ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2022﹈ 67 ᠳ᠋ᠤᠭᠠᠷ ᠲᠣᠭᠠᠲᠤ | | | ︽ᠰᠢᠯᠢ ᠶᠢᠨ ᠭᠤᠤᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠵᠢᠯᠣᠭᠤᠳᠬᠤ ᠰᠠᠨᠠᠯ︾ ᠢ ᠳᠠᠷᠤᠮᠠᠯᠯᠠᠨ | ᠲᠠᠷᠬᠠᠭᠠᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠠᠶᠢᠮᠠᠭ ᠤᠨ ᠬᠤᠯᠪᠣᠭᠳᠠᠯ ᠪᠥᠬᠦᠶ ᠬᠡᠯᠳᠡᠰ᠂ ᠵᠥᠪᠯᠡᠯ᠂ ᠠᠯᠪᠠᠨ ᠬᠡᠷ᠂ ᠲᠤᠪᠴᠢᠶᠠᠨ ᠳᠤ᠄ | ︽ᠰᠢᠯᠢ ᠶᠢᠨ ᠭᠤᠤᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢᠨ ᠵᠢᠯᠣᠭᠤᠳᠬᠤ ᠰᠠᠨᠠᠯ︾ ᠢ ᠵᠠᠬᠢᠷᠭ᠎ᠠ ᠠᠴᠠ ᠨᠢᠭᠡᠨᠲᠡ ᠰᠤᠳᠤᠯᠤᠨ | ᠵᠥᠪᠰᠢᠶᠡᠷᠡᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠳᠣᠤᠷᠠᠬᠢ ᠮᠡᠲᠦ ᠱᠠᠭᠠᠷᠳᠠᠯᠭ᠎ᠠ | ᠳᠤᠷᠠᠳᠪᠠ᠂ ᠬᠠᠮᠲᠤ ᠳᠤᠨᠢ ᠳᠣᠭᠤᠰᠢᠯᠠᠭᠤᠯᠣᠨ ᠨᠠᠶᠢᠳᠠᠪᠣᠷᠢᠵᠢᠭᠤᠯᠳᠣᠭᠠᠢ᠃ | ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠯ ᠠᠵᠤ ᠠᠬᠤᠶ | ᠲᠠᠷᠢᠶᠠᠯᠠᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ | ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ | ᠲᠣᠭᠤᠷᠢᠨ ᠵᠡᠷᠭᠡ ᠰᠠᠯᠠᠭ᠎ᠠ ᠮᠥᠴᠢᠷ ᠢ ᠲᠦᠷᠭᠡᠭᠡᠨ ᠵᠣᠬᠢᠶᠠᠨ ᠪᠠᠶᠢᠭᠤᠯᠤᠨ ᠠᠵᠢᠯ ᠤᠨ ᠲᠤᠰᠬᠠᠶ ᠠᠩᠭᠢ ᠪᠠᠶᠢᠭᠤᠯᠵᠤ | ᠂ ᠬᠢᠨᠠᠮᠠᠭᠠᠶ ᠰᠤᠳᠤᠯᠤᠨ᠂ ᠨᠠᠷᠢᠨ ᠨᠢᠮᠪᠠᠶ ᠲᠦᠰᠦᠪᠯᠡᠨ᠂ ᠪᠣᠳᠠᠲᠠᠶ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠪᠠᠨ | ᠲᠣᠳᠣᠷᠬᠠᠶᠢᠯᠠᠨ᠂ ᠵᠣᠬᠢᠶᠠᠨ ᠪᠠᠶᠢᠭᠤᠯᠤᠨ ᠠᠬᠢᠭᠤᠯᠬᠤ ᠶᠢ ᠴᠢᠩᠭᠠᠷᠠᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ | ᠦᠨᠡᠨᠬᠦ ᠪᠠᠳᠣᠯᠠᠨ᠎ᠠ᠃ | ᠬᠤᠶᠠᠷ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠦᠷᠨᠢᠬᠦᠯᠦᠨ᠎ᠡ᠃ ᠡᠯ᠎ᠡ ᠬᠤᠰᠢᠭᠤ ᠰᠢᠶᠠᠨ ᠬᠤᠲᠠ ︵ | ᠤᠷᠤᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ︽ᠵᠢᠯᠣᠭᠤᠳᠬᠤ ᠰᠠᠨᠠᠯ︾ ᠤᠨ ᠬᠠᠮᠢᠶ᠎ᠠ | ᠪᠥᠬᠦᠶ ᠠᠭᠤᠯᠭ᠎ᠠ ᠲᠠᠢ ᠤᠶᠠᠯᠳᠤᠭᠤᠯᠤᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠮᠠᠯᠵᠢᠬᠤ | ᠲᠠᠷᠢᠶᠠᠯᠠᠬᠤ ᠡᠷᠦᠬᠡ ᠳᠤ ᠭᠦᠨᠵᠡᠭᠡᠶᠢᠷᠡᠨ ᠬᠠᠨᠳᠣᠯᠭᠠᠳᠣ ᠴᠢᠨᠠᠷᠲᠠᠶ ᠪᠠᠶᠢᠴᠠᠭᠠᠨ ᠰᠤᠳᠤᠯᠤᠯᠲᠠ ᠥᠷᠨᠢᠭᠦᠯᠵᠦ᠂ | ᠦᠨᠳᠦᠰᠦᠨ ᠱᠠᠲᠤᠨ ᠤ ᠪᠣᠳᠠᠲᠠᠶ ᠬᠡᠷᠡᠭᠴᠡᠭᠡ ᠶᠢ ᠤᠶᠢᠯᠠᠭᠠᠨ᠂ ᠮᠠᠯᠴᠢᠨ ᠲᠠᠷᠢᠶᠠᠴᠢᠨ ᠤ ᠬᠦᠰᠡᠯ ᠱᠠᠭᠠᠷᠳᠠᠯᠭ᠎ᠠ ᠶᠢ | ᠡᠵᠡᠮᠰᠢᠨ᠎ᠡ᠃ ᠡᠨᠡᠬᠦ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠬᠦ | ᠶᠠᠪᠣᠭᠳᠠᠭᠤᠰᠢᠲᠠᠢ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠪᠣᠳᠠᠲᠠᠶ ᠵᠣᠬᠢᠶᠠᠨ ᠪᠠᠶᠢᠭᠤᠯᠤᠯᠲᠠ ᠶᠢᠨ | ᠬᠡᠯᠪᠡᠷᠢ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ᠂ ᠵᠠᠷᠤᠳᠠᠯ ᠤᠨ ᠪᠠᠲᠤᠯᠠᠭ᠎ᠠ ᠵᠡᠷᠭᠡ | ᠠᠭᠤᠯᠭ᠎ᠠ ᠶᠢ ᠲᠣᠳᠣᠷᠬᠠᠶᠢᠯᠠᠵᠤ᠂ ᠨᠡᠶᠢᠭᠡᠮᠴᠢᠯᠡᠭᠰᠡᠨ ᠦᠢᠯᠡᠴᠢᠯᠡᠭᠡ ᠶᠢ ᠲᠤᠷᠰᠢᠨ ᠦᠷᠨᠢᠬᠦᠯᠦᠨ᠎ᠡ᠃ | ᠭᠤᠷᠪᠠ᠂ ᠠᠵᠢᠯ ᠤᠨ ᠠᠶᠢᠵᠠᠮ ᠢ ᠡᠵᠡᠮᠳᠡᠨ᠎ᠡ᠃ ᠡᠯ᠎ᠡ ᠬᠤᠰᠢᠭᠤ ᠰᠢᠶᠠᠨ ᠬᠤᠲᠠ ︵ᠤᠷᠤᠨ︶ ᠤᠳ ᠴᠠᠭ | ᠬᠤᠭᠤᠴᠠᠭᠠᠨ ᠤ ᠵᠠᠩᠭᠢᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠡᠯ᠎ᠡ ᠵᠥᠢᠯ ᠤᠨ ᠠᠵᠢᠯ ᠢᠶᠠᠨ ᠰᠠᠶᠢᠲᠤᠷ ᠬᠢᠬᠦ | ᠬᠡᠷᠡᠭᠲᠡᠶ᠄ | 5 