ᠣᠷᠣᠨ ᠰᠠᠭᠤᠴᠠ ᠶᠢᠨ ᠨᠡᠶᠢᠳᠡ ᠶᠢᠨ ᠬᠤᠷᠠᠮᠳᠣᠭᠤᠯᠭ᠎ᠠ ᠶᠢᠨ ᠮᠦᠩᠭᠦᠨ ᠤ ᠳᠣᠬᠠᠢ
ᠨᠡᠶᠢᠲᠡᠯᠡᠭᠰᠡᠨ ᠴᠠᠭ᠄
2022/6/24
     ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ  ᠪᠠᠶᠢᠭᠤᠯᠤᠯᠲᠠ ᠶᠢᠨ  ᠶᠠᠮᠤᠨ᠂  ᠡᠳ᠋ ᠤᠨ ᠵᠠᠰᠠᠭ ᠤᠨ ᠶᠠᠮᠤᠨ᠂ ᠠᠷᠠᠳ ᠤᠨ ᠪᠠᠩᠬᠢ ᠠᠴᠠ ︽ᠣᠷᠣᠨ ᠰᠠᠭᠤᠴᠠ ᠶᠢᠨ ᠨᠡᠶᠢᠲᠡ ᠶᠢᠨ  ᠬᠤᠷᠠᠮᠳᠤᠭᠤᠯᠭ᠎ᠠ ᠶᠢᠨ ᠮᠦᠩᠭᠦᠨ ᠤ ᠱᠠᠳᠣᠴᠢ ᠴᠢᠨᠠᠷᠳᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠶ ᠮᠡᠳᠡᠭᠳᠡᠯ︾᠎ ᠢ ᠨᠡᠶᠢᠲᠡᠯᠡᠵᠦ᠂ ᠬᠢᠵᠢᠭ ᠤᠨ ᠨᠥᠯᠥᠭᠡ ᠠᠴᠠ ᠪᠣᠯᠵᠣ᠂ ᠠᠵᠤ ᠠᠬᠤᠶᠢᠯᠠᠯ ᠤᠨ  ᠣᠷᠣᠨ  ᠰᠠᠭᠤᠴᠠ ᠶᠢᠨ  ᠨᠡᠶᠢᠲᠡ ᠶᠢᠨ  ᠬᠤᠷᠠᠮᠳᠤᠭᠤᠯᠭ᠎ᠠ ᠶᠢᠨ  ᠮᠥᠩᠭᠦ ᠶᠢ ᠬᠤᠶᠢᠰᠢᠯᠠᠭᠤᠯᠤᠨ ᠲᠤᠰᠢᠶᠠᠬᠤ᠂ ᠬᠤᠷᠡᠮᠳᠤᠭᠤᠯᠭ᠎ᠠ ᠶᠢᠨ ᠮᠦᠩᠬᠦ ᠲᠤᠰᠢᠶᠡᠬᠴᠢᠳ ᠵᠢᠬᠡᠯᠡᠯᠬᠡ ᠪᠠᠨ ᠬᠤᠶᠢᠰᠢᠯᠡᠭᠤᠯᠤᠨ ᠪᠤᠴᠡᠭᠠᠬᠤ ᠵᠡᠷᠭᠡ ᠪᠠᠶᠢᠳᠠᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠬᠤ ᠪᠠᠷ ᠪᠣᠢ᠃              ︽ᠮᠡᠳᠡᠭᠳᠡᠯ︾᠎ ᠳᠤ᠂ ᠰᠢᠨ᠎ᠡ ᠲᠢᠲᠢᠮᠯᠢᠭ ᠠᠭᠤᠰᠬᠢᠨ  ᠦᠷᠪᠢᠰᠦᠯ ᠤᠨ ᠬᠢᠵᠢᠭ ᠲᠤ ᠨᠥᠯᠥᠭᠡᠯᠡᠭᠳᠡᠭᠰᠡᠨ ᠠᠵᠤ ᠠᠬᠤᠶᠢᠯᠠᠯ ᠨᠢ ᠲᠣᠭᠲᠠᠭᠠᠯ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ   ᠮᠥᠩᠭᠦ ᠪᠠᠨ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠤᠨ᠎ᠠ᠃ ᠰᠢᠨ᠎ᠡ ᠲᠢᠲᠢᠮᠯᠢᠭ  ᠠᠭᠤᠰᠬᠢᠨ  ᠦᠷᠪᠢᠰᠦᠯ ᠤᠨ ᠬᠢᠵᠢᠭ ᠲᠤ ᠨᠥᠯᠥᠭᠡᠯᠡᠭᠳᠡᠭᠰᠡᠨ ᠳᠣᠰᠢᠶᠠᠭᠴᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ  ᠮᠥᠩᠭᠦ ᠶᠢᠨ  ᠵᠢᠭᠡᠯᠡᠯᠭᠡ ᠪᠠᠨ ᠬᠡᠪ ᠤᠨ ᠶᠤᠰᠤᠭᠠᠷ ᠪᠤᠴᠠᠭᠠᠵᠤ ᠳᠡᠶᠢᠯᠬᠦ ᠥᠬᠡᠶ ᠪᠣᠯ ᠬᠤᠭᠤᠴᠠᠭ᠎ᠠ ᠬᠡᠲᠦᠷᠡᠭᠰᠡᠨ ᠲᠡᠮᠳᠡᠭᠯᠡᠯ ᠳᠤ  ᠳᠠᠩᠰᠠᠯᠠᠨ  ᠢᠲᠡᠭᠡᠮᠵᠢ  ᠎ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠥᠬᠡᠶ ᠭᠡᠪᠡ᠃              ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠬᠢᠨ ᠤᠷᠤᠨ ᠰᠡᠭᠤᠴᠡ ᠶᠢᠨ ᠲᠦᠷᠢᠶᠡᠰᠤᠨ ᠮᠦᠩᠬᠦ ᠪᠡ ᠲᠦᠷᠢᠶᠡᠰᠤᠯᠡᠵᠤ ᠪᠡᠶᠢᠭ᠎ᠠ  ᠲᠠᠯᠠᠪᠠᠶ ᠶᠢ  ᠦᠨᠳᠦᠰᠦᠯᠡᠨ᠂  ᠬᠡᠷ  ᠪᠠᠶᠢᠰᠢᠩ  ᠲᠦᠷᠢᠶᠡᠰᠦᠯᠡᠬᠦ ᠳᠤ  ᠭᠠᠷᠭᠠᠨ  ᠠᠪᠬᠤ  ᠣᠷᠣᠨ  ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ  ᠲᠤᠭ᠎ᠠ  ᠬᠡᠮᠵᠢᠶ᠎ᠡ ᠶᠢ  ᠳᠡᠭᠡᠭᠰᠢᠯᠡᠭᠦᠯᠵᠦ᠂ ᠳᠣᠰᠢᠶᠠᠬᠴᠢ ᠶᠢᠨ ᠬᠡᠷᠡᠭᠴᠡᠭᠡ ᠶᠣᠰᠣᠭᠠᠷ ᠢᠶᠠᠨ ᠭᠠᠷᠭᠠᠨ ᠠᠪᠬᠤ ᠶᠢ ᠳᠡᠮᠵᠢᠨ᠎ᠡ᠃  ᠳᠡᠭᠡᠷ᠎ᠡ ᠳᠤᠷᠠᠳᠤᠭᠰᠠᠨ ᠳᠡᠮᠵᠢᠬᠦ ᠲᠥᠷᠥ ᠶᠢᠨ ᠪᠣᠳᠣᠯᠭ᠎ᠠ ᠶᠢ 2022 ᠣᠨ ᠤ 12 ᠳ᠋ᠣᠭᠠᠷ  ᠰᠠᠷ᠎ᠠ ᠶᠢᠨ  31᠎ ᠤ ᠡᠳᠦᠷ ᠪᠣᠯᠲᠠᠯ᠎ᠠ ᠬᠡᠷᠡᠭᠵᠢᠬᠦᠯᠦᠨ᠎ᠡ᠃        
 
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号