦ᠂ ᠬᠢᠲᠠᠳ ᠡᠮ ᠡᠮᠨᠡᠯᠭᠡ  ᠪᠣᠯᠤᠨ  ᠤᠳᠤ  ᠦᠶ᠎ᠡ ᠶᠢᠨ  ᠰᠢᠨᠵᠢᠯᠡᠬᠦ  ᠤᠬᠠᠭᠠᠨ ᠤ ᠤᠶᠠᠯᠳᠤᠯ ᠢ  ᠠᠬᠢᠭᠤᠯᠵᠤ᠂  ᠬᠢᠲᠠᠳ  ᠡᠮ  ᠡᠮᠨᠡᠯᠭᠡ  ᠪᠠ  ᠧᠦ᠋ᠷᠣᠫᠠ  ᠡᠮ  ᠡᠮᠨᠡᠯᠭᠡ ᠶᠢᠨ  ᠬᠠᠷᠢᠯᠴᠠᠨ  ᠨᠥᠬᠦᠪᠥᠷᠢᠯᠡᠬᠦ᠂ᠵᠣᠬᠢᠴᠠᠩᠭᠤᠶ ᠪᠠᠷ ᠬᠥᠭᠵᠢᠬᠦ ᠶᠢ ᠲᠦᠯᠬᠢᠨ ᠠᠬᠢᠭᠤᠯᠵᠤ᠂ ᠬᠢᠲᠠᠳ ᠡᠮ ᠡᠮᠨᠡᠯᠭᠡ ᠶᠢᠨ ᠣᠳᠣᠬᠢᠴᠢᠯᠠᠯᠲᠠ᠂ ᠠᠵᠤ ᠦᠢᠯᠡᠰᠵᠢᠯᠲᠡ ᠶᠢ ᠲᠦᠯᠬᠢᠨ ᠠᠬᠢᠭᠤᠯᠵᠤ᠂ ᠬᠢᠲᠠᠳ ᠡᠮ ᠡᠮᠨᠡᠯᠭᠡ ᠶᠢᠨ ᠴᠢᠨᠠᠷ ᠰᠠᠶᠢᠲᠠᠶ ᠬᠥᠭᠵᠢᠯᠲᠡ ᠪᠠ ᠳᠡᠯᠡᠬᠡᠶ  ᠲᠡᠶᠢᠰᠢ  ᠤᠷᠤᠭᠰᠢᠯᠠᠬᠤ ᠶᠢ ᠠᠬᠢᠭᠤᠯᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ  ᠲᠠᠯ᠎ᠠ ᠪᠠᠷ  ᠠᠬᠢᠭᠤᠯᠬᠤ᠂  ᠠᠷᠠᠳ ᠲᠦᠮᠡᠨ ᠤ ᠡᠷᠡᠭᠦᠯ ᠮᠡᠨᠳᠦ ᠶᠢ ᠨᠠᠩ ᠰᠠᠶᠢᠲᠤᠷ ᠪᠠᠲᠤᠯᠠᠬᠤ ᠳᠤ ᠬᠦᠴᠦᠲᠡᠶ ᠲᠤᠯᠭᠠᠭᠤᠷᠢᠯᠠᠯ ᠬᠠᠨᠭ᠍ᠭᠠᠬᠤ ᠬᠡᠷᠡᠭᠲᠡᠢ  ᠭᠡᠵᠦ  ᠵᠢᠭᠠᠵᠤ ᠭᠠᠷᠭᠠᠪᠠ᠃             ︽ᠲᠥᠯᠥᠪᠵᠢᠭᠦᠯᠭᠡ︾ ᠳᠤ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠦᠯᠦᠪᠵᠢᠭᠦᠯᠭᠡ ᠶᠢᠨ  ᠬᠤᠭᠤᠴᠠᠭᠠᠨ ᠤ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠦᠨᠳᠦᠰᠦᠨ ᠵᠠᠷᠴᠢᠮ ᠢ ᠲᠣᠳᠣᠷᠬᠠᠶᠢᠯᠠᠪᠠ᠂ ᠲᠤᠬᠠᠶᠢᠯᠠᠪᠠᠯ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠠᠬᠢᠭᠤᠯᠬᠤ ᠶᠢ ᠪᠠᠷᠢᠮᠲᠠᠯᠠᠨ᠎ᠠ᠃     ︽ᠲᠥᠯᠥᠪᠵᠢᠭᠦᠯᠭᠡ︾ ᠳᠤ᠂ 2025 ᠣᠨ ᠪᠣᠯᠬᠤ ᠳᠤ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠬᠢᠲᠠᠳ ᠡᠮ ᠡᠮᠨᠡᠯᠭᠡ ᠶᠢᠨ ᠴᠢᠨᠠᠷ  ᠰᠠᠶᠢᠲᠠᠶ  ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ᠶᠢ  ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠢᠳᠡᠪᠬᠢᠲᠡᠶ  ᠦᠷ᠎ᠡ  ᠪᠦᠲᠦᠮᠵᠢ  ᠣᠯᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠳᠠᠬᠢ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ ᠭᠡᠵᠦ ᠲᠤᠷᠠᠳᠪᠠ᠃  ︽ᠲᠥᠯᠥᠪᠵᠢᠭᠦᠯᠭᠡ︾ ᠳᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ᠂ ᠤᠨᠴᠠᠯᠢᠬᠳᠤ ᠴᠢᠳᠠᠪᠤᠷᠢᠲᠠᠨ ᠤ ᠡᠩᠨᠡᠭᠡ᠂ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ᠂ ᠠᠵᠤ ᠦᠢᠯᠡᠰ ᠪᠣᠯᠤᠨ ᠡᠷᠡᠭᠦᠯ  ᠮᠡᠨᠳᠦ ᠶᠢᠨ  ᠦᠢᠯᠡᠴᠢᠯᠡᠭᠡᠨ ᠤ  ᠦᠢᠯᠡᠰ᠂  ᠰᠣᠶᠣᠯ᠂  ᠨᠡᠭᠡᠭᠡᠯᠲᠡᠲᠦ ᠬᠥᠭᠵᠢᠯᠲᠡ᠂ ᠵᠠᠰᠠᠯᠲᠠ ᠶᠢᠨ ᠲᠦᠪᠰᠢᠨ ᠵᠡᠷᠭᠡ ᠲᠠᠯ᠎ᠠ ᠶᠢᠨ ᠪᠣᠳᠠᠲᠠᠢ ᠬᠥᠭᠵᠢᠯᠲᠡ ᠶᠢᠨ ᠬᠠᠷᠠᠯᠲᠠ ᠵᠢᠴᠢ 15 ᠵᠦᠢᠯ ᠤᠨ ᠭᠤᠣᠯ ᠪᠣᠯᠬᠤ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠳᠤᠷᠠᠳᠴᠠᠢ᠃             ︽ᠲᠥᠯᠥᠪᠵᠢᠭᠦᠯᠭᠡ︾ ᠳᠤ 10 ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠂  ᠡᠭᠦᠨ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠥᠨᠳᠥᠷ ᠬᠡᠪ ᠴᠢᠨᠠᠷ ᠪᠥᠬᠦᠶ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ᠂ ᠥᠨᠳᠥᠷ  ᠬᠢᠷᠢ  ᠲᠦᠪᠰᠢᠨ  ᠪᠥᠬᠦᠶ  ᠬᠢᠲᠠᠳ  ᠡᠮ  ᠡᠮᠨᠡᠯᠭᠡ ᠶᠢᠨ ᠤᠯᠠᠮᠵᠢᠯᠠᠨ ᠬᠠᠮᠠᠭᠠᠯᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠬᠤ᠂ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ  ᠴᠢᠨᠠᠷ  ᠰᠠᠶᠢᠲᠠᠶ ᠬᠥᠭᠵᠢᠯᠲᠡ ᠶᠢ  ᠠᠬᠢᠭᠤᠯᠬᠤ᠂ ᠬᠢᠲᠠᠳ ᠡᠮ  ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ᠂ ᠬᠢᠲᠠᠳ ᠡᠮ ᠡᠮᠨᠡᠯᠭᠡ ᠶᠢᠨ ᠰᠣᠶᠣᠯ ᠤᠨ ᠬᠥᠭᠵᠢᠯ ᠴᠡᠴᠡᠭᠯᠡᠯ ᠢ ᠠᠬᠢᠭᠤᠯᠬᠤ᠂ ᠬᠢᠲᠠᠳ ᠡᠮ ᠡᠮᠨᠡᠯᠭᠡ ᠶᠢᠨ ᠨᠡᠭᠡᠭᠡᠯᠲᠡᠲᠦ ᠬᠥᠭᠵᠢᠯᠲᠡ ᠶᠢ ᠲᠦᠷᠭᠡᠳᠬᠡᠬᠦ᠂ ᠬᠢᠲᠠᠳ ᠡᠮ ᠡᠮᠨᠡᠯᠭᠡ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠲᠤᠯᠭᠠᠭᠤᠷᠢ ᠪᠠᠲᠤᠯᠠᠭ᠎ᠠ ᠶᠢ ᠴᠢᠩᠭᠠᠳᠬᠠᠬᠤ ᠶᠢ ᠪᠠᠭᠲᠠᠭᠠᠭᠰᠠᠨ ᠪᠥᠭᠡᠳ 11 ᠲᠥᠷᠥᠯ ᠤᠨ ᠨᠡᠶᠢᠲᠡ 44 ᠵᠦᠢᠯ ᠤᠨ ᠴᠢᠬᠤᠯᠠ ᠶᠡᠭᠡ ᠢᠨᠵᠧᠨᠧᠷᠢᠩ ᠤᠨ ᠵᠦᠢᠯᠡᠰ ᠢ ᠲᠣᠬᠢᠷᠠᠭᠤᠯᠪᠠ᠃           ︽ᠲᠥᠯᠥᠪᠵᠢᠭᠦᠯᠭᠡ︾ ᠳᠤ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠵᠤ᠂ ᠲᠦᠷᠦ ᠶᠢᠨ  ᠶᠠᠪᠤᠳᠠᠯ ᠤᠨ ᠬᠤᠷᠢᠶᠠᠨ ᠤ ᠬᠢᠲᠠᠳ ᠡᠮ ᠡᠮᠨᠡᠯᠭᠡ ᠶᠢᠨ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠨᠢᠭᠡᠳᠦᠯᠲᠡᠢ ᠲᠥᠯᠥᠪᠵᠢᠭᠦᠯᠬᠦ ᠡᠭᠦᠷᠭᠡ ᠴᠢᠳᠠᠪᠬᠢ ᠶᠢ  ᠴᠢᠩᠭᠠᠳᠬᠠᠬᠤ  ᠬᠡᠷᠡᠭᠲᠡᠢ︔ ᠪᠡᠯᠡ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ  ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠤᠯᠠᠮ ᠴᠢᠨᠠᠬᠰᠢᠳᠠ ᠲᠡᠭᠦᠯᠳᠡᠷᠵᠢᠭᠦᠯᠬᠦ  ᠬᠡᠷᠡᠭᠳᠡᠢ︔  ᠬᠡᠷᠡᠭᠵᠢᠭᠦᠯᠬᠦ  ᠲᠣᠭᠲᠠᠴᠠ ᠶᠢ  ᠪᠦᠷᠢᠨᠰᠢᠭᠦᠯᠵᠦ᠂  ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠳᠦᠷᠢᠮ ᠤᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠶ︔ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂  ᠪᠦᠬᠦ  ᠨᠡᠶᠢᠭᠡᠮ ᠢᠶᠠᠷ ᠢᠶᠠᠨ  ᠬᠢᠲᠠᠳ  ᠡᠮ  ᠡᠮᠨᠡᠯᠭᠡ ᠶᠢᠨ  ᠬᠥᠭᠵᠢᠯᠲᠡ ᠶᠢ ᠬᠠᠮᠲᠤ ᠪᠠᠷ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠪᠠᠶᠢᠷᠢᠰᠢᠯ ᠢ ᠪᠤᠢ ᠪᠣᠯᠭᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号