ᠬᠢᠵᠢᠭ ᠢ ᠳᠠᠷᠤᠬᠤ ᠡᠮ ᠢ ᠳᠠᠭᠠᠳᠬᠠᠯ ᠳᠤ ᠣᠷᠣᠭᠤᠯᠪᠠ
ᠨᠡᠶᠢᠲᠡᠯᠡᠭᠰᠡᠨ ᠴᠠᠭ᠄
2022/9/15
     ᠤᠯᠤᠰ ᠤᠨ ᠡᠮ ᠡᠮᠨᠡᠯᠭᠡ ᠶᠢᠨ ᠪᠠᠲᠤᠯᠠᠭᠠᠨ ᠤ ᠲᠣᠪᠴᠢᠶᠠᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ  ᠢᠶᠠᠷ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠲᠠᠢ ᠲᠣᠭᠲᠠᠭᠠᠯ ᠢ ᠦᠨᠳᠦᠰᠦᠯᠡᠪᠡᠯ᠂ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠪᠠᠲᠤᠯᠠᠬᠤ ᠶᠢᠨ ᠲᠥᠯᠥᠭᠡ᠂ ᠰᠢᠨ᠎ᠡ ᠺᠤᠷᠤᠨᠠ ᠸᠢᠷᠦ᠋ᠰ ᠤᠨ ᠬᠢᠵᠢᠭ ᠢ ᠡᠮᠴᠢᠯᠡᠨ ᠵᠠᠰᠠᠬᠤ ᠲᠥᠰᠥᠯ ᠳᠤ ᠣᠷᠣᠭᠤᠯᠤᠭᠰᠠᠨ ᠡᠮ ᠲᠠᠩ ᠢ ᠪᠦᠷ ᠡᠮ ᠡᠮᠨᠡᠯᠭᠡ ᠶᠢᠨ ᠳᠠᠭᠠᠳᠬᠠᠯ ᠳᠤ ᠲᠦᠷ ᠣᠷᠣᠭᠤᠯᠵᠤ ᠪᠣᠯᠬᠤ ᠶᠤᠮ ᠪᠠᠶᠢᠨ᠎ᠠ᠃ ᠤᠯᠤᠰ ᠤᠨ ᠡᠷᠡᠭᠦᠯ ᠮᠡᠨᠳᠦ ᠪᠣᠯᠣᠨ ᠡᠷᠡᠭᠦᠯ ᠬᠠᠮᠠᠭᠠᠯᠠᠯ ᠤᠨ ᠺᠣᠮᠢᠰ ᠮᠡᠳᠡᠭᠳᠡᠯ ᠨᠡᠶᠢᠲᠡᠯᠡᠵᠦ᠂ ᠰᠢᠨ᠎ᠡ ᠺᠣᠷᠣᠨᠠ ᠸᠢᠷᠦ᠋ᠰ ᠤᠨ ᠬᠢᠵᠢᠭ ᠢ ᠡᠮᠨᠡᠨ ᠵᠠᠰᠠᠬᠤ ᠵᠢᠵᠢᠭ ᠮᠣᠯᠧᠺᠦ᠋ᠯ ᠤᠨ ