4 ᠵᠢᠯ ᠪᠠᠶᠢᠭᠰᠠᠨ ᠢ 2 ᠵᠢᠯ ᠪᠣᠯᠭᠠᠨ ᠲᠣᠬᠢᠷᠠᠭᠤᠯᠪᠠ︕
ᠨᠡᠶᠢᠲᠡᠯᠡᠭᠰᠡᠨ ᠴᠠᠭ᠄
2022/8/15
     ᠣᠶᠢᠷ᠎ᠠ ᠳᠤ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠰᠤᠷᠭᠠᠨ  ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠣᠯᠤᠭᠰᠠᠨ  ᠬᠠᠮᠲᠤ  ᠪᠠ  ᠬᠤᠪᠢ  ᠬᠥᠮᠦᠨ ᠢ  ᠱᠠᠩᠨᠠᠨ  ᠬᠥᠬᠢᠭᠦᠯᠵᠦ᠂  ᠰᠤᠷᠭᠠᠨ  ᠬᠥᠮᠦᠵᠢᠯ ᠤᠨ  ᠠᠵᠢᠯᠲᠠᠳ ᠢ  ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠣᠭ ᠰᠠᠨᠠᠭ᠎ᠠ ᠪᠠᠨ ᠥᠯᠥ ᠮᠠᠷᠲᠠᠵᠦ᠂ ᠨᠠᠮ ᠤᠨ  ᠲᠥᠯᠥᠭᠡ  ᠬᠥᠮᠦᠨ  ᠬᠥᠮᠦᠵᠢᠭᠦᠯᠬᠦ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂  ᠰᠤᠷᠭᠠᠨ  ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠦᠢᠯᠡᠳᠦᠯᠭᠡ ᠶᠢᠨ ᠰᠤᠳᠤᠯᠭᠠᠨ ᠢ ᠢᠳᠡᠪᠬᠢᠲᠡᠶ ᠬᠢᠬᠦ  ᠶᠢ  ᠵᠣᠷᠢᠭᠵᠢᠭᠤᠯᠬᠤ ᠎ ᠶᠢᠨ ᠲᠤᠰᠠᠳᠠ᠂  ᠥᠪᠡᠷᠲᠡᠭᠡᠨ  ᠵᠠᠰᠠᠬᠤ  ᠣᠷᠣᠨ ᠤ  ᠰᠤᠷᠭᠠᠨ  ᠬᠥᠮᠦᠵᠢᠯ ᠤᠨ  ᠲᠢᠩᠬᠢᠮ ᠠᠴᠠ  ︽ᠥᠪᠥᠷ  ᠮᠣᠩᠭᠤᠯ ᠎ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ  ᠪᠦᠲᠦᠭᠡᠯ ᠢ ᠱᠠᠩᠨᠠᠨ ᠬᠥᠬᠢᠭᠦᠯᠬᠦ ᠬᠡᠷᠡᠭᠵᠢᠭᠦᠯᠬᠦ ᠠᠷᠭ᠎ᠠ  ︵ᠲᠤᠷᠰᠢᠨ ᠬᠡᠷᠡᠭᠵᠢᠭᠦᠯᠬᠦ︶︾ ︵ᠳᠣᠷᠣᠭᠰᠢ  ︽ᠠᠷᠭ᠎ᠠ︾  ᠭᠡᠵᠦ  ᠲᠣᠪᠴᠢᠯᠠᠨ᠎ᠠ︶᠎ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ᠃              ︽ᠠᠷᠭ᠎ᠠ︾᠎ ᠳᠤ  ᠥᠪᠡᠷᠲᠡᠭᠡᠨ  ᠵᠠᠰᠠᠬᠤ  ᠣᠷᠣᠨ ᠤ  ᠳᠡᠭᠡᠳᠦ  ᠵᠡᠷᠭᠡ ᠶᠢᠨ ᠰᠤᠷᠭᠠᠨ ᠬᠥᠮᠦᠵᠢᠯ‌‍ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠢ ᠬᠢᠨᠠᠨ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ ᠥᠩᠭᠡᠷᠡᠭᠰᠡᠨ  ᠎ ᠤ  4 ᠵᠢᠯ ᠳᠤ ᠨᠢᠭᠡ ᠤᠳᠠᠭ᠎ᠠ ᠬᠢᠨᠠᠨ ᠲᠣᠭᠲᠠᠭᠠᠵᠤ ᠪᠠᠶᠢᠭᠰᠠᠨ  ᠎ ᠢ  2  ᠵᠢᠯ ᠳᠤ  ᠨᠢᠭᠡ  ᠤᠳᠠᠭ᠎ᠠ  ᠬᠢᠨᠠᠨ  ᠲᠣᠭᠲᠠᠭᠠᠬᠤ  ᠪᠣᠯᠭᠠᠨ ᠲᠣᠬᠢᠷᠠᠭᠤᠯᠪᠠ᠃ ᠡᠭᠦᠨ ᠤ ᠬᠠᠮᠲᠤ᠂  ︽ᠠᠷᠭ᠎ᠠ︾᠎ ᠳᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠢ ᠲᠠᠨᠢᠯᠴᠠᠭᠤᠯᠬᠤ᠂ ᠬᠢᠨᠠᠨ ᠲᠣᠭᠲᠠᠭᠠᠬᠤ ᠪᠠ ᠱᠠᠩᠨᠠᠯ ᠣᠯᠭᠤᠬᠤ ᠠᠵᠢᠯ ᠳᠤ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠬᠤ ᠶᠢᠨ ᠬᠠᠮᠲᠤ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠡᠶᠢᠰᠢ ᠬᠡᠯᠪᠠᠶᠢᠯᠭᠡᠬᠦ ᠶᠢ  ᠪᠠᠷᠢᠮᠲᠠᠯᠠᠵᠤ᠂  ᠣᠲᠣ ᠶᠢᠨ ᠪᠠᠶᠢᠭ᠎ᠠ ᠰᠤᠷᠭᠠᠭᠤᠯᠢ ᠶᠢᠨ ᠤᠳᠤᠷᠢᠳᠤᠯᠭ᠎ᠠ ᠶᠢᠨ ᠡᠷᠭᠢᠯᠡᠨ ᠮᠡᠳᠡᠭᠦᠯᠦᠭᠰᠡᠨ  ᠵᠢᠭᠠᠨ  ᠰᠤᠷᠭᠠᠯᠲᠠ ᠶᠢᠨ  ᠦᠷ᠎ᠡ  ᠪᠦᠲᠦᠭᠡᠯ ᠤᠨ ᠲᠠᠨᠢᠯᠴᠠᠭᠤᠯᠭ᠎ᠠ ᠶᠢᠨ ᠲᠤᠭ᠎ᠠ ᠬᠡᠮᠵᠢᠶ᠎ᠡ ᠶᠢ ᠲᠣᠰ ᠰᠤᠷᠭᠠᠭᠤᠯᠢ ᠶᠢᠨ  ᠲᠠᠨᠢᠯᠴᠠᠭᠤᠯᠬᠤ  ᠬᠢᠵᠠᠭᠠᠷ  ᠲᠤᠭ᠎ᠠ ᠶᠢᠨ  25  %᠎ ᠶᠢᠨ ᠳᠣᠲᠣᠷ᠎ᠠ ᠴᠢᠩᠭ᠎ᠠ ᠬᠢᠵᠠᠭᠠᠷᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号