ᠲᠤᠮᠳᠠᠳᠤ ᠪᠠᠭ᠎ᠠ ᠰᠤᠷᠭᠠᠭᠤᠯᠢ ᠶᠢᠨ ᠬᠦᠳᠡᠯᠮᠦᠷᠢ ᠶᠢᠨ ᠬᠢᠴᠢᠶᠡᠯ ᠨᠢ ᠰᠤᠷᠭᠠᠭᠤᠯᠢ ᠳᠠᠪᠰᠢᠬᠤ ᠲᠠᠢ ᠬᠤᠯᠪᠤᠭ᠎ᠠ ᠲᠠᠢ ᠤᠤ︖
ᠨᠡᠶᠢᠲᠡᠯᠡᠭᠰᠡᠨ ᠴᠠᠭ᠄
2022/6/6
     ᠡᠨᠡ ᠵᠢᠯ ᠤᠨ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠲᠤᠮᠳᠠᠳᠤ ᠪᠠᠭ᠎ᠠ ᠰᠤᠷᠭᠠᠭᠤᠯᠢ ᠳᠤ ᠬᠦᠳᠡᠯᠮᠦᠷᠢ ᠶᠢᠨ ᠬᠢᠴᠢᠶᠡᠯ ᠲᠤᠬᠢᠷᠠᠭᠤᠯᠬᠤ ᠪᠠᠷ ᠪᠠᠶᠢᠨ᠎ᠠ᠂ ᠲᠡᠭᠡᠪᠡᠯ ᠬᠦᠳᠡᠯᠮᠦᠷᠢ ᠶᠢᠨ ᠬᠢᠴᠢᠶᠡᠯ ᠳᠤ ᠶᠠᠮᠠᠷ ᠶᠠᠮᠠᠷ ᠠᠭᠤᠯᠭ᠎ᠠ ᠪᠠᠭᠳᠠᠵᠦ ᠪᠠᠶᠢᠭ᠎ᠠ ᠪᠤᠯ︖ ᠬᠦᠳᠡᠯᠮᠦᠷᠢ ᠶᠢᠨ ᠬᠢᠴᠢᠶᠡᠯ ᠨᠢ ᠰᠤᠷᠭᠠᠭᠤᠯᠢ ᠳᠠᠪᠰᠢᠬᠤ ᠲᠠᠢ ᠬᠤᠯᠪᠤᠭ᠎ᠠ  ᠲᠠᠢ ᠤᠤ︖ ᠭᠡᠬᠦ ᠵᠡᠷᠭᠡ ᠠᠰᠠᠭᠤᠳᠠᠯ ᠨᠢ ᠰᠤᠷᠤᠬᠴᠢᠳ ᠪᠠ ᠭᠡᠷ ᠤᠨ ᠠᠬᠠᠮᠠᠳ ᠤᠨ ᠠᠩᠬᠠᠷᠤᠯ ᠢ ᠲᠠᠳᠠᠵᠦ ᠪᠠᠶᠢᠨ᠎ᠠ᠃      ᠬᠦᠳᠡᠯᠮᠦᠷᠢ ᠶᠢᠨ ᠬᠢᠴᠢᠶᠡᠯ ᠳᠤ ᠡᠳᠦᠷ ᠲᠤᠳᠤᠮ ᠤᠨ ᠠᠮᠢᠳᠤᠷᠠᠯ ᠤᠨ ᠬᠦᠳᠡᠯᠮᠦᠷᠢ᠂ ᠦᠢᠯᠡᠳᠪᠦᠷᠢᠯᠡᠯ ᠤᠨ ᠬᠦᠳᠡᠯᠮᠦᠷᠢ ᠪᠠ ᠦᠢᠯᠡᠴᠢᠯᠡᠬᠡᠨ ᠤ ᠴᠢᠨᠠᠷ ᠲᠠᠢ ᠬᠦᠳᠡᠯᠮᠦᠷᠢ ᠵᠡᠷᠭᠡ ᠭᠤᠷᠪᠠᠨ ᠲᠦᠷᠦᠯ ᠪᠠᠭᠳᠠᠵᠦ ᠪᠠᠶᠢᠨ᠎ᠠ᠃ ᠡᠨᠡ  ᠨᠢ ᠲᠤᠰ ᠲᠤᠰ ᠶᠠᠮᠠᠷ ᠶᠠᠮᠠᠷ ᠠᠭᠤᠯᠭ᠎ᠠ ᠲᠠᠢ ᠪᠠᠶᠢᠳᠠᠭ ᠪᠤᠯ︖ ᠡᠨᠡ ᠲᠤᠬᠠᠢ ᠲᠤᠰᠬᠠᠢ ᠮᠡᠷᠭᠡᠵᠢᠯᠳᠡᠨ ᠤ ᠲᠠᠨᠢᠯᠴᠠᠭᠤᠯᠬᠤ ᠶᠢ ᠰᠤᠨᠤᠰᠤᠨ᠎ᠠ ᠤᠤ︕      ᠬᠦᠳᠡᠯᠮᠦᠷᠢ ᠶᠢᠨ ᠬᠢᠴᠢᠶᠡᠯ  ᠤᠨ ᠦᠨᠡᠯᠡᠯᠳᠡ  ᠶᠢᠨ ᠳ᠋ᠦᠩ ᠨᠢ ᠰᠤᠷᠭᠠᠭᠤᠯᠢ ᠳᠠᠪᠰᠢᠬᠤ   ᠲᠠᠢ ᠬᠤᠯᠪᠤᠬᠳᠠᠨ᠎ᠠ ᠤᠤ︖      ᠬᠦᠳᠡᠯᠮᠦᠷᠢ ᠶᠢᠨ ᠬᠢᠴᠢᠶᠡᠯ ᠤᠨ ᠦᠨᠡᠯᠡᠯᠳᠡ ᠨᠢ ᠭᠤᠤᠯᠳᠠᠭᠤ ᠬᠤᠶᠠᠷ ᠠᠭᠤᠯᠭ᠎ᠠ ᠲᠠᠢ ᠶᠤᠮ ᠪᠠᠶᠢᠨ᠎ᠠ᠃      ᠲᠤᠬᠠᠶᠢᠯᠠᠪᠠᠯ ᠨᠢᠭᠡ ᠳᠤ᠂ ᠬᠦᠳᠡᠯᠮᠦᠷᠢ ᠶᠢᠨ ᠬᠢᠴᠢᠶᠡᠯ ᠤᠨ ᠬᠦᠮᠦᠵᠢᠯ ᠬᠢᠬᠦ ᠶᠠᠪᠤᠴᠠ ᠳᠤ ᠶᠡᠷᠦᠩᠬᠡᠶᠢᠯᠡᠨ ᠦᠨᠡᠯᠡᠯᠳᠡ ᠬᠢᠬᠦ ᠶᠢ ᠴᠢᠩᠭᠠᠳᠬᠠᠨ᠎ᠠ᠃      ᠬᠤᠶᠠᠷ ᠲᠤ᠂ ᠬᠦᠳᠡᠯᠮᠦᠷᠢ  ᠶᠢᠨ ᠬᠢᠷᠢ ᠪᠤᠯᠪᠠᠰᠤᠷᠠᠯ  ᠤᠨ ᠦᠨᠡᠯᠡᠯᠬᠡ  ᠶᠢ ᠰᠤᠷᠤᠬᠴᠢ  ᠶᠢᠨ  ᠶᠡᠷᠦᠩᠬᠡᠶᠢᠯᠡᠭᠰᠡᠨ ᠬᠢᠷᠢ ᠪᠦᠳᠦᠮᠵᠢ ᠶᠢᠨ ᠦᠨᠡᠯᠡᠯᠳᠡ ᠶᠢᠨ ᠰᠢᠰᠲ᠋ᠧᠮ ᠳᠤ ᠤᠷᠤᠭᠤᠯᠵᠦ᠂ ᠡᠭᠦᠨ ᠢ ᠰᠤᠷᠤᠬᠴᠢ ᠶᠢᠨ ᠪᠦᠭᠦ ᠲᠠᠯ᠎ᠠ ᠶᠢᠨ ᠭᠦᠭᠵᠢᠯᠳᠡ ᠶᠢ ᠦᠨᠡᠯᠡᠬᠦ ᠴᠢᠬᠤᠯᠠ ᠠᠭᠤᠯᠭ᠎ᠠ ᠪᠤᠯᠭᠠᠵᠦ᠂ ᠰᠢᠯᠢᠳᠡᠭ ᠪᠠ ᠲᠡᠷᠢᠭᠦᠨ ᠤ ᠰᠤᠷᠤᠬᠴᠢ ᠶᠢ ᠦᠨᠡᠯᠡᠨ ᠰᠢᠯᠭᠠᠬᠤ ᠳᠤ ᠴᠢᠬᠤᠯᠠ ᠯᠠᠪᠯᠠᠯᠳᠠ ᠪᠤᠯᠭᠠᠬᠤ ᠶᠢᠨ ᠬᠠᠮᠳᠤ᠂ ᠰᠤᠷᠭᠠᠭᠤᠯᠢ ᠳᠠᠪᠰᠢᠬᠤ ᠳᠤ ᠴᠤ ᠴᠢᠬᠤᠯᠠ ᠯᠠᠪᠯᠠᠯᠳᠠ ᠪᠠ ᠪᠠᠷᠢᠮᠳᠠ ᠪᠤᠯᠭᠠᠬᠤ ᠶᠤᠮ ᠪᠠᠶᠢᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号