ᠳ᠋ᠣᠭᠠᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠠᠵᠢᠯ ᠤᠨ ᠲᠤᠰᠬᠠᠶ ᠠᠩᠭᠢ ᠵᠣᠬᠢᠶᠠᠨ ᠪᠠᠶᠢᠭᠤᠯᠬᠤ | ᠪᠠ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠬᠦ ᠠᠵᠢᠯ ᠢᠶᠠᠨ ᠪᠡᠶᠡᠯᠡᠭᠦᠯᠣᠨ᠎ᠡ︔ | 6 ᠳ᠋ᠣᠭᠠᠷ ᠰᠠᠷ᠎ᠠ ᠶᠢᠨ 15 ᠤ ᠡᠳᠦᠷ ᠠᠴᠠ ᠡᠮᠦᠨ᠎ᠡ᠂ ︽ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠨ | ᠨᠡᠶᠢᠲᠡᠯᠡᠵᠦ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠳᠤ ᠮᠡᠳᠡᠭᠦᠯᠵᠦ | ᠳᠠᠩᠰᠠᠯᠠᠭᠤᠯᠤᠨ᠎ᠠ︔ | 6 ᠳ᠋ᠣᠭᠠᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠬᠢ | ᠵᠣᠬᠢᠶᠠᠨ ᠪᠠᠶᠢᠭᠤᠯᠬᠤ ᠠᠵᠢᠯ ᠢᠶᠠᠨ ᠪᠡᠶᠡᠯᠡᠭᠦᠯᠵᠦ᠂ ᠦᠢᠯᠡᠴᠢᠯᠡᠭᠡᠨ ᠤ ᠠᠩᠬᠢ ᠶᠢᠨ ᠡᠯ᠎ᠡ ᠵᠥᠢᠯ ᠤᠨ ᠲᠦᠷᠢᠮ ᠢ | ᠪᠠᠶᠢᠭᠤᠯᠤᠨ ᠪᠦᠷᠢᠨᠰᠢᠬᠦᠯᠵᠦ᠂ ᠦᠢᠯᠡᠴᠢᠯᠡᠭᠡᠨ ᠤ ᠠᠩᠬᠢ ᠶᠢ ᠵᠢᠩᠬᠢᠨᠢ ᠪᠠᠷ ᠠᠵᠢᠯᠯᠠᠭᠤᠯᠣᠨ᠎ᠠ᠃ | ᠳᠦᠷᠪᠡ᠂ ᠰᠠᠷ᠎ᠠ ᠶᠢᠨ ᠳᠤᠬᠢᠷᠠᠭᠤᠯᠤᠯᠳᠠ ᠶᠢᠨ ᠳᠦᠷᠢᠮ ᠬᠡᠷᠡᠭᠵᠢᠭᠦᠯᠦᠨ᠎ᠡ᠃ ᠡᠯ᠎ᠡ ᠬᠤᠰᠢᠭᠤ ᠰᠢᠶᠠᠨ | ᠬᠤᠲᠠ ︵ᠤᠷᠤᠨ︶ ᠰᠠᠷ᠎ᠠ ᠪᠦᠷᠢ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠤᠪᠴᠢᠶᠠᠨ ᠳᠤ ᠠᠵᠢᠯ ᠤᠨ ᠠᠬᠢᠴᠠ ᠪᠠ ᠦᠢᠯᠡᠴᠢᠯᠡᠭᠡᠨ ᠤ ᠠᠩᠭᠢ ᠶᠢᠨ ᠠᠵᠢᠯᠯᠠᠭᠠᠨ ᠤ ᠪᠠᠶᠢᠳᠠᠯ ᠢᠶᠠᠨ | ᠮᠡᠳᠡᠭᠦᠯᠦᠨ᠎ᠡ᠃ 12 ᠳ᠋ᠣᠭᠠᠷ ᠰᠠᠷ᠎ᠠ ᠶᠢᠨ 10 ᠤ ᠡᠳᠦᠷ ᠠᠴᠠ ᠡᠮᠦᠨ᠎ᠡ᠂ ᠡᠯ᠎ᠡ ᠭᠠᠵᠠᠷ ᠤᠨ ᠬᠢᠨ ᠪᠥᠬᠦ ᠵᠢᠯ ᠤᠨ | ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠠᠵᠢᠯ ᠤᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ᠂ | ᠬᠠᠯᠠᠨ ᠰᠠᠶᠢᠵᠢᠷᠠᠭᠤᠯᠣᠭᠰᠠᠨ ᠰᠠᠨᠠᠯ ᠰᠠᠨᠠᠭᠤᠯᠭ᠎ᠠ ᠪᠠᠨ ᠪᠥᠬᠦ ᠲᠠᠯ᠎ᠠ ᠪᠠᠷ ᠡᠮᠬᠢᠯᠡᠨ᠂ ᠣᠨ ᠤ ᠠᠵᠢᠯ ᠤᠨ | ᠳ᠋ᠦᠩᠨᠡᠯᠲᠡ ᠬᠢᠵᠤ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠳᠤ | ᠮᠡᠳᠡᠭᠦᠯᠵᠦ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠠᠴᠠ | ᠬᠤᠷᠢᠶᠠᠩᠭᠤᠶᠢᠯᠠᠭᠰᠠᠨ ᠤ ᠳᠠᠷᠠᠭ᠎ᠠ ᠠᠶᠢᠮᠠᠭ ᠤᠨ ᠵᠠᠬᠢᠷᠭᠠᠨ ᠳᠤ ᠮᠡᠳᠡᠭᠦᠯᠦᠨ᠎ᠡ᠃ | | | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2022 ᠣᠨ ᠤ 5 ᠳ᠋ᠣᠭᠠᠷ ᠰᠠᠷ᠎ᠠ ᠶᠢᠨ 12 ᠤᠨ ᠡᠳᠦᠷ | | | | ᠰᠢᠯᠢ ᠶᠢᠨ ᠭᠤᠤᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠵᠢᠯᠣᠭᠤᠳᠬᠤ ᠰᠠᠨᠠᠯ | | | ᠮᠠᠨ ᠤ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ | ᠲᠣᠷᠣᠢ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠥᠷᠢᠯᠡᠵᠥ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠨ | ᠠᠮᠢᠳᠤᠷᠠᠬᠤ ᠣᠷᠴᠢᠨ ᠨᠥᠭᠦᠴᠡᠯ ᠢ ᠤᠯᠠᠮ ᠰᠠᠶᠢᠵᠢᠷᠠᠭᠤᠯᠤᠨ᠂ ᠮᠠᠯᠴᠢᠨ ᠲᠠᠷᠢᠶᠠᠴᠢᠨ ᠤ ᠥᠢᠯᠡᠳᠪᠥᠷᠢᠯᠡᠯ | ᠠᠮᠢᠳᠤᠷᠠᠯ ᠤᠨ ᠥᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠭᠠᠵᠠᠷ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠵᠢᠯᠣᠭᠤᠳᠬᠤ ᠰᠠᠨᠠᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠳᠣᠭᠤᠰᠢᠯᠠᠭᠤᠯᠵᠣ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ | ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠦᠭᠡᠷᠡᠴᠢᠯᠡᠯᠳᠡ᠂ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ | ᠭᠠᠳᠠᠭᠰᠢᠯᠠᠭᠤᠯᠬᠤ᠂ ᠮᠠᠯᠴᠢᠨ ᠲᠠᠷᠢᠶᠠᠴᠢᠨ ᠤ ᠡᠳᠦᠷ ᠲᠤᠲᠤᠮ ᠤᠨ ᠥᠢᠯᠡᠳᠪᠥᠷᠢᠯᠡᠯ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠵᠡᠷᠭᠡ ᠠᠵᠢᠯ ᠢᠶᠠᠷ ᠭᠤᠤᠯᠳᠠᠯᠭ᠎ᠠ ᠪᠣᠯᠭᠠᠵᠤ᠂ ᠣᠳᠣᠬᠠᠨ ᠤ ᠮᠠᠨ ᠤ ᠠᠶᠢᠮᠠᠭ ᠤᠨ ᠮᠠᠯᠵᠢᠬᠤ | ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠥᠢᠯᠡᠴᠢᠯᠡᠭᠡ ᠳᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠥᠷᠢᠯᠡᠵᠥ᠂ ᠮᠠᠯᠴᠢᠨ ᠲᠠᠷᠢᠶᠠᠴᠢᠨ ᠤ ᠵᠣᠯ ᠵᠢᠷᠭᠠᠯᠳᠣ ᠲᠥᠷᠥᠭᠳᠡᠯ᠂ ᠬᠠᠨᠣᠮᠵᠢᠳᠣ ᠲᠥᠷᠥᠭᠳᠡᠯ ᠢ ᠲᠠᠰᠤᠷᠠᠯᠲᠠ | ᠥᠬᠡᠶ ᠳᠡᠭᠡᠭᠰᠢᠯᠡᠭᠦᠯᠦᠨ᠂ ᠶᠠᠳᠠᠭᠤ ᠠᠴᠠ ᠠᠩᠬᠢᠵᠢᠷᠠᠭᠤᠯᠣᠨ ᠪᠣᠭᠤᠮᠳᠠ ᠰᠢᠪᠳᠣᠯᠬᠤ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠢᠶᠠᠨ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠎ᠠ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ | ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠬᠢ ᠶᠢ ᠠᠳᠠᠯᠢ ᠪᠤᠰᠤ ᠬᠡᠯᠪᠡᠷᠢ ᠪᠠᠷ ᠵᠣᠬᠢᠶᠠᠨ ᠪᠠᠶᠢᠭᠤᠯᠵᠤ᠂ ᠦᠢᠯᠡᠴᠢᠯᠡᠭᠡ | ᠦᠷᠨᠢᠬᠦᠯᠦᠨ᠎ᠡ᠃ | ︵ ᠨᠢᠭᠡ ︶ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠡᠯᠪᠡᠷᠢ᠃ ᠡᠳ᠋ ᠤᠨ ᠵᠠᠰᠠᠭ ᠤᠨ ᠲᠤᠰᠬᠠᠶ | ᠲᠦᠷᠦᠯ ᠤᠨ ᠪᠡᠯᠡ ᠮᠥᠩᠭᠦ ᠪᠠᠷ ᠬᠤᠳᠬᠤᠭᠤᠷ ᠲᠡᠷᠭᠡ᠂ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ᠂ | ᠢᠯᠭᠠᠳᠠᠰᠣ ᠴᠡᠪᠡᠷᠯᠡᠬᠦ ᠲᠡᠷᠭᠡ᠂ ᠲᠡᠭᠡᠭᠡᠪᠦᠷᠢ ᠶᠢᠨ ᠲᠡᠷᠭᠡ᠂ ᠮᠠᠯ ᠠᠵᠤ ᠠᠬᠤᠶ ᠲᠠᠷᠢᠶᠠᠯᠠᠩ ᠤᠨ ᠮᠠᠰᠢᠨᠴᠢᠯᠠᠯᠳᠠ | ᠶᠢᠨ ᠲᠥᠬᠦᠭᠡᠷᠦᠮᠵᠢ ᠵᠡᠷᠭᠡ ᠳᠤ ᠪᠡᠯᠡ ᠣᠷᠣᠭᠤᠯᠵᠤ᠂ ᠬᠤᠰᠢᠭᠤ ᠰᠢᠶᠠᠨ ᠤ ᠵᠠᠰᠠᠭ ᠤᠨ ᠣᠷᠳᠣᠨ ᠪᠤᠶᠤ ᠰᠤᠮᠤ | ᠰᠢᠶᠠᠩ ᠪᠠᠯᠭᠠᠰᠣᠨ ᠤ ᠵᠠᠰᠠᠭ ᠤᠨ ᠣᠷᠳᠣᠨ ᠠᠴᠠ ᠠᠵᠢᠯᠯᠠᠬᠤ ᠠᠩᠬᠢ ᠵᠣᠬᠢᠶᠠᠨ ᠪᠠᠶᠢᠭᠤᠯᠵᠤ᠂ ᠦᠢᠯᠡᠴᠢᠯᠡᠭᠡ | ᠦᠷᠨᠢᠬᠦᠯᠦᠨ᠎ᠡ᠃ | ︵ᠬᠤᠶᠠᠷ︶ ᠺᠣᠮᠫᠠᠨᠢ ᠶᠢᠨ ᠡᠵᠡᠩᠨᠡᠯᠲᠡ ᠶᠢᠨ ᠬᠡᠯᠪᠡᠷᠢ᠃ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠤᠶᠤ ᠰᠤᠮᠤ ᠰᠢᠶᠠᠩ ᠪᠠᠯᠭᠠᠰᠣᠨ ᠤ ᠵᠠᠰᠠᠭ ᠤᠨ | ᠣᠷᠳᠣᠨ ᠠᠴᠠ ᠲᠤᠬᠠᠶ ᠶᠢᠨ ᠭᠠᠵᠠᠷ ᠤᠨ ᠶᠠᠳᠠᠭᠤ ᠶᠢ ᠳᠡᠳᠬᠦᠬᠦ ᠪᠠᠯᠠ ᠣᠷᠣᠭᠤᠯᠣᠯᠳᠠ ᠶᠢᠨ ᠺᠣᠮᠫᠠᠨᠢ᠂ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠪᠤᠶᠤ ᠲᠤᠰᠬᠠᠶ ᠮᠡᠷᠭᠡᠵᠢᠯ ᠤᠨ ᠠᠳᠠᠯ ᠠᠬᠤᠶ ᠶᠢᠨ ᠺᠣᠮᠫᠠᠨᠢ ᠳᠤ | ᠨᠠᠶᠢᠳᠠᠵᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠵᠣᠬᠢᠶᠠᠨ ᠪᠠᠶᠢᠭᠤᠯᠵᠤ᠂ ᠥᠢᠯᠡᠴᠢᠯᠡᠭᠡᠨ ᠤ ᠠᠩᠭᠢ ᠶᠢᠨ | ᠬᠡᠷᠡᠭᠰᠡᠬᠦ ᠲᠥᠬᠦᠭᠡᠷᠦᠮᠵᠢ ᠵᠢᠱᠢᠶᠡᠯᠡᠪᠡᠯ ᠬᠤᠳᠬᠤᠭᠤᠷ ᠲᠡᠷᠭᠡ᠂ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ᠂ | ᠢᠯᠭᠠᠳᠠᠰᠣ ᠴᠡᠪᠡᠷᠯᠡᠬᠦ ᠲᠡᠷᠭᠡ᠂ ᠲᠡᠭᠡᠭᠡᠪᠦᠷᠢ ᠶᠢᠨ ᠲᠡᠷᠭᠡ᠂ ᠮᠠᠯ ᠠᠵᠤ ᠠᠬᠤᠶ ᠲᠠᠷᠢᠶᠠᠯᠠᠩ ᠤᠨ ᠮᠠᠰᠢᠨᠴᠢᠯᠠᠯᠲᠠ ᠶᠢᠨ | ᠲᠥᠬᠦᠭᠡᠷᠦᠮᠵᠢ ᠵᠡᠷᠭᠡ ᠶᠢ ᠡᠳ᠋ ᠤᠨ ᠵᠠᠰᠠᠭ ᠤᠨ ᠲᠤᠰᠬᠠᠶ ᠲᠦᠷᠦᠯ ᠤᠨ ᠪᠠᠯᠠ ᠮᠥᠩᠭᠦ ᠪᠠᠷ ᠬᠤᠳᠠᠯᠳᠤᠨ ᠠᠪᠴᠤ᠂ | ᠥᠮᠴᠢᠯᠡᠬᠦ ᠡᠷᠬᠡ ᠨᠢ ᠤᠯᠤᠰ ᠤᠨ ᠥᠮᠴᠢᠯᠡᠯ ᠳᠤ ᠬᠠᠷᠢᠶᠠᠯᠠᠭᠳᠠᠵᠣ᠂ ᠥᠢᠯᠡᠴᠢᠯᠡᠭᠡᠨ ᠤ ᠠᠩᠭᠢ ᠲᠦᠷᠢᠶᠡᠰᠦᠯᠡᠨ | ᠬᠡᠷᠡᠭᠯᠡᠨ᠎ᠡ᠃ | ︵ᠭᠤᠷᠪᠠ︶ ᠥᠢᠯᠡᠴᠢᠯᠡᠭᠡ ᠬᠤᠳᠠᠯᠳᠤᠨ ᠠᠪᠬᠤ ᠬᠡᠯᠪᠡᠷᠢ᠃ ᠬᠤᠰᠢᠭᠤ ᠰᠢᠶᠠᠨ ᠬᠤᠲᠠ ︵ᠤᠷᠤᠨ︶ ᠶᠢᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠤᠶᠤ ᠰᠤᠮᠤ ᠰᠢᠶᠠᠩ ᠪᠠᠯᠭᠠᠰᠣᠨ ᠤ ᠵᠠᠰᠠᠭ ᠤᠨ | ᠣᠷᠳᠣᠨ ᠠᠴᠠ ᠨᠡᠶᠢᠭᠡᠮ ᠤᠨ ᠺᠣᠮᠫᠠᠨᠢ ᠲᠠᠢ ᠭᠡᠷ᠎ᠡ ᠲᠣᠭᠲᠠᠵᠤ᠂ ᠥᠢᠯᠡᠴᠢᠯᠡᠭᠡ ᠬᠤᠳᠠᠯᠳᠤᠨ ᠠᠪᠬᠤ ᠠᠷᠭ᠎ᠠ | ᠬᠡᠯᠪᠡᠷᠢ ᠪᠠᠷ ᠨᠡᠶᠢᠭᠡᠮᠴᠢᠯᠡᠭᠰᠡᠨ ᠦᠢᠯᠡᠴᠢᠯᠡᠭᠡ ᠦᠷᠨᠢᠬᠦᠯᠬᠦ ᠳᠤ ᠵᠠᠰᠠᠭ ᠤᠨ ᠣᠷᠳᠣᠨ ᠬᠠᠮᠢᠶ᠎ᠠ ᠪᠥᠬᠦᠶ ᠲᠥᠬᠦᠭᠡᠷᠦᠮᠵᠢ | ᠬᠤᠳᠠᠯᠳᠤᠨ ᠠᠪᠬᠤ ᠶᠢ ᠬᠠᠷᠢᠭᠤᠴᠠᠬᠤ ᠥᠬᠡᠶ᠃ | ︵ᠲᠦᠷᠪᠡ︶ ᠪᠤᠰᠤᠳ ᠵᠣᠬᠢᠶᠠᠨ ᠪᠠᠶᠢᠭᠤᠯᠤᠯᠲᠠ ᠶᠢᠨ ᠬᠡᠯᠪᠡᠷᠢ᠃ ᠡᠯ᠎ᠡ ᠬᠤᠰᠢᠭᠤ ᠰᠢᠶᠠᠨ ᠬᠤᠲᠠ ︵ | ᠤᠷᠤᠨ︶ ᠤᠳ ᠲᠣᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠪᠤᠰᠤᠳ ᠵᠣᠬᠢᠶᠠᠨ ᠪᠠᠶᠢᠭᠤᠯᠤᠯᠲᠠ ᠶᠢᠨ | ᠬᠡᠯᠪᠡᠷᠢ ᠠᠪᠴᠤ ᠪᠣᠯᠤᠨ᠎ᠠ᠃ | ᠭᠤᠷᠪᠠ᠂ ᠥᠢᠯᠡᠴᠢᠯᠡᠭᠡᠨ ᠤ ᠠᠭᠤᠯᠭ᠎ᠠ | ︵ᠨᠢᠭᠡ︶ ᠰᠠᠭᠤᠷᠢᠰᠢᠨ ᠠᠮᠢᠳᠤᠷᠠᠬᠤ ᠣᠷᠴᠢᠨ ᠨᠥᠭᠦᠴᠡᠯ ᠢ ᠴᠡᠭᠴᠡᠯᠡᠨ ᠰᠠᠶᠢᠵᠢᠷᠠᠭᠤᠯᠬᠤ ᠰᠠᠭᠤᠷᠢ | ᠥᠢᠯᠡᠴᠢᠯᠡᠭᠡ | 1. ᠵᠣᠷᠯᠣᠩ ᠴᠡᠪᠡᠷᠯᠡᠨ ᠠᠷᠢᠯᠭᠠᠬᠤ | ᠮᠠᠯᠵᠢᠬᠤ ᠲᠠᠷᠢᠶᠠᠯᠠᠬᠤ ᠣᠷᠣᠨ ᠤ ᠡᠷᠦᠬᠡ ᠪᠣᠯᠭᠠᠨ ᠳᠤ ᠵᠣᠷᠯᠣᠩ ᠴᠡᠪᠡᠷᠯᠡᠨ ᠠᠷᠢᠯᠭᠠᠬᠤ ᠥᠢᠯᠡᠴᠢᠯᠡᠭᠡ | ᠬᠠᠩᠭᠠᠨ᠎ᠠ᠃ | 2. ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠯᠵᠢᠭᠦᠯᠥᠨ ᠵᠦᠭᠡᠭᠡᠪᠦᠷᠢᠯᠡᠬᠦ ᠪᠠ ᠬᠤᠤᠷ | ᠦᠭᠡᠶᠢᠳᠡᠭᠦᠯᠦᠨ ᠰᠢᠢᠳᠪᠦᠷᠢᠯᠡᠬᠦ | ᠮᠠᠯᠵᠢᠬᠤ ᠲᠠᠷᠢᠶᠠᠯᠠᠬᠤ ᠡᠷᠦᠬᠡ ᠶᠢᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ | ᠰᠢᠯᠵᠢᠭᠦᠯᠥᠨ ᠵᠦᠭᠡᠭᠡᠪᠦᠷᠢᠯᠡᠬᠦ ᠪᠠ ᠬᠤᠤᠷ ᠦᠭᠡᠶᠢᠳᠡᠭᠦᠯᠦᠨ ᠰᠢᠢᠳᠪᠥᠷᠢᠯᠡᠬᠦ ᠥᠢᠯᠡᠴᠢᠯᠡᠭᠡ ᠬᠠᠩᠭᠠᠨ᠎ᠠ᠃ | ︵ᠬᠤᠶᠠᠷ︶ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡ | 1. ᠮᠠᠯᠵᠢᠬᠤ ᠦᠢᠯᠡᠳᠪᠦᠷᠢᠯᠡᠯ | ︵1︶ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠭᠡ᠃ ᠡᠪᠡᠰᠦ ᠪᠣᠷᠳᠤᠭ᠎ᠠ ᠬᠠᠳᠤᠬᠤ᠂ | ᠪᠣᠭᠤᠵᠢᠯᠠᠬᠤ᠂ ᠵᠥᠭᠡᠭᠡᠪᠦᠷᠢᠯᠡᠬᠦ᠂ ᠣᠪᠣᠭᠠᠯᠠᠬᠤ ᠵᠡᠷᠭᠡ ᠠᠯᠢ ᠣᠯᠠᠨ ᠥᠢᠯᠡᠴᠢᠯᠡᠭᠡ ᠬᠠᠩᠭᠠᠨ᠎ᠠ᠃ | ︵2︶ ᠮᠠᠯ ᠠᠵᠤ ᠠᠬᠤᠶ ᠶᠢᠨ ᠰᠠᠭᠤᠷᠢ ᠥᠢᠯᠡᠴᠢᠯᠡᠭᠡ᠃ ᠦᠬᠡᠷ ᠬᠤᠨᠢᠨ ᠤ ᠫᠧᠩ ᠬᠤᠷᠤᠭ᠎ᠠ ᠶᠢ ᠰᠡᠯᠪᠢᠨ | ᠵᠠᠰᠠᠬᠤ᠂ ᠫᠧᠩ ᠬᠤᠷᠤᠭ᠎ᠠ ᠶᠢ ᠴᠡᠪᠡᠷᠯᠡᠨ ᠠᠷᠢᠯᠭᠠᠬᠤ᠂ ᠲᠣᠣᠷ ᠬᠠᠰᠢᠶ᠎ᠠ ᠶᠢ ᠰᠡᠯᠪᠢᠨ ᠵᠠᠰᠠᠬᠤ᠂ ᠢᠴᠡᠭᠡᠯ ᠥᠷ᠎ᠡ | ᠶᠢᠨ ᠬᠡᠬᠡᠯᠳᠣᠭᠦᠯᠭᠡ᠂ ᠬᠤᠨᠢ ᠬᠠᠶᠢᠴᠢᠯᠠᠬᠤ ᠵᠡᠷᠭᠡ ᠦᠢᠯᠡᠴᠢᠯᠡᠭᠡ ᠬᠠᠩᠭᠠᠨ᠎ᠠ᠃ | ︵3︶ ᠠᠮᠢᠲᠠᠨ ᠤ ᠬᠢᠵᠢᠭ ᠭᠡᠮ ᠢ ᠰᠡᠷᠭᠡᠶᠢᠯᠡᠨ ᠡᠵᠡᠮᠳᠡᠬᠦ ᠦᠢᠯᠡᠴᠢᠯᠡᠭᠡ᠃ ᠦᠯᠣ ᠬᠠᠯᠳᠠᠭᠠᠬᠤ᠂ | ᠬᠤᠷᠣᠬᠠᠶ ᠬᠥᠭᠡᠭᠡᠬᠦ᠂ ᠡᠮ ᠢᠶᠠᠷ ᠣᠬᠢᠶᠠᠬᠤ ᠵᠢᠴᠢ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠦᠢᠯᠡᠴᠢᠯᠡᠭᠡ | ᠬᠠᠩᠭᠠᠨ᠎ᠠ᠃ | 2. ᠲᠠᠷᠢᠶᠠᠯᠠᠩ ᠦᠢᠯᠡᠳᠪᠦᠷᠢᠯᠡᠯ | ︵1︶ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠴᠢᠯᠡᠭᠡ᠃ ᠲᠠᠷᠢᠶᠠᠨ ᠡᠮ᠂ ᠬᠢᠮᠢ ᠶᠢᠨ | ᠪᠤᠷᠳᠤᠭᠤᠷ᠂ ᠦᠷ᠎ᠡ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠲᠡᠭᠡᠭᠡᠪᠦᠷᠢᠯᠡᠬᠦ ᠦᠢᠯᠡᠴᠢᠯᠡᠭᠡ | ᠬᠠᠩᠭᠠᠨ᠎ᠠ᠃ | ︵2︶ ᠲᠠᠷᠢᠶᠠᠯᠠᠩ ᠤᠨ ᠮᠠᠰᠢᠨᠴᠢᠯᠠᠯᠲᠠ ᠶᠢᠨ ᠦᠢᠯᠡᠴᠢᠯᠡᠭᠡ᠃ ᠲᠠᠷᠢᠮᠠᠯ ᠤᠨ ᠵᠥᠢᠯ ᠤᠨ ᠭᠠᠵᠠᠷ ᠲᠡᠭᠰᠢᠯᠡᠬᠦ᠂ | ᠲᠠᠷᠢᠬᠤ᠂ ᠲᠠᠩᠨᠠᠨ ᠠᠷᠴᠢᠬᠤ᠂ ᠡᠪᠡᠰᠦ ᠠᠷᠢᠯᠭᠠᠬᠤ᠂ ᠪᠣᠷᠳᠣᠭᠤᠷ ᠣᠷᠣᠭᠤᠯᠬᠤ᠂ ᠡᠮ ᠰᠠᠴᠣᠬᠤ᠂ ᠬᠤᠷᠢᠶᠠᠬᠤ | ᠵᠡᠷᠭᠡ ᠮᠠᠰᠢᠨᠴᠢᠯᠠᠯᠲᠠ ᠶᠢᠨ ᠦᠢᠯᠡᠴᠢᠯᠡᠭᠡ ᠬᠠᠩᠭᠠᠨ᠎ᠠ᠃ | ︵3︶ ᠲᠠᠷᠢᠮᠠᠯ ᠤᠨ ᠬᠡᠮᠳᠦᠬᠦ ᠪᠠ ᠬᠤᠷᠣᠬᠠᠶ ᠶᠢᠨ ᠬᠥᠨᠥᠭᠡᠯ ᠠᠴᠠ ᠰᠡᠷᠭᠡᠶᠢᠯᠡᠬᠦ ᠦᠢᠯᠡᠴᠢᠯᠡᠭᠡ᠃ ᠲᠠᠷᠢᠮᠠᠯ | ᠤᠨ ᠭᠡᠮᠳᠦᠬᠦ᠂ ᠬᠤᠷᠣᠬᠠᠶᠢᠳᠣᠬᠤ᠂ ᠬᠤᠯᠤᠭᠠᠨ᠎ᠠ ᠶᠢᠨ ᠬᠥᠨᠥᠭᠡᠯ ᠠᠴᠠ ᠰᠡᠷᠭᠡᠶᠢᠯᠡᠬᠦ ᠦᠢᠯᠡᠴᠢᠯᠡᠭᠡ ᠬᠠᠩᠭᠠᠨ᠎ᠠ᠃ | ︵ᠭᠤᠷᠪᠠ︶ ᠠᠮᠢᠳᠤᠷᠠᠯ ᠤᠨ ᠴᠢᠨᠠᠷᠲᠠᠶ ᠦᠢᠯᠡᠴᠢᠯᠡᠭᠡ | 1.ᠤᠰᠤ ᠴᠡᠪᠡᠷᠰᠢᠬᠦᠯᠬᠦ ᠮᠠᠰᠢᠨ ᠰᠡᠯᠪᠢᠨ ᠵᠠᠰᠠᠬᠤ | ᠤᠰᠤ ᠴᠡᠪᠡᠷᠰᠢᠬᠦᠯᠬᠦ ᠮᠠᠰᠢᠨ ᠰᠡᠯᠪᠢᠨ ᠵᠠᠰᠠᠬᠤ ᠪᠠ ᠱᠦᠬᠦᠬᠦᠷ ᠢ ᠰᠣᠯᠢᠬᠤ ᠦᠢᠯᠡᠴᠢᠯᠡᠭᠡ ᠬᠠᠩᠭᠠᠨ᠎ᠠ᠃ | 2. ᠲᠣᠯᠠᠭᠠᠯᠠᠭ᠎ᠠ ᠶᠢᠨ ᠲᠥᠬᠦᠭᠡᠷᠦᠮᠵᠢ ᠰᠡᠯᠪᠢᠨ ᠵᠠᠰᠠᠬᠤ | ᠲᠣᠯᠠᠭᠠᠯᠠᠭ᠎ᠠ ᠶᠢᠨ ᠵᠣᠤᠬ᠎ᠠ ᠪᠠ ᠴᠠᠬᠢᠯᠭᠠᠨ ᠲᠤᠯᠠᠭᠠᠯᠠᠮᠵᠢ ᠶᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃ | 3. ᠭᠡᠷᠡᠯ ᠰᠠᠯᠬᠢᠨ ᠬᠠᠷᠢᠯᠴᠠᠨ ᠨᠥᠬᠦᠪᠥᠷᠢᠯᠡᠬᠦ ᠲᠥᠬᠦᠭᠡᠷᠦᠮᠵᠢ ᠰᠡᠯᠪᠢᠨ ᠵᠠᠰᠠᠬᠤ | ᠭᠡᠷᠡᠯ ᠰᠠᠯᠬᠢᠨ ᠬᠠᠷᠢᠯᠴᠠᠨ ᠨᠥᠬᠦᠪᠥᠷᠢᠯᠡᠬᠦ ᠲᠥᠬᠦᠭᠡᠷᠦᠮᠵᠢ ᠶᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃ | 4. ᠬᠡᠷ ᠤᠨ ᠴᠠᠬᠢᠯᠭᠠᠨ ᠬᠡᠷᠡᠭᠰᠡᠯ ᠰᠡᠯᠪᠢᠨ ᠵᠠᠰᠠᠬᠤ | ᠭᠡᠷ ᠤᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃ | 5. ᠭᠡᠷ ᠪᠠᠶᠢᠰᠢᠩ ᠰᠡᠯᠪᠢᠨ ᠵᠠᠰᠠᠬᠤ | ᠭᠡᠷ ᠪᠠᠶᠢᠰᠢᠩ ᠤᠨ ᠪᠣᠷᠣᠭᠠᠨ ᠭᠤᠭᠤᠵᠢᠬᠤ᠂ ᠡᠪᠳᠡᠷᠡᠭᠰᠡᠨ ᠵᠡᠷᠭᠡ ᠶᠢ ᠰᠡᠯᠪᠢᠨ ᠵᠠᠰᠠᠬᠤ ᠦᠢᠯᠡᠴᠢᠯᠡᠭᠡ | ᠬᠠᠩᠭᠠᠨ᠎ᠠ᠃ | 6. ᠲᠦᠭᠡᠭᠡᠯ ᠤᠰᠤᠨ ᠤ ᠲᠥᠬᠦᠭᠡᠷᠦᠮᠵᠢ ᠰᠡᠯᠪᠢᠨ ᠵᠠᠰᠠᠬᠤ | ᠲᠦᠭᠡᠭᠡᠯ ᠤᠰᠤᠨ ᠤ ᠲᠥᠬᠦᠭᠡᠷᠦᠮᠵᠢ ᠶᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃ | 7. ᠤᠰᠤ ᠪᠠᠷ ᠴᠡᠪᠡᠷᠯᠡᠬᠦ ᠵᠣᠷᠯᠣᠩ ᠰᠡᠯᠪᠢᠨ ᠵᠠᠰᠠᠬᠤ | ᠤᠰᠤ ᠪᠠᠷ ᠴᠡᠪᠡᠷᠯᠡᠬᠦ ᠵᠣᠷᠯᠣᠩ ᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃ | 8. ᠪᠣᠬᠢᠷ ᠤᠰᠤ ᠭᠠᠳᠠᠭᠰᠢᠯᠠᠭᠤᠯᠬᠤ ᠲᠥᠬᠦᠭᠡᠷᠦᠮᠵᠢ ᠰᠡᠯᠪᠢᠨ ᠵᠠᠰᠠᠬᠤ | ᠭᠠᠴᠠᠭ᠎ᠠ ᠲᠣᠰᠬᠤᠨ ᠤ ᠲᠦᠪᠯᠡᠷᠡᠭᠰᠡᠨ ᠪᠣᠬᠢᠷ ᠤᠰᠤ ᠭᠠᠳᠠᠭᠰᠢᠯᠠᠭᠤᠯᠬᠤ ᠲᠥᠬᠦᠭᠡᠷᠦᠮᠵᠢ ᠪᠣᠯᠤᠨ ᠳᠠᠩ | ᠭᠠᠭᠴᠠ ᠡᠷᠦᠬᠡ ᠪᠤᠶᠤ ᠬᠤᠯᠪᠣᠭᠠᠯᠠᠭᠰᠠᠨ ᠡᠷᠦᠬᠡ ᠶᠢᠨ ᠪᠠᠶᠢᠭᠤᠯᠣᠭᠰᠠᠨ ᠪᠣᠬᠢᠷ ᠤᠰᠤ ᠭᠠᠳᠠᠭᠰᠢᠯᠠᠭᠤᠯᠬᠤ | ᠲᠥᠬᠦᠭᠡᠷᠦᠮᠵᠢ ᠶᠢ ᠰᠡᠯᠪᠢᠨ ᠵᠠᠰᠠᠬᠤ ᠦᠢᠯᠡᠴᠢᠯᠡᠭᠡ ᠬᠠᠩᠭᠠᠨ᠎ᠠ᠃ | ᠳᠥᠷᠪᠡ᠂ ᠠᠵᠢᠯ ᠤᠨ ᠲᠣᠭᠲᠠᠴᠠ | ︵ᠨᠢᠭᠡ︶ ᠥᠮᠴᠢᠯᠡᠬᠦ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠨ᠎ᠠ᠃ ᠨᠡᠶᠢᠭᠡᠮᠴᠢᠯᠡᠭᠰᠡᠨ ᠥᠢᠯᠡᠴᠢᠯᠡᠭᠡᠨ ᠤ | ᠠᠩᠭᠢ ᠶᠢᠨ ᠡᠯ᠎ᠡ ᠲᠥᠷᠥᠯ ᠤᠨ ᠰᠠᠭᠤᠷᠢ ᠲᠥᠬᠦᠭᠡᠷᠦᠮᠵᠢ᠂ ᠲᠥᠬᠦᠭᠡᠷᠦᠮᠵᠢ ᠶᠢᠨ ᠥᠮᠴᠢᠯᠡᠬᠦ ᠡᠷᠬᠡ ᠶᠢᠨ | ᠬᠠᠷᠢᠶᠠᠯᠠᠯ ᠢ ᠳᠣᠳᠣᠷᠬᠠᠶᠢᠯᠠᠵᠣ᠂ ᠲᠥᠬᠦᠭᠡᠷᠦᠮᠵᠢ ᠬᠤᠳᠠᠯᠳᠤᠨ ᠠᠪᠬᠤ᠂ ᠪᠦᠲᠦᠭᠡᠨ ᠪᠠᠶᠢᠭᠤᠯᠵᠤ ᠬᠠᠮᠢᠶᠠᠷᠤᠨ | ᠬᠠᠮᠠᠭᠠᠯᠠᠬᠤ ᠪᠠᠷᠢᠮᠵᠢᠶ᠎ᠠ ᠶᠢ ᠵᠢᠷᠤᠮᠵᠢᠭᠤᠯᠬᠤ ᠵᠡᠷᠭᠡ ᠳᠦᠷᠢᠮ ᠢ ᠪᠦᠷᠢᠨᠰᠢᠬᠦᠯᠵᠦ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠠᠯᠳᠠᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠳᠣᠯᠠᠨ᠎ᠠ᠃ ᠪᠣᠳᠠᠲᠠᠶ ᠡᠳ᠋ ᠬᠥᠷᠥᠩᠭᠡ ᠶᠢᠨ | ᠬᠠᠮᠢᠶᠠᠷᠤᠯᠲᠠ ᠶᠢ ︽ᠵᠠᠰᠠᠭ ᠵᠠᠬᠢᠷᠭ᠎ᠠ ᠠᠵᠢᠯ ᠥᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 738 | ᠳ᠋ᠤᠭᠠᠷ ᠲᠣᠭᠠᠲᠤ︶᠂ ︽ᠰᠢᠯᠢ ᠶᠢᠨ ᠭᠤᠤᠯ ᠠᠶᠢᠮᠠᠭ ᠤᠨ ᠵᠠᠰᠠᠭ ᠵᠠᠬᠢᠷᠭ᠎ᠠ ᠠᠵᠢᠯ ᠥᠢᠯᠡᠰ ᠤᠨ ᠨᠢᠭᠡᠴᠡ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠰᠢᠯᠢ ᠵᠠᠬᠢᠷᠭ᠎ᠠ ᠲᠠᠷᠬᠠᠭᠠᠭᠰᠠᠨ | ︹ 2020 ︺130 ᠳ᠋ᠤᠭᠠᠷ ᠲᠣᠭᠠᠲᠤ︶ ᠂ ︵ᠰᠢᠯᠢ ᠶᠢᠨ ᠭᠤᠤᠯ ᠠᠶᠢᠮᠠᠭ ᠤᠨ ᠶᠠᠳᠠᠭᠤ ᠶᠢ ᠲᠡᠳᠬᠦᠬᠦ | ᠲᠥᠷᠥᠯ ᠵᠥᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠤᠨ ᠲᠥᠰᠦᠯ︾ ︵ᠰᠢᠯᠢ ᠵᠠᠬᠢᠷᠭ᠎ᠠ | ᠠᠯᠪᠠᠨ ᠲᠠᠷᠬᠠᠭᠠᠭᠰᠠᠨ ︹ 2021 ︺102 ᠳ᠋ᠤᠭᠠᠷ ᠲᠣᠭᠠᠲᠤ︶ ᠵᠡᠷᠭᠡ ᠶᠣᠰᠣᠭᠠᠷ ᠬᠡᠷᠡᠭᠵᠢᠭᠦᠯᠦᠨ᠎ᠡ᠃ | ︵ᠬᠤᠶᠠᠷ︶ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠣᠷᠣᠨ ᠨᠤᠲᠤᠭ ᠤᠨ | ᠵᠠᠰᠠᠭ ᠤᠨ ᠣᠷᠳᠣᠨ᠂ ᠡᠭᠦᠷᠭᠡ ᠴᠢᠳᠠᠪᠬᠢᠳᠣ ᠰᠠᠯᠠᠭ᠎ᠠ ᠮᠥᠴᠢᠷ ᠪᠠ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ | ᠵᠡᠷᠭᠡ ᠭᠤᠷᠪᠠᠨ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ | ᠲᠦᠷᠦᠭᠦᠯᠡᠨ ᠶᠡᠷᠦᠩᠬᠡᠶᠢᠯᠡᠨ ᠠᠳᠬᠤᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠦᠯᠦᠪᠵᠢᠬᠦᠯᠦᠨ | ᠵᠣᠬᠢᠴᠠᠭᠤᠯᠤᠨ᠎ᠠ᠃ ᠡᠭᠦᠷᠭᠡ ᠴᠢᠳᠠᠪᠬᠢᠳᠣ ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠵᠤ᠂ ᠡᠯ᠎ᠡ ᠵᠦᠢᠯ ᠤᠨ | ᠬᠠᠮᠢᠶᠠᠷᠤᠯᠲᠠ ᠶᠢᠨ ᠲᠥᠷᠢᠮ ᠢ ᠪᠥᠷᠢᠨᠰᠢᠬᠦᠯᠵᠤ᠂ ᠪᠠᠷᠢᠮᠵᠢᠶ᠎ᠠ ᠲᠠᠢ᠂ ᠠᠵᠢᠯᠳᠠᠨ ᠲᠠᠢ᠂ ᠵᠠᠷᠤᠳᠠᠯ ᠲᠠᠢ᠂ ᠬᠢᠨᠠᠯᠲᠠ | ᠲᠠᠯᠪᠢᠯᠲᠠ ᠲᠠᠢ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠤᠷᠳᠤ ᠬᠤᠭᠤᠴᠠᠭᠠᠨ ᠤ | ᠪᠦᠲᠦᠮᠵᠢᠲᠡᠶ ᠠᠵᠢᠯᠯᠠᠭᠠᠨ ᠤ ᠲᠣᠭᠲᠠᠴᠠ ᠶᠢ ᠪᠤᠢ ᠪᠣᠯᠭᠠᠨ᠎ᠠ᠃ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠨᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠶᠢᠲᠤᠷ | ᠠᠰᠢᠭᠯᠠᠨ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠥᠢᠯᠡᠴᠢᠯᠡᠭᠡᠨ ᠤ ᠠᠵᠢᠯᠲᠠᠨ ᠢ ᠵᠦᠶ ᠵᠣᠬᠢᠰᠲᠠᠶ | ᠳᠣᠭᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠥᠬᠦᠴᠡᠯ ᠳᠤ ᠨᠡᠶᠢᠴᠡᠬᠦ ᠶᠠᠳᠠᠭᠤ ᠠᠴᠠ ᠠᠩᠭᠢᠵᠢᠷᠠᠭᠰᠠᠨ | ᠬᠥᠮᠦᠨ ᠠᠮᠠ᠂ ᠶᠠᠳᠠᠭᠤ ᠠᠴᠠ ᠠᠩᠬᠢᠵᠢᠷᠠᠭᠤᠯᠬᠤ ᠲᠣᠭᠳᠠᠭᠤᠨ ᠪᠣᠰᠣ ᠡᠷᠦᠭᠡ᠂ ᠶᠠᠳᠠᠭᠤᠷᠠᠮᠠᠷ ᠪᠠᠶᠢᠭ᠎ᠠ ᠡᠷᠦᠭᠡ᠂ | ᠭᠡᠨᠡᠳᠳᠡ ᠶᠢᠨ ᠬᠦᠨᠳᠣ ᠨᠣᠴᠢᠲᠠᠢ ᠬᠦᠴᠢᠷᠳᠡᠯ ᠳᠤ ᠲᠣᠯᠭᠠᠷᠠᠭᠰᠠᠨ ᠡᠲᠡᠭᠡᠳ ᠢ ᠤᠷᠢᠳᠠᠪᠠᠷ ᠤᠷᠢᠨ ᠬᠡᠷᠡᠭᠯᠡᠵᠦ | ᠥᠢᠯᠡᠴᠢᠯᠡᠭᠡᠨ ᠤ ᠠᠩᠭᠢ ᠳᠤ ᠠᠵᠢᠯᠯᠠᠭᠤᠯᠣᠨ᠎ᠠ᠃ | ︵ᠭᠤᠷᠪᠠ︶ ᠵᠠᠷᠤᠳᠠᠯ ᠤᠨ ᠪᠠᠲᠤᠯᠠᠭ᠎ᠠ ᠶᠢᠨ ᠲᠦᠷᠢᠮ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ︵ | ᠤᠷᠤᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮᠴᠢᠯᠡᠭᠰᠡᠨ ᠥᠢᠯᠡᠴᠢᠯᠡᠭᠡᠨ ᠤ ᠰᠢᠰᠲ᠋ᠧᠮ ᠤᠨ ᠮᠠᠯᠵᠢᠬᠤ ᠲᠠᠷᠢᠶᠠᠯᠠᠬᠤ ᠡᠷᠦᠬᠡ ᠶᠢᠨ ᠵᠠᠷᠤᠳᠠᠯ ᠲᠤᠰᠢᠶᠠᠬᠤ | ᠲᠦᠷᠢᠮ ᠪᠠ ᠥᠢᠯᠡᠴᠢᠯᠡᠭᠡᠨ ᠤ ᠵᠠᠷᠤᠳᠠᠯ ᠢ ᠵᠠᠬ᠎ᠠ ᠳᠡᠯᠭᠡᠭᠦᠷᠴᠢᠯᠡᠨ ᠪᠦᠷᠢᠯᠳᠦᠭᠦᠯᠬᠦ ᠲᠣᠭᠲᠠᠴᠠ ᠶᠢ ᠬᠠᠤᠯᠢ | ᠶᠣᠰᠣᠭᠠᠷ ᠰᠦᠪᠡᠭᠴᠢᠯᠡᠵᠦ᠂ ᠮᠠᠯᠵᠢᠬᠤ ᠲᠠᠷᠢᠶᠠᠯᠠᠬᠤ ᠡᠷᠦᠬᠡ ᠵᠦᠶ ᠵᠣᠬᠢᠰᠲᠠᠶ ᠪᠠᠷ ᠵᠠᠷᠤᠳᠠᠯ ᠲᠤᠰᠢᠶᠠᠬᠤ᠂ ᠭᠠᠴᠠᠭ᠎ᠠ | ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠠᠴᠠ ᠨᠢᠭᠡᠳᠦᠯᠲᠡᠶ ᠲᠦᠯᠦᠪᠵᠢᠬᠦᠯᠬᠦ᠂ ᠵᠠᠰᠠᠭ ᠤᠨ | ᠣᠷᠳᠣᠨ ᠠᠴᠠ ᠵᠣᠬᠢᠰᠲᠠᠶ ᠨᠥᠬᠦᠪᠥᠷᠢ ᠥᠭᠬᠦ ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠵᠠᠷᠤᠳᠠᠯ ᠤᠨ | ᠪᠠᠲᠤᠯᠠᠭ᠎ᠠ ᠶᠢᠨ ᠲᠦᠷᠢᠮ ᠢ ᠠᠯᠬᠤᠮ ᠠᠯᠬᠤᠮ ᠢᠶᠠᠷ ᠪᠠᠶᠢᠭᠤᠯᠣᠨ᠎ᠠ᠃ | ︵ᠳᠥᠷᠪᠡ︶ ᠬᠠᠮᠢᠶ᠎ᠠ ᠪᠥᠬᠦᠶ ᠪᠠᠷᠢᠮᠵᠢᠶ᠎ᠠ ᠶᠢ ᠲᠣᠭᠲᠠᠭᠠᠨ᠎ᠠ᠃ ᠡᠯ᠎ᠡ ᠬᠤᠰᠢᠭᠤ ᠰᠢᠶᠠᠨ ᠬᠤᠲᠠ ︵ᠥᠷᠤᠨ | ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ | ᠡᠯ᠎ᠡ ᠲᠠᠯ᠎ᠠ ᠶᠢᠨ ᠬᠦᠴᠦᠨ ᠵᠥᠢᠯ ᠢ ᠶᠡᠷᠦᠩᠬᠡᠶᠢᠯᠡᠨ ᠪᠣᠳᠣᠯᠬᠢᠯᠠᠵᠤ᠂ ᠥᠷᠨᠢᠭᠦᠯᠵᠦ ᠪᠣᠯᠬᠤ ᠥᠢᠯᠡᠴᠢᠯᠡᠭᠡᠨ ᠤ | ᠵᠥᠢᠯᠡᠰ ᠢ ᠲᠣᠭᠲᠠᠭᠠᠵᠤ᠂ ᠦᠢᠯᠡᠴᠢᠯᠡᠭᠡ ᠨᠢᠭᠡᠪᠦᠷᠢ ᠶᠢᠨ ᠪᠣᠳᠠᠲᠠᠶ ᠶᠠᠰᠤ ᠴᠢᠨᠠᠷ ᠤᠨ ᠪᠠᠷᠢᠮᠵᠢᠶ᠎ᠠ ᠶᠢ | ᠲᠣᠭᠲᠠᠭᠠᠬᠤ ᠶᠢᠨ ᠬᠠᠮᠲᠤ ᠳᠤᠨᠢ ᠲᠦᠷᠢᠮ ᠪᠣᠯᠭᠠᠵᠣ᠂ ᠥᠢᠯᠡᠴᠢᠯᠡᠭᠡᠨ ᠤ ᠶᠠᠰᠤ ᠴᠢᠨᠠᠷ ᠢ ᠦᠨᠡᠨᠬᠦ ᠪᠠᠳᠣᠯᠠᠨ᠎ᠠ᠃ | ᠥᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠶᠢ ᠦᠨᠳᠦᠰᠦᠯᠡᠨ᠂ ᠮᠠᠯᠵᠢᠬᠤ ᠲᠠᠷᠢᠶᠠᠯᠠᠬᠤ ᠡᠷᠦᠬᠡ ᠳᠤ | ᠦᠢᠯᠡᠴᠢᠯᠡᠬᠦ ᠲᠦᠷᠦᠯ ᠪᠦᠷᠢ ᠶᠢᠨ ᠥᠪᠡᠷᠲᠡᠭᠡᠨ ᠦᠭᠬᠦ ᠵᠠᠷᠤᠳᠠᠯ᠂ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠶ ᠶᠢᠨ ᠨᠥᠬᠦᠪᠥᠷᠢ᠂ ᠵᠠᠰᠠᠭ ᠤᠨ ᠣᠷᠳᠣᠨ ᠤ ᠨᠥᠬᠦᠪᠥᠷᠢ ᠶᠢᠨ ᠬᠠᠷᠢᠴᠠᠯ ᠢ ᠵᠦᠶ ᠵᠣᠬᠢᠰᠲᠠᠶ ᠲᠣᠭᠲᠠᠭᠠᠵᠤ᠂ | ᠮᠠᠯᠴᠢᠨ ᠲᠠᠷᠢᠶᠠᠴᠢᠨ ᠤ ᠥᠪᠡᠷᠲᠡᠭᠡᠨ ᠦᠭᠬᠦ ᠵᠠᠷᠤᠳᠠᠯ ᠢ ᠵᠦᠶ ᠵᠣᠬᠢᠰᠲᠠᠶ ᠳᠠᠭᠠᠭᠠᠴᠠ ᠶᠢᠨ ᠬᠡᠪᠴᠢᠶᠡᠨ ᠳᠤ | ᠪᠠᠶᠢᠯᠭᠠᠬᠤ ᠶᠢ ᠦᠨᠡᠨᠬᠦ ᠪᠠᠲᠤᠯᠠᠵᠤ᠂ ᠥᠢᠯᠡᠴᠢᠯᠡᠭᠡᠨ ᠤ ᠰᠢᠰᠲ᠋ᠧᠮ ᠤᠨ ᠦᠷᠭᠦᠯᠵᠢᠯᠡᠨ ᠠᠵᠢᠯᠯᠠᠬᠤ ᠶᠢ ᠦᠨᠡᠨᠬᠦ | ᠪᠠᠳᠣᠯᠠᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ | ᠬᠤᠲᠠ ︵ᠤᠷᠤᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ | ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠥᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢᠨ ᠴᠢᠬᠤᠯᠠ | ᠠᠴᠢ ᠬᠤᠯᠪᠣᠭᠳᠠᠯ ᠢ ᠬᠦᠢᠴᠡᠳ ᠲᠠᠨᠢᠵᠤ᠂ ᠲᠡᠭᠦᠨ ᠢᠶᠠᠨ ᠶᠠᠳᠠᠭᠤ ᠠᠴᠠ ᠠᠩᠬᠢᠵᠢᠷᠠᠭᠤᠯᠣᠨ ᠪᠣᠭᠤᠮᠳᠠ | ᠰᠢᠪᠳᠣᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠶᠢᠨ ᠴᠢᠬᠤᠯᠠ ᠠᠵᠢᠯ ᠤᠨ ᠠᠭᠤᠯᠭ᠎ᠠ ᠪᠣᠯᠭᠠᠵᠤ᠂ ᠭᠦᠨᠵᠡᠭᠡᠶ ᠰᠤᠳᠤᠯᠤᠨ᠂ ᠨᠠᠷᠢᠨ | ᠨᠢᠮᠪᠠᠶ ᠳᠣᠭᠢᠷᠠᠭᠤᠯᠵᠤ᠂ ᠠᠷᠭ᠎ᠠ ᠪᠠᠷᠢᠯ ᠢᠶᠠᠨ ᠨᠠᠷᠢᠯᠢᠬᠵᠢᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ | ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠵᠤ᠂ ᠠᠵᠢᠯ ᠢᠶᠠᠨ ᠯᠠᠪᠳᠠᠭᠤᠨ ᠪᠦᠲᠦᠮᠵᠢᠲᠡᠶ ᠥᠷᠨᠢᠭᠦᠯᠵᠦ᠂ | ᠦᠷ᠎ᠡ ᠪᠦᠲᠦᠮᠵᠢ ᠤᠯᠬᠤ ᠶᠢ ᠦᠨᠡᠨᠬᠦ ᠪᠠᠳᠣᠯᠠᠨ᠎ᠠ᠃ | ︵ᠬᠤᠶᠠᠷ︶ ᠠᠵᠢᠯ ᠤᠨ ᠲᠥᠰᠦᠯ ᠢᠶᠠᠨ ᠲᠣᠭᠲᠠᠭᠠᠨ᠎ᠠ᠃ ᠡᠯ᠎ᠡ ᠬᠤᠰᠢᠭᠤ ᠰᠢᠶᠠᠨ ᠬᠤᠲᠠ ︵ᠣᠷᠣᠨ︶ | ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠵᠢᠯᠣᠭᠤᠳᠬᠤ ᠰᠠᠨᠠᠯ ᠢ ᠦᠨᠳᠦᠰᠦᠯᠡᠨ᠂ ᠮᠠᠯᠴᠢᠨ | ᠲᠠᠷᠢᠶᠠᠴᠢᠨ ᠤ ᠰᠠᠨᠠᠯ ᠢ ᠥᠷᠭᠡᠨ ᠢᠶᠠᠷ ᠬᠤᠷᠢᠶᠠᠵᠤ᠂ ᠲᠤᠬᠠᠶ ᠶᠢᠨ ᠭᠠᠵᠠᠷ ᠤᠨ ᠪᠣᠳᠠᠳᠣ ᠪᠠᠶᠢᠳᠠᠯ ᠳᠤ ᠨᠡᠶᠢᠴᠡᠬᠦ | ᠨᠡᠶᠢᠭᠡᠮᠴᠢᠯᠡᠭᠰᠡᠨ ᠥᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠣᠳᠠᠲᠠᠶ ᠬᠡᠷᠡᠭᠵᠢᠭᠦᠯᠬᠦ ᠲᠥᠰᠦᠯ ᠢ | ᠲᠣᠭᠲᠠᠭᠠᠵᠤ᠂ ᠥᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠬᠤ ᠬᠡᠯᠪᠡᠷᠢ ᠂ ᠰᠥᠢᠳᠬᠡᠯ ᠬᠤᠷᠢᠶᠠᠬᠤ ᠪᠠᠷᠢᠮᠵᠢᠶ᠎ᠠ | ᠂ ᠥᠢᠯᠡᠴᠢᠯᠡᠭᠡᠨ ᠤ ᠲᠤᠬᠠᠶᠢᠯᠠᠭᠰᠠᠨ ᠠᠵᠢᠯ ᠵᠡᠷᠭᠡ ᠪᠣᠳᠠᠲᠠᠶ ᠠᠭᠤᠯᠭ᠎ᠠ ᠶᠢ ᠲᠣᠳᠣᠷᠬᠠᠶᠢᠯᠠᠵᠤ᠂ ᠮᠠᠯᠵᠢᠬᠤ | ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠥᠢᠯᠡᠴᠢᠯᠡᠭᠡᠨ ᠤ ᠠᠩᠭᠢ ᠶᠢᠨ ᠥᠢᠯᠡᠴᠢᠯᠡᠭᠡᠨ ᠤ ᠲᠤᠬᠠᠶᠢᠯᠠᠭᠰᠠᠨ ᠠᠵᠢᠯ | ᠥᠷᠨᠢᠭᠦᠯᠬᠦ ᠨᠠᠷᠢᠨ ᠬᠠᠭᠤᠳᠠᠰᠤ ︵ᠳᠠᠭᠠᠯᠳᠤᠭᠤᠯᠤᠯ ᠳᠤ ᠦᠵᠡ︶ ᠶᠢ ᠪᠣᠢ ᠪᠣᠯᠭᠠᠨ᠎ᠠ᠃ ᠬᠤᠰᠢᠭᠤ ᠰᠢᠶᠠᠨ ᠬᠤᠲᠠ | ︵ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠢᠶᠠᠷ ᠬᠢᠨᠠᠨ ᠬᠠᠷᠭᠤᠭᠤᠯᠵᠣ | ᠪᠠᠲᠤᠯᠠᠭᠤᠯᠤᠭᠰᠠᠨ ᠤ ᠳᠠᠷᠠᠭ᠎ᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ | ᠣᠷᠣᠨ ᠤ ᠲᠣᠪᠴᠢᠶ᠎ᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠳᠤ ᠮᠡᠳᠡᠭᠦᠯᠵᠦ | ᠳᠠᠩᠰᠠᠯᠠᠭᠤᠯᠤᠨ᠎ᠠ᠃ | ︵ᠭᠤᠷᠪᠠ︶ ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠭᠦᠯᠬᠦ ᠶᠢ ᠴᠢᠩᠭᠠᠳᠬᠠᠨ᠎ᠠ᠃ ᠰᠠᠭᠤᠷᠢ | ᠨᠥᠬᠦᠴᠡᠯ ᠢᠶᠠᠷ ᠰᠠᠶᠢᠨ᠂ ᠬᠥᠮᠦᠨ ᠠᠮᠠ ᠨᠡᠯᠢᠶᠡᠳ ᠲᠥᠪᠯᠡᠷᠡᠭᠰᠡᠨ᠂ ᠢᠳᠡᠪᠬᠢᠵᠢᠯ ᠢᠶᠠᠷ ᠥᠨᠳᠥᠷ ᠪᠦᠬᠦᠢ ᠬᠡᠰᠡᠭ | ᠭᠠᠴᠠᠭ᠎ᠠ ᠲᠣᠰᠬᠤᠨ ᠢ ᠰᠣᠩᠭᠤᠨ᠂ ᠨᠡᠶᠢᠭᠡᠮᠴᠢᠯᠡᠭᠰᠡᠨ ᠥᠢᠯᠡᠴᠢᠯᠡᠭᠡᠨ ᠤ ᠲᠤᠷᠰᠢᠯᠲᠠ ᠶᠢᠨ ᠴᠡᠭ ᠤᠨ ᠠᠵᠢᠯ ᠢ | ᠤᠷᠢᠳᠠᠪᠠᠷ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠ ᠲᠤᠷᠰᠢᠯᠭ᠎ᠠ ᠠᠷᠭ᠎ᠠ ᠬᠢᠳᠡᠯ ᠢᠶᠠᠨ ᠴᠠᠭ | ᠲᠤᠬᠠᠶ ᠳᠤᠨᠢ ᠳ᠋ᠦᠩᠨᠡᠵᠦ᠂ ᠰᠤᠷᠤᠯᠴᠠᠵᠤ ᠪᠣᠯᠬᠤ᠂ ᠳᠠᠭᠤᠷᠢᠶᠠᠵᠣ ᠪᠣᠯᠬᠤ᠂ ᠳᠡᠯᠭᠡᠷᠡᠭᠦᠯᠬᠦ ᠳᠤ ᠬᠢᠯᠪᠠᠷ ᠪᠠᠶᠢᠬᠤ | ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠨᠢᠭᠡ ᠪᠦᠯᠦᠭ ᠨᠡᠶᠢᠭᠡᠮᠴᠢᠯᠡᠭᠰᠡᠨ ᠥᠢᠯᠡᠴᠢᠯᠡᠭᠡᠨ ᠤ | ᠨᠡᠶᠢᠲᠡᠯᠢᠭ ᠵᠠᠭᠪᠤᠷ ᠢ ᠰᠣᠩᠭᠤᠨ ᠪᠣᠶ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠵᠢᠱᠢᠶ᠎ᠡ ᠦᠵᠡᠭᠦᠯᠦᠨ | ᠳᠡᠯᠭᠡᠷᠡᠭᠦᠯᠦᠨ᠎ᠡ᠃ | ︵ᠳᠥᠷᠪᠡ︶ ᠰᠢᠯᠭᠠᠨ ᠦᠨᠡᠯᠡᠵᠣ ᠤᠷᠮᠠᠰᠢᠭᠤᠯᠬᠤ ᠶᠢ ᠴᠢᠩᠭᠠᠷᠠᠭᠤᠯᠤᠨ᠎ᠠ᠃ ︽ᠮᠠᠯᠵᠢᠬᠤ ᠲᠠᠷᠢᠶᠠᠯᠠᠬᠤ | ᠣᠷᠣᠨ ᠤ ᠨᠡᠶᠢᠭᠡᠮᠴᠢᠯᠡᠭᠰᠡᠨ ᠥᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ︾ ᠢᠶᠠᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠤ ᠠᠮᠵᠢᠯᠲᠠ ᠶᠢ ᠰᠢᠯᠭᠠᠨ ᠦᠨᠡᠯᠡᠬᠦ | ᠴᠢᠬᠤᠯᠠ ᠠᠭᠤᠯᠭ᠎ᠠ ᠪᠣᠯᠭᠠᠵᠤ᠂ ᠬᠤᠰᠢᠭᠤ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠠᠶᠢᠮᠠᠭ ᠤᠨ | ᠨᠠᠮ ᠤᠨ ᠬᠤᠷᠢᠶ᠎ᠠ ᠵᠠᠬᠢᠷᠭ᠎ᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠦᠭᠰᠡᠨ ᠠᠬᠢᠴᠠ ᠶᠢᠨ ᠪᠠᠶᠢᠳᠠᠯ ᠢᠶᠠᠨ ᠮᠡᠳᠡᠭᠦᠯᠬᠦ ᠴᠢᠬᠤᠯᠠ ᠠᠭᠤᠯᠭ᠎ᠠ ᠪᠣᠯᠭᠠᠨ᠎ᠠ᠃ ᠵᠠᠬᠢᠷᠭ᠎ᠠ ᠨᠢ ᠣᠨ ᠤ | ᠰᠢᠯᠭᠠᠨ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠬᠤᠰᠢᠭᠤ ᠰᠢᠶᠠᠨ ᠬᠤᠲᠠ ︵ᠤᠷᠤᠨ︶ ᠳᠤ ᠬᠡᠰᠡᠭ ᠪᠠᠯᠠ | ᠮᠦᠩᠭᠦᠨ ᠤ ᠱᠠᠩᠨᠠᠯ ᠣᠯᠭᠤᠨ᠎ᠠ᠃ | ︵ᠲᠠᠪᠤ︶ ᠶᠠᠷᠢᠶ᠎ᠠ ᠬᠡᠯᠡᠯᠴᠡᠭᠡᠨ ᠤ ᠣᠬᠢ ᠰᠠᠶᠢᠨ ᠣᠷᠴᠢᠨ ᠠᠬᠤᠢ ᠶᠢ ᠪᠣᠶ ᠪᠣᠯᠭᠠᠨ᠎ᠠ᠃ ᠮᠠᠯᠵᠢᠬᠤ | ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠨᠢᠭᠡ ᠪᠦᠯᠦᠭ | ᠲᠤᠷᠰᠢᠯᠭ᠎ᠠ ᠠᠷᠭ᠎ᠠ ᠬᠢᠳᠡᠯ ᠪᠠ ᠨᠡᠶᠢᠲᠡᠯᠢᠭ ᠵᠢᠱᠢᠶ᠎ᠡ ᠶᠢ ᠳ᠋ᠦᠩᠨᠡᠨ ᠤᠬᠠᠭᠤᠯᠵᠤ᠂ ᠣᠬᠠᠭᠤᠯᠭ᠎ᠠ ᠰᠣᠷᠳᠠᠯᠴᠢᠯᠠᠭ᠎ᠠ ᠶᠢ | ᠭᠦᠨᠵᠡᠭᠡᠶ ᠥᠷᠨᠢᠭᠦᠯᠦᠨ᠂ ᠤᠬᠠᠭᠤᠯᠬᠤ ᠪᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ | ᠂ ᠨᠡᠶᠢᠭᠡᠮ ᠨᠡᠶᠢᠲᠡ ᠶᠢᠨ ᠲᠠᠨᠢᠨ ᠮᠡᠳᠡᠷᠡᠭᠦᠢ ᠶᠢ ᠨᠡᠮᠡᠭᠳᠡᠭᠦᠯᠦᠨ᠎ᠡ᠃ |