ᠨᠠᠮ  ᠤᠨ ᠲᠦᠪ ᠬᠤᠷᠢᠶᠠᠨ  ᠤ ᠠᠯᠪᠠᠨ ᠲᠢᠩᠬᠢᠮ᠂ ᠲᠦᠷᠦ  ᠶᠢᠨ ᠶᠠᠪᠣᠳᠠᠯ  ᠤᠨ ᠬᠤᠷᠢᠶᠠᠨ  ᠤ ᠠᠯᠪᠠᠨ ᠲᠢᠩᠬᠢᠮ ︽ᠨᠡᠶᠢᠬᠡᠮ  ᠤᠨ ᠢᠳᠡᠬᠡᠮᠵᠢ  ᠶᠢᠨ ᠰᠢᠰᠲ᠋ᠧᠮ  ᠤᠨ ᠪᠠᠶᠢᠭᠤᠯᠣᠯᠳᠠ  ᠶᠢ ᠴᠢᠨᠠᠷᠯᠢᠭ ᠰᠠᠶᠢᠨ ᠬᠦᠭᠵᠢᠬᠦᠯᠵᠦ ᠬᠦᠭᠵᠢᠯᠳᠡ  ᠶᠢᠨ ᠰᠢᠨ᠎ᠡ ᠪᠠᠶᠢᠷᠢᠰᠢᠯ  ᠢ ᠪᠣᠢ ᠪᠣᠯᠭᠠᠬᠤ  ᠶᠢ ᠠᠬᠢᠭᠤᠯᠬᠤ ᠳᠣᠬᠠᠢ ᠰᠠᠨᠠᠯ︾ ᠎ ᠢ ᠳᠠᠷᠣᠮᠠᠯᠯᠠᠨ ᠳᠠᠷᠬᠠᠭᠠᠵᠡᠢ
ᠨᠡᠶᠢᠲᠡᠯᠡᠭᠰᠡᠨ ᠴᠠᠭ᠄
2022/5/6
     ᠨᠠᠮ ᠤᠨ ᠲᠦᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠣᠳᠠᠯ ᠤᠨ ᠬᠤᠷᠢᠶᠠᠨ ᠤ ᠠᠯᠪᠠᠨ ᠲᠢᠩᠬᠢᠮ ᠣᠶᠢᠷ᠎ᠠ ᠳᠤ ︽ᠨᠡᠶᠢᠬᠡᠮ ᠤᠨ ᠢᠳᠡᠬᠡᠮᠵᠢ ᠶᠢᠨ ᠰᠢᠰᠲ᠋ᠧᠮ ᠤᠨ ᠪᠠᠶᠢᠭᠤᠯᠣᠯᠳᠠ ᠶᠢ ᠴᠢᠨᠠᠷᠯᠢᠭ ᠰᠠᠶᠢᠨ ᠬᠦᠭᠵᠢᠬᠦᠯᠵᠦ ᠬᠦᠭᠵᠢᠯᠳᠡ ᠶᠢᠨ ᠰᠢᠨ᠎ᠡ ᠪᠠᠶᠢᠷᠢᠰᠢᠯ ᠢ ᠪᠣᠢ ᠪᠣᠯᠭᠠᠬᠤ ᠶᠢ ᠠᠬᠢᠭᠤᠯᠬᠤ ᠳᠣᠬᠠᠢ ᠰᠠᠨᠠᠯ︾᠎ ᠢ ᠳᠠᠷᠣᠮᠠᠯᠯᠠᠨ ᠳᠠᠷᠬᠠᠭᠠᠵᠣ ᠮᠡᠳᠡᠭᠳᠡᠯ ᠪᠠᠭᠤᠯᠭᠠᠵᠣ᠂ ᠡᠯ᠎ᠡ ᠭᠠᠵᠠᠷ ᠣᠷᠣᠨ ᠰᠠᠯᠠᠭ᠎ᠠ ᠮᠦᠴᠢᠷ ᠤᠨ ᠬᠢᠨ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠣᠨ ᠡᠬᠦᠨ ᠢ ᠨᠠᠷᠢᠨ ᠬᠢᠨᠠᠮᠠᠭᠠᠢ ᠳᠣᠭᠤᠰᠢᠯᠠᠭᠤᠯᠣᠨ ᠨᠠᠶᠢᠳᠠᠪᠦᠷᠢᠵᠢᠭᠤᠯᠬᠤ ᠬᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃      ᠰᠠᠨᠠᠯ ᠳᠤ ᠵᠢᠭᠠᠬᠤ ᠳᠠᠭᠠᠨ᠂ ᠢᠳᠡᠬᠡᠮᠵᠢ ᠶᠢᠨ ᠦᠵᠡᠯᠳᠡ᠂ ᠢᠳᠡᠬᠡᠮᠵᠢ ᠶᠢᠨ ᠲᠦᠷᠢᠮ᠂ ᠢᠳᠡᠬᠡᠮᠵᠢ ᠶᠢᠨ ᠠᠷᠭ᠎ᠠ ᠪᠠᠷᠢᠯ ᠪᠠ ᠣᠯᠣᠰ ᠠᠷᠠᠳ ᠤᠨ ᠠᠵᠣ ᠠᠬᠤᠢ ᠶᠢᠨ ᠰᠢᠰᠲ᠋ᠧᠮ ᠵᠡᠷᠬᠡ ᠡᠯ᠎ᠡ ᠳᠠᠯ᠎ᠠ ᠡᠯ᠎ᠡ ᠳᠠᠮᠵᠢᠯᠭ᠎ᠠ ᠶᠢᠨ ᠬᠦᠨᠵᠡᠬᠡᠢ ᠠᠭᠤᠰᠣᠯᠴᠠᠯ ᠢ ᠯᠠᠪᠳᠠᠭᠤᠨ ᠢᠶᠠᠷ ᠠᠬᠢᠭᠤᠯᠵᠣ᠂ ᠡᠬᠢ ᠪᠠᠶᠠᠯᠢᠭ ᠤᠨ ᠳᠣᠬᠢᠷᠠᠭᠤᠯᠣᠯᠳᠠ ᠶᠢᠨ ᠦᠷ᠎ᠡ ᠪᠦᠳᠦᠮᠵᠢ ᠶᠢ ᠳᠡᠭᠡᠭᠰᠢᠯᠡᠬᠦᠯᠬᠦ᠂ ᠲᠦᠷᠢᠮ ᠤᠨ ᠴᠢᠨᠠᠷᠳᠠᠢ ᠠᠷᠠᠯᠵᠢᠶᠠᠨ ᠤ ᠦᠪᠡᠷ ᠤᠨ ᠦᠷᠳᠡᠭ ᠢ ᠪᠠᠭᠤᠷᠠᠭᠤᠯᠬᠤ ᠪᠠ ᠠᠶᠣᠯ ᠦᠷᠢᠰᠦᠯᠳᠦᠬᠡᠨ ᠢ ᠰᠡᠷᠬᠡᠶᠢᠯᠡᠨ ᠰᠢᠢᠳᠪᠦᠷᠢᠯᠡᠬᠦ ᠳᠠᠯ᠎ᠠ ᠪᠠᠷ ᠢᠳᠡᠬᠡᠮᠵᠢ ᠶᠢᠨ ᠴᠢᠬᠤᠯᠠ ᠦᠢᠯᠡᠳᠣᠯ ᠢ ᠴᠢᠨᠠᠭᠰᠢᠳᠠ ᠪᠠᠳᠠᠷᠠᠭᠤᠯᠬᠤ ᠬᠡᠷᠡᠭᠳᠡᠢ ᠬᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号