ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ | ᠠᠵᠢᠯᠯᠠᠭ᠎ᠠ ᠶᠢᠨ ᠲᠥᠯᠥᠪᠯᠡᠭᠡ ᠶᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠬᠤ ᠶᠢᠨ | ᠲᠤᠰᠠᠳᠠ᠂ 5 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | 2022 ᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ ᠵᠡᠭᠦᠨ ᠬᠡᠰᠡᠭ ᠤᠨ ᠳᠥᠷᠪᠡᠨ ᠠᠶᠢᠮᠠᠭ ᠬᠤᠲᠠ᠂ ᠬᠡᠷᠡᠭᠵᠢᠭᠦᠯᠬᠦ ᠬᠤᠰᠢᠭᠤ ᠰᠢᠶᠠᠨ ᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠬᠤ ᠳᠤ ᠳᠥᠭᠦᠮ ᠦᠵᠡᠭᠦᠯᠵᠦ᠂ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠡᠮᠬᠢ ᠵᠢᠷᠤᠮ ᠲᠠᠢ ᠥᠷᠨᠢᠭᠦᠯᠬᠦ ᠶᠢ ᠵᠢᠯᠤᠭᠤᠳᠬᠤ ᠶᠢᠨ ᠲᠤᠰᠠᠳᠠ | ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠄ | ᠨᠢᠭᠡ᠂ ᠨᠣᠣᠷᠠᠭᠯᠠᠭᠰᠠᠨ ᠠᠬᠤᠢ ᠪᠠᠶᠢᠳᠠᠯ | ︽ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ | ᠠᠵᠢᠯᠯᠠᠭ᠎ᠠ ᠶᠢᠨ ᠲᠥᠯᠥᠪᠯᠡᠭᠡ ︵2020 — 2025 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ ᠠᠵᠢᠯᠯᠠᠭ᠎ᠠ ᠶᠢᠨ | ᠲᠥᠰᠥᠯ ︵2020 — 2025 ᠣᠨ︶︾ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ | ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠵᠤᠷᠭᠠᠨ ᠲᠥᠯᠥᠪᠯᠡᠭᠡ ᠡᠳ᠋ ᠤᠨ ᠶᠠᠪᠤᠳᠠᠯ ᠤᠨ ᠵᠤᠷᠭᠠᠨ ᠡᠳ᠋ ᠤᠨ ᠵᠠᠰᠠᠭ ᠤᠨ | ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠵᠤᠷᠭᠠᠨ ᠤ 2022 