ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠲᠤᠮᠳᠠ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ ᠬᠤᠯᠪᠣᠭᠳᠠᠭᠰᠠᠨ‌ᠠᠰᠠᠭᠤᠳᠠᠯ ᠢ ᠢᠯᠡᠴᠢᠯᠡᠨ ᠮᠡᠳᠡᠭᠦᠯᠬᠦ ᠠᠷᠭ᠎ᠠ‌ᠮᠠᠶ᠋ᠢᠭ ᠢ ᠨᠡᠶᠢᠲᠡᠯᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/9/1
     ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ  ᠴᠣᠬᠢᠯᠲᠠ  ᠥᠭᠴᠦ  ᠴᠡᠭᠴᠡᠯᠡᠨ  ᠵᠠᠰᠠᠬᠤ  ᠲᠤᠰᠬᠠᠶ  ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠬᠦᠷᠢᠶᠡᠨ ᠳᠠᠬᠢ ᠬᠠᠤᠯᠢ ᠪᠤᠰᠤ ᠪᠠᠷ ᠪᠠᠯᠠ ᠮᠥᠩᠭᠦ  ᠴᠤᠭᠯᠠᠭᠤᠯᠤᠭᠰᠠᠨ ᠣᠶᠢᠯᠡ ᠠᠵᠢᠯᠯᠠᠭ᠎ᠠ ᠶᠢᠨ ᠲᠤᠬᠠᠶ ᠣᠯᠠᠨ ᠲᠦᠮᠡᠨ ᠤ ᠢᠯᠡᠴᠢᠯᠡᠨ  ᠮᠡᠳᠡᠭᠦᠯᠦᠭᠰᠡᠨ  ᠰᠦᠪᠡᠭᠴᠢ ᠶᠢ  ᠥᠷᠭᠡᠨ ᠢᠶᠠᠷ  ᠭᠥᠯᠢᠶᠡᠨ ᠠᠪᠴᠤ᠂  ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ  ᠦᠨᠡᠨ  ᠬᠦ  ᠬᠠᠮᠠᠭᠠᠯᠠᠵᠤ᠂  ᠨᠠᠰᠤᠲᠠᠶᠢᠴᠤᠳ ᠤᠨ  ᠡᠳ᠋ ᠬᠥᠷᠥᠩᠭᠡ ᠶᠢᠨ ᠠᠮᠤᠷ ᠲᠦᠪᠰᠢᠨ ᠳᠤ ᠬᠠᠯᠳᠠᠭᠰᠠᠨ ᠡᠷᠦᠶ ᠬᠤᠷᠤᠶ ᠥᠬᠡᠶ  ᠦᠵᠡᠭᠳᠡᠯ ᠢ  ᠵᠠᠰᠠᠬᠤ ᠶᠢᠨ  ᠲᠤᠯᠠᠲᠠ᠂  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠠᠯᠠ ᠮᠥᠩᠭᠦ ᠴᠤᠭᠯᠠᠭᠤᠯᠬᠤ ᠶᠢ ᠰᠢᠢᠳᠪᠤᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢᠭᠡᠨᠲᠡ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠬᠠᠤᠯᠢ  ᠪᠤᠰᠤ ᠪᠠᠷ  ᠪᠠᠯᠠ ᠮᠥᠩᠭᠦ ᠴᠤᠭᠯᠠᠭᠤᠯᠬᠤ ᠳᠤ ᠬᠤᠯᠪᠣᠭᠳᠠᠭᠰᠠᠨ ᠠᠰᠠᠭᠤᠳᠠᠯ ᠢ ᠢᠯᠡᠴᠢᠯᠡᠨ ᠮᠡᠳᠡᠭᠦᠯᠬᠦ ᠵᠠᠮ ᠢ ᠨᠡᠪᠲᠡᠷᠡᠭᠦᠯᠪᠡ᠃            ᠨᠢᠭᠡ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢᠨ ᠲᠣᠮᠢᠶᠠᠯᠠᠯ            ︽ᠬᠠᠤᠯᠢ ᠪᠤᠰᠤ ᠪᠠᠷ ᠪᠡᠯᠡ  ᠴᠤᠭᠯᠠᠭᠤᠯᠬᠤ ᠶᠢ  ᠰᠡᠷᠭᠡᠶᠢᠯᠡᠬᠦ  ᠪᠠ  ᠰᠢᠢᠳᠪᠦᠷᠢᠯᠡᠬᠦ  ᠲᠦᠷᠢᠮ︾ ᠤᠨ  ᠬᠤᠶᠠᠳᠤᠭᠠᠷ‌ᠵᠦ᠋ᠢᠯ ᠤᠨ ᠲᠣᠭᠲᠠᠭᠠᠯ ᠢ ᠦᠨᠳᠦᠰᠦᠯᠡᠪᠡᠯ᠂ ᠬᠠᠤᠯᠢ ᠪᠤᠰᠤ ᠪᠠᠷ ᠪᠡᠯᠡ ᠴᠤᠭᠯᠠᠭᠤᠯᠬᠤ  ᠭᠡᠳᠡᠭ ᠨᠢ  ᠲᠦᠷᠦ ᠶᠢᠨ  ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ  ᠬᠠᠤᠯᠢ  ᠶᠣᠰᠣᠭᠠᠷ  ᠵᠥᠪᠰᠢᠶᠡᠷᠡᠭᠦᠯᠦᠭᠰᠡᠨ ᠦᠭᠡᠢ ᠪᠤᠶᠤ ᠤᠯᠤᠰ ᠤᠨ ᠮᠥᠩᠭᠦᠨ ᠭᠦᠢᠯᠭᠡᠭᠡᠨ ᠤ  ᠬᠠᠮᠢᠶᠠᠷᠤᠯᠲᠠ  ᠶᠢᠨ  ᠲᠣᠭᠲᠠᠭᠠᠯ ᠢ  ᠵᠥᠷᠢᠴᠡᠵᠦ᠂  ᠡᠭᠡ  ᠬᠦᠦ ᠲᠠᠢ ᠨᠢ ᠪᠤᠴᠠᠭᠠᠬᠤ ᠪᠠᠷ ᠠᠮᠠᠯᠠᠭᠰᠠᠨ ᠪᠤᠶᠤ ᠪᠤᠰᠤᠳ ᠪᠡᠯᠡ ᠣᠷᠣᠭᠤᠯᠤᠯᠲᠠ ᠶᠢᠨ ᠬᠠᠷᠢᠭᠤ ᠥᠭᠬᠦ ᠵᠡᠷᠭᠡ ᠠᠷᠭ᠎ᠠ ᠮᠠᠶ᠋ᠢᠭ ᠢᠶᠠᠷ ᠣᠨᠴᠠ ᠲᠣᠭᠲᠠᠭᠰᠠᠨ ᠪᠤᠰᠤ ᠡᠲᠡᠭᠡᠳ ᠠᠴᠠ ᠪᠡᠯᠡ ᠮᠥᠩᠭᠦ ᠲᠠᠲᠠᠭᠰᠠᠨ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃              ᠬᠤᠶᠠᠷ᠂ ᠨᠠᠰᠤᠵᠢᠯ ᠤᠨ ᠦᠢᠯᠡᠴᠢᠯᠡᠭᠡᠨ ᠤ  ᠬᠦᠷᠢᠶᠡᠨ ᠳᠠᠬᠢ  ᠬᠠᠤᠯᠢ  ᠪᠤᠰᠤ ᠪᠠᠷ  ᠪᠠᠯᠠ  ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠭᠤᠤᠯ ᠬᠡᠯᠪᠡᠷᠢ ᠪᠠ ᠣᠨᠴᠠᠯᠢᠭ            ︵ᠨᠢᠭᠡ︶ ︽ᠨᠠᠰᠤᠵᠢᠯ ‍ᠤᠨ‌ᠣᠶᠢᠯᠡᠴᠢᠯᠡᠭᠡ︾ ᠬᠠᠩᠭᠠᠬᠤ ᠨᠡᠷ᠎ᠡ ᠪᠠᠷ ᠬᠠᠤᠯᠢ ᠪᠤᠰᠤ ᠪᠠᠷ ᠪᠠᠯᠠ ᠮᠥᠩᠭᠦ ᠴᠤᠭᠯᠠᠭᠤᠯᠬᠤ᠃            ︵ᠬᠤᠶᠠᠷ︶ ︽ᠨᠠᠰᠤᠵᠢᠯ ᠤᠨ ᠲᠥᠷᠥᠯ  ᠵᠥᠢᠯ︾ ᠳᠤ  ᠪᠠᠯᠠ  ᠣᠷᠣᠭᠤᠯᠬᠤ  ᠨᠡᠷ᠎ᠡ ᠪᠠᠷ  ᠬᠠᠤᠯᠢ  ᠪᠤᠰᠤ ᠪᠠᠷ  ᠪᠠᠯᠠ‌‍ᠴᠤᠭᠯᠠᠭᠤᠯᠬᠤ᠃            ︵ᠭᠤᠷᠪᠠ︶ ︽ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠪᠠᠶᠢᠷᠢ︾ ᠪᠣᠷᠣᠯᠠᠭᠤᠯᠬᠤ ᠨᠡᠷ᠎ᠡ ᠪᠠᠷ  ᠬᠠᠤᠯᠢ  ᠪᠤᠰᠤ ᠪᠠᠷ ᠪᠠᠯᠠ ᠴᠤᠭᠯᠠᠭᠤᠯᠬᠤ᠃          ︵ᠳᠥᠷᠪᠡ︶ ︽ᠨᠠᠰᠤᠲᠠᠶᠢᠴᠤᠳ ᠤᠨ ᠦᠢᠯᠡᠳᠭᠦᠨ︾ ︽ᠡᠷᠡᠭᠦᠯᠵᠢᠯ ‍ᠤᠨ‌ᠦᠢᠯᠡᠳᠭᠦᠨ︾ ᠢ ᠪᠣᠷᠣᠯᠠᠭᠤᠯᠬᠤ  ᠨᠡᠷ᠎ᠡ ᠪᠠᠷ ᠬᠠᠤᠯᠢ ᠪᠤᠰᠤ ᠪᠠᠷ ᠪᠠᠯᠠ ᠮᠥᠩᠭᠦ ᠴᠤᠭᠯᠠᠭᠤᠯᠬᠤ᠃            ︵ᠲᠠᠪᠤ︶ ︽ᠨᠠᠰᠤᠲᠠᠨ ᠠᠰᠠᠷᠠᠬᠤ︾ ᠨᠡᠷ᠎ᠡ ᠪᠠᠷ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠃        ᠭᠤᠷᠪᠠ᠂ ᠢᠯᠡᠴᠢᠯᠡᠨ ᠮᠡᠳᠡᠭᠦᠯᠬᠦ ᠤᠲᠠᠰᠤ              ᠡᠯ᠎ᠡ ᠭᠠᠵᠠᠷ ᠤᠨ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠤᠲᠠᠰᠤ᠄              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠄ 0471 —4827793              ᠬᠥᠬᠡᠬᠤᠲᠠ᠄ 0471—6965591              ᠪᠤᠭᠤᠲᠤ ᠬᠤᠲᠠ᠄ 0472 —5618927              ᠬᠥᠯᠥᠨ ᠪᠤᠶᠢᠷ ᠬᠤᠲᠠ᠄ 04708217286            ᠬᠢᠩᠭᠠᠨ ᠠᠶᠢᠮᠠᠭ᠄ 0482 —8266741            ᠲᠦᠩᠯᠢᠶᠣᠤ ᠬᠤᠲᠠ᠄ 04758835362              ᠤᠯᠠᠭᠠᠨᠬᠠᠳᠠ ᠬᠤᠲᠠ᠄ 04768301518              ᠰᠢᠯᠢ ᠶᠢᠨ ᠭᠤᠣᠯ ᠠᠶᠢᠮᠠᠭ᠄ 0479 —8285858              ᠤᠯᠠᠭᠠᠨᠴᠠᠪ ᠬᠤᠲᠠ᠄ 04748391689              ᠣᠷᠳᠣᠰ ᠬᠤᠲᠠ᠄ 04778580984              ᠪᠠᠶᠠᠨᠨᠠᠭᠤᠷ ᠬᠤᠲᠠ᠄ 0478 —8705684              ᠠᠯᠠᠱᠠ ᠠᠶᠢᠮᠠᠭ᠄ 0483 —8335400              ᠦᠬᠠᠶ ᠬᠤᠲᠠ᠄ 0473 —3998915              ᠮᠠᠨᠵᠤᠤᠷ ᠬᠤᠲᠠ᠄ 04706264937              ᠡᠷᠢᠶᠡᠨ ᠬᠤᠳᠠ᠄ 04797521805                      ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠠᠯᠠ  ᠴᠤᠭᠯᠠᠭᠤᠯᠬᠤ ᠶᠢ ᠰᠢᠢᠳᠪᠤᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ                
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号