ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠳ ᠤᠨ | ᠠᠮᠢᠳᠤᠷᠠᠯ ᠢ ᠪᠠᠲᠤᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠱᠠᠭᠠᠷᠳᠠᠯᠭ᠎ᠠ ᠪᠠᠷ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠣᠶᠢᠷ᠎ᠠ ᠳᠤ ︽2022 ᠣᠨ ᠤ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ | ᠪᠠᠷᠢᠮᠵᠢᠶ᠎ᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ︵ᠥᠪᠥᠷ ᠵᠠᠰᠠᠭ ᠥᠰᠥᠭ ﹇2022﹈ 40 | ᠳ᠋ᠦ᠋ᠭᠡᠷ ᠲᠣᠭᠠᠲᠤ︶ ︵ᠳᠣᠷᠣᠭᠰᠢ ︽ᠠᠪᠤᠷᠠᠨ ᠲᠤᠰᠠᠯᠠᠬᠤ ᠪᠠᠷᠢᠮᠵᠢᠶ᠎ᠠ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠳ᠂ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠡᠯ᠎ᠡ ᠭᠠᠵᠠᠷ | ᠣᠷᠣᠨ 6 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠳᠡᠭᠡᠷ᠎ᠡ ᠬᠠᠭᠠᠰ ᠵᠢᠯ ᠤᠨ ᠪᠠᠯᠠ | ᠮᠥᠩᠭᠦ ᠶᠢ ᠨᠥᠬᠦᠪᠥᠷᠢᠯᠡᠵᠦ ᠳᠠᠭᠤᠰᠬᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠤᠲᠠ ᠬᠥᠳᠡᠭᠡ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ | ᠮᠥᠩᠭᠦ ᠶᠢ ᠰᠠᠷ᠎ᠠ ᠰᠠᠷ᠎ᠠ ᠪᠠᠷ ᠲᠠᠷᠬᠠᠭᠠᠬᠤ ᠬᠡᠷᠡᠭᠲᠡᠶ ᠭᠡᠵᠦ ᠱᠠᠭᠠᠷᠳᠠᠪᠠ᠃ ︽ᠠᠪᠤᠷᠠᠨ ᠲᠤᠰᠠᠯᠠᠬᠤ ᠪᠠᠷᠢᠮᠵᠢᠶ᠎ᠠ︾ ᠶᠢᠨ | ᠬᠠᠮᠢᠶ᠎ᠠ ᠪᠥᠬᠦᠶ ᠠᠭᠤᠯᠭ᠎ᠠ ᠶᠢ ᠨᠡᠶᠢᠭᠡᠮ ᠨᠡᠶᠢᠲᠡ ᠳᠤ ᠥᠷᠭᠡᠨ ᠢᠶᠠᠷ ᠵᠥᠪ ᠣᠶᠢᠯᠠᠭᠠᠭᠤᠯᠬᠤ ᠶᠢᠨ ᠲᠤᠯᠠᠳᠠ ᠡᠳᠦᠭᠡ | ᠳᠠᠷᠠᠭᠠᠬᠢ ᠮᠡᠲᠦ ᠲᠠᠶᠢᠯᠤᠮᠵᠢ ᠬᠢᠪᠡ᠃ | ᠨᠢᠭᠡ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠬᠦᠴᠢᠷᠳᠡᠯ ᠲᠠᠢ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ | ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ | ᠶᠢᠨ ᠠᠷᠪᠠᠳᠤᠭᠠᠷ ᠵᠦᠢᠯ ᠢ ᠦᠨᠳᠦᠰᠦᠯᠡᠪᠡᠯ᠄ ︽ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ | ᠪᠤᠶᠤ ᠲᠣᠭᠤᠷᠢᠭ ᠪᠥᠬᠦᠶ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠢᠶᠠᠨ | ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠪᠥᠬᠦᠶ ᠵᠠᠷᠤᠳᠠᠯ ᠤᠳ ᠢ ᠦᠨᠳᠦᠰᠦᠯᠡᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠬᠦ︾ ᠪᠠ ᠠᠷᠪᠠᠨ ᠲᠠᠪᠤᠳᠤᠭᠠᠷ ᠵᠦᠢᠯ ᠳᠤ᠄ ︽ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠲᠣᠭᠤᠷᠢᠭ ᠪᠥᠬᠦᠶ ᠬᠤᠲᠠ ᠶᠢᠨ ᠱᠠᠲᠤᠨ ᠤ ᠠᠷᠠᠳ ᠤᠨ | ᠵᠠᠰᠠᠭ ᠤᠨ ᠣᠷᠳᠣᠨ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠨ᠎ᠡ︾ | ᠭᠡᠵᠦ ᠲᠣᠭᠲᠠᠭᠠᠵᠠᠶ᠃ ᠡᠭᠦᠨ ᠤ ᠬᠠᠮᠲᠤ᠂ ︽ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ | ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 94 | ᠳ᠋ᠦ᠋ᠭᠡᠷ ᠲᠣᠭᠠᠲᠤ︶ ᠤᠨ ᠠᠷᠪᠠᠳᠤᠭᠠᠷ ᠵᠦᠢᠯ ᠢ ᠦᠨᠳᠦᠰᠦᠯᠡᠪᠡᠯ᠄ ︽ᠡᠯ᠎ᠡ ᠭᠠᠵᠠᠷ ᠣᠷᠣᠨ ᠨᠤᠭᠤᠳ ᠲᠤᠬᠠᠶ ᠶᠢᠨ | ᠭᠠᠵᠠᠷ ᠤᠨ ᠢᠶᠠᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠪᠥᠬᠦᠶ ᠵᠠᠷᠤᠳᠠᠯ ᠢ ᠦᠨᠳᠦᠰᠦᠯᠡᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠬᠠᠷᠭᠤᠭᠤᠯᠤᠭᠤᠯᠤᠨ ᠨᠡᠶᠢᠲᠡᠯᠡᠭᠦᠯᠬᠦ ᠶᠢᠨ ᠬᠠᠮᠲᠤ ᠴᠠᠭ | ᠲᠤᠬᠠᠢ ᠳᠤ ᠨᠢ ᠳᠣᠬᠢᠷᠠᠭᠤᠯᠬᠤ︾ ᠪᠠ ᠠᠷᠪᠠᠨ ᠨᠠᠢᠮᠠᠳᠤᠭᠠᠷ ᠵᠦᠢᠯ ᠳᠤ᠄ ︽ᠡᠯ᠎ᠡ ᠭᠠᠵᠠᠷ ᠣᠷᠣᠨ ᠨᠤᠭᠤᠳ ᠲᠤᠬᠠᠶ ᠶᠢᠨ | ᠭᠠᠵᠠᠷ ᠤᠨ ᠢᠶᠠᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠡᠷᠡᠭᠯᠡᠭᠡᠨ ᠤ ᠬᠢᠷᠢ ᠲᠥᠪᠰᠢᠨ ᠬᠢᠭᠡᠳ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠣᠨᠴᠠ ᠬᠦᠴᠢᠷᠳᠡᠯ ᠲᠠᠢ | ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠬᠢᠨᠠᠨ ᠬᠠᠷᠭᠤᠭᠤᠯᠵᠤ ᠨᠡᠶᠢᠲᠡᠯᠡᠬᠦ ᠶᠢᠨ ᠬᠠᠮᠲᠤ ᠴᠠᠭ ᠲᠣᠬᠠᠢ ᠳᠤ ᠨᠢ ᠲᠤᠬᠢᠷᠠᠭᠤᠯᠤᠯᠳᠠ ᠬᠢᠬᠦ ᠬᠡᠷᠡᠭᠲᠡᠢ︾ ᠭᠡᠵᠦ | ᠲᠣᠭᠲᠠᠭᠠᠵᠠᠶ᠃ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠭᠰᠠᠨ ᠨᠢ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠤᠨ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠦᠴᠢᠷᠳᠡᠯᠲᠡᠢ ᠤᠯᠠᠨ ᠲᠦᠮᠡᠨ ᠤ ᠦᠨᠳᠦᠰᠦᠨ | ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠦᠴᠢᠷᠳᠡᠯᠲᠡᠢ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠪᠣᠯ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠶ | ᠠᠷᠭ᠎ᠠ ᠬᠡᠮᠵᠢᠶ᠎ᠡ ᠮᠥᠨ | 2021 ᠣᠨ ᠤ 12 ᠳ᠋ᠤᠭᠠᠷ ᠰᠠᠷ᠎ᠠ ᠳᠤ ᠬᠤᠷᠠᠯᠳᠤᠭᠤᠯᠤᠭᠰᠠᠨ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠳᠤ ︽ᠵᠠᠩᠭᠢᠯᠠᠭ᠎ᠠ ᠶᠢᠨ ᠴᠠᠭ᠂ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ | ᠰᠠᠶᠢᠲᠤᠷ ᠬᠢᠬᠦ ᠬᠡᠷᠡᠭᠲᠡᠶ︾ ︽ᠠᠷᠠᠳ ᠤᠨ ᠠᠮᠢᠳᠤᠷᠠᠯ ᠢᠯᠠᠩᠭᠤᠶ᠎ᠠ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ | ᠠᠮᠢᠳᠤᠷᠠᠯ ᠢ ᠪᠦᠲᠦᠮᠵᠢᠲᠡᠶ ᠪᠠᠲᠤᠯᠠᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︾ ᠭᠡᠵᠦ ᠲᠣᠳᠣᠷᠬᠠᠶ | ᠲᠣᠭᠲᠠᠭᠠᠵᠠᠶ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 2022 ᠣᠨ ᠤ 1 ᠳ᠋ᠦ᠋ᠭᠡᠷ ᠰᠠᠷ᠎ᠠ ᠶᠢᠨ | 21 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭ᠎ᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ | ︽ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ︾ ᠭᠡᠵᠦ | ᠲᠣᠳᠣᠷᠬᠠᠶ ᠳᠤᠷᠠᠳᠤᠨ ᠭᠠᠷᠭᠠᠪᠠ᠃ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠵᠢᠷᠤᠮᠵᠢᠭᠤᠯᠤᠨ | ᠳᠣᠭᠢᠷᠠᠭᠤᠯᠵᠤ᠂ ᠪᠥᠬᠦ ᠣᠷᠣᠨ ᠤ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ | ᠠᠵᠢᠯ ᠢ ᠦᠨᠡᠨ ᠬᠦ ᠰᠠᠶᠢᠲᠤᠷ ᠬᠢᠬᠦ ᠪᠣᠯ ᠥᠪᠡᠷᠲᠡᠭᠡᠨ ᠵᠠᠰᠠᠬᠤ ᠣᠷᠣᠨ ᠤ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠦᠴᠢᠷᠳᠡᠯ ᠲᠠᠢ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠴᠠᠭ ᠲᠤᠬᠠᠶ ᠳᠤ ᠨᠢ | ᠭᠦᠢᠴᠡᠳ ᠡᠳ᠋ᠯᠡᠭᠦᠯᠬᠦ ᠪᠣᠳᠠᠲᠠᠶ ᠠᠷᠭ᠎ᠠ ᠬᠡᠮᠵᠢᠶ᠎ᠡ ᠮᠥᠨ᠃ | ᠭᠤᠷᠪᠠ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠪᠣᠳᠠᠲᠤ ᠪᠠᠶᠢᠳᠠᠯ ᠲᠠᠢ ᠨᠡᠶᠢᠴᠡᠵᠦ ᠪᠤᠢ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠪᠠᠶᠢᠳᠠᠯ ᠠᠴᠠ | ᠦᠵᠡᠪᠡᠯ᠂ ᠡᠯ᠎ᠡ ᠠᠶᠢᠮᠠᠭ ᠬᠤᠲᠠ ᠶᠢᠨ ᠳᠡᠭᠡᠷ᠎ᠡ ᠱᠠᠲᠤᠨ ᠳᠤ ᠮᠡᠳᠡᠭᠦᠯᠦᠭᠰᠡᠨ ᠪᠠᠷᠢᠮᠵᠢᠶ᠎ᠠ ᠪᠠᠷ ᠲᠥᠰᠦᠭᠡᠯᠡᠨ ᠪᠤᠳᠤᠪᠠᠯ᠂ | 2022 ᠣᠨ ᠳᠤ ᠪᠥᠬᠦ ᠣᠷᠣᠨ ᠤ ᠬᠤᠲᠠ ᠶᠢᠨ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠳᠤᠮᠳᠠᠴᠢ ᠪᠠᠷᠢᠮᠵᠢᠶ᠎ᠠ ᠰᠠᠷ᠎ᠠ ᠳᠤ 813 ᠲᠥᠭᠦᠷᠢᠭ ᠲᠤ ᠬᠦᠷᠴᠦ᠂ ᠨᠢᠳᠤᠨᠤᠨ ᠵᠢᠯ ᠤᠨ ᠬᠢ ᠠᠴᠠ 41 ᠲᠥᠭᠦᠷᠢᠭ | ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 5.3% ᠪᠣᠯᠣᠨ᠎ᠠ︔ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠨᠢ ᠵᠢᠯ ᠳᠤ 7320 ᠲᠥᠭᠦᠷᠢᠭ ᠲᠤ ᠬᠦᠷᠴᠦ | ᠂ ᠳᠡᠭᠡᠷ᠎ᠡ ᠵᠢᠯ ᠤᠨ ᠬᠢ ᠠᠴᠠ 589 ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 8.8% ᠪᠣᠯᠤᠨ᠎ᠠ᠃ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠵᠥᠷᠢᠶ᠎ᠡ ᠤᠯᠠᠮ ᠨᠢᠭᠡ ᠠᠯᠬᠤᠮ | ᠪᠠᠭᠠᠰᠴᠤ ᠮᠠᠨ ᠤ ᠣᠷᠣᠨ ᠤ ᠪᠣᠳᠠᠲᠤ ᠪᠠᠶᠢᠳᠠᠯ ᠲᠠᠢ ᠨᠡᠶᠢᠴᠡᠨ᠎ᠡ᠃ | ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠶᠢ ᠬᠢᠨᠠᠨ ᠲᠣᠭᠲᠠᠭᠠᠭᠰᠠᠨ | ᠪᠠᠶᠢᠳᠠᠯ ᠠᠴᠠ ᠦᠵᠡᠪᠡᠯ᠂ ︽ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠪᠠ | ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠣᠨᠴᠠ ᠬᠦᠴᠢᠷᠳᠡᠯ ᠲᠠᠢ ᠬᠥᠮᠦᠰ ᠢ | ᠬᠠᠷᠠᠭᠠᠯᠵᠠᠨ ᠰᠤᠪᠢᠯᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠳᠤᠨᠤᠨ ᠵᠢᠯ ᠤᠨ ᠪᠥᠬᠦ ᠣᠷᠣᠨ ᠤ ᠳᠤᠮᠳᠠᠴᠢ ᠨᠠᠭᠠᠳᠤ | ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 25%᠂ 65% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠱᠠᠭᠠᠷᠳᠠᠯᠭ᠎ᠠ︾ | ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ 2022 ᠣᠨ ᠳᠤ ᠪᠥᠬᠦ ᠣᠷᠣᠨ ᠤ ᠬᠤᠲᠠ ᠶᠢᠨ ᠣᠨᠴᠠ ᠬᠦᠴᠢᠷᠳᠡᠯ ᠲᠠᠢ | ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠰᠠᠷ᠎ᠠ ᠳᠤ 1358 | ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 50 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ | 3.8% ᠪᠣᠯᠭᠠᠪᠠ︔ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ | ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠵᠢᠯ ᠳᠤ 11259 ᠲᠥᠭᠦᠷᠢᠭ ᠲᠤ | ᠬᠦᠷᠦᠭᠦᠯᠵᠦ᠂ ᠨᠢᠳᠤᠨᠤᠨ ᠵᠢᠯ ᠤᠨ ᠬᠢ ᠠᠴᠠ 726 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 6. 9% | ᠪᠣᠯᠭᠠᠪᠠ︔ ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ | ᠬᠡᠰᠡᠭ ᠲᠠᠯ᠎ᠠ ᠪᠠᠷ ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ 494 ᠲᠥᠭᠦᠷᠢᠭ ᠲᠤ | ᠬᠦᠷᠦᠭᠦᠯᠵᠦ᠂ ᠨᠢᠳᠤᠨᠤᠨ ᠵᠢᠯ ᠤᠨ ᠬᠢ ᠠᠴᠠ 63 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 14.6% | ᠪᠣᠯᠭᠠᠪᠠ︔ ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ | ᠪᠦᠷᠢᠮᠦᠰᠦᠨ ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ 1265 ᠲᠥᠭᠦᠷᠢᠭ ᠲᠤ | ᠬᠦᠷᠦᠭᠦᠯᠵᠦ᠂ ᠨᠢᠳᠤᠨᠤᠨ ᠵᠢᠯ ᠤᠨ ᠬᠢ ᠠᠴᠠ 178 ᠲᠥᠭᠦᠷᠢᠭ ᠨᠡᠮᠡᠭᠳᠡᠭᠦᠯᠵᠦ᠂ 16.4% ᠪᠠᠷ ᠨᠡᠮᠡᠭᠳᠡᠭᠦᠯᠵᠡᠢ᠃ |