ᠡᠨᠡ ᠵᠢᠯ  67000 ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠡᠯᠰᠡᠬᠦ ᠪᠠᠷ ᠲᠥᠯᠥᠪᠯᠡᠵᠦ ᠪᠣᠶ︕
ᠨᠡᠶᠢᠲᠡᠯᠡᠭᠰᠡᠨ ᠴᠠᠭ᠄
2022/8/26
     ᠰᠤᠷᠭᠠᠨ ᠬᠥᠮᠦᠵᠢᠯ ᠤᠨ ᠶᠠᠮᠤᠨ ᠤ ᠠᠯᠪᠠᠨ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠰᠤᠷᠭᠠᠨ  ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠬᠠᠮᠲᠤᠷᠠᠨ ᠣᠶᠢᠷ᠎ᠠ ᠳᠤ ︽2022  ᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ  ᠱᠠᠲᠤᠨ ᠤ  ᠰᠤᠷᠭᠠᠭᠤᠯᠢ ᠶᠢᠨ  ᠪᠠᠭᠰᠢ ᠶᠢᠨ  ᠣᠨᠴᠠᠭᠠᠶ ᠠᠵᠢᠯ ᠤᠨ  ᠪᠠᠶᠢᠷᠢ ᠶᠢᠨ  ᠲᠥᠯᠥᠪᠯᠡᠭᠡ ᠶᠢ  ᠬᠡᠷᠡᠭᠵᠢᠭᠦᠯᠬᠦ  ᠠᠵᠢᠯ ᠢ  ᠰᠠᠶᠢᠲᠤᠷ  ᠬᠢᠬᠦ  ᠲᠤᠬᠠᠶ  ᠮᠡᠳᠡᠭᠳᠡᠯ︾᠎ ᠢ  ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠲᠤ 67000 ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠡᠯᠰᠡᠬᠦ ᠪᠠᠷ ᠲᠥᠯᠥᠪᠯᠡᠵᠦ ᠪᠣᠶ᠃      ︽ᠮᠡᠳᠡᠭᠳᠡᠯ︾᠎ ᠳᠤ᠂ 2022 ᠣᠨ ᠳᠤ᠂ ᠲᠥᠪ ᠤᠨ  ︽ᠣᠨᠴᠠᠭᠠᠶ  ᠠᠵᠢᠯ ᠤᠨ  ᠪᠠᠶᠢᠷᠢ ᠶᠢᠨ  ᠲᠥᠯᠥᠪᠯᠡᠭᠡ︾᠎ ᠶᠢ ᠮᠥᠨ ᠯᠡ ᠳᠤᠮᠳᠠ ᠪᠠᠷᠠᠭᠤᠨ ᠬᠡᠰᠡᠭ ᠤᠨ ᠮᠤᠵᠢ ᠣᠷᠣᠨ ᠳᠤ ᠬᠠᠨᠳᠤᠭᠤᠯᠤᠨ ᠬᠡᠷᠡᠭᠵᠢᠭᠦᠯᠵᠦ᠂ ᠤᠤᠯ ᠤᠨ ︽ᠭᠤᠷᠪᠠᠨ ᠣᠷᠣᠨ ᠭᠤᠷᠪᠠᠨ ᠵᠧᠤ︾᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ᠂  ᠴᠥᠭᠡᠨ  ᠲᠣᠭᠠᠲᠤ  ᠦᠨᠳᠦᠰᠦᠲᠡᠨ ᠤ  ᠭᠠᠵᠠᠷ  ᠣᠷᠣᠨ  ᠵᠡᠷᠭᠡ  ᠭᠠᠵᠠᠷ  ᠣᠷᠣᠨ  ᠳᠠᠰᠢ   ᠭᠤᠤᠯᠳᠠᠯᠭ᠎ᠠ ᠲᠠᠢ ᠬᠡᠯᠪᠠᠶᠢᠯᠭᠡᠨ᠎ᠡ︔ ᠭᠤᠤᠯᠳᠠᠯᠭ᠎ᠠ ᠨᠢ ᠬᠥᠳᠡᠭᠡ ᠲᠣᠰᠬᠤᠨ ᠤ ᠰᠤᠷᠭᠠᠭᠤᠯᠢ ᠳᠤ ᠤᠨᠴᠠᠭᠠᠢ  ᠠᠵᠢᠯ ᠤᠨ  ᠪᠠᠶᠢᠷᠢ ᠶᠢᠨ  ᠪᠠᠭᠰᠢ ᠶᠢ ᠨᠥᠬᠦᠪᠥᠷᠢᠯᠡᠵᠦ᠂ ᠪᠠᠭᠰᠢ ᠶᠢᠨ ᠡᠩᠨᠡᠭᠡ ᠶᠢᠨ ᠪᠦᠲᠦᠴᠡ ᠶᠢ  ᠦᠷᠭᠦᠯᠵᠢᠯᠡᠨ  ᠰᠢᠯᠢᠳᠡᠭᠵᠢᠭᠦᠯᠵᠦ   ᠦᠵᠡᠯ  ᠰᠠᠨᠠᠭ᠎ᠠ  ᠤᠯᠤᠰ ᠲᠥᠷᠥ ᠂ ᠳᠠᠭᠤᠤ ᠬᠥᠭᠵᠢᠮ᠂ ᠭᠠᠳᠠᠭᠠᠳᠤ ᠬᠡᠯᠡ᠂ ᠰᠢᠨᠵᠢᠯᠡᠬᠦ ᠤᠬᠠᠭᠠᠨ᠂  ᠬᠥᠳᠡᠯᠮᠦᠷᠢ᠂  ᠰᠡᠳᠬᠢᠴᠡ ᠶᠢᠨ  ᠡᠷᠡᠭᠦᠯ  ᠮᠡᠨᠳᠦ᠂ ᠮᠡᠳᠡᠭᠡ ᠵᠠᠩᠭᠢ ᠶᠢᠨ ᠮᠡᠷᠭᠡᠵᠢᠯ᠂ ᠤᠨᠴᠠᠭᠠᠢ ᠰᠤᠷᠭᠠᠨ ᠬᠥᠮᠦᠵᠢᠯ ᠵᠡᠷᠭᠡ ᠳᠤᠲᠠᠭᠳᠠᠵᠤ ᠪᠠᠶᠢᠭ᠎ᠠ ᠪᠠᠭᠤᠷᠠᠶ ᠬᠢᠴᠢᠶᠡᠯ  ᠲᠥᠷᠥᠯ ᠤᠨ ᠪᠠᠭᠰᠢ ᠶᠢ ᠨᠦᠬᠦᠪᠤᠷᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ ᠭᠡᠵᠡᠢ᠃            ︽ᠮᠡᠳᠡᠭᠳᠡᠯ︾᠎ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠬᠢᠵᠢᠭ ᠢ ᠰᠡᠷᠭᠡᠶᠢᠯᠡᠨ ᠬᠤᠷᠢᠭᠯᠠᠬᠤ  ᠪᠠ  ᠠᠵᠢᠯᠲᠠᠨ ᠡᠯᠰᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠢᠯᠲᠠᠨ ᠡᠯᠰᠡᠬᠦ ᠮᠡᠳᠡᠭᠡ ᠵᠠᠩᠭᠢ ᠶᠢ  ᠴᠠᠭ  ᠲᠤᠬᠠᠶ ᠳᠤᠨᠢ ᠥᠷᠭᠡᠨ ᠢᠶᠠᠷ ᠨᠡᠶᠢᠲᠡᠯᠡᠵᠦ᠂ ᠨᠢᠭᠡ  ᠯᠡ  ᠣᠳᠠᠭᠠᠨ ᠤ ᠴᠢᠨᠠᠷᠲᠠᠶ  