ᠣᠶᠢᠷ᠎ᠠ ᠳᠤ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠦᠷ᠎ᠡ ᠪᠦᠲᠦᠭᠡᠯ ᠣᠯᠤᠭᠰᠠᠨ ᠬᠠᠮᠲᠤ ᠪᠠ ᠬᠤᠪᠢ ᠬᠥᠮᠦᠨ ᠢ ᠱᠠᠩᠨᠠᠨ ᠬᠥᠬᠢᠭᠦᠯᠵᠦ᠂ | ᠰᠤᠷᠭᠠᠨ ᠬᠥᠮᠦᠵᠢᠯ ᠤᠨ ᠠᠵᠢᠯᠲᠠᠳ ᠢ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠣᠭ ᠰᠠᠨᠠᠭ᠎ᠠ ᠪᠠᠨ | ᠥᠯᠥ ᠮᠠᠷᠲᠠᠵᠦ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ ᠤᠯᠤᠰ ᠤᠨ ᠲᠥᠯᠥᠭᠡ ᠴᠢᠳᠠᠪᠤᠷᠢᠲᠠᠨ | ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠪᠠ ᠦᠢᠯᠡᠳᠦᠯᠭᠡ ᠶᠢᠨ ᠰᠤᠳᠤᠯᠭᠠᠨ ᠢ ᠢᠳᠡᠪᠬᠢᠲᠡᠶ ᠬᠢᠬᠦ ᠶᠢ ᠵᠣᠷᠢᠭᠵᠢᠭᠤᠯᠬᠤ | ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠦᠷ᠎ᠡ ᠪᠦᠲᠦᠭᠡᠯ ᠢ ᠱᠠᠩᠨᠠᠨ ᠬᠥᠬᠢᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ | ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ᠃ | ︽ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯᠤᠨ | ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠢ ᠬᠢᠨᠠᠨ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ | ᠥᠩᠭᠡᠷᠡᠭᠰᠡᠨ ᠤ 4 ᠵᠢᠯ ᠳᠤ ᠨᠢᠭᠡ ᠤᠳᠠᠭ᠎ᠠ ᠬᠢᠨᠠᠨ ᠲᠣᠭᠲᠠᠭᠠᠵᠤ ᠪᠠᠶᠢᠭᠰᠠᠨ ᠢ 2 ᠵᠢᠯ ᠳᠤ ᠨᠢᠭᠡ | ᠤᠳᠠᠭ᠎ᠠ ᠬᠢᠨᠠᠨ ᠲᠣᠭᠲᠠᠭᠠᠬᠤ ᠪᠣᠯᠭᠠᠨ ᠲᠣᠬᠢᠷᠠᠭᠤᠯᠪᠠ᠃ ᠡᠭᠦᠨ ᠤ ᠬᠠᠮᠲᠤ᠂ ︽ᠠᠷᠭ᠎ᠠ︾ ᠳᠤ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠢ ᠲᠠᠨᠢᠯᠴᠠᠭᠤᠯᠬᠤ᠂ ᠬᠢᠨᠠᠨ ᠲᠣᠭᠲᠠᠭᠠᠬᠤ | ᠪᠠ ᠱᠠᠩᠨᠠᠯ ᠣᠯᠭᠤᠬᠤ ᠠᠵᠢᠯ ᠳᠤ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠬᠤ ᠶᠢᠨ ᠬᠠᠮᠲᠤ ᠵᠢᠭᠠᠨ | ᠰᠤᠷᠭᠠᠯᠲᠠ ᠶᠢᠨ ᠨᠢᠭᠡᠳᠦᠭᠡᠷ ᠹᠷᠣᠨᠲ ᠲᠡᠶᠢᠰᠢ ᠬᠡᠯᠪᠠᠶᠢᠯᠭᠡᠬᠦ ᠶᠢ ᠪᠠᠷᠢᠮᠲᠠᠯᠠᠵᠤ᠂ ᠣᠲᠣ ᠶᠢᠨ ᠪᠠᠶᠢᠭ᠎ᠠ | ᠰᠤᠷᠭᠠᠭᠤᠯᠢ ᠶᠢᠨ ᠤᠳᠤᠷᠢᠳᠤᠯᠭ᠎ᠠ ᠶᠢᠨ ᠡᠷᠭᠢᠯᠡᠨ ᠮᠡᠳᠡᠭᠦᠯᠦᠭᠰᠡᠨ ᠵᠢᠭᠠᠨ ᠰᠤᠷᠭᠠᠯᠲᠠ ᠶᠢᠨ ᠦᠷ᠎ᠡ | ᠪᠦᠲᠦᠭᠡᠯ ᠤᠨ ᠲᠠᠨᠢᠯᠴᠠᠭᠤᠯᠭ᠎ᠠ ᠶᠢᠨ ᠲᠤᠭ᠎ᠠ ᠬᠡᠮᠵᠢᠶ᠎ᠡ ᠶᠢ ᠲᠣᠰ ᠰᠤᠷᠭᠠᠭᠤᠯᠢ ᠶᠢᠨ ᠲᠠᠨᠢᠯᠴᠠᠭᠤᠯᠬᠤ ᠬᠢᠵᠠᠭᠠᠷ | ᠲᠤᠭ᠎ᠠ ᠶᠢᠨ 25 % ᠶᠢᠨ ᠳᠣᠲᠣᠷ᠎ᠠ ᠴᠢᠩᠭ᠎ᠠ ᠬᠢᠵᠠᠭᠠᠷᠯᠠᠬᠤ ᠬᠡᠷᠡᠭᠲᠡᠶ ᠭᠡᠵᠦ ᠴᠢᠬᠤᠯᠠᠴᠢᠯᠠᠪᠠ᠃ |