2023 ᠣᠨ ᠠᠴᠠ ᠠᠵᠢᠯ ᠣᠯᠵᠦ ᠨᠡᠷ᠎ᠡ ᠮᠡᠳᠡᠬᠦᠯᠬᠦ ᠦᠨᠡᠮᠯᠡᠯ ᠢ ᠲᠠᠬᠢᠵᠦ ᠲᠠᠷᠬᠠᠭᠠᠬᠤ ᠦᠭᠡᠢ
ᠨᠡᠶᠢᠲᠡᠯᠡᠭᠰᠡᠨ ᠴᠠᠭ᠄
2022/8/5
     ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ  ︽ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ  ᠣᠯᠵᠤ  ᠦᠢᠯᠡᠰ  ᠪᠤᠰᠬᠠᠬᠤ  ᠠᠵᠢᠯ ᠢ  ᠤᠯᠠᠮ  ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾᠎ ᠢ ᠨᠡᠶᠢᠲᠡᠯᠡᠵᠦ᠂ 2023 ᠣᠨ ᠠᠴᠠ ᠡᠬᠢᠯᠡᠨ᠂ ︽ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠦᠷᠢᠨ ᠮᠡᠷᠭᠡᠵᠢᠯ ᠤᠨ ᠠᠩᠭᠢ ᠪᠠ ᠲᠤᠰᠬᠠᠶ ᠮᠡᠷᠭᠡᠵᠢᠯ ᠤᠨ ᠠᠩᠭᠢ ᠎ ᠠᠴᠠ ᠲᠡᠭᠦᠰᠦᠭᠰᠡᠳ ᠤᠨ ᠠᠵᠢᠯ ᠣᠯᠵᠦ ᠨᠡᠷ᠎ᠡ ᠮᠡᠳᠡᠭᠦᠯᠬᠦ ᠦᠨᠡᠮᠯᠡᠯ︾ ᠪᠠ ︽ᠪᠥᠬᠦ ᠤᠯᠤᠰ ᠤᠨ ᠲᠡᠭᠦᠰᠬᠦ ᠰᠤᠳᠤᠯᠬᠤ ᠰᠤᠷᠤᠭᠴᠢ ᠶᠢᠨ  ᠠᠵᠢᠯ  ᠣᠯᠵᠦ ᠨᠡᠷ᠎ᠡ ᠮᠡᠳᠡᠭᠦᠯᠬᠦ ᠦᠨᠡᠮᠯᠡᠯ︾᠎ ᠢ ᠳᠠᠭᠢᠵᠤ  ᠲᠠᠷᠬᠠᠭᠠᠬᠤ  ᠥᠬᠡᠶ᠂  ᠠᠵᠢᠯ  ᠣᠯᠵᠦ  ᠨᠡᠷ᠎ᠡ  ᠮᠡᠳᠡᠭᠦᠯᠬᠦ  ᠦᠨᠡᠮᠯᠡᠯ ᠢ  ᠨᠥᠬᠦᠨ ᠭᠦᠢᠴᠡᠳᠭᠡᠬᠦ᠂ ᠥᠭᠡᠷᠡᠴᠢᠯᠡᠨ  ᠲᠣᠮᠢᠯᠠᠬᠤ  ᠭᠠᠷᠳᠠᠮ ᠢ  ᠬᠦᠴᠦᠨ  ᠥᠬᠡᠶ  ᠪᠣᠯᠭᠠᠵᠤ᠂  ᠠᠵᠢᠯ  ᠣᠯᠵᠦ  ᠨᠡᠷ᠎ᠡ  ᠮᠡᠳᠡᠭᠦᠯᠬᠦ ᠦᠨᠡᠮᠯᠡᠯ ᠎ ᠢ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠢ ᠤᠷᠢᠵᠤ ᠬᠡᠷᠡᠭᠯᠡᠬᠦ᠂ ᠡᠷᠦᠬᠡ ᠠᠮᠠ  ᠣᠷᠣᠭᠤᠯᠬᠤ᠂  ᠲᠠᠩᠰᠠ‌ᠡᠪᠬᠡᠮᠡᠯ ᠢ ᠭᠥᠯᠢᠶᠡᠨ ᠠᠪᠴᠤ ᠳᠠᠮᠵᠢᠭᠤᠯᠤᠨ ᠬᠦᠷᠭᠡᠬᠦ ᠵᠡᠷᠭᠡ ᠭᠠᠷᠳᠠᠮ ᠢ ᠭᠦᠢᠴᠡᠳᠭᠡᠬᠦ ᠳᠤ ᠵᠠᠪᠠᠯ  ᠱᠠᠭᠠᠷᠳᠠᠭᠳᠠᠬᠤ  ᠮᠠᠲ᠋ᠧᠷᠢᠶᠠᠯ ᠪᠣᠯᠭᠠᠬᠤ ᠥᠬᠡᠶ ᠭᠡᠵᠠᠢ᠃              ᠮᠡᠳᠡᠭᠳᠡᠯ ᠳᠤ᠂ ᠶᠡᠭᠡ ᠳᠡᠭᠡᠳᠦ ᠰᠤᠷᠭᠠᠭᠤᠯᠢ ᠠᠴᠠ  ᠲᠡᠭᠦᠰᠦᠭᠰᠡᠳ ᠤᠨ  ᠰᠦᠯᠵᠢᠶᠡᠨ  ᠳᠡᠭᠡᠷ᠎ᠡ  ᠭᠡᠷ᠎ᠡ  ᠲᠣᠭᠲᠠᠬᠤ ᠰᠢᠰᠲ᠋ᠧᠮ ᠢ ᠪᠦᠷᠢᠨᠰᠢᠬᠦᠯᠵᠦ᠂ ᠬᠥᠮᠦᠨ ᠬᠡᠷᠡᠭᠯᠡᠬᠦ ᠨᠢᠭᠡᠴᠢ ᠪᠣᠯᠤᠨ  ᠶᠡᠭᠡ  ᠳᠡᠭᠡᠳᠦ  ᠰᠤᠷᠭᠠᠭᠤᠯᠢ  ᠎ ᠠᠴᠠ ᠲᠡᠭᠦᠰᠦᠭᠰᠡᠳ ᠤᠨ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠳᠤ ᠲᠥᠬᠦᠮ  ᠦᠵᠡᠭᠦᠯᠵᠦ᠂  ᠬᠢᠵᠢᠭ ᠤᠨ  ᠪᠠᠶᠢᠳᠠᠯ ᠳᠤ  ᠨᠥᠯᠥᠭᠡᠯᠡᠭᠳᠡᠭᠰᠡᠨ  ᠭᠠᠵᠠᠷ ᠣᠷᠣᠨ ᠤ ᠬᠥᠮᠦᠨ ᠬᠡᠷᠡᠭᠯᠡᠬᠦ ᠨᠢᠭᠡᠴᠢ ᠪᠣᠯᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠤᠨ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠢ ᠵᠣᠷᠢᠭᠵᠢᠭᠤᠯᠬᠤ ᠬᠡᠷᠡᠭᠲᠡᠶ ᠭᠡᠵᠠᠢ ᠃      
 
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号