ᠠᠵᠢᠯᠲᠠᠨ  ᠡᠯᠰᠡᠬᠦ  ᠰᠢᠯᠭᠠᠯᠲᠠ ᠳᠤ  ᠲᠥᠯᠥᠪᠯᠡᠭᠡ ᠪᠠᠨ ᠪᠡᠶᠡᠯᠡᠭᠦᠯᠦᠭᠰᠡᠨ ᠥᠬᠡᠶ ᠮᠤᠵᠢ ᠣᠷᠣᠨ ᠲᠣᠭᠲᠠᠭᠠᠯ ᠶᠣᠰᠣᠭᠠᠷ ᠳᠠᠷᠠᠭᠠᠯᠠᠨ ᠨᠥᠬᠦᠵᠦ ᠡᠯᠰᠡᠨ ᠬᠡᠷᠡᠭᠯᠡᠬᠦ ᠪᠤᠶᠤ ᠲᠣᠬᠢᠷᠠᠭᠤᠯᠤᠯᠲᠠ ᠬᠢᠬᠦ ᠲᠥᠯᠥᠪᠯᠡᠭᠡ ᠪᠠᠷ ᠬᠤᠶᠠᠳᠠᠬᠢ ᠤᠳᠠᠭᠠᠨ ᠤ ᠠᠵᠢᠯᠲᠠᠨ ᠡᠯᠰᠡᠬᠦ ᠰᠢᠯᠭᠠᠯᠲᠠ ᠶᠢ ᠵᠣᠬᠢᠶᠠᠨ  ᠪᠠᠶᠢᠭᠤᠯᠵᠤ  ᠪᠣᠯᠤᠨ᠎ᠠ᠃  ᠬᠢᠯᠢ ᠬᠢᠵᠠᠭᠠᠷ ᠤᠨ ᠬᠠᠲᠠᠭᠤ ᠪᠡᠷᠬᠡᠰᠢᠶᠡᠯᠲᠡᠶ ᠭᠠᠵᠠᠷ ᠣᠷᠣᠨ ᠪᠠ ᠪᠠᠴᠢᠮ ᠱᠠᠭᠠᠷᠳᠠᠭᠳᠠᠵᠤ ᠪᠠᠶᠢᠭ᠎ᠠ ᠳᠤᠲᠠᠭᠳᠠᠵᠤ  ᠪᠠᠶᠢᠭ᠎ᠠ  ᠲᠤᠰᠬᠠᠶ ᠮᠡᠷᠭᠡᠵᠢᠯ ᠤᠨ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠡᠯᠰᠡᠬᠦ ᠳᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠯᠭᠠᠬᠤ ᠬᠠᠷᠢᠴᠠᠯ ᠢ ᠵᠣᠬᠢᠰᠲᠠᠶ ᠪᠠᠭᠤᠷᠠᠭᠤᠯᠬᠤ ᠪᠤᠶᠤ ᠰᠢᠯᠭᠠᠬᠤ ᠬᠠᠷᠢᠴᠠᠯ ᠢ ᠲᠣᠬᠢᠷᠠᠭᠤᠯᠬᠤ ᠥᠬᠡᠶ ᠪᠠᠶᠢᠵᠤ᠂  ᠨᠢᠭᠤᠷᠲᠠᠨ  ᠰᠢᠯᠭᠠᠬᠤ᠂ ᠰᠢᠭᠤᠳ ᠰᠢᠯᠭᠠᠨ ᠪᠠᠶᠢᠴᠠᠭᠠᠬᠤ ᠠᠷᠭ᠎ᠠ ᠮᠠᠶ᠋ᠢᠭ ᠢᠶᠠᠷ ᠢᠯᠡ ᠪᠠᠷ ᠤᠷᠢᠵᠤ᠂ ᠬᠢᠷᠢ ᠲᠡᠩᠴᠡᠭᠦ ᠱᠤᠭᠤᠮ ᠢ ᠵᠠᠭᠠᠭᠯᠠᠨ ᠲᠣᠭᠲᠠᠭᠠᠵᠤ ᠪᠣᠯᠤᠨ᠎ᠠ᠃ ᠪᠠᠭᠰᠢ ᠨᠡᠯᠢᠶᠡᠳ ᠬᠦᠨᠳᠦ ᠨᠣᠴᠢᠲᠠᠶ ᠲᠤᠲᠠᠭᠳᠠᠵᠤ ᠪᠠᠶᠢᠭ᠎ᠠ ᠭᠠᠵᠠᠷ ᠣᠷᠣᠨ ᠢ ᠪᠣᠯ ᠲᠤᠰ ᠭᠠᠵᠠᠷ ᠤᠨ ᠰᠤᠷᠤᠭᠴᠢ ᠶᠢᠨ ᠢᠷᠡᠯᠲᠡ ᠲᠡᠰᠢ ᠬᠡᠯᠪᠠᠶᠢᠯᠭᠡᠵᠦ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号