︽ᠰᠢᠯᠢ ᠶᠢᠨ ᠭᠤᠤᠯ  ᠠᠶᠢᠮᠠᠭ  ᠤᠨ ᠮᠠᠯᠵᠢᠬᠤ  ᠲᠠᠷᠢᠶᠠᠯᠠᠬᠤ  ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ  ᠰᠢᠰᠲ᠋ᠧᠮ ᠎ ᠤᠨ  ᠪᠠᠶᠢᠭᠤᠯᠤᠯᠲᠠ ᠶᠢᠨ  ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/8/25
      ᠰᠢᠯᠢ ᠵᠠᠬᠢᠷᠭ᠎ᠠ ᠠᠯᠪᠠᠨ ᠲᠠᠷᠬᠠᠭᠠᠭᠰᠠᠨ  ﹇2022﹈  67 ᠳ᠋ᠤᠭᠠᠷ ᠲᠣᠭᠠᠲᠤ︽ᠰᠢᠯᠢ ᠶᠢᠨ ᠭᠤᠤᠯ ᠠᠶᠢᠮᠠᠭ ᠤᠨ ᠮᠠᠯᠵᠢᠬᠤ  ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ  ᠎ ᠤᠨ  ᠪᠠᠶᠢᠭᠤᠯᠤᠯᠲᠠ ᠶᠢᠨ  ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ    ᠡᠯ᠎ᠡ ᠬᠤᠰᠢᠭᠤ ᠰᠢᠶᠠᠨ ᠬᠤᠲᠠ ︵ᠤᠷᠤᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠤᠯᠪᠣᠭᠳᠠᠯ ᠪᠥᠬᠦᠶ ᠬᠡᠯᠳᠡᠰ᠂ ᠵᠥᠪᠯᠡᠯ᠂ ᠠᠯᠪᠠᠨ ᠬᠡᠷ᠂ ᠲᠤᠪᠴᠢᠶᠠᠨ ᠳᠤ᠄      ︽ᠰᠢᠯᠢ ᠶᠢᠨ ᠭᠤᠤᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠵᠢᠯᠣᠭᠤᠳᠬᠤ ᠰᠠᠨᠠᠯ︾᠎ ᠢ  ᠵᠠᠬᠢᠷᠭ᠎ᠠ ᠠᠴᠠ ᠨᠢᠭᠡᠨᠲᠡ ᠰᠤᠳᠤᠯᠤᠨ ᠵᠥᠪᠰᠢᠶᠡᠷᠡᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠳᠣᠤᠷᠠᠬᠢ ᠮᠡᠲᠦ ᠱᠠᠭᠠᠷᠳᠠᠯᠭ᠎ᠠ ᠳᠤᠷᠠᠳᠪᠠ᠂ ᠬᠠᠮᠲᠤ ᠳᠤᠨᠢ  ᠳᠣᠭᠤᠰᠢᠯᠠᠭᠤᠯᠣᠨ ᠨᠠᠶᠢᠳᠠᠪᠣᠷᠢᠵᠢᠭᠤᠯᠳᠣᠭᠠᠢ᠃     ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠡᠯ᠎ᠡ ᠬᠤᠰᠢᠭᠤ ᠰᠢᠶᠠᠨ ᠬᠤᠲᠠ ︵ᠤᠷᠤᠨ︶᠎ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠨᠢ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠯ ᠠᠵᠤ ᠠᠬᠤᠶ ᠲᠠᠷᠢᠶᠠᠯᠠᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠢ ᠲᠦᠷᠭᠡᠭᠡᠨ ᠵᠣᠬᠢᠶᠠᠨ ᠪᠠᠶᠢᠭᠤᠯᠤᠨ ᠠᠵᠢᠯ ᠤᠨ ᠲᠤᠰᠬᠠᠶ ᠠᠩᠭᠢ ᠪᠠᠶᠢᠭᠤᠯᠵᠤ ᠂ ᠬᠢᠨᠠᠮᠠᠭᠠᠶ ᠰᠤᠳᠤᠯᠤᠨ᠂ ᠨᠠᠷᠢᠨ ᠨᠢᠮᠪᠠᠶ ᠲᠦᠰᠦᠪᠯᠡᠨ᠂ ᠪᠣᠳᠠᠲᠠᠶ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠨ᠂ ᠵᠣᠬᠢᠶᠠᠨ ᠪᠠᠶᠢᠭᠤᠯᠤᠨ ᠠᠬᠢᠭᠤᠯᠬᠤ ᠶᠢ ᠴᠢᠩᠭᠠᠷᠠᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠳᠣᠯᠠᠨ᠎ᠠ᠃      ᠬᠤᠶᠠᠷ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠦᠷᠨᠢᠬᠦᠯᠦᠨ᠎ᠡ᠃ ᠡᠯ᠎ᠡ ᠬᠤᠰᠢᠭᠤ ᠰᠢᠶᠠᠨ ᠬᠤᠲᠠ ︵ᠤᠷᠤᠨ︶᠎ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠨᠢ ︽ᠵᠢᠯᠣᠭᠤᠳᠬᠤ ᠰᠠᠨᠠᠯ︾᠎ ᠤᠨ ᠬᠠᠮᠢᠶ᠎ᠠ ᠪᠥᠬᠦᠶ ᠠᠭᠤᠯᠭ᠎ᠠ ᠲᠠᠢ ᠤᠶᠠᠯᠳᠤᠭᠤᠯᠤᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠮᠠᠯᠵᠢᠬᠤ ᠲᠠᠷᠢᠶᠠᠯᠠᠬᠤ ᠡᠷᠦᠬᠡ ᠳᠤ ᠭᠦᠨᠵᠡᠭᠡᠶᠢᠷᠡᠨ ᠬᠠᠨᠳᠣᠯᠭᠠᠳᠣ ᠴᠢᠨᠠᠷᠲᠠᠶ ᠪᠠᠶᠢᠴᠠᠭᠠᠨ ᠰᠤᠳᠤᠯᠤᠯᠲᠠ ᠥᠷᠨᠢᠭᠦᠯᠵᠦ᠂ ᠦᠨᠳᠦᠰᠦᠨ ᠱᠠᠲᠤᠨ ᠤ ᠪᠣᠳᠠᠲᠠᠶ ᠬᠡᠷᠡᠭᠴᠡᠭᠡ ᠶᠢ ᠤᠶᠢᠯᠠᠭᠠᠨ᠂ ᠮᠠᠯᠴᠢᠨ ᠲᠠᠷᠢᠶᠠᠴᠢᠨ ᠤ ᠬᠦᠰᠡᠯ ᠱᠠᠭᠠᠷᠳᠠᠯᠭ᠎ᠠ ᠶᠢ ᠡᠵᠡᠮᠰᠢᠨ᠎ᠡ᠃  ᠡᠨᠡᠬᠦ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠬᠦ ᠶᠠᠪᠣᠭᠳᠠᠭᠤᠰᠢᠲᠠᠢ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠪᠣᠳᠠᠲᠠᠶ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ᠂ ᠵᠠᠷᠤᠳᠠᠯ ᠤᠨ ᠪᠠᠲᠤᠯᠠᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠨᠡᠶᠢᠭᠡᠮᠴᠢᠯᠡᠭᠰᠡᠨ ᠦᠢᠯᠡᠴᠢᠯᠡᠭᠡ ᠶᠢ ᠲᠤᠷᠰᠢᠨ ᠦᠷᠨᠢᠬᠦᠯᠦᠨ᠎ᠡ᠃      ᠭᠤᠷᠪᠠ᠂ ᠠᠵᠢᠯ ᠤᠨ ᠠᠶᠢᠵᠠᠮ ᠢ ᠡᠵᠡᠮᠳᠡᠨ᠎ᠡ᠃ ᠡᠯ᠎ᠡ ᠬᠤᠰᠢᠭᠤ ᠰᠢᠶᠠᠨ ᠬᠤᠲᠠ ︵ᠤᠷᠤᠨ︶᠎ ᠤᠳ ᠴᠠᠭ ᠬᠤᠭᠤᠴᠠᠭᠠᠨ ᠤ ᠵᠠᠩᠭᠢᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠡᠯ᠎ᠡ ᠵᠥᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠶ᠄      5 ᠳ᠋ᠣᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ᠂ ᠠᠵᠢᠯ ᠤᠨ ᠲᠤᠰᠬᠠᠶ ᠠᠩᠭᠢ ᠵᠣᠬᠢᠶᠠᠨ ᠪᠠᠶᠢᠭᠤᠯᠬᠤ ᠪᠠ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠬᠦ ᠠᠵᠢᠯ ᠢᠶᠠᠨ ᠪᠡᠶᠡᠯᠡᠭᠦᠯᠣᠨ᠎ᠡ︔      6 ᠳ᠋ᠣᠭᠠᠷ ᠰᠠᠷ᠎ᠠ ᠶᠢᠨ 15᠎ ᠤ ᠡᠳᠦᠷ ᠠᠴᠠ ᠡᠮᠦᠨ᠎ᠡ᠂ ︽ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠨ ᠨᠡᠶᠢᠲᠡᠯᠡᠵᠦ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠣᠪᠴᠢᠶᠠᠨ ᠳᠤ ᠮᠡᠳᠡᠭᠦᠯᠵᠦ ᠳᠠᠩᠰᠠᠯᠠᠭᠤᠯᠤᠨ᠎ᠠ︔        6 ᠳ᠋ᠣᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ᠂ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠬᠢ ᠵᠣᠬᠢᠶᠠᠨ ᠪᠠᠶᠢᠭᠤᠯᠬᠤ ᠠᠵᠢᠯ ᠢᠶᠠᠨ ᠪᠡᠶᠡᠯᠡᠭᠦᠯᠵᠦ᠂ ᠦᠢᠯᠡᠴᠢᠯᠡᠭᠡᠨ ᠤ ᠠᠩᠬᠢ ᠶᠢᠨ ᠡᠯ᠎ᠡ ᠵᠥᠢᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠦᠢᠯᠡᠴᠢᠯᠡᠭᠡᠨ ᠤ ᠠᠩᠬᠢ ᠶᠢ ᠵᠢᠩᠬᠢᠨᠢ ᠪᠠᠷ ᠠᠵᠢᠯᠯᠠᠭᠤᠯᠣᠨ᠎ᠠ᠃      ᠳᠦᠷᠪᠡ᠂ ᠰᠠᠷ᠎ᠠ ᠶᠢᠨ ᠳᠤᠬᠢᠷᠠᠭᠤᠯᠤᠯᠳᠠ ᠶᠢᠨ ᠳᠦᠷᠢᠮ ᠬᠡᠷᠡᠭᠵᠢᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ︵ᠤᠷᠤᠨ︶ ᠰᠠᠷ᠎ᠠ ᠪᠦᠷᠢ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠳᠤ ᠠᠵᠢᠯ ᠤᠨ ᠠᠬᠢᠴᠠ ᠪᠠ ᠦᠢᠯᠡᠴᠢᠯᠡᠭᠡᠨ ᠤ ᠠᠩᠭᠢ ᠶᠢᠨ ᠠᠵᠢᠯᠯᠠᠭᠠᠨ ᠤ ᠪᠠᠶᠢᠳᠠᠯ ᠢᠶᠠᠨ ᠮᠡᠳᠡᠭᠦᠯᠦᠨ᠎ᠡ᠃ 12 ᠳ᠋ᠣᠭᠠᠷ ᠰᠠᠷ᠎ᠠ ᠶᠢᠨ 10᠎ ᠤ ᠡᠳᠦᠷ ᠠᠴᠠ ᠡᠮᠦᠨ᠎ᠡ᠂ ᠡᠯ᠎ᠡ ᠭᠠᠵᠠᠷ ᠤᠨ ᠬᠢᠨ ᠪᠥᠬᠦ ᠵᠢᠯ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠠᠵᠢᠯ ᠤᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ᠂ ᠬᠠᠯᠠᠨ  ᠰᠠᠶᠢᠵᠢᠷᠠᠭᠤᠯᠣᠭᠰᠠᠨ ᠰᠠᠨᠠᠯ ᠰᠠᠨᠠᠭᠤᠯᠭ᠎ᠠ ᠪᠠᠨ ᠪᠥᠬᠦ ᠲᠠᠯ᠎ᠠ ᠪᠠᠷ ᠡᠮᠬᠢᠯᠡᠨ᠂ ᠣᠨ ᠤ ᠠᠵᠢᠯ ᠤᠨ ᠳ᠋ᠦᠩᠨᠡᠯᠲᠡ ᠬᠢᠵᠤ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠳᠤ ᠮᠡᠳᠡᠭᠦᠯᠵᠦ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠠᠶᠢᠮᠠᠭ ᠤᠨ ᠵᠠᠬᠢᠷᠭᠠᠨ ᠳᠤ ᠮᠡᠳᠡᠭᠦᠯᠦᠨ᠎ᠡ᠃                                ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ                            2022 ᠣᠨ ᠤ 5 ᠳ᠋ᠣᠭᠠᠷ ᠰᠠᠷ᠎ᠠ ᠶᠢᠨ 12᠎ ᠤᠨ ᠡᠳᠦᠷ         ᠰᠢᠯᠢ ᠶᠢᠨ ᠭᠤᠤᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ         ᠦᠢᠯᠡᠴᠢᠯᠡᠭᠡᠨ ᠤ ᠰᠢᠰᠲ᠋ᠧᠮ ᠎ ᠤᠨ   ᠪᠠᠶᠢᠭᠤᠯᠤᠯᠲᠠ  ᠶᠢᠨ   ᠵᠢᠯᠣᠭᠤᠳᠬᠤ  ᠰᠠᠨᠠᠯ      ᠮᠠᠨ ᠤ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠲᠣᠷᠣᠢ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠥᠷᠢᠯᠡᠵᠥ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠨ ᠠᠮᠢᠳᠤᠷᠠᠬᠤ ᠣᠷᠴᠢᠨ ᠨᠥᠭᠦᠴᠡᠯ ᠢ ᠤᠯᠠᠮ ᠰᠠᠶᠢᠵᠢᠷᠠᠭᠤᠯᠤᠨ᠂ ᠮᠠᠯᠴᠢᠨ ᠲᠠᠷᠢᠶᠠᠴᠢᠨ ᠤ ᠥᠢᠯᠡᠳᠪᠥᠷᠢᠯᠡᠯ ᠠᠮᠢᠳᠤᠷᠠᠯ ᠤᠨ ᠥᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠵᠢᠯᠣᠭᠤᠳᠬᠤ ᠰᠠᠨᠠᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠵᠣ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠦᠭᠡᠷᠡᠴᠢᠯᠡᠯᠳᠡ᠂ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠭᠠᠳᠠᠭᠰᠢᠯᠠᠭᠤᠯᠬᠤ᠂ ᠮᠠᠯᠴᠢᠨ ᠲᠠᠷᠢᠶᠠᠴᠢᠨ ᠤ ᠡᠳᠦᠷ ᠲᠤᠲᠤᠮ ᠤᠨ ᠥᠢᠯᠡᠳᠪᠥᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠵᠡᠷᠭᠡ ᠠᠵᠢᠯ ᠢᠶᠠᠷ ᠭᠤᠤᠯᠳᠠᠯᠭ᠎ᠠ ᠪᠣᠯᠭᠠᠵᠤ᠂ ᠣᠳᠣᠬᠠᠨ ᠤ ᠮᠠᠨ ᠤ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠥᠢᠯᠡᠴᠢᠯᠡᠭᠡ ᠳᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ  ᠰᠢᠢᠳᠪᠥᠷᠢᠯᠡᠵᠥ᠂ ᠮᠠᠯᠴᠢᠨ ᠲᠠᠷᠢᠶᠠᠴᠢᠨ ᠤ ᠵᠣᠯ ᠵᠢᠷᠭᠠᠯᠳᠣ ᠲᠥᠷᠥᠭᠳᠡᠯ᠂ ᠬᠠᠨᠣᠮᠵᠢᠳᠣ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠶᠠᠳᠠᠭᠤ ᠠᠴᠠ ᠠᠩᠬᠢᠵᠢᠷᠠᠭᠤᠯᠣᠨ ᠪᠣᠭᠤᠮᠳᠠ ᠰᠢᠪᠳᠣᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠢᠶᠠᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃      ᠬᠤᠶᠠᠷ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ      ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠬᠢ ᠶᠢ ᠠᠳᠠᠯᠢ ᠪᠤᠰᠤ ᠬᠡᠯᠪᠡᠷᠢ ᠪᠠᠷ ᠵᠣᠬᠢᠶᠠᠨ ᠪᠠᠶᠢᠭᠤᠯᠵᠤ᠂ ᠦᠢᠯᠡᠴᠢᠯᠡᠭᠡ ᠦᠷᠨᠢᠬᠦᠯᠦᠨ᠎ᠡ᠃      ︵ ᠨᠢᠭᠡ  ︶ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠡᠯᠪᠡᠷᠢ᠃  ᠡᠳ᠋ ᠤᠨ ᠵᠠᠰᠠᠭ ᠤᠨ ᠲᠤᠰᠬᠠᠶ ᠲᠦᠷᠦᠯ ᠤᠨ ᠪᠡᠯᠡ ᠮᠥᠩᠭᠦ ᠪᠠᠷ ᠬᠤᠳᠬᠤᠭᠤᠷ ᠲᠡᠷᠭᠡ᠂ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ᠂ ᠢᠯᠭᠠᠳᠠᠰᠣ ᠴᠡᠪᠡᠷᠯᠡᠬᠦ ᠲᠡᠷᠭᠡ᠂ ᠲᠡᠭᠡᠭᠡᠪᠦᠷᠢ ᠶᠢᠨ ᠲᠡᠷᠭᠡ᠂  ᠮᠠᠯ ᠠᠵᠤ ᠠᠬᠤᠶ ᠲᠠᠷᠢᠶᠠᠯᠠᠩ ᠤᠨ ᠮᠠᠰᠢᠨᠴᠢᠯᠠᠯᠳᠠ ᠎ ᠶᠢᠨ ᠲᠥᠬᠦᠭᠡᠷᠦᠮᠵᠢ ᠵᠡᠷᠭᠡ ᠳᠤ ᠪᠡᠯᠡ ᠣᠷᠣᠭᠤᠯᠵᠤ᠂ ᠬᠤᠰᠢᠭᠤ ᠰᠢᠶᠠᠨ ᠤ ᠵᠠᠰᠠᠭ ᠤᠨ ᠣᠷᠳᠣᠨ ᠪᠤᠶᠤ ᠰᠤᠮᠤ ᠰᠢᠶᠠᠩ ᠪᠠᠯᠭᠠᠰᠣᠨ ᠤ ᠵᠠᠰᠠᠭ ᠤᠨ ᠣᠷᠳᠣᠨ ᠠᠴᠠ ᠠᠵᠢᠯᠯᠠᠬᠤ ᠠᠩᠬᠢ ᠵᠣᠬᠢᠶᠠᠨ ᠪᠠᠶᠢᠭᠤᠯᠵᠤ᠂ ᠦᠢᠯᠡᠴᠢᠯᠡᠭᠡ ᠦᠷᠨᠢᠬᠦᠯᠦᠨ᠎ᠡ᠃      ︵ᠬᠤᠶᠠᠷ︶ ᠺᠣᠮᠫᠠᠨᠢ ᠶᠢᠨ ᠡᠵᠡᠩᠨᠡᠯᠲᠡ ᠶᠢᠨ ᠬᠡᠯᠪᠡᠷᠢ᠃ ᠡᠯ᠎ᠡ ᠬᠤᠰᠢᠭᠤ ᠰᠢᠶᠠᠨ ᠬᠤᠲᠠ ︵ᠤᠷᠤᠨ︶᠎ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠤᠶᠤ ᠰᠤᠮᠤ ᠰᠢᠶᠠᠩ ᠪᠠᠯᠭᠠᠰᠣᠨ ᠤ ᠵᠠᠰᠠᠭ ᠤᠨ ᠣᠷᠳᠣᠨ ᠠᠴᠠ ᠲᠤᠬᠠᠶ ᠶᠢᠨ ᠭᠠᠵᠠᠷ ᠤᠨ ᠶᠠᠳᠠᠭᠤ ᠶᠢ ᠳᠡᠳᠬᠦᠬᠦ ᠪᠠᠯᠠ ᠣᠷᠣᠭᠤᠯᠣᠯᠳᠠ ᠶᠢᠨ ᠺᠣᠮᠫᠠᠨᠢ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠪᠤᠶᠤ ᠲᠤᠰᠬᠠᠶ ᠮᠡᠷᠭᠡᠵᠢᠯ ᠤᠨ ᠠᠳᠠᠯ ᠠᠬᠤᠶ ᠶᠢᠨ ᠺᠣᠮᠫᠠᠨᠢ ᠳᠤ ᠨᠠᠶᠢᠳᠠᠵᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠵᠣᠬᠢᠶᠠᠨ ᠪᠠᠶᠢᠭᠤᠯᠵᠤ᠂ ᠥᠢᠯᠡᠴᠢᠯᠡᠭᠡᠨ ᠤ ᠠᠩᠭᠢ ᠶᠢᠨ ᠬᠡᠷᠡᠭᠰᠡᠬᠦ ᠲᠥᠬᠦᠭᠡᠷᠦᠮᠵᠢ ᠵᠢᠱᠢᠶᠡᠯᠡᠪᠡᠯ ᠬᠤᠳᠬᠤᠭᠤᠷ ᠲᠡᠷᠭᠡ᠂ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ᠂ ᠢᠯᠭᠠᠳᠠᠰᠣ ᠴᠡᠪᠡᠷᠯᠡᠬᠦ ᠲᠡᠷᠭᠡ᠂ ᠲᠡᠭᠡᠭᠡᠪᠦᠷᠢ ᠶᠢᠨ ᠲᠡᠷᠭᠡ᠂ ᠮᠠᠯ ᠠᠵᠤ ᠠᠬᠤᠶ ᠲᠠᠷᠢᠶᠠᠯᠠᠩ ᠤᠨ ᠮᠠᠰᠢᠨᠴᠢᠯᠠᠯᠲᠠ ᠶᠢᠨ ᠲᠥᠬᠦᠭᠡᠷᠦᠮᠵᠢ ᠵᠡᠷᠭᠡ ᠶᠢ ᠡᠳ᠋ ᠤᠨ ᠵᠠᠰᠠᠭ ᠤᠨ ᠲᠤᠰᠬᠠᠶ ᠲᠦᠷᠦᠯ ᠤᠨ ᠪᠠᠯᠠ ᠮᠥᠩᠭᠦ ᠪᠠᠷ ᠬᠤᠳᠠᠯᠳᠤᠨ ᠠᠪᠴᠤ᠂ ᠥᠮᠴᠢᠯᠡᠬᠦ ᠡᠷᠬᠡ ᠨᠢ ᠤᠯᠤᠰ ᠤᠨ ᠥᠮᠴᠢᠯᠡᠯ ᠳᠤ ᠬᠠᠷᠢᠶᠠᠯᠠᠭᠳᠠᠵᠣ᠂ ᠥᠢᠯᠡᠴᠢᠯᠡᠭᠡᠨ ᠤ ᠠᠩᠭᠢ ᠲᠦᠷᠢᠶᠡᠰᠦᠯᠡᠨ ᠬᠡᠷᠡᠭᠯᠡᠨ᠎ᠡ᠃      ︵ᠭᠤᠷᠪᠠ︶  ᠥᠢᠯᠡᠴᠢᠯᠡᠭᠡ ᠬᠤᠳᠠᠯᠳᠤᠨ ᠠᠪᠬᠤ ᠬᠡᠯᠪᠡᠷᠢ᠃ ᠬᠤᠰᠢᠭᠤ ᠰᠢᠶᠠᠨ ᠬᠤᠲᠠ ︵ᠤᠷᠤᠨ︶᠎ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠤᠶᠤ ᠰᠤᠮᠤ ᠰᠢᠶᠠᠩ ᠪᠠᠯᠭᠠᠰᠣᠨ ᠤ ᠵᠠᠰᠠᠭ ᠤᠨ ᠣᠷᠳᠣᠨ ᠠᠴᠠ ᠨᠡᠶᠢᠭᠡᠮ ᠤᠨ ᠺᠣᠮᠫᠠᠨᠢ ᠲᠠᠢ ᠭᠡᠷ᠎ᠡ ᠲᠣᠭᠲᠠᠵᠤ᠂ ᠥᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠪᠠᠷ ᠨᠡᠶᠢᠭᠡᠮᠴᠢᠯᠡᠭᠰᠡᠨ ᠦᠢᠯᠡᠴᠢᠯᠡᠭᠡ ᠦᠷᠨᠢᠬᠦᠯᠬᠦ ᠳᠤ ᠵᠠᠰᠠᠭ ᠤᠨ ᠣᠷᠳᠣᠨ ᠬᠠᠮᠢᠶ᠎ᠠ ᠪᠥᠬᠦᠶ ᠲᠥᠬᠦᠭᠡᠷᠦᠮᠵᠢ ᠬᠤᠳᠠᠯᠳᠤᠨ ᠠᠪᠬᠤ ᠶᠢ ᠬᠠᠷᠢᠭᠤᠴᠠᠬᠤ ᠥᠬᠡᠶ᠃      ︵ᠲᠦᠷᠪᠡ︶ ᠪᠤᠰᠤᠳ ᠵᠣᠬᠢᠶᠠᠨ ᠪᠠᠶᠢᠭᠤᠯᠤᠯᠲᠠ ᠶᠢᠨ ᠬᠡᠯᠪᠡᠷᠢ᠃ ᠡᠯ᠎ᠡ ᠬᠤᠰᠢᠭᠤ ᠰᠢᠶᠠᠨ ᠬᠤᠲᠠ ︵ᠤᠷᠤᠨ︶᠎ ᠎ ᠤᠳ ᠲᠣᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠠᠪᠴᠤ ᠪᠣᠯᠤᠨ᠎ᠠ᠃      ᠭᠤᠷᠪᠠ᠂ ᠥᠢᠯᠡᠴᠢᠯᠡᠭᠡᠨ ᠤ ᠠᠭᠤᠯᠭ᠎ᠠ      ︵ᠨᠢᠭᠡ︶  ᠰᠠᠭᠤᠷᠢᠰᠢᠨ ᠠᠮᠢᠳᠤᠷᠠᠬᠤ ᠣᠷᠴᠢᠨ ᠨᠥᠭᠦᠴᠡᠯ ᠢ ᠴᠡᠭᠴᠡᠯᠡᠨ ᠰᠠᠶᠢᠵᠢᠷᠠᠭᠤᠯᠬᠤ ᠰᠠᠭᠤᠷᠢ ᠥᠢᠯᠡᠴᠢᠯᠡᠭᠡ      1. ᠵᠣᠷᠯᠣᠩ ᠴᠡᠪᠡᠷᠯᠡᠨ ᠠᠷᠢᠯᠭᠠᠬᠤ      ᠮᠠᠯᠵᠢᠬᠤ ᠲᠠᠷᠢᠶᠠᠯᠠᠬᠤ ᠣᠷᠣᠨ ᠤ ᠡᠷᠦᠬᠡ ᠪᠣᠯᠭᠠᠨ ᠳᠤ ᠵᠣᠷᠯᠣᠩ ᠴᠡᠪᠡᠷᠯᠡᠨ ᠠᠷᠢᠯᠭᠠᠬᠤ ᠥᠢᠯᠡᠴᠢᠯᠡᠭᠡ ᠬᠠᠩᠭᠠᠨ᠎ᠠ᠃      2. ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠯᠵᠢᠭᠦᠯᠥᠨ ᠵᠦᠭᠡᠭᠡᠪᠦᠷᠢᠯᠡᠬᠦ ᠪᠠ ᠬᠤᠤᠷ ᠦᠭᠡᠶᠢᠳᠡᠭᠦᠯᠦᠨ ᠰᠢᠢᠳᠪᠦᠷᠢᠯᠡᠬᠦ      ᠮᠠᠯᠵᠢᠬᠤ ᠲᠠᠷᠢᠶᠠᠯᠠᠬᠤ ᠡᠷᠦᠬᠡ ᠶᠢᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠯᠵᠢᠭᠦᠯᠥᠨ ᠵᠦᠭᠡᠭᠡᠪᠦᠷᠢᠯᠡᠬᠦ ᠪᠠ ᠬᠤᠤᠷ ᠦᠭᠡᠶᠢᠳᠡᠭᠦᠯᠦᠨ ᠰᠢᠢᠳᠪᠥᠷᠢᠯᠡᠬᠦ  ᠥᠢᠯᠡᠴᠢᠯᠡᠭᠡ ᠬᠠᠩᠭᠠᠨ᠎ᠠ᠃      ︵ᠬᠤᠶᠠᠷ︶ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡ      1.  ᠮᠠᠯᠵᠢᠬᠤ ᠦᠢᠯᠡᠳᠪᠦᠷᠢᠯᠡᠯ      ︵1︶ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠭᠡ᠃ ᠡᠪᠡᠰᠦ ᠪᠣᠷᠳᠤᠭ᠎ᠠ ᠬᠠᠳᠤᠬᠤ᠂ ᠪᠣᠭᠤᠵᠢᠯᠠᠬᠤ᠂ ᠵᠥᠭᠡᠭᠡᠪᠦᠷᠢᠯᠡᠬᠦ᠂ ᠣᠪᠣᠭᠠᠯᠠᠬᠤ ᠵᠡᠷᠭᠡ ᠠᠯᠢ ᠣᠯᠠᠨ  ᠥᠢᠯᠡᠴᠢᠯᠡᠭᠡ ᠬᠠᠩᠭᠠᠨ᠎ᠠ᠃      ︵2︶ ᠮᠠᠯ ᠠᠵᠤ ᠠᠬᠤᠶ ᠶᠢᠨ ᠰᠠᠭᠤᠷᠢ ᠥᠢᠯᠡᠴᠢᠯᠡᠭᠡ᠃ ᠦᠬᠡᠷ ᠬᠤᠨᠢᠨ ᠤ ᠫᠧᠩ ᠬᠤᠷᠤᠭ᠎ᠠ ᠶᠢ ᠰᠡᠯᠪᠢᠨ ᠵᠠᠰᠠᠬᠤ᠂ ᠫᠧᠩ ᠬᠤᠷᠤᠭ᠎ᠠ ᠶᠢ ᠴᠡᠪᠡᠷᠯᠡᠨ ᠠᠷᠢᠯᠭᠠᠬᠤ᠂ ᠲᠣᠣᠷ ᠬᠠᠰᠢᠶ᠎ᠠ ᠶᠢ ᠰᠡᠯᠪᠢᠨ ᠵᠠᠰᠠᠬᠤ᠂ ᠢᠴᠡᠭᠡᠯ ᠥᠷ᠎ᠡ ᠎ ᠶᠢᠨ ᠬᠡᠬᠡᠯᠳᠣᠭᠦᠯᠭᠡ᠂  ᠬᠤᠨᠢ ᠬᠠᠶᠢᠴᠢᠯᠠᠬᠤ ᠵᠡᠷᠭᠡ ᠦᠢᠯᠡᠴᠢᠯᠡᠭᠡ ᠬᠠᠩᠭᠠᠨ᠎ᠠ᠃      ︵3︶ ᠠᠮᠢᠲᠠᠨ ᠤ ᠬᠢᠵᠢᠭ ᠭᠡᠮ ᠢ ᠰᠡᠷᠭᠡᠶᠢᠯᠡᠨ ᠡᠵᠡᠮᠳᠡᠬᠦ ᠦᠢᠯᠡᠴᠢᠯᠡᠭᠡ᠃  ᠦᠯᠣ ᠬᠠᠯᠳᠠᠭᠠᠬᠤ᠂ ᠬᠤᠷᠣᠬᠠᠶ ᠬᠥᠭᠡᠭᠡᠬᠦ᠂  ᠡᠮ ᠢᠶᠠᠷ ᠣᠬᠢᠶᠠᠬᠤ ᠵᠢᠴᠢ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠦᠢᠯᠡᠴᠢᠯᠡᠭᠡ ᠬᠠᠩᠭᠠᠨ᠎ᠠ᠃      2. ᠲᠠᠷᠢᠶᠠᠯᠠᠩ ᠦᠢᠯᠡᠳᠪᠦᠷᠢᠯᠡᠯ      ︵1︶ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠴᠢᠯᠡᠭᠡ᠃  ᠲᠠᠷᠢᠶᠠᠨ ᠡᠮ᠂ ᠬᠢᠮᠢ ᠶᠢᠨ ᠪᠤᠷᠳᠤᠭᠤᠷ᠂ ᠦᠷ᠎ᠡ ᠵᠡᠷᠭᠡ ᠲᠠᠷᠢᠶᠠᠯᠠᠩ ᠤᠨ ᠦᠢᠯᠡᠳᠪᠦᠷᠢᠯᠡᠯ  ᠎ ᠤᠨ ᠬᠡᠷᠡᠭᠰᠡᠯ ᠲᠡᠭᠡᠭᠡᠪᠦᠷᠢᠯᠡᠬᠦ ᠦᠢᠯᠡᠴᠢᠯᠡᠭᠡ ᠬᠠᠩᠭᠠᠨ᠎ᠠ᠃      ︵2︶ ᠲᠠᠷᠢᠶᠠᠯᠠᠩ ᠤᠨ ᠮᠠᠰᠢᠨᠴᠢᠯᠠᠯᠲᠠ ᠶᠢᠨ ᠦᠢᠯᠡᠴᠢᠯᠡᠭᠡ᠃ ᠲᠠᠷᠢᠮᠠᠯ ᠤᠨ ᠵᠥᠢᠯ ᠤᠨ ᠭᠠᠵᠠᠷ ᠲᠡᠭᠰᠢᠯᠡᠬᠦ᠂ ᠲᠠᠷᠢᠬᠤ᠂ ᠲᠠᠩᠨᠠᠨ ᠠᠷᠴᠢᠬᠤ᠂ ᠡᠪᠡᠰᠦ ᠠᠷᠢᠯᠭᠠᠬᠤ᠂ ᠪᠣᠷᠳᠣᠭᠤᠷ ᠣᠷᠣᠭᠤᠯᠬᠤ᠂ ᠡᠮ ᠰᠠᠴᠣᠬᠤ᠂ ᠬᠤᠷᠢᠶᠠᠬᠤ ᠵᠡᠷᠭᠡ ᠮᠠᠰᠢᠨᠴᠢᠯᠠᠯᠲᠠ ᠶᠢᠨ ᠦᠢᠯᠡᠴᠢᠯᠡᠭᠡ ᠬᠠᠩᠭᠠᠨ᠎ᠠ᠃      ︵3︶ ᠲᠠᠷᠢᠮᠠᠯ ᠤᠨ ᠬᠡᠮᠳᠦᠬᠦ ᠪᠠ ᠬᠤᠷᠣᠬᠠᠶ ᠶᠢᠨ ᠬᠥᠨᠥᠭᠡᠯ ᠠᠴᠠ ᠰᠡᠷᠭᠡᠶᠢᠯᠡᠬᠦ ᠦᠢᠯᠡᠴᠢᠯᠡᠭᠡ᠃ ᠲᠠᠷᠢᠮᠠᠯ ᠎ ᠤᠨ ᠭᠡᠮᠳᠦᠬᠦ᠂ ᠬᠤᠷᠣᠬᠠᠶᠢᠳᠣᠬᠤ᠂ ᠬᠤᠯᠤᠭᠠᠨ᠎ᠠ ᠶᠢᠨ ᠬᠥᠨᠥᠭᠡᠯ ᠠᠴᠠ ᠰᠡᠷᠭᠡᠶᠢᠯᠡᠬᠦ ᠦᠢᠯᠡᠴᠢᠯᠡᠭᠡ ᠬᠠᠩᠭᠠᠨ᠎ᠠ᠃      ︵ᠭᠤᠷᠪᠠ︶ ᠠᠮᠢᠳᠤᠷᠠᠯ ᠤᠨ ᠴᠢᠨᠠᠷᠲᠠᠶ ᠦᠢᠯᠡᠴᠢᠯᠡᠭᠡ      1.ᠤᠰᠤ ᠴᠡᠪᠡᠷᠰᠢᠬᠦᠯᠬᠦ ᠮᠠᠰᠢᠨ ᠰᠡᠯᠪᠢᠨ ᠵᠠᠰᠠᠬᠤ      ᠤᠰᠤ ᠴᠡᠪᠡᠷᠰᠢᠬᠦᠯᠬᠦ ᠮᠠᠰᠢᠨ ᠰᠡᠯᠪᠢᠨ ᠵᠠᠰᠠᠬᠤ ᠪᠠ ᠱᠦᠬᠦᠬᠦᠷ ᠢ ᠰᠣᠯᠢᠬᠤ ᠦᠢᠯᠡᠴᠢᠯᠡᠭᠡ ᠬᠠᠩᠭᠠᠨ᠎ᠠ᠃      2. ᠲᠣᠯᠠᠭᠠᠯᠠᠭ᠎ᠠ ᠶᠢᠨ ᠲᠥᠬᠦᠭᠡᠷᠦᠮᠵᠢ ᠰᠡᠯᠪᠢᠨ ᠵᠠᠰᠠᠬᠤ      ᠲᠣᠯᠠᠭᠠᠯᠠᠭ᠎ᠠ ᠶᠢᠨ ᠵᠣᠤᠬ᠎ᠠ ᠪᠠ ᠴᠠᠬᠢᠯᠭᠠᠨ ᠲᠤᠯᠠᠭᠠᠯᠠᠮᠵᠢ ᠶᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃      3. ᠭᠡᠷᠡᠯ ᠰᠠᠯᠬᠢᠨ ᠬᠠᠷᠢᠯᠴᠠᠨ ᠨᠥᠬᠦᠪᠥᠷᠢᠯᠡᠬᠦ ᠲᠥᠬᠦᠭᠡᠷᠦᠮᠵᠢ ᠰᠡᠯᠪᠢᠨ ᠵᠠᠰᠠᠬᠤ      ᠭᠡᠷᠡᠯ ᠰᠠᠯᠬᠢᠨ ᠬᠠᠷᠢᠯᠴᠠᠨ ᠨᠥᠬᠦᠪᠥᠷᠢᠯᠡᠬᠦ ᠲᠥᠬᠦᠭᠡᠷᠦᠮᠵᠢ ᠶᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃      4. ᠬᠡᠷ ᠤᠨ ᠴᠠᠬᠢᠯᠭᠠᠨ ᠬᠡᠷᠡᠭᠰᠡᠯ ᠰᠡᠯᠪᠢᠨ ᠵᠠᠰᠠᠬᠤ      ᠭᠡᠷ ᠤᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃      5. ᠭᠡᠷ ᠪᠠᠶᠢᠰᠢᠩ ᠰᠡᠯᠪᠢᠨ ᠵᠠᠰᠠᠬᠤ      ᠭᠡᠷ ᠪᠠᠶᠢᠰᠢᠩ ᠤᠨ ᠪᠣᠷᠣᠭᠠᠨ ᠭᠤᠭᠤᠵᠢᠬᠤ᠂ ᠡᠪᠳᠡᠷᠡᠭᠰᠡᠨ ᠵᠡᠷᠭᠡ ᠶᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃      6. ᠲᠦᠭᠡᠭᠡᠯ ᠤᠰᠤᠨ ᠤ ᠲᠥᠬᠦᠭᠡᠷᠦᠮᠵᠢ ᠰᠡᠯᠪᠢᠨ ᠵᠠᠰᠠᠬᠤ      ᠲᠦᠭᠡᠭᠡᠯ ᠤᠰᠤᠨ ᠤ ᠲᠥᠬᠦᠭᠡᠷᠦᠮᠵᠢ ᠶᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃      7. ᠤᠰᠤ ᠪᠠᠷ ᠴᠡᠪᠡᠷᠯᠡᠬᠦ ᠵᠣᠷᠯᠣᠩ ᠰᠡᠯᠪᠢᠨ ᠵᠠᠰᠠᠬᠤ      ᠤᠰᠤ ᠪᠠᠷ ᠴᠡᠪᠡᠷᠯᠡᠬᠦ ᠵᠣᠷᠯᠣᠩ ᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃      8. ᠪᠣᠬᠢᠷ ᠤᠰᠤ ᠭᠠᠳᠠᠭᠰᠢᠯᠠᠭᠤᠯᠬᠤ ᠲᠥᠬᠦᠭᠡᠷᠦᠮᠵᠢ ᠰᠡᠯᠪᠢᠨ ᠵᠠᠰᠠᠬᠤ      ᠭᠠᠴᠠᠭ᠎ᠠ ᠲᠣᠰᠬᠤᠨ ᠤ ᠲᠦᠪᠯᠡᠷᠡᠭᠰᠡᠨ ᠪᠣᠬᠢᠷ ᠤᠰᠤ ᠭᠠᠳᠠᠭᠰᠢᠯᠠᠭᠤᠯᠬᠤ ᠲᠥᠬᠦᠭᠡᠷᠦᠮᠵᠢ ᠪᠣᠯᠤᠨ ᠳᠠᠩ ᠭᠠᠭᠴᠠ ᠡᠷᠦᠬᠡ ᠪᠤᠶᠤ ᠬᠤᠯᠪᠣᠭᠠᠯᠠᠭᠰᠠᠨ ᠡᠷᠦᠬᠡ ᠶᠢᠨ ᠪᠠᠶᠢᠭᠤᠯᠣᠭᠰᠠᠨ ᠪᠣᠬᠢᠷ ᠤᠰᠤ ᠭᠠᠳᠠᠭᠰᠢᠯᠠᠭᠤᠯᠬᠤ ᠲᠥᠬᠦᠭᠡᠷᠦᠮᠵᠢ ᠶᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃      ᠳᠥᠷᠪᠡ᠂ ᠠᠵᠢᠯ ᠤᠨ ᠲᠣᠭᠲᠠᠴᠠ      ︵ᠨᠢᠭᠡ︶ ᠥᠮᠴᠢᠯᠡᠬᠦ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠨ᠎ᠠ᠃ ᠨᠡᠶᠢᠭᠡᠮᠴᠢᠯᠡᠭᠰᠡᠨ ᠥᠢᠯᠡᠴᠢᠯᠡᠭᠡᠨ ᠤ ᠠᠩᠭᠢ ᠶᠢᠨ ᠡᠯ᠎ᠡ ᠲᠥᠷᠥᠯ ᠤᠨ ᠰᠠᠭᠤᠷᠢ ᠲᠥᠬᠦᠭᠡᠷᠦᠮᠵᠢ᠂ ᠲᠥᠬᠦᠭᠡᠷᠦᠮᠵᠢ ᠶᠢᠨ ᠥᠮᠴᠢᠯᠡᠬᠦ ᠡᠷᠬᠡ ᠶᠢᠨ ᠬᠠᠷᠢᠶᠠᠯᠠᠯ ᠢ ᠳᠣᠳᠣᠷᠬᠠᠶᠢᠯᠠᠵᠣ᠂ ᠲᠥᠬᠦᠭᠡᠷᠦᠮᠵᠢ ᠬᠤᠳᠠᠯᠳᠤᠨ ᠠᠪᠬᠤ᠂ ᠪᠦᠲᠦᠭᠡᠨ ᠪᠠᠶᠢᠭᠤᠯᠵᠤ ᠬᠠᠮᠢᠶᠠᠷᠤᠨ ᠬᠠᠮᠠᠭᠠᠯᠠᠬᠤ ᠪᠠᠷᠢᠮᠵᠢᠶ᠎ᠠ ᠶᠢ ᠵᠢᠷᠤᠮᠵᠢᠭᠤᠯᠬᠤ ᠵᠡᠷᠭᠡ ᠳᠦᠷᠢᠮ ᠢ ᠪᠦᠷᠢᠨᠰᠢᠬᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠯᠳᠠᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠳᠣᠯᠠᠨ᠎ᠠ᠃ ᠪᠣᠳᠠᠲᠠᠶ ᠡᠳ᠋ ᠬᠥᠷᠥᠩᠭᠡ ᠶᠢᠨ ᠬᠠᠮᠢᠶᠠᠷᠤᠯᠲᠠ ᠶᠢ ︽ᠵᠠᠰᠠᠭ ᠵᠠᠬᠢᠷᠭ᠎ᠠ ᠠᠵᠢᠯ ᠥᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ︾  ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 738 ᠳ᠋ᠤᠭᠠᠷ ᠲᠣᠭᠠᠲᠤ︶᠂ ︽ᠰᠢᠯᠢ ᠶᠢᠨ ᠭᠤᠤᠯ ᠠᠶᠢᠮᠠᠭ ᠤᠨ ᠵᠠᠰᠠᠭ ᠵᠠᠬᠢᠷᠭ᠎ᠠ ᠠᠵᠢᠯ ᠥᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠰᠢᠯᠢ ᠵᠠᠬᠢᠷᠭ᠎ᠠ ᠲᠠᠷᠬᠠᠭᠠᠭᠰᠠᠨ ︹ 2020 ︺130 ᠳ᠋ᠤᠭᠠᠷ ᠲᠣᠭᠠᠲᠤ︶  ᠂  ︵ᠰᠢᠯᠢ ᠶᠢᠨ ᠭᠤᠤᠯ ᠠᠶᠢᠮᠠᠭ ᠤᠨ ᠶᠠᠳᠠᠭᠤ ᠶᠢ ᠲᠡᠳᠬᠦᠬᠦ ᠲᠥᠷᠥᠯ ᠵᠥᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠤᠨ ᠲᠥᠰᠦᠯ︾ ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ ︹ 2021 ︺102 ᠳ᠋ᠤᠭᠠᠷ ᠲᠣᠭᠠᠲᠤ︶ ᠵᠡᠷᠭᠡ ᠶᠣᠰᠣᠭᠠᠷ ᠬᠡᠷᠡᠭᠵᠢᠭᠦᠯᠦᠨ᠎ᠡ᠃      ︵ᠬᠤᠶᠠᠷ︶ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ᠂ ᠡᠭᠦᠷᠭᠡ ᠴᠢᠳᠠᠪᠬᠢᠳᠣ ᠰᠠᠯᠠᠭ᠎ᠠ ᠮᠥᠴᠢᠷ ᠪᠠ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠵᠡᠷᠭᠡ ᠭᠤᠷᠪᠠᠨ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠲᠦᠷᠦᠭᠦᠯᠡᠨ ᠶᠡᠷᠦᠩᠬᠡᠶᠢᠯᠡᠨ ᠠᠳᠬᠤᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠦᠯᠦᠪᠵᠢᠬᠦᠯᠦᠨ ᠵᠣᠬᠢᠴᠠᠭᠤᠯᠤᠨ᠎ᠠ᠃ ᠡᠭᠦᠷᠭᠡ ᠴᠢᠳᠠᠪᠬᠢᠳᠣ ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠲᠥᠷᠢᠮ ᠢ ᠪᠥᠷᠢᠨᠰᠢᠬᠦᠯᠵᠤ᠂ ᠪᠠᠷᠢᠮᠵᠢᠶ᠎ᠠ ᠲᠠᠢ᠂ ᠠᠵᠢᠯᠳᠠᠨ ᠲᠠᠢ᠂ ᠵᠠᠷᠤᠳᠠᠯ ᠲᠠᠢ᠂ ᠬᠢᠨᠠᠯᠲᠠ ᠲᠠᠯᠪᠢᠯᠲᠠ ᠲᠠᠢ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠤᠷᠳᠤ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠲᠣᠭᠲᠠᠴᠠ ᠶᠢ ᠪᠤᠢ ᠪᠣᠯᠭᠠᠨ᠎ᠠ᠃ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠶᠢᠲᠤᠷ ᠠᠰᠢᠭᠯᠠᠨ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠥᠢᠯᠡᠴᠢᠯᠡᠭᠡᠨ ᠤ ᠠᠵᠢᠯᠲᠠᠨ ᠢ ᠵᠦᠶ ᠵᠣᠬᠢᠰᠲᠠᠶ ᠳᠣᠭᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠥᠬᠦᠴᠡᠯ ᠳᠤ ᠨᠡᠶᠢᠴᠡᠬᠦ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠶᠠᠳᠠᠭᠤ ᠠᠴᠠ ᠠᠩᠬᠢᠵᠢᠷᠠᠭᠤᠯᠬᠤ ᠲᠣᠭᠳᠠᠭᠤᠨ ᠪᠣᠰᠣ ᠡᠷᠦᠭᠡ᠂ ᠶᠠᠳᠠᠭᠤᠷᠠᠮᠠᠷ ᠪᠠᠶᠢᠭ᠎ᠠ ᠡᠷᠦᠭᠡ᠂ ᠭᠡᠨᠡᠳᠳᠡ ᠶᠢᠨ ᠬᠦᠨᠳᠣ  ᠨᠣᠴᠢᠲᠠᠢ ᠬᠦᠴᠢᠷᠳᠡᠯ ᠳᠤ ᠲᠣᠯᠭᠠᠷᠠᠭᠰᠠᠨ ᠡᠲᠡᠭᠡᠳ ᠢ ᠤᠷᠢᠳᠠᠪᠠᠷ ᠤᠷᠢᠨ ᠬᠡᠷᠡᠭᠯᠡᠵᠦ ᠥᠢᠯᠡᠴᠢᠯᠡᠭᠡᠨ ᠤ ᠠᠩᠭᠢ ᠳᠤ ᠠᠵᠢᠯᠯᠠᠭᠤᠯᠣᠨ᠎ᠠ᠃      ︵ᠭᠤᠷᠪᠠ︶ ᠵᠠᠷᠤᠳᠠᠯ ᠤᠨ ᠪᠠᠲᠤᠯᠠᠭ᠎ᠠ ᠶᠢᠨ ᠲᠦᠷᠢᠮ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ︵ᠤᠷᠤᠨ︶᠎ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠨᠢ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠥᠢᠯᠡᠴᠢᠯᠡᠭᠡᠨ ᠤ ᠰᠢᠰᠲ᠋ᠧᠮ ᠤᠨ ᠮᠠᠯᠵᠢᠬᠤ ᠲᠠᠷᠢᠶᠠᠯᠠᠬᠤ ᠡᠷᠦᠬᠡ ᠶᠢᠨ ᠵᠠᠷᠤᠳᠠᠯ ᠲᠤᠰᠢᠶᠠᠬᠤ ᠲᠦᠷᠢᠮ ᠪᠠ  ᠥᠢᠯᠡᠴᠢᠯᠡᠭᠡᠨ ᠤ ᠵᠠᠷᠤᠳᠠᠯ ᠢ ᠵᠠᠬ᠎ᠠ ᠳᠡᠯᠭᠡᠭᠦᠷᠴᠢᠯᠡᠨ ᠪᠦᠷᠢᠯᠳᠦᠭᠦᠯᠬᠦ ᠲᠣᠭᠲᠠᠴᠠ ᠶᠢ ᠬᠠᠤᠯᠢ ᠶᠣᠰᠣᠭᠠᠷ ᠰᠦᠪᠡᠭᠴᠢᠯᠡᠵᠦ᠂ ᠮᠠᠯᠵᠢᠬᠤ ᠲᠠᠷᠢᠶᠠᠯᠠᠬᠤ ᠡᠷᠦᠬᠡ ᠵᠦᠶ ᠵᠣᠬᠢᠰᠲᠠᠶ ᠪᠠᠷ ᠵᠠᠷᠤᠳᠠᠯ ᠲᠤᠰᠢᠶᠠᠬᠤ᠂ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠠᠴᠠ ᠨᠢᠭᠡᠳᠦᠯᠲᠡᠶ ᠲᠦᠯᠦᠪᠵᠢᠬᠦᠯᠬᠦ᠂ ᠵᠠᠰᠠᠭ ᠤᠨ ᠣᠷᠳᠣᠨ ᠠᠴᠠ ᠵᠣᠬᠢᠰᠲᠠᠶ ᠨᠥᠬᠦᠪᠥᠷᠢ ᠥᠭᠬᠦ ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠵᠠᠷᠤᠳᠠᠯ ᠤᠨ ᠪᠠᠲᠤᠯᠠᠭ᠎ᠠ ᠶᠢᠨ ᠲᠦᠷᠢᠮ ᠢ ᠠᠯᠬᠤᠮ ᠠᠯᠬᠤᠮ ᠢᠶᠠᠷ ᠪᠠᠶᠢᠭᠤᠯᠣᠨ᠎ᠠ᠃      ︵ᠳᠥᠷᠪᠡ︶ ᠬᠠᠮᠢᠶ᠎ᠠ ᠪᠥᠬᠦᠶ ᠪᠠᠷᠢᠮᠵᠢᠶ᠎ᠠ ᠶᠢ ᠲᠣᠭᠲᠠᠭᠠᠨ᠎ᠠ᠃ ᠡᠯ᠎ᠡ ᠬᠤᠰᠢᠭᠤ ᠰᠢᠶᠠᠨ ᠬᠤᠲᠠ ︵ᠥᠷᠤᠨ ︶᠎ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠨᠢ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠲᠠᠯ᠎ᠠ ᠶᠢᠨ ᠬᠦᠴᠦᠨ ᠵᠥᠢᠯ ᠢ ᠶᠡᠷᠦᠩᠬᠡᠶᠢᠯᠡᠨ ᠪᠣᠳᠣᠯᠬᠢᠯᠠᠵᠤ᠂ ᠥᠷᠨᠢᠭᠦᠯᠵᠦ ᠪᠣᠯᠬᠤ ᠥᠢᠯᠡᠴᠢᠯᠡᠭᠡᠨ ᠤ ᠵᠥᠢᠯᠡᠰ ᠢ ᠲᠣᠭᠲᠠᠭᠠᠵᠤ᠂ ᠦᠢᠯᠡᠴᠢᠯᠡᠭᠡ ᠨᠢᠭᠡᠪᠦᠷᠢ ᠶᠢᠨ ᠪᠣᠳᠠᠲᠠᠶ ᠶᠠᠰᠤ ᠴᠢᠨᠠᠷ ᠤᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠳᠤᠨᠢ ᠲᠦᠷᠢᠮ ᠪᠣᠯᠭᠠᠵᠣ᠂  ᠥᠢᠯᠡᠴᠢᠯᠡᠭᠡᠨ ᠤ ᠶᠠᠰᠤ ᠴᠢᠨᠠᠷ ᠢ ᠦᠨᠡᠨᠬᠦ ᠪᠠᠳᠣᠯᠠᠨ᠎ᠠ᠃ ᠥᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠶᠢ ᠦᠨᠳᠦᠰᠦᠯᠡᠨ᠂ ᠮᠠᠯᠵᠢᠬᠤ ᠲᠠᠷᠢᠶᠠᠯᠠᠬᠤ ᠡᠷᠦᠬᠡ ᠳᠤ ᠦᠢᠯᠡᠴᠢᠯᠡᠬᠦ ᠲᠦᠷᠦᠯ ᠪᠦᠷᠢ ᠶᠢᠨ ᠥᠪᠡᠷᠲᠡᠭᠡᠨ ᠦᠭᠬᠦ ᠵᠠᠷᠤᠳᠠᠯ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠨᠥᠬᠦᠪᠥᠷᠢ᠂ ᠵᠠᠰᠠᠭ ᠤᠨ ᠣᠷᠳᠣᠨ ᠤ ᠨᠥᠬᠦᠪᠥᠷᠢ ᠶᠢᠨ ᠬᠠᠷᠢᠴᠠᠯ ᠢ ᠵᠦᠶ ᠵᠣᠬᠢᠰᠲᠠᠶ ᠲᠣᠭᠲᠠᠭᠠᠵᠤ᠂ ᠮᠠᠯᠴᠢᠨ ᠲᠠᠷᠢᠶᠠᠴᠢᠨ ᠤ ᠥᠪᠡᠷᠲᠡᠭᠡᠨ ᠦᠭᠬᠦ ᠵᠠᠷᠤᠳᠠᠯ ᠢ ᠵᠦᠶ ᠵᠣᠬᠢᠰᠲᠠᠶ ᠳᠠᠭᠠᠭᠠᠴᠠ ᠶᠢᠨ ᠬᠡᠪᠴᠢᠶᠡᠨ ᠳᠤ ᠪᠠᠶᠢᠯᠭᠠᠬᠤ ᠶᠢ ᠦᠨᠡᠨᠬᠦ ᠪᠠᠲᠤᠯᠠᠵᠤ᠂ ᠥᠢᠯᠡᠴᠢᠯᠡᠭᠡᠨ ᠤ  ᠰᠢᠰᠲ᠋ᠧᠮ ᠤᠨ ᠦᠷᠭᠦᠯᠵᠢᠯᠡᠨ ᠠᠵᠢᠯᠯᠠᠬᠤ ᠶᠢ ᠦᠨᠡᠨᠬᠦ  ᠪᠠᠳᠣᠯᠠᠨ᠎ᠠ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠬᠤᠲᠠ ︵ᠤᠷᠤᠨ︶᠎ ᠶᠢᠨ ᠵᠠᠰᠠᠭ ᠤᠨ ᠣᠷᠳᠣᠨ                 ︵ᠬᠠᠮᠢᠶᠠᠷᠤᠯᠲᠠ ᠶᠢᠨ ᠵᠥᠪᠯᠡᠯ︶᠎ ᠨᠢ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠥᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ  ᠬᠦᠢᠴᠡᠳ ᠲᠠᠨᠢᠵᠤ᠂ ᠲᠡᠭᠦᠨ ᠢᠶᠠᠨ ᠶᠠᠳᠠᠭᠤ ᠠᠴᠠ ᠠᠩᠬᠢᠵᠢᠷᠠᠭᠤᠯᠣᠨ ᠪᠣᠭᠤᠮᠳᠠ ᠰᠢᠪᠳᠣᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠴᠢᠬᠤᠯᠠ ᠠᠵᠢᠯ ᠤᠨ ᠠᠭᠤᠯᠭ᠎ᠠ ᠪᠣᠯᠭᠠᠵᠤ᠂ ᠭᠦᠨᠵᠡᠭᠡᠶ ᠰᠤᠳᠤᠯᠤᠨ᠂ ᠨᠠᠷᠢᠨ ᠨᠢᠮᠪᠠᠶ ᠳᠣᠭᠢᠷᠠᠭᠤᠯᠵᠤ᠂ ᠠᠷᠭ᠎ᠠ  ᠪᠠᠷᠢᠯ  ᠎ ᠢᠶᠠᠨ ᠨᠠᠷᠢᠯᠢᠬᠵᠢᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠵᠤ᠂ ᠠᠵᠢᠯ ᠢᠶᠠᠨ ᠯᠠᠪᠳᠠᠭᠤᠨ ᠪᠦᠲᠦᠮᠵᠢᠲᠡᠶ ᠥᠷᠨᠢᠭᠦᠯᠵᠦ᠂ ᠦᠷ᠎ᠡ ᠪᠦᠲᠦᠮᠵᠢ ᠤᠯᠬᠤ ᠶᠢ ᠦᠨᠡᠨᠬᠦ ᠪᠠᠳᠣᠯᠠᠨ᠎ᠠ᠃      ︵ᠬᠤᠶᠠᠷ︶ ᠠᠵᠢᠯ ᠤᠨ ᠲᠥᠰᠦᠯ ᠢᠶᠠᠨ ᠲᠣᠭᠲᠠᠭᠠᠨ᠎ᠠ᠃ ᠡᠯ᠎ᠡ ᠬᠤᠰᠢᠭᠤ ᠰᠢᠶᠠᠨ ᠬᠤᠲᠠ ︵ᠣᠷᠣᠨ︶᠎ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠨᠢ ᠵᠢᠯᠣᠭᠤᠳᠬᠤ ᠰᠠᠨᠠᠯ ᠢ ᠦᠨᠳᠦᠰᠦᠯᠡᠨ᠂ ᠮᠠᠯᠴᠢᠨ ᠲᠠᠷᠢᠶᠠᠴᠢᠨ ᠤ ᠰᠠᠨᠠᠯ ᠢ ᠥᠷᠭᠡᠨ ᠢᠶᠠᠷ ᠬᠤᠷᠢᠶᠠᠵᠤ᠂ ᠲᠤᠬᠠᠶ ᠶᠢᠨ ᠭᠠᠵᠠᠷ ᠤᠨ ᠪᠣᠳᠠᠳᠣ ᠪᠠᠶᠢᠳᠠᠯ ᠳᠤ ᠨᠡᠶᠢᠴᠡᠬᠦ ᠨᠡᠶᠢᠭᠡᠮᠴᠢᠯᠡᠭᠰᠡᠨ ᠥᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠥᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠬᠤ ᠬᠡᠯᠪᠡᠷᠢ  ᠂ ᠰᠥᠢᠳᠬᠡᠯ ᠬᠤᠷᠢᠶᠠᠬᠤ ᠪᠠᠷᠢᠮᠵᠢᠶ᠎ᠠ ᠂ ᠥᠢᠯᠡᠴᠢᠯᠡᠭᠡᠨ ᠤ ᠲᠤᠬᠠᠶᠢᠯᠠᠭᠰᠠᠨ ᠠᠵᠢᠯ ᠵᠡᠷᠭᠡ ᠪᠣᠳᠠᠲᠠᠶ ᠠᠭᠤᠯᠭ᠎ᠠ ᠶᠢ ᠲᠣᠳᠣᠷᠬᠠᠶᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠥᠢᠯᠡᠴᠢᠯᠡᠭᠡᠨ ᠤ ᠠᠩᠭᠢ ᠶᠢᠨ ᠥᠢᠯᠡᠴᠢᠯᠡᠭᠡᠨ ᠤ ᠲᠤᠬᠠᠶᠢᠯᠠᠭᠰᠠᠨ ᠠᠵᠢᠯ ᠥᠷᠨᠢᠭᠦᠯᠬᠦ ᠨᠠᠷᠢᠨ ᠬᠠᠭᠤᠳᠠᠰᠤ ︵ᠳᠠᠭᠠᠯᠳᠤᠭᠤᠯᠤᠯ ᠳᠤ ᠦᠵᠡ︶᠎ ᠶᠢ ᠪᠣᠢ ᠪᠣᠯᠭᠠᠨ᠎ᠠ᠃ ᠬᠤᠰᠢᠭᠤ ᠰᠢᠶᠠᠨ ᠬᠤᠲᠠ ︵ᠣᠷᠣᠨ︶᠎ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠢᠶᠠᠷ ᠬᠢᠨᠠᠨ ᠬᠠᠷᠭᠤᠭᠤᠯᠵᠣ ᠪᠠᠲᠤᠯᠠᠭᠤᠯᠤᠭᠰᠠᠨ ᠤ ᠳᠠᠷᠠᠭ᠎ᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ  ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠳᠤ ᠮᠡᠳᠡᠭᠦᠯᠵᠦ ᠳᠠᠩᠰᠠᠯᠠᠭᠤᠯᠤᠨ᠎ᠠ᠃      ︵ᠭᠤᠷᠪᠠ︶ ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠭᠦᠯᠬᠦ ᠶᠢ ᠴᠢᠩᠭᠠᠳᠬᠠᠨ᠎ᠠ᠃ ᠰᠠᠭᠤᠷᠢ ᠨᠥᠬᠦᠴᠡᠯ ᠢᠶᠠᠷ ᠰᠠᠶᠢᠨ᠂ ᠬᠥᠮᠦᠨ ᠠᠮᠠ ᠨᠡᠯᠢᠶᠡᠳ ᠲᠥᠪᠯᠡᠷᠡᠭᠰᠡᠨ᠂ ᠢᠳᠡᠪᠬᠢᠵᠢᠯ ᠢᠶᠠᠷ ᠥᠨᠳᠥᠷ ᠪᠦᠬᠦᠢ ᠬᠡᠰᠡᠭ ᠭᠠᠴᠠᠭ᠎ᠠ ᠲᠣᠰᠬᠤᠨ ᠢ ᠰᠣᠩᠭᠤᠨ᠂ ᠨᠡᠶᠢᠭᠡᠮᠴᠢᠯᠡᠭᠰᠡᠨ ᠥᠢᠯᠡᠴᠢᠯᠡᠭᠡᠨ ᠤ ᠲᠤᠷᠰᠢᠯᠲᠠ ᠶᠢᠨ ᠴᠡᠭ ᠤᠨ ᠠᠵᠢᠯ ᠢ ᠤᠷᠢᠳᠠᠪᠠᠷ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠ ᠲᠤᠷᠰᠢᠯᠭ᠎ᠠ ᠠᠷᠭ᠎ᠠ ᠬᠢᠳᠡᠯ ᠢᠶᠠᠨ ᠴᠠᠭ ᠲᠤᠬᠠᠶ ᠳᠤᠨᠢ ᠳ᠋ᠦᠩᠨᠡᠵᠦ᠂ ᠰᠤᠷᠤᠯᠴᠠᠵᠤ ᠪᠣᠯᠬᠤ᠂ ᠳᠠᠭᠤᠷᠢᠶᠠᠵᠣ ᠪᠣᠯᠬᠤ᠂ ᠳᠡᠯᠭᠡᠷᠡᠭᠦᠯᠬᠦ ᠳᠤ ᠬᠢᠯᠪᠠᠷ ᠪᠠᠶᠢᠬᠤ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠨᠢᠭᠡ ᠪᠦᠯᠦᠭ ᠨᠡᠶᠢᠭᠡᠮᠴᠢᠯᠡᠭᠰᠡᠨ ᠥᠢᠯᠡᠴᠢᠯᠡᠭᠡᠨ ᠤ ᠨᠡᠶᠢᠲᠡᠯᠢᠭ ᠵᠠᠭᠪᠤᠷ ᠢ ᠰᠣᠩᠭᠤᠨ ᠪᠣᠶ ᠪᠣᠯᠭᠠᠵᠤ᠂  ᠴᠡᠭ ᠢᠶᠠᠷ ᠨᠡᠶᠢᠳᠡᠮ ᠢ ᠳᠠᠶᠢᠴᠢᠯᠠᠨ᠂ ᠵᠢᠱᠢᠶ᠎ᠡ ᠦᠵᠡᠭᠦᠯᠦᠨ ᠳᠡᠯᠭᠡᠷᠡᠭᠦᠯᠦᠨ᠎ᠡ᠃      ︵ᠳᠥᠷᠪᠡ︶ ᠰᠢᠯᠭᠠᠨ ᠦᠨᠡᠯᠡᠵᠣ ᠤᠷᠮᠠᠰᠢᠭᠤᠯᠬᠤ ᠶᠢ ᠴᠢᠩᠭᠠᠷᠠᠭᠤᠯᠤᠨ᠎ᠠ᠃ ︽ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠥᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ︾᠎ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠤ ᠠᠮᠵᠢᠯᠲᠠ ᠶᠢ ᠰᠢᠯᠭᠠᠨ ᠦᠨᠡᠯᠡᠬᠦ ᠴᠢᠬᠤᠯᠠ ᠠᠭᠤᠯᠭ᠎ᠠ ᠪᠣᠯᠭᠠᠵᠤ᠂ ᠬᠤᠰᠢᠭᠤ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠠᠬᠢᠴᠠ ᠶᠢᠨ ᠪᠠᠶᠢᠳᠠᠯ ᠢᠶᠠᠨ ᠮᠡᠳᠡᠭᠦᠯᠬᠦ ᠴᠢᠬᠤᠯᠠ ᠠᠭᠤᠯᠭ᠎ᠠ ᠪᠣᠯᠭᠠᠨ᠎ᠠ᠃ ᠵᠠᠬᠢᠷᠭ᠎ᠠ ᠨᠢ ᠣᠨ ᠤ ᠰᠢᠯᠭᠠᠨ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠬᠤᠰᠢᠭᠤ ᠰᠢᠶᠠᠨ ᠬᠤᠲᠠ ︵ᠤᠷᠤᠨ︶᠎ ᠳᠤ ᠬᠡᠰᠡᠭ ᠪᠠᠯᠠ ᠮᠦᠩᠭᠦᠨ ᠤ ᠱᠠᠩᠨᠠᠯ ᠣᠯᠭᠤᠨ᠎ᠠ᠃      ︵ᠲᠠᠪᠤ︶  ᠶᠠᠷᠢᠶ᠎ᠠ ᠬᠡᠯᠡᠯᠴᠡᠭᠡᠨ ᠤ ᠣᠬᠢ ᠰᠠᠶᠢᠨ ᠣᠷᠴᠢᠨ ᠠᠬᠤᠢ ᠶᠢ ᠪᠣᠶ ᠪᠣᠯᠭᠠᠨ᠎ᠠ᠃  ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠨᠢᠭᠡ ᠪᠦᠯᠦᠭ ᠲᠤᠷᠰᠢᠯᠭ᠎ᠠ ᠠᠷᠭ᠎ᠠ ᠬᠢᠳᠡᠯ ᠪᠠ ᠨᠡᠶᠢᠲᠡᠯᠢᠭ ᠵᠢᠱᠢᠶ᠎ᠡ ᠶᠢ ᠳ᠋ᠦᠩᠨᠡᠨ ᠤᠬᠠᠭᠤᠯᠵᠤ᠂ ᠣᠬᠠᠭᠤᠯᠭ᠎ᠠ ᠰᠣᠷᠳᠠᠯᠴᠢᠯᠠᠭ᠎ᠠ ᠶᠢ ᠭᠦᠨᠵᠡᠭᠡᠶ ᠥᠷᠨᠢᠭᠦᠯᠦᠨ᠂ ᠤᠬᠠᠭᠤᠯᠬᠤ ᠪᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ ᠂ ᠨᠡᠶᠢᠭᠡᠮ ᠨᠡᠶᠢᠲᠡ ᠶᠢᠨ ᠲᠠᠨᠢᠨ ᠮᠡᠳᠡᠷᠡᠭᠦᠢ ᠶᠢ ᠨᠡᠮᠡᠭᠳᠡᠭᠦᠯᠦᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号