ᠡᠨᠡ ᠵᠢᠯ ᠤᠨ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠲᠤᠮᠳᠠᠳᠤ ᠪᠠᠭ᠎ᠠ ᠰᠤᠷᠭᠠᠭᠤᠯᠢ ᠳᠤ | ᠬᠦᠳᠡᠯᠮᠦᠷᠢ ᠶᠢᠨ ᠬᠢᠴᠢᠶᠡᠯ ᠲᠤᠬᠢᠷᠠᠭᠤᠯᠬᠤ ᠪᠠᠷ ᠪᠠᠶᠢᠨ᠎ᠠ᠂ ᠲᠡᠭᠡᠪᠡᠯ ᠬᠦᠳᠡᠯᠮᠦᠷᠢ ᠶᠢᠨ ᠬᠢᠴᠢᠶᠡᠯ ᠳᠤ ᠶᠠᠮᠠᠷ ᠶᠠᠮᠠᠷ | ᠠᠭᠤᠯᠭ᠎ᠠ ᠪᠠᠭᠳᠠᠵᠦ ᠪᠠᠶᠢᠭ᠎ᠠ ᠪᠤᠯ︖ ᠬᠦᠳᠡᠯᠮᠦᠷᠢ ᠶᠢᠨ ᠬᠢᠴᠢᠶᠡᠯ ᠨᠢ ᠰᠤᠷᠭᠠᠭᠤᠯᠢ ᠳᠠᠪᠰᠢᠬᠤ ᠲᠠᠢ ᠬᠤᠯᠪᠤᠭ᠎ᠠ | ᠲᠠᠢ ᠤᠤ︖ ᠭᠡᠬᠦ ᠵᠡᠷᠭᠡ ᠠᠰᠠᠭᠤᠳᠠᠯ ᠨᠢ ᠰᠤᠷᠤᠬᠴᠢᠳ ᠪᠠ ᠭᠡᠷ ᠤᠨ ᠠᠬᠠᠮᠠᠳ ᠤᠨ ᠠᠩᠬᠠᠷᠤᠯ ᠢ ᠲᠠᠳᠠᠵᠦ | ᠪᠠᠶᠢᠨ᠎ᠠ᠃ | ᠬᠦᠳᠡᠯᠮᠦᠷᠢ ᠶᠢᠨ ᠬᠢᠴᠢᠶᠡᠯ ᠳᠤ ᠡᠳᠦᠷ ᠲᠤᠳᠤᠮ ᠤᠨ ᠠᠮᠢᠳᠤᠷᠠᠯ ᠤᠨ ᠬᠦᠳᠡᠯᠮᠦᠷᠢ᠂ ᠦᠢᠯᠡᠳᠪᠦᠷᠢᠯᠡᠯ ᠤᠨ | ᠬᠦᠳᠡᠯᠮᠦᠷᠢ ᠪᠠ ᠦᠢᠯᠡᠴᠢᠯᠡᠬᠡᠨ ᠤ ᠴᠢᠨᠠᠷ ᠲᠠᠢ ᠬᠦᠳᠡᠯᠮᠦᠷᠢ ᠵᠡᠷᠭᠡ ᠭᠤᠷᠪᠠᠨ ᠲᠦᠷᠦᠯ ᠪᠠᠭᠳᠠᠵᠦ ᠪᠠᠶᠢᠨ᠎ᠠ᠃ ᠡᠨᠡ | ᠨᠢ ᠲᠤᠰ ᠲᠤᠰ ᠶᠠᠮᠠᠷ ᠶᠠᠮᠠᠷ ᠠᠭᠤᠯᠭ᠎ᠠ ᠲᠠᠢ ᠪᠠᠶᠢᠳᠠᠭ ᠪᠤᠯ︖ ᠡᠨᠡ ᠲᠤᠬᠠᠢ ᠲᠤᠰᠬᠠᠢ ᠮᠡᠷᠭᠡᠵᠢᠯᠳᠡᠨ ᠤ | ᠲᠠᠨᠢᠯᠴᠠᠭᠤᠯᠬᠤ ᠶᠢ ᠰᠤᠨᠤᠰᠤᠨ᠎ᠠ ᠤᠤ︕ | ᠬᠦᠳᠡᠯᠮᠦᠷᠢ ᠶᠢᠨ ᠬᠢᠴᠢᠶᠡᠯ ᠤᠨ ᠦᠨᠡᠯᠡᠯᠳᠡ ᠶᠢᠨ ᠳ᠋ᠦᠩ ᠨᠢ ᠰᠤᠷᠭᠠᠭᠤᠯᠢ ᠳᠠᠪᠰᠢᠬᠤ ᠲᠠᠢ | ᠬᠤᠯᠪᠤᠬᠳᠠᠨ᠎ᠠ ᠤᠤ︖ | ᠬᠦᠳᠡᠯᠮᠦᠷᠢ ᠶᠢᠨ ᠬᠢᠴᠢᠶᠡᠯ ᠤᠨ ᠦᠨᠡᠯᠡᠯᠳᠡ ᠨᠢ ᠭᠤᠤᠯᠳᠠᠭᠤ ᠬᠤᠶᠠᠷ ᠠᠭᠤᠯᠭ᠎ᠠ ᠲᠠᠢ ᠶᠤᠮ ᠪᠠᠶᠢᠨ᠎ᠠ᠃ | ᠲᠤᠬᠠᠶᠢᠯᠠᠪᠠᠯ ᠨᠢᠭᠡ ᠳᠤ᠂ ᠬᠦᠳᠡᠯᠮᠦᠷᠢ ᠶᠢᠨ ᠬᠢᠴᠢᠶᠡᠯ ᠤᠨ ᠬᠦᠮᠦᠵᠢᠯ ᠬᠢᠬᠦ ᠶᠠᠪᠤᠴᠠ ᠳᠤ ᠶᠡᠷᠦᠩᠬᠡᠶᠢᠯᠡᠨ | ᠦᠨᠡᠯᠡᠯᠳᠡ ᠬᠢᠬᠦ ᠶᠢ ᠴᠢᠩᠭᠠᠳᠬᠠᠨ᠎ᠠ᠃ | ᠬᠤᠶᠠᠷ ᠲᠤ᠂ ᠬᠦᠳᠡᠯᠮᠦᠷᠢ ᠶᠢᠨ ᠬᠢᠷᠢ ᠪᠤᠯᠪᠠᠰᠤᠷᠠᠯ ᠤᠨ ᠦᠨᠡᠯᠡᠯᠬᠡ ᠶᠢ ᠰᠤᠷᠤᠬᠴᠢ ᠶᠢᠨ | ᠶᠡᠷᠦᠩᠬᠡᠶᠢᠯᠡᠭᠰᠡᠨ ᠬᠢᠷᠢ ᠪᠦᠳᠦᠮᠵᠢ ᠶᠢᠨ ᠦᠨᠡᠯᠡᠯᠳᠡ ᠶᠢᠨ ᠰᠢᠰᠲ᠋ᠧᠮ ᠳᠤ ᠤᠷᠤᠭᠤᠯᠵᠦ᠂ ᠡᠭᠦᠨ ᠢ ᠰᠤᠷᠤᠬᠴᠢ ᠶᠢᠨ | ᠪᠦᠭᠦ ᠲᠠᠯ᠎ᠠ ᠶᠢᠨ ᠭᠦᠭᠵᠢᠯᠳᠡ ᠶᠢ ᠦᠨᠡᠯᠡᠬᠦ ᠴᠢᠬᠤᠯᠠ ᠠᠭᠤᠯᠭ᠎ᠠ ᠪᠤᠯᠭᠠᠵᠦ᠂ ᠰᠢᠯᠢᠳᠡᠭ ᠪᠠ ᠲᠡᠷᠢᠭᠦᠨ ᠤ | ᠰᠤᠷᠤᠬᠴᠢ ᠶᠢ ᠦᠨᠡᠯᠡᠨ ᠰᠢᠯᠭᠠᠬᠤ ᠳᠤ ᠴᠢᠬᠤᠯᠠ ᠯᠠᠪᠯᠠᠯᠳᠠ ᠪᠤᠯᠭᠠᠬᠤ ᠶᠢᠨ ᠬᠠᠮᠳᠤ᠂ ᠰᠤᠷᠭᠠᠭᠤᠯᠢ ᠳᠠᠪᠰᠢᠬᠤ ᠳᠤ | ᠴᠤ ᠴᠢᠬᠤᠯᠠ ᠯᠠᠪᠯᠠᠯᠳᠠ ᠪᠠ ᠪᠠᠷᠢᠮᠳᠠ ᠪᠤᠯᠭᠠᠬᠤ ᠶᠤᠮ ᠪᠠᠶᠢᠨ᠎ᠠ᠃ |