ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ | ᠬᠠᠮᠳᠤᠷᠠᠨ ︽ᠬᠡᠰᠡᠭ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠲᠠᠲᠠᠪᠤᠷᠢ ᠶᠢ ᠬᠦᠩᠭᠡᠷᠡᠬᠦᠯᠬᠦ | ᠲᠤᠬᠠᠶ ᠠᠯᠪᠠᠨ ᠵᠠᠷ︾ ᠨᠡᠶᠢᠲᠡᠯᠡᠪᠡ᠃ ᠠᠭᠤᠯᠭ᠎ᠠ ᠨᠢ ᠳᠣᠣᠷᠠᠬᠢ ᠮᠡᠲᠦ᠄ ᠬᠤᠳᠠᠯᠳᠤᠨ ᠠᠪᠬᠤ ᠡᠳᠦᠷ | ᠬᠤᠭᠤᠴᠠᠭ᠎ᠠ ᠶᠢ 2022 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ 2022 ᠣᠨ ᠤ 12 | ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠮᠥᠷᠲᠡᠭᠡᠨ ᠲᠡᠷᠭᠡᠨ ᠤ ᠦᠨ᠎ᠡ ︵ᠥᠷᠲᠡᠭ | ᠨᠡᠮᠡᠭᠳᠡᠯ ᠤᠨ ᠭᠠᠶᠢᠯᠢ ᠪᠠᠭᠲᠠᠬᠤ ᠥᠬᠡᠶ︶ ᠨᠢ 30 ᠲᠦᠮᠡᠨ ᠲᠥᠭᠦᠷᠢᠭ ᠤᠨ 2.0 ᠯᠢᠲᠷ ᠵᠢᠴᠢ ᠲᠡᠭᠦᠨ ᠠᠴᠠ | ᠳᠣᠷᠣᠭᠰᠢᠬᠢ ᠭᠠᠳᠠᠭᠰᠢᠯᠠᠭᠤᠯᠬᠤ ᠬᠡᠮᠵᠢᠶᠡᠨ ᠤ ᠰᠠᠭᠤᠳᠠᠯ ᠤᠨ ᠮᠠᠰᠢᠨ ᠤ ᠲᠡᠷᠭᠡ ᠬᠥᠰᠬᠡ ᠬᠤᠳᠠᠯᠳᠤᠨ ᠠᠪᠬᠤ | ᠭᠠᠶᠢᠯᠢ ᠶᠢ ᠬᠠᠭᠠᠰ ᠢᠶᠠᠷ ᠲᠠᠲᠠᠪᠤᠷᠢᠯᠠᠨ᠎ᠠ᠃ | ᠲᠤᠰ ᠠᠯᠪᠠᠨ ᠵᠠᠷ ᠲᠤ ᠬᠡᠯᠡᠵᠦ ᠪᠠᠶᠢᠭ᠎ᠠ ᠰᠠᠭᠤᠳᠠᠯ ᠤᠨ ᠲᠡᠷᠭᠡ ᠭᠡᠳᠡᠭ ᠪᠣᠯ ᠵᠢᠷᠤᠵᠤ ᠲᠥᠯᠥᠪᠯᠡᠬᠦ᠂ | ᠦᠢᠯᠡᠳᠬᠦ ᠪᠠ ᠮᠡᠷᠭᠡᠵᠢᠯ ᠤᠨ ᠣᠨᠴᠠᠯᠢᠭ ᠰᠢᠨᠵᠢ ᠶᠢᠨ ᠲᠠᠯ᠎ᠠ ᠪᠠᠷ ᠭᠤᠣᠯᠳᠠᠭᠤ ᠠᠶᠠᠨᠴᠢᠳ ᠵᠢᠴᠢ ᠲᠡᠭᠦᠨ ᠤ | ᠪᠡᠶ᠎ᠡ ᠳᠡᠭᠡᠨ ᠠᠪᠴᠤ ᠶᠠᠪᠤᠭ᠎ᠠ ᠪᠣᠭᠤᠳᠠᠯ ᠪᠠᠭᠯᠠᠭ᠎ᠠ ᠪᠣᠯᠤᠨ ᠲᠦᠷ ᠴᠠᠭ ᠤᠨ ᠡᠳ᠋ ᠪᠣᠳᠠᠰ ᠢ ᠲᠡᠭᠡᠭᠡᠪᠦᠷᠢᠯᠡᠬᠦ ᠳᠤ | ᠬᠡᠷᠡᠭᠯᠡᠬᠦ᠂ ᠵᠢᠯᠣᠭᠤᠴᠢ ᠶᠢᠨ ᠰᠠᠭᠤᠳᠠᠯ ᠢ ᠪᠠᠭᠲᠠᠭᠠᠭᠰᠠᠨ ᠬᠠᠮᠤᠭ ᠤᠯᠠᠨ ᠳᠠᠭᠠᠨ 9 ᠰᠠᠭᠤᠳᠠᠯ ᠠᠴᠠ ᠬᠡᠲᠦᠷᠡᠬᠦ | ᠦᠭᠡᠢ ᠮᠠᠰᠢᠨ ᠲᠡᠷᠭᠡ ᠶᠢ ᠵᠢᠭᠠᠵᠤ ᠪᠠᠶᠢᠨ᠎ᠠ᠃ ᠲᠤᠰ ᠠᠯᠪᠠᠨ ᠵᠠᠷ ᠲᠤ ᠬᠡᠯᠡᠵᠦ ᠪᠠᠶᠢᠭ᠎ᠠ ᠲᠡᠷᠭᠡᠨ ᠤ ᠦᠨ᠎ᠡ | ᠬᠠᠩᠰᠢ ᠶᠢ ᠲᠡᠷᠭᠡ ᠬᠥᠰᠬᠡ ᠬᠤᠳᠠᠯᠳᠤᠨ ᠠᠪᠤᠭᠰᠠᠨ ᠭᠠᠶᠢᠯᠢ ᠲᠤᠰᠢᠶᠠᠬᠤ ᠶᠣᠰᠣᠲᠠᠢ ᠲᠡᠷᠭᠡ ᠬᠥᠰᠬᠡ ᠶᠢᠨ | ᠭᠠᠶᠢᠯᠢ ᠪᠤᠳᠤᠬᠤ ᠦᠨ᠎ᠡ ᠪᠠᠷ ᠪᠠᠷᠢᠮᠵᠢᠶ᠎ᠠ ᠪᠣᠯᠭᠠᠨ᠎ᠠ᠃ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠤᠭᠰᠠᠨ | ᠡᠳᠦᠷ ᠬᠤᠭᠤᠴᠠᠭ᠎ᠠ ᠶᠢ ᠮᠠᠰᠢᠨᠲᠤ ᠲᠡᠷᠭᠡ ᠪᠣᠷᠣᠯᠠᠭᠤᠯᠤᠭᠰᠠᠨ ᠨᠢᠭᠡᠳᠦᠯᠲᠡᠶ ᠪᠠᠷᠢᠮᠲᠠ ᠪᠤᠶᠤ ᠪᠣᠭᠤᠮᠲᠠ ᠶᠢᠨ | ᠭᠠᠶᠢᠯᠢ ᠶᠢᠨ ᠵᠣᠭᠤᠰ ᠲᠤᠰᠢᠶᠠᠬᠤ ᠲᠤᠰᠬᠠᠶ ᠪᠢᠴᠢᠭ ᠵᠡᠷᠭᠡ ᠬᠦᠴᠦᠨ ᠲᠠᠢ ᠭᠡᠷᠡᠴᠢ ᠪᠠᠷᠢᠮᠲᠠ ᠶᠢ ᠬᠢᠵᠦ ᠥᠭᠭᠦᠭᠰᠡᠨ | ᠡᠳᠦᠷ ᠬᠤᠭᠤᠴᠠᠭ᠎ᠠ ᠪᠠᠷ ᠲᠣᠭᠲᠠᠭᠠᠨ᠎ᠠ᠃ ᠰᠠᠭᠤᠳᠠᠯ ᠤᠨ ᠮᠠᠰᠢᠨ ᠤ ᠬᠡᠢ ᠭᠠᠳᠠᠭᠰᠢᠯᠠᠭᠤᠯᠬᠤ ᠬᠡᠮᠵᠢᠶ᠎ᠡ᠂ | ᠰᠠᠭᠤᠳᠠᠯ ᠤᠨ ᠲᠤᠭ᠎ᠠ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠰᠢᠨ ᠲᠡᠷᠭᠡᠨ ᠤ ᠪᠦᠬᠦᠯᠢ | ᠲᠡᠷᠭᠡ ᠶᠢᠨ ᠦᠢᠯᠡᠳᠪᠦᠷᠢ ᠠᠴᠠ ᠭᠠᠷᠬᠤ ᠳᠤ ᠬᠢᠷᠢ ᠲᠡᠩᠴᠡᠭᠰᠡᠨ ᠦᠨᠡᠮᠯᠡᠯ︾ ᠤᠨ ᠡᠯᠧᠺᠲᠷᠤᠨ ᠮᠡᠳᠡᠭᠡ ᠵᠠᠩᠭᠢ | ᠪᠤᠶᠤ ᠭᠠᠳᠠᠭᠠᠳᠤ ᠠᠴᠠ ᠣᠷᠣᠭᠤᠯᠤᠭᠰᠠᠨ ᠮᠠᠰᠢᠨ ᠲᠡᠷᠭᠡ ᠶᠢᠨ ︽ᠲᠡᠷᠭᠡ ᠬᠥᠰᠬᠡ ᠶᠢᠨ ᠡᠯᠧᠺᠲᠷᠤᠨ ᠮᠡᠳᠡᠭᠡ | ᠵᠠᠩᠭᠢ ᠶᠢᠨ ᠬᠠᠭᠤᠳᠠᠰᠤ︾ ᠶᠢᠨ ᠡᠯᠧᠺᠲᠷᠤᠨ ᠮᠡᠳᠡᠭᠡ ᠵᠠᠩᠭᠢ ᠳᠤ ᠲᠡᠮᠳᠡᠭᠯᠡᠭᠰᠡᠨ ᠬᠡᠢ ᠭᠠᠳᠠᠭᠰᠢᠯᠠᠭᠤᠯᠬᠤ | ᠬᠡᠮᠵᠢᠶ᠎ᠡ᠂ ᠲᠣᠭᠲᠠᠭᠠᠭᠰᠠᠨ ᠠᠶᠠᠨᠴᠢᠳ ︵ᠬᠥᠮᠦᠨ︶ ᠤᠨ ᠲᠤᠭ᠎ᠠ ᠶᠣᠰᠣᠭᠠᠷ ᠲᠣᠭᠲᠠᠭᠠᠨ᠎ᠠ᠃ | | | |