ᠬᠡᠦᠬᠡᠳ ᠪᠠᠭᠠᠴᠤᠳ ᠲᠤ ᠡᠶᠢᠮᠦ ᠦᠢᠯᠡᠴᠢᠯᠡᠭᠡ ᠬᠠᠩᠭᠠᠵᠤ ᠪᠣᠯᠬᠤ ᠦᠭᠡᠢ
ᠨᠡᠶᠢᠲᠡᠯᠡᠭᠰᠡᠨ ᠴᠠᠭ᠄
2022/7/5
     ᠨᠠᠰᠤᠨ ᠳᠤ ᠥᠯᠥ ᠭᠦᠷᠦᠭᠰᠡᠳ ᠤᠨ ᠪᠡᠶ᠎ᠡ ᠮᠠᠬᠠᠪᠤᠳ ᠤᠨ ᠡᠷᠡᠬᠦᠯ ᠮᠡᠨᠳᠦ ᠪᠠᠶᠢᠬᠤ ᠶᠢ ᠴᠢᠩᠭᠠᠳᠬᠠᠵᠤ᠂ ᠬᠡᠦᠬᠡᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠥᠨᠦᠬᠡᠨ ︽ᠨᠠᠰᠤᠨ ᠳᠤ ᠥᠯᠥ ᠭᠦᠷᠦᠭᠰᠡᠳ ᠤᠨ ᠪᠡᠶ᠎ᠡ ᠮᠠᠬᠠᠪᠤᠳ ᠤᠨ ᠵᠠᠰᠠᠯᠲᠠ ᠶᠢᠨ ᠠᠵᠢᠯ ᠤᠨ ᠠᠷᠭ᠎ᠠ︾᠎ ᠶᠢ ᠳᠠᠷᠤᠮᠠᠯᠯᠠᠨ ᠳᠠᠷᠬᠠᠭᠠᠯ᠎ᠠ᠃      ᠡᠨᠡ ︽ᠠᠷᠭ᠎ᠠ︾᠎ ᠳᠤ ᠵᠢᠭᠠᠬᠤ ᠳᠠᠭᠠᠨ᠂ ᠤᠯᠤᠰ᠂ ᠨᠡᠶᠢᠭᠡᠮ ᠨᠡᠶᠢᠲᠡ᠂ ᠰᠤᠷᠭᠠᠭᠤᠯᠢ ᠪᠣᠯᠣᠨ ᠭᠡᠷ ᠪᠦᠯᠢ ᠎ ᠶᠢᠨ ᠬᠢᠨ ᠨᠠᠰᠤᠨ ᠳᠤ ᠥᠯᠥ ᠬᠦᠷᠦᠭᠰᠡᠳ ᠢ ᠬᠠᠪᠰᠣᠷᠣᠨ ᠬᠦᠮᠦᠵᠢᠬᠦᠯᠵᠦ ᠪᠠᠶᠢᠭᠠᠳ ᠨᠡᠶᠢᠭᠡᠮ ᠵᠢᠷᠤᠮ ᠤᠨ ᠭᠤᠣᠯ ᠥᠷᠲᠡᠭ ᠤᠨ ᠦᠵᠡᠯᠲᠡ ᠶᠢ ᠪᠤᠶ ᠪᠣᠯᠭᠠᠬᠤ ᠪᠠ ᠦᠢᠯᠡᠳᠦᠯᠭᠡᠵᠢᠭᠦᠯᠵᠦ᠂ ᠪᠡᠶ᠎ᠡ ᠮᠠᠬᠠᠪᠤᠳ ᠲᠠᠭᠠᠨ ᠵᠢᠷᠤᠭ ᠰᠢᠪᠡᠬᠡᠰᠦ ᠰᠢᠪᠡᠬᠦ ᠶᠢᠨ ᠬᠤᠣᠷ ᠬᠥᠨᠥᠭᠡᠯ ᠢ ᠭᠦᠢᠴᠡᠳ ᠲᠠᠨᠢᠭᠤᠯᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠣᠯᠣᠨ ᠴᠢᠳᠠᠪᠤᠷᠢ ᠶᠢ ᠨᠢ ᠴᠢᠩᠭᠠᠷᠠᠭᠤᠯᠵᠤ᠂ ᠪᠡᠶ᠎ᠡ ᠮᠠᠬᠠᠪᠤᠳ ᠲᠠᠭᠠᠨ ᠵᠢᠷᠤᠭ ᠰᠢᠪᠡᠬᠡᠰᠦ ᠰᠢᠪᠡᠬᠦ ᠶᠢ ᠣᠬᠠᠭᠠᠯᠢᠭ ᠢᠶᠠᠷ ᠲᠡᠪᠴᠢᠬᠦ ᠬᠡᠷᠡᠭᠲᠡᠢ᠃ ᠳᠣᠮᠣᠴᠤᠳ ᠪᠤᠶᠤ ᠪᠤᠰᠤᠳ ᠬᠠᠷᠠᠭᠠᠯᠵᠠᠨ ᠬᠠᠮᠠᠭᠠᠯᠠᠭᠴᠢ ᠨᠠᠰᠤᠨ ᠳᠤ ᠦᠯᠦ ᠬᠦᠷᠦᠭᠰᠡᠦᠠ ᠤᠨ ᠪᠡᠶ᠎ᠡ ᠮᠠᠬᠠᠪᠤᠳ ᠲᠠᠭᠠᠨ ᠵᠢᠷᠤᠭ ᠰᠢᠪᠡᠬᠡᠰᠦ ᠰᠢᠪᠡᠬᠦ ᠪᠤᠳᠤᠯ ᠲᠠᠢ ᠪᠣᠯᠬᠤ ᠪᠠ ᠢᠩᠬᠢᠵᠦ ᠬᠢᠭᠰᠡᠨ ᠪᠠᠶᠢᠪᠠᠯ᠂ ᠴᠠᠭ ᠲᠤᠬᠠᠢ ᠳᠤᠨᠢ ᠢᠳᠬᠠᠨ ᠬᠤᠷᠢᠭᠯᠠᠬᠤ ᠬᠡᠷᠡᠭᠲᠡᠢ ᠬᠡᠵᠠᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号