︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/8/23
         ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠳᠤ ᠲᠠᠶᠢᠯᠤᠮᠵᠢ ᠬᠢᠶ᠎ᠡ᠃      ᠨᠢᠭᠡ᠂ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠭᠰᠡᠨ ᠠᠬᠤᠶ ᠪᠠᠶᠢᠳᠠᠯ      ᠡᠮᠴᠢᠯᠡᠭᠡᠨ ᠤ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠠᠶᠢᠵᠤ᠂ ᠡᠮᠴᠢᠯᠡᠭᠡᠨ ᠤ ᠡᠬᠢ ᠪᠠᠶᠠᠯᠢᠭ ᠤᠨ ᠵᠣᠬᠢᠰᠲᠠᠢ ᠲᠤᠬᠢᠷᠠᠭᠤᠯᠤᠯᠳᠠ ᠶᠢ ᠵᠣᠬᠢᠴᠠᠭᠤᠯᠬᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠳᠡᠭ᠃ ᠡᠮᠴᠢᠯᠡᠭᠡᠨ ᠤ ᠳᠠᠭᠠᠳᠬᠠᠯ ᠤᠨ ᠡᠭᠦᠷᠭᠡ ᠴᠢᠳᠠᠪᠬᠢ ᠪᠠ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠳᠠᠭᠠᠳᠬᠠᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠤᠯᠠᠮ ᠴᠢᠨᠠᠭᠰᠢᠲᠠ ᠪᠦᠷᠢᠨᠰᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠮᠥᠨ ᠴᠤ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮᠴᠢᠯᠡᠭᠡ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠶᠤᠮ᠃ ︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ︽ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠭᠰᠠᠨ ᠪᠠᠶᠢᠨ᠎ᠠ᠃      ᠬᠤᠶᠠᠷ᠂ ︽ᠠᠷᠭ᠎ᠠ ᠬᠡᠮᠵᠢᠶ᠎ᠡ ᠨᠦᠭᠦᠳ︾ ᠤᠨ ᠭᠤᠣᠯ ᠠᠭᠤᠯᠭ᠎ᠠ      ︽ᠠᠷᠭ᠎ᠠ ᠬᠡᠮᠵᠢᠶ᠎ᠡ ᠨᠦᠭᠦᠳ︾ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠠᠯ᠎ᠠ ᠪᠠᠷ᠂ ᠭᠤᠤᠯᠳᠠᠭᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠯᠴᠠᠭ᠎ᠠ ᠶᠢ ᠪᠦᠷᠢᠨᠰᠢᠭᠦᠯᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠤ ᠳᠣᠭᠢᠷᠠᠭᠰᠠᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠵᠡᠷᠭᠡ ᠶᠢ ᠳᠤᠷᠠᠳᠪᠠ᠃ ᠡᠭᠦᠨ ᠤ ᠬᠠᠮᠲᠤ᠂ ᠰᠠᠭᠤᠷᠢ ᠮᠥᠩᠭᠦᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠢᠴᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠪᠣᠳᠠᠲᠠᠶ ᠱᠠᠭᠠᠷᠳᠠᠯᠭ᠎ᠠ ᠳᠤᠷᠠᠳᠴᠠᠢ᠃      ᠭᠤᠷᠪᠠ᠂ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ ᠲᠠᠯ᠎ᠠ ᠪᠠᠷ      ᠨᠢᠭᠡ᠂ ᠨᠥᠬᠦᠴᠡᠯ ᠳᠤ ᠨᠡᠶᠢᠴᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠡᠷᠭᠡ ᠶᠢ ᠴᠠᠭ ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠵᠥᠪᠳᠡᠯᠴᠡᠬᠡᠷ ᠤᠨ ᠬᠠᠮᠢᠶᠠᠷᠤᠯᠲᠠ ᠳᠤ ᠣᠷᠣᠭᠤᠯᠤᠨ᠎ᠠ︔ ᠬᠤᠶᠠᠷ᠂ ᠨᠥᠬᠦᠴᠡᠯ ᠳᠤ ᠨᠡᠶᠢᠴᠡᠬᠦ ᠴᠡᠭ ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠢ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠴᠡᠭ ᠲᠣᠭᠲᠠᠭᠠᠭᠰᠠᠨ ᠬᠡᠪᠴᠢᠶᠡᠨ ᠳᠤ ᠴᠠᠭ ᠲᠤᠬᠠᠶ ᠳᠤ ᠨᠢ ᠣᠷᠣᠭᠤᠯᠤᠨ᠎ᠠ︔ ᠭᠤᠷᠪᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠢᠨᠲ᠋ᠧᠷ ᠰᠦᠯᠵᠢᠶᠡᠨ ᠳᠡᠭᠡᠷ᠎ᠡ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠦᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠢ ᠴᠠᠭ ᠲᠤᠬᠠᠶ ᠳᠤ ᠨᠢ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠴᠡᠭ ᠲᠣᠭᠲᠠᠭᠠᠭᠰᠠᠨ ᠬᠡᠪᠴᠢᠶᠡᠨ ᠳᠤ ᠣᠷᠣᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠡᠷᠬᠡ ᠲᠡᠭᠰᠢ ᠪᠠᠷ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃      ᠳᠥᠷᠪᠡ᠂ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ ᠲᠠᠯ᠎ᠠ ᠪᠠᠷ      ᠨᠢᠭᠡ᠂ ᠤᠯᠤᠰ ᠠᠴᠠ ᠲᠣᠭᠲᠠᠭᠠᠭᠰᠠᠨ ᠳᠣᠭᠢᠷᠠᠭᠤᠯᠬᠤ ᠡᠷᠬᠡ ᠶᠢᠨ ᠬᠢᠵᠠᠭᠠᠷ ᠪᠠ ᠲᠠᠰ ᠳᠠᠷᠠᠭᠠᠯᠠᠯ ᠤᠨ ᠶᠣᠰᠣᠭᠠᠷ᠂ ᠨᠥᠬᠦᠴᠡᠯ ᠳᠤ ᠨᠡᠶᠢᠴᠡᠬᠦ ᠮᠣᠩᠭᠤᠯ ᠪᠡᠯᠡᠨ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠡᠮ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠬᠤ ᠡᠮ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠬᠤᠭᠤᠷᠣᠨᠳᠣ ᠳᠣᠭᠢᠷᠠᠭᠤᠯᠤᠨ ᠬᠡᠷᠡᠭᠯᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠨᠠᠶᠢᠷᠠᠯᠭ᠎ᠠ ᠶᠢ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠤᠭᠠᠲᠤ ᠴᠣᠭᠴᠠ ᠶᠢᠨ ᠳᠣᠲᠤᠭᠠᠳᠤ ᠳᠠᠬᠢ ᠪᠠᠶᠢᠭᠤᠯᠤᠮᠵᠢ ᠨᠤᠭᠤᠳ ᠤᠨ ᠬᠤᠭᠤᠷᠣᠨᠳᠣ ᠳᠣᠭᠢᠷᠠᠭᠤᠯᠤᠨ ᠬᠡᠷᠡᠭᠯᠡᠵᠦ ᠪᠣᠯᠬᠤ ᠪᠥᠭᠡᠳ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠬᠤᠶᠠᠷ᠂ ᠡᠮᠴᠢᠯᠡᠭᠡᠨ ᠤ ᠦᠷ᠎ᠡ ᠳ᠋ᠦᠩ ᠨᠢ ᠣᠨᠣᠪᠴᠢᠲᠠᠶ ᠪᠥᠭᠡᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠠᠪᠠᠭᠤᠯᠢᠭ ᠣᠨᠴᠠᠯᠢᠭ ᠢ ᠬᠠᠷᠠᠭᠤᠯᠤᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠣᠬᠢᠷᠠᠮᠵᠢᠲᠠᠢ ᠮᠡᠷᠭᠡᠵᠢᠯ ᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠭᠤᠷᠪᠠ᠂ ᠬᠦᠨᠳᠦ ᠶᠡᠭᠡ ᠬᠢᠵᠢᠭ ᠢ ᠰᠡᠷᠭᠡᠶᠢᠯᠡᠨ ᠵᠠᠰᠠᠬᠤ ᠦᠶᠡᠰ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠢᠳᠡᠪᠬᠢ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠢᠵᠢᠭ ᠢ ᠣᠨᠣᠰᠢᠯᠠᠨ ᠡᠮᠴᠢᠯᠡᠬᠦ ᠵᠢᠷᠤᠮᠵᠢᠯ ᠳᠤ ᠨᠡᠶᠢᠴᠡᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠠᠷᠤᠳᠠᠯ ᠢ ᠲᠣᠭᠲᠠᠭᠠᠯ ᠶᠣᠰᠣᠭᠠᠷ ᠲᠦᠷ ᠴᠠᠭ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃      ᠲᠠᠪᠤ᠂ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠯᠴᠠᠭ᠎ᠠ ᠶᠢ ᠪᠦᠷᠢᠨᠰᠢᠭᠦᠯᠬᠦ ᠲᠠᠯ᠎ᠠ ᠪᠠᠷ      ᠨᠢᠭᠡ᠂ ᠬᠠᠷᠠᠯᠲᠠ ᠪᠠᠷ ᠤᠳᠤᠷᠢᠳᠤᠮᠵᠢ ᠪᠣᠯᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠨ᠎ᠡ ᠬᠠᠩᠰᠢ ᠶᠢᠨ ᠲᠥᠷᠥᠯ ᠵᠦᠢᠯ ᠢ ᠪᠠᠶᠠᠯᠢᠭᠵᠢᠭᠤᠯᠤᠨ᠎ᠠ᠃ ᠡᠷᠲᠡᠨ ᠤ ᠰᠣᠩᠭᠤᠳᠠᠭ ᠪᠦᠲᠦᠭᠡᠯ ᠤᠳ ᠠᠴᠠ ᠢᠷᠡᠯᠲᠡ ᠲᠠᠢ᠂ ᠣᠲᠣ ᠬᠦᠷᠲᠡᠯ᠎ᠡ ᠥᠷᠭᠡᠨ ᠢᠶᠠᠷ ᠬᠡᠷᠡᠭᠯᠡᠭᠰᠡᠭᠡᠷ ᠪᠠᠶᠢᠭ᠎ᠠ᠂ ᠡᠮᠴᠢᠯᠡᠭᠡᠨ ᠤ ᠦᠷ᠎ᠡ ᠳ᠋ᠦᠩ ᠣᠨᠣᠪᠴᠢᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠯᠲᠤ ᠮᠡᠷᠭᠡᠵᠢᠯ ᠵᠢᠴᠢ ᠰᠢᠨ᠎ᠡ ᠶᠢ ᠡᠭᠦᠳᠬᠦ ᠴᠢᠨᠠᠷᠲᠠᠶ᠂ ᠠᠵᠤ ᠠᠬᠤᠶ ᠶᠢᠨ ᠴᠢᠨᠠᠷᠲᠠᠶ ᠳᠠᠪᠠᠭᠤᠯᠢᠭ ᠢᠶᠠᠷ ᠲᠣᠪᠤᠶᠢᠮ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨ᠎ᠡ ᠮᠡᠷᠭᠡᠵᠢᠯ ᠳᠤ᠂ ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠷᠥᠯ ᠵᠦᠢᠯ ᠤᠨ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠳᠥᠭᠦᠮᠴᠢᠯᠡᠵᠦ᠂ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ ᠥᠭᠭᠦᠨ᠎ᠡ᠃ ᠬᠤᠶᠠᠷ᠂ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠬᠤᠷᠴᠠ ᠰᠡᠷᠭᠡᠭ ᠪᠥᠭᠡᠳ ᠪᠠᠷᠢᠮᠵᠢᠶᠠᠲᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠶᠢᠨ ᠳᠠᠭᠠᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠭᠤᠤᠯᠳᠠᠯᠭ᠎ᠠ ᠲᠠᠢ ᠪᠣᠳᠣᠯᠬᠢᠯᠠᠨ᠎ᠠ᠃ ᠭᠤᠷᠪᠠ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠠᠪᠴᠠᠩ ᠠᠴᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠬᠤ ᠡᠮ ᠢ ᠬᠤᠳᠠᠯᠳᠤᠨ ᠠᠪᠤᠭᠰᠠᠨ ᠤ ᠳᠠᠷᠠᠭ᠎ᠠ᠂ ᠣᠷᠤᠭᠤᠯᠤᠭᠰᠠᠨ ᠪᠣᠳᠠᠲᠠᠶ ᠦᠨ᠎ᠡ ᠶᠢ ᠴᠢᠩᠭ᠎ᠠ ᠵᠢᠷᠤᠮᠯᠠᠨ 25% ᠠᠴᠠ ᠬᠡᠲᠦᠷᠡᠭᠦᠯᠬᠦ ᠥᠬᠡᠶ ᠪᠠᠷ ᠦᠨ᠎ᠡ ᠨᠡᠮᠡᠵᠤ ᠪᠣᠷᠣᠯᠠᠭᠤᠯᠤᠨ᠎ᠠ᠃ ᠬᠢᠲᠠᠳ ᠪᠡᠯᠡᠨ ᠡᠮ ︵ᠮᠣᠩᠭᠤᠯ ᠪᠡᠯᠡᠨ ᠡᠮ︶ ᠢ ᠣᠷᠣᠭᠤᠯᠤᠭᠰᠠᠨ ᠪᠣᠳᠠᠲᠠᠶ ᠦᠨ᠎ᠡ ᠶᠢᠨ ︽ᠵᠥᠷᠢᠶ᠎ᠡ ᠥᠬᠡᠶ ᠨᠣᠷᠮ᠎ᠠ︾ ᠶᠣᠰᠣᠭᠠᠷ ᠪᠣᠷᠤᠯᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠨᠣᠮᠣᠬᠠᠳᠬᠠᠨ ᠬᠡᠷᠡᠭᠯᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠤᠨ ᠴᠢᠨᠠᠬᠤ ᠡᠮ ᠪᠠ ᠨᠠᠶᠢᠷᠠᠭᠤᠯᠤᠭᠰᠠᠨ ᠨᠠᠶᠢᠷᠠᠯᠭ᠎ᠠ ᠶᠢᠨ ᠦᠨ᠎ᠡ ᠶᠢ ᠡᠮᠴᠢᠯᠡᠭᠡᠨ ᠤ ᠪᠠᠶᠢᠭᠤᠯᠤᠮᠵᠢ ᠥᠪᠡᠷᠲᠡᠭᠡᠨ ᠲᠣᠭᠲᠠᠭᠠᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠳᠤ ᠣᠷᠣᠭᠤᠯᠤᠨ ᠰᠦᠯᠵᠢᠶᠡᠨ ᠳᠡᠭᠡᠷ᠎ᠡ ᠬᠤᠳᠠᠯᠳᠤᠵᠤ᠂ ᠠᠷᠠᠯᠵᠢᠶ᠎ᠠ ᠶᠢᠨ ᠢᠯᠡ ᠲᠣᠳᠣ ᠪᠠᠶᠢᠬᠤ ᠶᠢ ᠠᠬᠢᠭᠤᠯᠤᠨ᠎ᠠ᠃      ᠵᠢᠷᠭᠤᠭ᠎ᠠ᠂ ᠲᠣᠭᠠᠴᠠᠭ᠎ᠠ ᠬᠢᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠬᠦ ᠲᠠᠯ᠎ᠠ ᠪᠠᠷ      ᠨᠢᠭᠡ᠂ ᠡᠮᠴᠢᠯᠡᠭᠡᠨ ᠤ ᠳᠠᠭᠠᠳᠬᠠᠯ ᠤᠨ ᠶᠡᠷᠦᠩᠬᠡᠶ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠶᠡᠷᠦᠩᠬᠡᠶ ᠲᠥᠰᠦᠪ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠲᠣᠯᠤᠭᠠᠶᠢᠯᠠᠨ ᠪᠠᠶᠢᠭᠤᠯᠤᠭᠰᠠᠨ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠤᠭᠠᠲᠤ ᠴᠣᠭᠴᠠ ᠶᠢ ᠵᠣᠬᠢᠬᠤ ᠬᠡᠮᠵᠢᠶ᠎ᠡ ᠪᠠᠷ ᠬᠠᠷᠠᠭᠠᠯᠵᠠᠨ᠎ᠠ᠃ ᠬᠤᠶᠠᠷ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠲᠥᠷᠥᠯ ᠳᠤ ᠡᠪᠡᠳᠴᠢᠨ ᠤ ᠲᠥᠷᠥᠯ ᠤᠨ ᠨᠣᠭᠳᠠᠬᠤ ᠦᠷᠲᠡᠭ ︵DIP︶ ᠵᠢᠴᠢ ᠡᠪᠡᠳᠴᠢᠨ ᠡᠮᠭᠡᠭ ᠢ ᠣᠨᠣᠰᠢᠯᠠᠭᠰᠠᠨ ᠬᠠᠮᠢᠶ᠎ᠠ ᠪᠥᠬᠦᠶ ᠠᠩᠭᠢᠯᠠᠯ ︵DRG︶ ᠢ ᠨᠢ ᠦᠨᠳᠦᠰᠦᠯᠡᠨ ᠲᠣᠭᠠᠴᠠᠭ᠎ᠠ ᠬᠢᠬᠦ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠲᠥᠷᠥᠯ ᠤᠨ ᠢᠯᠡᠳᠬᠡᠮᠵᠢ ᠶᠢ ᠵᠣᠬᠢᠰᠲᠠᠶ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠬᠦ ᠳᠤ ᠴᠢᠳᠠᠮᠠᠭᠠᠢ ᠡᠪᠡᠳᠴᠢᠨ ᠤ ᠲᠥᠷᠥᠯ ᠢ ᠰᠢᠭᠰᠢᠨ ᠰᠣᠩᠭᠤᠵᠤ᠂ ᠧᠦ᠋ᠷᠣᠫᠠ ᠡᠮᠨᠡᠯᠭᠡ ᠳᠤ ᠣᠨᠣᠰᠢᠯᠠᠨ ᠡᠮᠴᠢᠯᠡᠬᠦ ︽ᠠᠳᠠᠯᠢ ᠲᠥᠷᠦᠯ ᠤᠨ ᠡᠪᠡᠳᠴᠢᠨ ᠢ ᠠᠳᠠᠯᠢ ᠦᠷ᠎ᠡ ᠠᠰᠢᠭ ᠲᠠᠢ᠂ ᠠᠳᠠᠯᠢ ᠦᠨ᠎ᠡ ᠬᠠᠩᠰᠢ ᠪᠠᠷ ᠡᠮᠴᠢᠯᠡᠬᠦ︾ ᠶᠢ ᠬᠡᠷᠡᠭᠵᠢᠭᠦᠯᠦᠨ᠎ᠡ᠃ ᠭᠤᠷᠪᠠ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠬᠡᠷ ᠪᠦᠯᠢ ᠶᠢᠨ ᠡᠮᠴᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠳᠡᠮᠵᠢᠨ ᠵᠣᠷᠢᠭᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢ ᠪᠠ ᠨᠥᠬᠦᠴᠡᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠭᠠᠵᠠᠷ ᠠᠴᠠ ᠪᠦᠯᠬᠦᠮ ᠵᠣᠬᠢᠶᠠᠨ ᠪᠠᠶᠢᠭᠤᠯᠵᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ ᠳᠥᠷᠪᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠲᠣᠯᠤᠭᠠᠶᠢᠯᠠᠨ ᠪᠠᠶᠢᠵᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠤᠭᠠᠲᠤ ᠴᠣᠭᠴᠠ ᠪᠠᠶᠢᠭᠤᠯᠬᠤ ᠶᠢ ᠳᠡᠮᠵᠢᠨ᠎ᠡ᠃      ᠳᠣᠯᠤᠭ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ      ᠨᠢᠭᠡ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠬᠡᠪᠰᠢᠭᠰᠡᠨ ᠲᠣᠭᠲᠠᠴᠠ ᠶᠢ ᠲᠡᠭᠦᠯᠳᠡᠷᠵᠢᠭᠦᠯᠵᠤ᠂ ᠴᠡᠭ ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶  ᠶᠢᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠬᠤᠳᠠᠯ ᠬᠠᠭᠤᠷᠮᠠᠭ ᠢᠶᠠᠷ ᠡᠮᠴᠢᠯᠡᠬᠦ᠂ ᠬᠠᠭᠤᠷᠮᠠᠭᠯᠠᠨ ᠡᠮᠨᠡᠯᠭᠡ ᠳᠤ ᠰᠠᠭᠤᠯᠭᠠᠬᠤ᠂ ᠬᠤᠳᠠᠯ ᠢᠶᠠᠷ ᠡᠮ ᠬᠤᠳᠠᠯᠳᠤᠬᠤ᠂ ᠣᠨᠣᠰᠢᠯᠠᠨ ᠡᠮᠨᠡᠬᠦ ᠲᠥᠷᠥᠯ ᠵᠦᠢᠯ ᠢ ᠬᠤᠳᠠᠯ ᠢᠶᠠᠷ ᠡᠷᠬᠢᠯᠡᠬᠦ ᠵᠡᠷᠭᠡ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠨᠤᠭᠤᠳ ᠢ ᠰᠡᠷᠭᠡᠶᠢᠯᠡᠨ᠎ᠡ᠃ ᠬᠤᠶᠠᠷ᠂ ᠶᠡᠷᠦᠩᠬᠡᠶᠢᠯᠡᠨ ᠬᠢᠨᠠᠨ ᠬᠠᠮᠢᠶᠠᠷᠬᠤ ᠲᠦᠷᠢᠮ ᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠣᠨᠴᠠᠯᠢᠭ ᠲᠤ ᠴᠢᠭᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠬᠢᠭᠡᠳ ᠬᠢᠲᠠᠳ ᠡᠮ ᠡᠮᠨᠡᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠨ ᠬᠠᠷᠢᠯᠴᠠᠨ ᠬᠠᠮᠵᠢᠯᠴᠠᠵᠤ᠂ ᠬᠠᠮᠵᠢᠯᠴᠠᠨ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠦᠷᠢᠮ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号