ᠡᠨᠡ ᠵᠢᠯ  67000 ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠡᠯᠰᠡᠬᠦ ᠪᠠᠷ ᠲᠥᠯᠥᠪᠯᠡᠵᠦ ᠪᠣᠶ︕
ᠨᠡᠶᠢᠲᠡᠯᠡᠭᠰᠡᠨ ᠴᠠᠭ᠄
2022/8/26
     ᠰᠤᠷᠭᠠᠨ ᠬᠥᠮᠦᠵᠢᠯ ᠤᠨ ᠶᠠᠮᠤᠨ ᠤ ᠠᠯᠪᠠᠨ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠰᠤᠷᠭᠠᠨ  ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠬᠠᠮᠲᠤᠷᠠᠨ ᠣᠶᠢᠷ᠎ᠠ ᠳᠤ ︽2022  ᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ  ᠱᠠᠲᠤᠨ ᠤ  ᠰᠤᠷᠭᠠᠭᠤᠯᠢ ᠶᠢᠨ  ᠪᠠᠭᠰᠢ ᠶᠢᠨ  ᠣᠨᠴᠠᠭᠠᠶ ᠠᠵᠢᠯ ᠤᠨ  ᠪᠠᠶᠢᠷᠢ ᠶᠢᠨ  ᠲᠥᠯᠥᠪᠯᠡᠭᠡ ᠶᠢ  ᠬᠡᠷᠡᠭᠵᠢᠭᠦᠯᠬᠦ  ᠠᠵᠢᠯ ᠢ  ᠰᠠᠶᠢᠲᠤᠷ  ᠬᠢᠬᠦ  ᠲᠤᠬᠠᠶ  ᠮᠡᠳᠡᠭᠳᠡᠯ︾ ᠢ  ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠲᠤ 67000 ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠡᠯᠰᠡᠬᠦ ᠪᠠᠷ ᠲᠥᠯᠥᠪᠯᠡᠵᠦ ᠪᠣᠶ᠃      ︽ᠮᠡᠳᠡᠭᠳᠡᠯ︾ ᠳᠤ᠂ 2022 ᠣᠨ ᠳᠤ᠂ ᠲᠥᠪ ᠤᠨ  ︽ᠣᠨᠴᠠᠭᠠᠶ  ᠠᠵᠢᠯ ᠤᠨ  ᠪᠠᠶᠢᠷᠢ ᠶᠢᠨ  ᠲᠥᠯᠥᠪᠯᠡᠭᠡ︾ ᠶᠢ ᠮᠥᠨ ᠯᠡ ᠳᠤᠮᠳᠠ ᠪᠠᠷᠠᠭᠤᠨ ᠬᠡᠰᠡᠭ ᠤᠨ ᠮᠤᠵᠢ ᠣᠷᠣᠨ ᠳᠤ ᠬᠠᠨᠳᠤᠭᠤᠯᠤᠨ ᠬᠡᠷᠡᠭᠵᠢᠭᠦᠯᠵᠦ᠂ ᠤᠤᠯ ᠤᠨ ︽ᠭᠤᠷᠪᠠᠨ ᠣᠷᠣᠨ ᠭᠤᠷᠪᠠᠨ ᠵᠧᠤ︾᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ᠂  ᠴᠥᠭᠡᠨ  ᠲᠣᠭᠠᠲᠤ  ᠦᠨᠳᠦᠰᠦᠲᠡᠨ ᠤ  ᠭᠠᠵᠠᠷ  ᠣᠷᠣᠨ  ᠵᠡᠷᠭᠡ  ᠭᠠᠵᠠᠷ  ᠣᠷᠣᠨ  ᠳᠠᠰᠢ   ᠭᠤᠤᠯᠳᠠᠯᠭ᠎ᠠ ᠲᠠᠢ ᠬᠡᠯᠪᠠᠶᠢᠯᠭᠡᠨ᠎ᠡ︔ ᠭᠤᠤᠯᠳᠠᠯᠭ᠎ᠠ ᠨᠢ ᠬᠥᠳᠡᠭᠡ ᠲᠣᠰᠬᠤᠨ ᠤ ᠰᠤᠷᠭᠠᠭᠤᠯᠢ ᠳᠤ ᠤᠨᠴᠠᠭᠠᠢ  ᠠᠵᠢᠯ ᠤᠨ  ᠪᠠᠶᠢᠷᠢ ᠶᠢᠨ  ᠪᠠᠭᠰᠢ ᠶᠢ ᠨᠥᠬᠦᠪᠥᠷᠢᠯᠡᠵᠦ᠂ ᠪᠠᠭᠰᠢ ᠶᠢᠨ ᠡᠩᠨᠡᠭᠡ ᠶᠢᠨ ᠪᠦᠲᠦᠴᠡ ᠶᠢ  ᠦᠷᠭᠦᠯᠵᠢᠯᠡᠨ  ᠰᠢᠯᠢᠳᠡᠭᠵᠢᠭᠦᠯᠵᠦ   ᠦᠵᠡᠯ  ᠰᠠᠨᠠᠭ᠎ᠠ  ᠤᠯᠤᠰ ᠲᠥᠷᠥ ᠂ ᠳᠠᠭᠤᠤ ᠬᠥᠭᠵᠢᠮ᠂ ᠭᠠᠳᠠᠭᠠᠳᠤ ᠬᠡᠯᠡ᠂ ᠰᠢᠨᠵᠢᠯᠡᠬᠦ ᠤᠬᠠᠭᠠᠨ᠂  ᠬᠥᠳᠡᠯᠮᠦᠷᠢ᠂  ᠰᠡᠳᠬᠢᠴᠡ ᠶᠢᠨ  ᠡᠷᠡᠭᠦᠯ  ᠮᠡᠨᠳᠦ᠂ ᠮᠡᠳᠡᠭᠡ ᠵᠠᠩᠭᠢ ᠶᠢᠨ ᠮᠡᠷᠭᠡᠵᠢᠯ᠂ ᠤᠨᠴᠠᠭᠠᠢ ᠰᠤᠷᠭᠠᠨ ᠬᠥᠮᠦᠵᠢᠯ ᠵᠡᠷᠭᠡ ᠳᠤᠲᠠᠭᠳᠠᠵᠤ ᠪᠠᠶᠢᠭ᠎ᠠ ᠪᠠᠭᠤᠷᠠᠶ ᠬᠢᠴᠢᠶᠡᠯ  ᠲᠥᠷᠥᠯ ᠤᠨ ᠪᠠᠭᠰᠢ ᠶᠢ ᠨᠦᠬᠦᠪᠤᠷᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ ᠭᠡᠵᠡᠢ᠃            ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠬᠢᠵᠢᠭ ᠢ ᠰᠡᠷᠭᠡᠶᠢᠯᠡᠨ ᠬᠤᠷᠢᠭᠯᠠᠬᠤ  ᠪᠠ  ᠠᠵᠢᠯᠲᠠᠨ ᠡᠯᠰᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠢᠯᠲᠠᠨ ᠡᠯᠰᠡᠬᠦ ᠮᠡᠳᠡᠭᠡ ᠵᠠᠩᠭᠢ ᠶᠢ  ᠴᠠᠭ  ᠲᠤᠬᠠᠶ ᠳᠤᠨᠢ ᠥᠷᠭᠡᠨ ᠢᠶᠠᠷ ᠨᠡᠶᠢᠲᠡᠯᠡᠵᠦ᠂ ᠨᠢᠭᠡ  ᠯᠡ  ᠣᠳᠠᠭᠠᠨ ᠤ ᠴᠢᠨᠠᠷᠲᠠᠶ  