ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠨᠡᠶᠢᠲᠡᠯᠡᠭᠰᠡᠨ ᠢᠶᠠᠷ᠂ ᠵᠠᠷᠢᠮ ᠭᠠᠵᠠᠷ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠲᠤᠷ᠎ᠠ ᠪᠠᠷ ᠢᠶᠠᠨ | ᠬᠤᠪᠢᠷᠠᠭᠤᠯᠤᠭᠰᠠᠨ ᠴᠢᠨᠠᠭᠰᠢᠯᠠᠪᠠᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠳᠤ | ᠬᠡᠷᠡᠭᠯᠡᠬᠦ ᠭᠠᠵᠠᠷ ᠢ ᠵᠢᠭᠤᠯᠴᠢᠯᠠᠯ ᠠᠮᠠᠷᠠᠯᠲᠠ ᠶᠢᠨ ᠭᠠᠵᠠᠷ᠂ ᠲᠠᠸᠠᠷ ᠤᠨ ᠤᠷᠤᠨ ᠰᠠᠭᠤᠴᠠ ᠪᠣᠯᠭᠠᠨ | ᠪᠠᠶᠢᠭᠤᠯᠤᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ | ᠲᠤᠭᠲᠠᠭᠠᠯ ᠠᠴᠠ ᠵᠦᠷᠢᠴᠡᠨ ᠬᠤᠪᠢᠷᠠᠭᠤᠯᠵᠦ ᠪᠤᠯᠬᠤ ᠦᠭᠡᠢ ᠭᠡᠵᠦ ᠲᠤᠳᠤᠷᠬᠠᠢ ᠲᠤᠭᠲᠠᠭᠠᠪᠠ᠃ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠠᠰᠠᠭᠤᠳᠠᠯ ᠢ ᠬᠠᠷᠭᠤᠭᠤᠯᠤᠨ ᠪᠠᠶᠢᠴᠠᠭᠠᠵᠦ ᠴᠡᠭᠴᠡᠯᠡᠨ ᠵᠠᠰᠠᠬᠤ | ᠬᠤᠭᠤᠴᠠᠭ᠎ᠠ ᠶᠢ ᠲᠠᠪᠤᠨ ᠵᠢᠯ ᠪᠠᠶᠢᠭᠰᠠᠨ ᠢ ᠠᠷᠪᠠᠨ ᠵᠢᠯ ᠪᠤᠯᠭᠠᠠ ᠤᠷᠳᠤᠳᠬᠠᠵᠤ᠂ ᠤᠶᠢᠷ᠎ᠠ ᠶᠢᠨ ᠠᠷᠪᠠᠨ ᠵᠢᠯ | ᠤᠨ ᠲᠤᠷᠰᠢᠬᠢ ᠠᠰᠠᠭᠤᠳᠠᠯ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠠᠬᠢᠴᠠ ᠶᠢ ᠲᠦᠷᠭᠡᠳᠭᠡᠵᠦ᠂ | ᠲᠤᠳᠤᠷᠬᠠᠢ ᠪᠠᠶᠢᠯᠭᠠᠬᠤ ᠬᠡᠷᠡᠭᠲᠠᠢ ᠭᠡᠪᠡ᠃ ᠡᠭᠦᠨ ᠠᠴᠠ ᠭᠠᠳᠠᠨ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ | ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠢ ᠬᠠᠩᠭᠠᠭᠰᠠᠨ ᠤ ᠳᠠᠷᠠᠭ᠎ᠠ ᠬᠠᠷᠠᠬᠠᠨ ᠪᠠᠶᠢᠭᠤᠯᠤᠭᠠᠳᠦᠢ ᠪᠠᠶᠢᠪᠠᠯ | ᠬᠦᠳᠡᠯᠤᠩᠭᠦᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ︔ ᠭᠠᠵᠠᠷ ᠬᠡᠷᠡᠭᠯᠡᠬᠦ ᠵᠦᠪᠰᠢᠶᠡᠷᠡᠯ ᠶᠤᠰᠤᠭᠠᠷ ᠨᠡᠭᠡᠭᠡᠨ | ᠠᠰᠢᠭᠯᠠᠭᠰᠠᠨ ᠦᠭᠡᠢ᠂ ᠵᠥᠪᠰᠢᠶᠡᠷᠡᠭᠡᠳ ᠳᠤᠲᠠᠭᠤ ᠪᠠᠶᠢᠭᠤᠯᠤᠭᠰᠠᠨ ᠪᠤᠯ ᠴᠡᠭᠴᠡᠯᠡᠨ ᠰᠠᠶᠢᠵᠢᠷᠠᠭᠤᠯᠬᠤ ᠠᠵᠢᠯ ᠢ | ᠱᠠᠯᠠᠪᠳᠠᠭᠤᠯᠬᠤ ᠬᠡᠷᠡᠭᠲᠡᠢ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ | ᠬᠡᠷᠡᠭᠯᠡᠬᠦ ᠭᠠᠵᠠᠷ ᠢ ᠵᠢᠭᠤᠯᠴᠢᠯᠠᠯ ᠠᠮᠠᠷᠠᠯᠲᠠ ᠶᠢᠨ ᠭᠠᠵᠠᠷ ᠪᠤᠯᠤᠨ ᠲᠠᠸᠠᠷ ᠤᠨ ᠤᠷᠤᠨ ᠰᠠᠭᠤᠴᠠ ᠪᠣᠯᠭᠠᠨ | ᠪᠠᠶᠢᠭᠤᠯᠣᠭᠰᠠᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠦ ᠬᠠᠤᠯᠢ | ᠶᠤᠰᠤᠭᠠᠷ ᠪᠠᠶᠢᠴᠠᠭᠠᠨ ᠰᠢᠢᠳᠪᠤᠷᠢᠯᠡᠬᠦᠯᠤᠨ᠎ᠠ᠃ |