ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ | ᠠᠯᠪᠠᠨ ᠬᠡᠷ ︽︿ᠤᠷ᠎ᠠ ᠮᠡᠷᠭᠡᠰᠢᠯᠳᠦ ᠥᠪᠥᠷ ᠮᠣᠩᠭᠤᠯ ᠤᠨ ᠠᠵᠢᠯᠯᠠᠭ᠎ᠠ﹀ ᠶᠢᠨ ᠬᠡᠷᠡᠭᠵᠢᠭᠦᠯᠬᠦ ᠲᠥᠰᠦᠯ ︵ | 2022 — 2025 ᠣᠨ︶︾ ᠤᠨ ᠳᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠲᠥᠰᠦᠯ ᠳᠤ 2025 ᠣᠨ ᠪᠣᠯᠬᠤ ᠳᠤ ᠠᠵᠢᠯ ᠣᠯᠤᠭᠰᠠᠨ ᠬᠥᠮᠦᠨ ᠤ 30% ᠠᠴᠠ ᠳᠡᠭᠡᠭᠰᠢᠬᠢ ᠶᠢ ᠤᠷ᠎ᠠ | ᠮᠡᠷᠭᠡᠰᠢᠯᠳᠦ ᠴᠢᠳᠠᠪᠤᠷᠢᠲᠠᠨ ᠡᠵᠡᠯᠡᠨ᠎ᠡ ᠭᠡᠵᠦ ᠲᠣᠳᠣᠷᠬᠠᠶ ᠲᠣᠭᠲᠠᠭᠠᠵᠠᠶ᠃ ᠣᠳᠣᠬᠠᠨ ᠳᠤ᠂ ᠪᠥᠬᠦ ᠣᠷᠣᠨ ᠤ ᠤᠷ᠎ᠠ | ᠮᠡᠷᠭᠡᠰᠢᠯᠳᠦ ᠴᠢᠳᠠᠪᠤᠷᠢᠲᠠᠨ ᠤ ᠶᠡᠷᠦᠩᠬᠡᠶ ᠳᠤᠭ᠎ᠠ 350 ᠲᠦᠮᠡᠨ ᠬᠥᠮᠦᠨ ᠳᠤ ᠬᠦᠷᠴᠦ᠂ ᠪᠥᠬᠦ ᠣᠷᠣᠨ ᠤ | ᠠᠵᠢᠯ ᠣᠯᠣᠭᠰᠠᠳ ᠤᠨ 28.2% ᠢ ᠡᠵᠡᠯᠡᠵᠦ᠂ ᠳᠡᠭᠡᠳᠦ ᠮᠡᠷᠭᠡᠰᠢᠯᠳᠦ ᠴᠢᠳᠠᠪᠤᠷᠢᠲᠠᠨ ᠤ ᠶᠡᠷᠦᠩᠬᠡᠶ ᠳᠤᠭ᠎ᠠ | 105 ᠲᠦᠮᠡᠨ ᠬᠥᠮᠦᠨ ᠳᠤ ᠬᠦᠷᠴᠦ᠂ ᠤᠷ᠎ᠠ ᠮᠡᠷᠭᠡᠰᠢᠯᠳᠦ ᠴᠢᠳᠠᠪᠤᠷᠢᠲᠠᠨ ᠤ 30% ᠶᠢ ᠡᠵᠡᠯᠡᠪᠡ᠃ | 2025 ᠣᠨ ᠪᠣᠯᠬᠤ ᠳᠤ᠂ ᠮᠠᠨ ᠤ ᠣᠷᠣᠨ ᠨᠥᠬᠦᠪᠥᠷᠢ ᠶᠢᠨ ᠴᠢᠨᠠᠷᠲᠠᠶ ᠪᠣᠯᠪᠠᠰᠤᠷᠠᠯ ᠢ 125 ᠲᠦᠮᠡᠨ | ᠬᠥᠮᠦᠨ ᠤᠳᠠᠭ᠎ᠠ ᠠᠴᠠ ᠳᠡᠭᠡᠭᠰᠢ ᠥᠷᠨᠢᠭᠦᠯᠵᠦ᠂ ᠡᠭᠦᠨ ᠳᠤ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠢ | ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠳᠤ 35 ᠲᠦᠮᠡᠨ ᠬᠥᠮᠦᠨ ᠤᠳᠠᠭ᠎ᠠ ᠠᠴᠠ ᠳᠡᠭᠡᠭᠰᠢ | ᠣᠷᠣᠯᠴᠠᠭᠤᠯᠣᠨᠡ︔ ᠤᠷ᠎ᠠ ᠮᠡᠷᠭᠡᠰᠢᠯᠳᠦ ᠴᠢᠳᠠᠪᠤᠷᠢᠲᠠᠨ ᠢ 75 ᠲᠦᠮᠡ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠵᠦ᠂ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠢ 14 ᠲᠦᠮᠡ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠵᠦ᠂ ᠠᠵᠢᠯ ᠣᠯᠣᠭᠰᠠᠳ ᠤᠨ ᠳᠣᠲᠣᠷ᠎ᠠ ᠤᠷ᠎ᠠ ᠮᠡᠷᠭᠡᠰᠢᠯᠳᠦ ᠴᠢᠳᠠᠪᠤᠷᠢᠲᠠᠨ ᠤ ᠡᠵᠡᠯᠡᠬᠦ ᠬᠠᠷᠢᠴᠠᠯ ᠢ | 30% ᠠᠴᠠ ᠳᠡᠭᠡᠭᠰᠢ ᠪᠣᠯᠭᠠᠵᠣ᠂ ᠤᠷ᠎ᠠ ᠮᠡᠷᠭᠡᠰᠢᠯᠳᠦ ᠴᠢᠳᠠᠪᠤᠷᠢᠲᠠᠨ ᠤ ᠳᠣᠲᠣᠷ᠎ᠠ ᠳᠡᠭᠡᠳᠦ ᠤᠷ᠎ᠠ ᠮᠡᠷᠭᠡᠰᠢᠯᠳᠦ | ᠴᠢᠳᠠᠪᠤᠷᠢᠲᠠᠨ ᠤ ᠡᠵᠡᠯᠡᠬᠦ ᠬᠠᠷᠢᠴᠠᠯ ᠢ 32% ᠠᠴᠠ ᠳᠡᠭᠡᠭᠰᠢ ᠪᠣᠯᠭᠠᠬᠤ ᠪᠠᠷ ᠪᠣᠢ᠃ | |