ᠠᠵᠢᠯᠲᠠᠨ  ᠡᠯᠰᠡᠬᠦ  ᠰᠢᠯᠭᠠᠯᠲᠠ ᠳᠤ  ᠲᠥᠯᠥᠪᠯᠡᠭᠡ ᠪᠠᠨ ᠪᠡᠶᠡᠯᠡᠭᠦᠯᠦᠭᠰᠡᠨ ᠥᠬᠡᠶ ᠮᠤᠵᠢ ᠣᠷᠣᠨ ᠲᠣᠭᠲᠠᠭᠠᠯ ᠶᠣᠰᠣᠭᠠᠷ ᠳᠠᠷᠠᠭᠠᠯᠠᠨ ᠨᠥᠬᠦᠵᠦ ᠡᠯᠰᠡᠨ ᠬᠡᠷᠡᠭᠯᠡᠬᠦ ᠪᠤᠶᠤ ᠲᠣᠬᠢᠷᠠᠭᠤᠯᠤᠯᠲᠠ ᠬᠢᠬᠦ ᠲᠥᠯᠥᠪᠯᠡᠭᠡ ᠪᠠᠷ ᠬᠤᠶᠠᠳᠠᠬᠢ ᠤᠳᠠᠭᠠᠨ ᠤ ᠠᠵᠢᠯᠲᠠᠨ ᠡᠯᠰᠡᠬᠦ ᠰᠢᠯᠭᠠᠯᠲᠠ ᠶᠢ ᠵᠣᠬᠢᠶᠠᠨ  ᠪᠠᠶᠢᠭᠤᠯᠵᠤ  ᠪᠣᠯᠤᠨ᠎ᠠ᠃  ᠬᠢᠯᠢ ᠬᠢᠵᠠᠭᠠᠷ ᠤᠨ ᠬᠠᠲᠠᠭᠤ ᠪᠡᠷᠬᠡᠰᠢᠶᠡᠯᠲᠡᠶ ᠭᠠᠵᠠᠷ ᠣᠷᠣᠨ ᠪᠠ ᠪᠠᠴᠢᠮ ᠱᠠᠭᠠᠷᠳᠠᠭᠳᠠᠵᠤ ᠪᠠᠶᠢᠭ᠎ᠠ ᠳᠤᠲᠠᠭᠳᠠᠵᠤ  ᠪᠠᠶᠢᠭ᠎ᠠ  ᠲᠤᠰᠬᠠᠶ ᠮᠡᠷᠭᠡᠵᠢᠯ ᠤᠨ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠡᠯᠰᠡᠬᠦ ᠳᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠯᠭᠠᠬᠤ ᠬᠠᠷᠢᠴᠠᠯ ᠢ ᠵᠣᠬᠢᠰᠲᠠᠶ ᠪᠠᠭᠤᠷᠠᠭᠤᠯᠬᠤ ᠪᠤᠶᠤ ᠰᠢᠯᠭᠠᠬᠤ ᠬᠠᠷᠢᠴᠠᠯ ᠢ ᠲᠣᠬᠢᠷᠠᠭᠤᠯᠬᠤ ᠥᠬᠡᠶ ᠪᠠᠶᠢᠵᠤ᠂  ᠨᠢᠭᠤᠷᠲᠠᠨ  ᠰᠢᠯᠭᠠᠬᠤ᠂ ᠰᠢᠭᠤᠳ ᠰᠢᠯᠭᠠᠨ ᠪᠠᠶᠢᠴᠠᠭᠠᠬᠤ ᠠᠷᠭ᠎ᠠ ᠮᠠᠶ᠋ᠢᠭ ᠢᠶᠠᠷ ᠢᠯᠡ ᠪᠠᠷ ᠤᠷᠢᠵᠤ᠂ ᠬᠢᠷᠢ ᠲᠡᠩᠴᠡᠭᠦ ᠱᠤᠭᠤᠮ ᠢ ᠵᠠᠭᠠᠭᠯᠠᠨ ᠲᠣᠭᠲᠠᠭᠠᠵᠤ ᠪᠣᠯᠤᠨ᠎ᠠ᠃ ᠪᠠᠭᠰᠢ ᠨᠡᠯᠢᠶᠡᠳ ᠬᠦᠨᠳᠦ ᠨᠣᠴᠢᠲᠠᠶ ᠲᠤᠲᠠᠭᠳᠠᠵᠤ ᠪᠠᠶᠢᠭ᠎ᠠ ᠭᠠᠵᠠᠷ ᠣᠷᠣᠨ ᠢ ᠪᠣᠯ ᠲᠤᠰ ᠭᠠᠵᠠᠷ ᠤᠨ ᠰᠤᠷᠤᠭᠴᠢ ᠶᠢᠨ ᠢᠷᠡᠯᠲᠡ ᠲᠡᠰᠢ ᠬᠡᠯᠪᠠᠶᠢᠯᠭᠡᠵᠦ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号