ᠣᠨ ᠤ ᠵᠡᠭᠦᠨ ᠬᠤᠶᠢᠲᠤ ᠶᠢᠨ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠠᠵᠢᠯ ᠢ | ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠮᠢᠶ᠎ᠠ ᠪᠦᠬᠦᠢ ᠨᠢᠭᠡᠴᠢ ᠪᠠ ᠬᠠᠷ᠎ᠠ ᠬᠥᠷᠥᠰᠥᠲᠦ ᠭᠠᠵᠠᠷ ᠤᠨ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ︽ | ᠬᠡᠷᠡᠭᠵᠢᠭᠦᠯᠬᠦ ᠲᠥᠰᠥᠯ︾ ᠢ ᠲᠤᠭᠤᠷᠪᠢᠬᠤ ᠠᠵᠢᠯ ᠢ ᠥᠷᠨᠢᠭᠦᠯᠪᠡ᠃ ︽ᠬᠡᠷᠡᠭᠵᠢᠭᠦᠯᠬᠦ ᠲᠥᠰᠥᠯ︾ ᠢ ᠣᠶᠢᠷ᠎ᠠ ᠶᠢᠨ | ᠵᠢᠯ ᠤᠨ ᠲᠤᠷᠰᠢᠬᠢ ᠠᠵᠢᠯ ᠢᠶᠠᠨ ᠥᠷᠨᠢᠭᠦᠯᠦᠭᠰᠡᠨ ᠪᠣᠳᠠᠲᠠᠢ ᠲᠠᠢ ᠤᠶᠠᠯᠳᠤᠭᠤᠯᠤᠨ᠂ ᠰᠠᠨᠠᠯ ᠬᠤᠷᠢᠶᠠᠬᠤ᠂ ᠲᠤᠰᠬᠠᠢ | ᠮᠡᠷᠭᠡᠵᠢᠯᠲᠡᠨ ᠢᠶᠠᠷ ᠨᠤᠲᠠᠯᠠᠭᠤᠯᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ | ᠬᠤᠯᠪᠣᠭᠠᠯᠠᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃ | ᠬᠤᠶᠠᠷ᠂ ᠭᠤᠣᠯ ᠪᠣᠯᠬᠤ ᠪᠣᠷᠣ ᠲᠥᠰᠥᠪ | ︽ᠬᠡᠷᠡᠭᠵᠢᠭᠦᠯᠬᠦ ᠲᠥᠰᠥᠯ︾ ᠳᠤ ︽ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ ᠶᠠᠰᠤ ᠴᠢᠨᠠᠷ ᠢ | ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠨ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ︽ᠢᠯᠡᠭᠦᠦ | ᠪᠦᠷᠬᠦᠭᠦᠯᠵᠦ᠂ ᠳᠤᠲᠠᠭᠤ ᠰᠢᠷᠣᠢ ᠬᠥᠳᠡᠯᠭᠡᠬᠦ︾ ᠭᠤᠣᠯᠯᠠᠬᠤ ᠮᠡᠷᠭᠡᠵᠢᠯ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠨᠢᠭᠡ | ᠡᠭᠦᠷᠭᠡ ᠬᠠᠷᠠᠯᠲᠠ︾ ︽ᠭᠤᠷᠪᠠᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ︾ ᠶᠢ ᠴᠢᠬᠤᠯᠠᠴᠢᠯᠠᠪᠠ᠃ | ᠪᠣᠳᠠᠲᠠᠢ ᠪᠠᠷ ᠬᠡᠯᠡᠪᠡᠯ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠮᠡᠷᠭᠡᠵᠢᠯ ᠤᠨ ᠵᠠᠭᠪᠤᠷ ᠵᠢᠴᠢ ᠤᠷ᠎ᠠ ᠮᠡᠷᠭᠡᠰᠢᠯ ᠢ | ᠰᠢᠢᠳᠪᠦᠷᠢᠯᠡᠬᠦ ᠱᠠᠭᠠᠷᠳᠠᠯᠭ᠎ᠠ᠂ ᠨᠥᠬᠦᠪᠦᠷᠢ ᠪᠡᠯᠡ ᠮᠥᠩᠭᠦ ᠶᠢᠨ ᠬᠡᠷᠡᠭᠴᠡᠭᠡ᠂ ᠨᠥᠬᠦᠪᠦᠷᠢ ᠣᠯᠭᠤᠬᠤ ᠪᠠᠷᠢᠮᠵᠢᠶ᠎ᠠ ᠵᠢᠴᠢ | ᠨᠥᠬᠦᠪᠦᠷᠢ ᠣᠯᠭᠤᠬᠤ ᠡᠲᠡᠭᠡᠳ᠂ ᠠᠵᠢᠯ ᠤᠨ ᠲᠠᠰ ᠳᠠᠷᠠᠭᠠᠯᠠᠯ᠂ ᠠᠬᠢᠴᠠ ᠶᠢᠨ ᠱᠠᠭᠠᠷᠳᠠᠯᠭ᠎ᠠ᠂ ᠪᠠᠲᠤᠯᠠᠭ᠎ᠠ ᠶᠢᠨ ᠠᠷᠭ᠎ᠠ | ᠬᠡᠮᠵᠢᠶ᠎ᠡ ᠵᠡᠷᠭᠡ 8 ᠠᠭᠤᠯᠭ᠎ᠠ ᠶᠢ ᠨᠠᠷᠢᠯᠢᠭᠵᠢᠭᠤᠯᠤᠨ ᠲᠣᠬᠢᠷᠠᠭᠤᠯᠪᠠ᠃ | ᠭᠤᠷᠪᠠ᠂ ᠭᠤᠣᠯᠳᠠᠯᠭ᠎ᠠ ᠲᠠᠢ ᠠᠭᠤᠯᠭ᠎ᠠ ᠶᠢᠨ ᠲᠠᠶᠢᠯᠤᠮᠵᠢ | ︵ᠨᠢᠭᠡ︶ ᠡᠭᠦᠷᠭᠡ ᠬᠠᠷᠠᠯᠲᠠ᠃ 2022 ᠣᠨ ᠳᠤ ᠮᠠᠨ ᠤ ᠣᠷᠣᠨ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ | ᠲᠦᠩᠯᠢᠶᠣᠣ ᠬᠤᠲᠠ᠂ ᠤᠯᠠᠭᠠᠨᠬᠠᠳᠠ ᠬᠤᠲᠠ ᠳᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ 1350 ᠲᠦᠮᠡᠨ ᠮᠦ | ᠬᠡᠷᠡᠭᠵᠢᠭᠦᠯᠵᠦ᠂ 9 ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠠᠬᠢᠭᠤᠯᠵᠤ᠂ 31 ᠰᠢᠶᠠᠨ ᠤ ᠱᠠᠲᠤ | ᠂ 87 ᠰᠢᠶᠠᠩ ᠤᠨ ᠱᠠᠲᠤ ᠪᠠ 18 ᠲᠣᠰᠬᠤᠨ ᠤ ᠱᠠᠲᠤ ᠶᠢᠨ ᠥᠨᠳᠥᠷ ᠪᠠᠷᠢᠮᠵᠢᠶᠠᠲᠤ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢᠨ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠨ ᠰᠢᠨᠵᠢᠯᠡᠬᠦ 20 ᠴᠡᠭ ᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ | ︵ᠬᠤᠶᠠᠷ︶ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠃ ᠨᠢᠭᠡ ᠳᠤ᠂ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢ ᠠᠬᠢᠭᠤᠯᠵᠤ ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠠᠬᠢᠭᠤᠯᠵᠤ᠂ | ᠭᠤᠷᠪᠠᠨ ᠵᠢᠯ ᠳᠠᠷᠠᠭᠠᠯᠠᠨ ᠬᠡᠷᠡᠭᠵᠢᠭᠦᠯᠬᠦ ᠪᠠᠷ ᠳᠠᠮᠵᠢᠨ᠂ ᠰᠢᠶᠠᠨ ᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ | ᠬᠡᠷᠡᠭᠵᠢᠭᠦᠯᠬᠦ ᠲᠠᠯᠠᠪᠠᠢ ᠶᠢ ᠪᠦᠬᠦᠯᠢ ᠴᠣᠭᠴᠠ ᠪᠠᠷ ᠠᠬᠢᠭᠤᠯᠬᠤ ᠳᠤ ᠵᠠᠷᠴᠢᠮ ᠳᠡᠭᠡᠷ᠎ᠡ ᠪᠠᠨ ᠲᠤᠰ ᠰᠢᠶᠠᠨ ᠤ | ᠲᠠᠷᠢᠶᠠᠯᠠᠬᠤ ᠳᠤ ᠲᠣᠬᠢᠷᠠᠮᠵᠢᠲᠠᠢ ᠲᠠᠯᠠᠪᠠᠢ ᠶᠢᠨ 50% ᠠᠴᠠ ᠳᠠᠪᠠᠭᠤᠯᠵᠤ᠂ ᠮᠡᠷᠭᠡᠵᠢᠯ ᠢ ᠪᠣᠳᠠᠲᠠᠶᠢᠵᠢᠭᠤᠯᠬᠤ᠂ | ᠠᠵᠢᠯᠯᠠᠭᠠᠨ ᠢ ᠦᠷᠭᠦᠯᠵᠢᠯᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠴᠢᠷᠮᠠᠶᠢᠨ ᠪᠤᠢ ᠪᠣᠯᠭᠠᠨ᠎ᠠ᠃ | ᠬᠤᠶᠠᠷ ᠲᠤ᠂ ᠥᠨᠳᠥᠷ ᠪᠠᠷᠢᠮᠵᠢᠶᠠᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠬᠡᠷᠡᠭᠯᠡᠭᠡᠨ ᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ᠂ ᠮᠡᠷᠭᠡᠵᠢᠯ ᠤᠨ ᠬᠦᠴᠦᠨ ᠢ | ᠬᠥᠲᠥᠯᠥᠨ ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ ᠬᠡᠷᠡᠭᠯᠡᠭᠡᠨ ᠤ ᠰᠠᠭᠤᠷᠢᠨ ᠭᠠᠵᠠᠷ ᠲᠡᠶᠢᠰᠢ ᠬᠡᠯᠪᠠᠶᠢᠯᠭᠡᠵᠦ᠂ | ᠮᠡᠷᠭᠡᠵᠢᠯ ᠤᠨ ᠬᠡᠷᠡᠭᠯᠡᠭᠡᠨ ᠤ ᠪᠠᠷᠢᠮᠵᠢᠶ᠎ᠠ ᠶᠢ ᠴᠢᠩᠳᠠᠯᠠᠵᠤ᠂ ᠭᠤᠣᠯᠳᠠᠯᠭ᠎ᠠ ᠲᠠᠢ ᠥᠨᠳᠥᠷ ᠪᠠᠷᠢᠮᠵᠢᠶᠠᠲᠤ ᠰᠠᠭᠤᠷᠢᠨ ᠭᠠᠵᠠᠷ ᠢ | ᠲᠠᠷᠢᠶᠠᠯᠠᠩ ᠤᠨ ᠮᠠᠰᠢᠨ ᠪᠠ ᠲᠠᠷᠢᠶᠠᠯᠠᠩ ᠤᠨ ᠤᠷ᠎ᠠ ᠮᠡᠷᠭᠡᠰᠢᠯ ᠢ ᠭᠦᠨᠵᠡᠭᠡᠢ ᠠᠭᠤᠰᠤᠯᠴᠠᠭᠤᠯᠤᠭᠰᠠᠨ᠂ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢᠨ ᠢᠵᠢ ᠪᠦᠷᠢᠳᠦᠭᠦᠯᠬᠦ ᠮᠡᠷᠭᠡᠵᠢᠯ ᠢ ᠪᠠᠷᠢᠮᠵᠢᠶᠠᠵᠢᠭᠤᠯᠤᠨ᠂ ᠵᠢᠷᠤᠮᠵᠢᠭᠤᠯᠤᠭᠰᠠᠨ᠂ ᠣᠷᠣᠨ | ᠪᠦᠰᠡ ᠶᠢᠨ ᠣᠨᠴᠠᠯᠢᠭ ᠢᠶᠠᠷ ᠢᠯᠡ ᠲᠣᠳᠣ᠂ ᠳᠠᠶᠢᠴᠢᠯᠠᠬᠤ ᠬᠦᠴᠦᠨ ᠢᠶᠠᠷ ᠴᠢᠩᠭ᠎ᠠ ᠳᠠᠭᠤᠷᠢᠶᠠᠯ ᠪᠣᠯᠭᠠᠨ᠎ᠠ᠃ ᠭᠤᠷᠪᠠ ᠳᠤ | ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢᠨ ᠬᠢᠨᠠᠨ ᠰᠢᠨᠵᠢᠯᠡᠯᠲᠡ ᠶᠢ ᠥᠷᠨᠢᠭᠦᠯᠦᠨ᠎ᠡ᠃ ᠠᠳᠠᠯᠢ ᠪᠤᠰᠤ ᠲᠠᠷᠢᠮᠠᠯ᠂ ᠠᠳᠠᠯᠢ | ᠪᠤᠰᠤ ᠮᠡᠷᠭᠡᠵᠢᠯ ᠤᠨ ᠵᠠᠭᠪᠤᠷ ᠵᠢᠴᠢ ᠣᠷᠣᠨ ᠪᠦᠰᠡ ᠶᠢᠨ ᠣᠨᠴᠠᠯᠢᠭ ᠢ ᠦᠨᠳᠦᠰᠦᠯᠡᠨ᠂ 20 ᠣᠷᠳᠣ ᠬᠤᠭᠤᠴᠠᠭᠠᠨ ᠤ | ᠬᠢᠨᠠᠨ ᠰᠢᠨᠵᠢᠯᠡᠬᠦ ᠴᠡᠭ ᠲᠤ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠹᠢᠽᠢᠺ ᠬᠢᠮᠢ ᠶᠢᠨ ᠣᠨᠴᠠᠯᠢᠭ᠂ ᠠᠮᠢᠳᠤ | ᠪᠣᠳᠠᠰ ᠤᠨ ᠰᠤᠳᠤᠯᠤᠯ ᠤᠨ ᠰᠢᠨᠵᠢ ᠪᠠᠶᠢᠳᠠᠯ᠂ ᠦᠢᠯᠡᠳᠪᠦᠷᠢᠯᠡᠯ ᠤᠨ ᠥᠪᠡᠷ ᠤᠨ ᠥᠷᠲᠡᠭ᠂ ᠲᠠᠷᠢᠮᠠᠯ ᠤᠨ ᠤᠨᠠᠯᠲᠠ ᠶᠢᠨ | ᠬᠤᠪᠢᠷᠠᠯᠲᠠ᠂ ᠡᠪᠡᠰᠦ ᠬᠤᠷᠣᠬᠠᠢ ᠶᠢᠨ ᠬᠥᠨᠥᠭᠡᠯ ᠤᠨ ᠬᠤᠪᠢᠷᠠᠯᠲᠠ ᠪᠠ ᠮᠠᠰᠢᠨ ᠪᠠᠭᠠᠵᠢ ᠲᠣᠨᠣᠭᠯᠠᠯ ᠤᠨ ᠬᠡᠷᠡᠭᠯᠡᠭᠡᠨ ᠤ | ᠴᠢᠨᠠᠷ ᠵᠡᠷᠭᠡ ᠪᠠᠶᠢᠳᠠᠯ ᠢ ᠬᠢᠨᠠᠨ ᠰᠢᠨᠵᠢᠯᠡᠬᠦ ᠶᠢ ᠭᠤᠣᠯᠳᠠᠯᠭ᠎ᠠ ᠲᠠᠢ ᠥᠷᠨᠢᠭᠦᠯᠦᠨ᠎ᠡ᠃ | ︵ᠭᠤᠷᠪᠠ︶ ᠭᠤᠣᠯᠴᠢᠯᠠᠨ ᠠᠬᠢᠭᠤᠯᠬᠤ ᠮᠡᠷᠭᠡᠵᠢᠯ ᠤᠨ ᠵᠠᠭᠪᠤᠷ᠃ 2022 ᠣᠨ ᠳᠤ᠂ ᠡᠰᠢ ᠰᠦᠷᠡᠯ ᠤᠨ | ᠭᠠᠵᠠᠷ ᠤᠨ ᠭᠠᠳᠠᠷᠭᠤ ᠶᠢ ᠪᠦᠷᠬᠦᠭᠰᠡᠨ ᠬᠡᠮᠵᠢᠶ᠎ᠡ ᠪᠠᠷ 3 ᠵᠦᠢᠯ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ | ᠮᠡᠷᠭᠡᠵᠢᠯ ᠤᠨ ᠵᠠᠭᠪᠤᠷ ᠢ ᠬᠡᠷᠡᠭᠵᠢᠭᠦᠯᠦᠨ᠎ᠡ᠃ ᠨᠢᠭᠡ ᠳᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠢ | ᠪᠦᠬᠦᠯᠢ ᠪᠠᠷ ᠨᠢ ᠪᠦᠷᠬᠦᠭᠦᠯᠵᠦ ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ | ᠲᠠᠷᠢᠨ᠎ᠠ᠃ ᠬᠤᠶᠠᠷ ᠲᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠤᠨ ᠨᠢᠭᠡ ᠬᠡᠰᠡᠭ ᠢᠶᠠᠷ ᠪᠦᠷᠬᠦᠭᠦᠯᠵᠦ | ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ ᠲᠠᠷᠢᠨ᠎ᠠ᠃ ᠭᠤᠷᠪᠠ ᠳᠤ᠂ ᠲᠠᠷᠢᠮᠠᠯ ᠢ | ᠬᠤᠷᠢᠶᠠᠭᠰᠠᠨ ᠤ ᠳᠠᠷᠠᠭ᠎ᠠ ᠡᠰᠢ ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠵᠦ ᠡᠪᠦᠯᠵᠢᠭᠦᠯᠬᠦ + ᠬᠠᠪᠤᠷ ᠲᠤ | ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ ᠲᠠᠷᠢᠨ᠎ᠠ᠃ | ︵ᠳᠥᠷᠪᠡ︶ ᠤᠷ᠎ᠠ ᠮᠡᠷᠭᠡᠰᠢᠯ ᠢ ᠰᠢᠢᠳᠪᠦᠷᠢᠯᠡᠬᠦ ᠱᠠᠭᠠᠷᠳᠠᠯᠭ᠎ᠠ᠃ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ | ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠲᠤ ᠡᠷᠳᠡᠨᠢ ᠰᠢᠰᠢ ᠶᠢ ᠨᠠᠮᠤᠷ ᠬᠤᠷᠢᠶᠠᠬᠤ ᠦᠶᠡᠰ ᠡᠰᠢ | ᠰᠦᠷᠡᠯ ᠢ ᠪᠦᠬᠦᠯᠢ ᠪᠠᠷ ᠨᠢ ᠭᠠᠵᠠᠷ ᠤᠨ ᠭᠠᠳᠠᠷᠭᠤ ᠳᠤ ᠦᠯᠡᠳᠡᠭᠡᠵᠦ ᠡᠪᠦᠯᠵᠢᠭᠦᠯᠬᠦ ᠪᠤᠶᠤ ᠬᠤᠷᠢᠶᠠᠬᠤ ᠳᠤ ᠪᠠᠨ ᠥᠨᠳᠥᠷ | ᠭᠤᠤᠷᠰᠤ ᠦᠯᠡᠳᠡᠭᠡᠵᠦ᠂ ᠳᠡᠭᠡᠳᠦ ᠬᠡᠰᠡᠭ ᠤᠨ ᠡᠰᠢ ᠰᠦᠷᠡᠯ ᠢ ᠬᠡᠷᠴᠢᠵᠦ ᠭᠠᠵᠠᠷ ᠤᠨ ᠭᠠᠳᠠᠷᠭᠤ ᠳᠤ ᠡᠪᠦᠯᠵᠢᠭᠦᠯᠵᠦ᠂ | ᠳᠠᠷᠢᠬᠤ ᠠᠴᠠ ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ 60% ᠠᠴᠠ ᠳᠡᠭᠡᠭᠰᠢ ᠪᠠᠶᠢᠯᠭᠠᠬᠤ ᠪᠠᠷ | ᠱᠠᠭᠠᠷᠳᠠᠨ᠎ᠠ︔ ᠡᠰᠢ ᠰᠦᠷᠡᠯ ᠤᠨ ᠨᠢᠭᠡ ᠬᠡᠰᠡᠭ ᠢᠶᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ | ᠵᠠᠭᠪᠤᠷ ᠲᠤ ᠵᠠᠷᠴᠢᠮ ᠳᠡᠭᠡᠷ᠎ᠡ ᠪᠠᠨ ᠨᠠᠮᠤᠷ ᠡᠷᠳᠡᠨᠢ ᠰᠢᠰᠢ ᠬᠤᠷᠢᠶᠠᠬᠤ ᠦᠶ᠎ᠡ ᠳᠤ ᠪᠠᠨ 25cm ᠣᠷᠴᠢᠮ ᠥᠨᠳᠥᠷ | ᠭᠤᠤᠷᠰᠤ ᠦᠯᠡᠳᠡᠭᠡᠬᠦ ᠶᠢᠨ ᠬᠠᠮᠲᠤ ᠬᠡᠰᠡᠭ ᠡᠰᠢ ᠰᠦᠷᠡᠯ ᠢ ᠭᠠᠵᠠᠷ ᠤᠨ ᠭᠠᠳᠠᠷᠭᠤ ᠳᠤ ᠦᠯᠡᠳᠡᠭᠡᠨ ᠡᠪᠦᠯᠵᠢᠭᠦᠯᠵᠦ᠂ | ᠳᠠᠷᠢᠬᠤ ᠠᠴᠠ ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ 30% — 60% ᠳᠤ ᠬᠦᠷᠦᠭᠦᠯᠬᠦ ᠶᠢ | ᠱᠠᠭᠠᠷᠳᠠᠨ᠎ᠠ︔ ᠡᠰᠢ ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ | ᠵᠠᠭᠪᠤᠷ ᠲᠤ ᠵᠠᠷᠴᠢᠮ ᠳᠡᠭᠡᠷ᠎ᠡ ᠪᠠᠨ ᠨᠠᠮᠤᠷ ᠡᠷᠳᠡᠨᠢ ᠰᠢᠰᠢ ᠬᠤᠷᠢᠶᠠᠬᠤ ᠦᠶ᠎ᠡ ᠳᠤ ᠪᠠᠨ 10cm ᠠᠴᠠ ᠳᠡᠭᠡᠭᠰᠢ ᠭᠤᠤᠷᠰᠤ | ᠦᠯᠡᠳᠡᠭᠡᠬᠦ ᠶᠢᠨ ᠬᠠᠮᠲᠤ ᠬᠡᠰᠡᠭ ᠡᠰᠢ ᠰᠦᠷᠡᠯ ᠢ ᠭᠠᠵᠠᠷ ᠤᠨ ᠭᠠᠳᠠᠷᠭᠤ ᠳᠤ ᠦᠯᠡᠳᠡᠭᠡᠨ ᠡᠪᠦᠯᠵᠢᠭᠦᠯᠵᠦ᠂ ᠳᠠᠷᠢᠬᠤ ᠠᠴᠠ | ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ 15% — 30% ᠳᠤ ᠬᠦᠷᠦᠭᠦᠯᠬᠦ ᠶᠢ ᠱᠠᠭᠠᠷᠳᠠᠨ᠎ᠠ᠃ | ᠪᠤᠰᠤᠳ ᠲᠠᠷᠢᠮᠠᠯ ᠤᠨ ᠡᠰᠢ ᠰᠦᠷᠡᠯ ᠢ ᠵᠠᠷᠴᠢᠮ ᠳᠡᠭᠡᠷ᠎ᠡ ᠪᠠᠨ ᠴᠥᠮ ᠭᠠᠵᠠᠷ ᠤᠨ ᠭᠠᠳᠠᠷᠭᠤ ᠳᠤ ᠦᠯᠡᠳᠡᠭᠡᠨ᠎ᠡ᠃ | ︵ᠲᠠᠪᠤ︶ ᠨᠥᠬᠦᠪᠦᠷᠢ ᠣᠯᠭᠤᠬᠤ ᠡᠲᠡᠭᠡᠳ᠃ ︽ᠬᠡᠨ ᠭᠠᠵᠠᠷ ᠰᠢᠷᠣᠢ ᠶᠢ ᠡᠵᠡᠩᠨᠡᠪᠡᠯ᠂ ᠲᠡᠷᠡ ᠨᠢ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠪᠣᠳᠠᠲᠠᠢ ᠪᠠᠷ ᠬᠡᠷᠡᠭᠵᠢᠭᠦᠯᠵᠦ᠂ ᠲᠡᠷᠡ ᠨᠢ ᠨᠥᠬᠦᠪᠦᠷᠢ ᠬᠦᠷᠳᠡᠬᠦ︾ | ᠵᠠᠷᠴᠢᠮ ᠢ ᠪᠠᠷᠢᠮᠲᠠᠯᠠᠵᠤ᠂ ᠬᠡᠷᠡᠭᠵᠢᠭᠦᠯᠬᠦ ᠣᠷᠣᠨ ᠪᠦᠰᠡ ᠶᠢᠨ ᠳᠣᠲᠣᠷ᠎ᠠ ᠭᠠᠵᠠᠷ ᠰᠢᠷᠣᠢ ᠶᠢ ᠪᠣᠳᠠᠲᠠᠢ ᠪᠠᠷ ᠡᠵᠡᠩᠨᠡᠬᠦ ᠶᠢᠨ | ᠬᠠᠮᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠰᠠᠶᠢᠨ ᠳᠤᠷ᠎ᠠ ᠠᠴᠠ ᠪᠠᠨ ᠬᠡᠷᠡᠭᠵᠢᠭᠦᠯᠦᠭᠰᠡᠨ ᠬᠤᠪᠢ ᠬᠥᠮᠥᠨ ᠪᠠ | ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠠᠷ ᠨᠥᠬᠦᠪᠦᠷᠢ ᠣᠯᠭᠤᠬᠤ ᠡᠲᠡᠭᠡᠳ | ᠪᠣᠯᠭᠠᠨ᠎ᠠ᠃ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ | ᠲᠡᠵᠢᠭᠡᠵᠦ ᠪᠠᠶᠢᠭ᠎ᠠ ᠠᠵᠢᠯᠲᠠᠨ᠂ ᠲᠤᠬᠠᠶᠢᠯᠠᠪᠠᠯ ᠤᠯᠤᠰ ᠤᠨ ᠠᠯᠪᠠᠲᠠᠨ᠂ ᠠᠯᠪᠠᠲᠠᠨ ᠤ ᠬᠠᠤᠯᠢ ᠪᠠᠷ ᠯᠠᠪᠯᠠᠨ ᠬᠠᠮᠢᠶᠠᠷᠴᠤ | ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ | ᠠᠵᠢᠯᠴᠢᠨ ︵ᠤᠷᠢᠵᠤ ᠬᠡᠷᠡᠭᠯᠡᠬᠦ ᠳᠦᠷᠢᠮᠲᠦ ᠠᠵᠢᠯᠲᠠᠨ ᠠᠵᠢᠯᠴᠢᠨ ᠪᠠᠭᠲᠠᠨ᠎ᠠ︶ ᠢ ᠨᠥᠬᠦᠪᠦᠷᠢ ᠣᠯᠭᠤᠬᠤ ᠡᠲᠡᠭᠡᠳ ᠤᠨ | ᠬᠡᠪᠴᠢᠶᠡᠨ ᠳᠤ ᠣᠷᠣᠭᠤᠯᠬᠤ ᠦᠭᠡᠢ᠃ | ︵ᠵᠢᠷᠭᠤᠭ᠎ᠠ︶ ᠨᠥᠬᠦᠪᠦᠷᠢ ᠣᠯᠭᠤᠬᠤ ᠪᠠᠷᠢᠮᠵᠢᠶ᠎ᠠ᠃ ᠡᠷᠳᠡᠨᠢ ᠰᠢᠰᠢ ᠶᠢᠨ ᠡᠰᠢ ᠰᠦᠷᠡᠯ ᠢ ᠪᠦᠬᠦᠯᠢ ᠪᠠᠷ ᠨᠢ | ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ | ᠪᠦᠷᠢ ᠳᠤ 65 ᠲᠥᠭᠦᠷᠢᠭ ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠶᠢᠨ ᠡᠰᠢ ᠰᠦᠷᠡᠯ ᠤᠨ ᠨᠢᠭᠡ ᠬᠡᠰᠡᠭ ᠢᠶᠠᠷ | ᠪᠦᠷᠬᠦᠭᠦᠯᠬᠦ ᠵᠢᠴᠢ ᠪᠤᠰᠤᠳ ᠲᠠᠷᠢᠮᠠᠯ ᠤᠨ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ | ᠳᠤᠲᠠᠭᠤ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 34 ᠲᠥᠭᠦᠷᠢᠭ ᠠᠴᠠ ᠬᠡᠲᠦᠷᠡᠭᠦᠯᠬᠦ | ᠦᠭᠡᠢ᠃ ᠡᠷᠳᠡᠨᠢ ᠰᠢᠰᠢ ᠶᠢᠨ ᠡᠰᠢ ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠳᠤᠲᠠᠭᠤ | ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 19 ᠲᠥᠭᠦᠷᠢᠭ ᠠᠴᠠ ᠬᠡᠲᠦᠷᠡᠭᠦᠯᠬᠦ ᠦᠭᠡᠢ᠃ | |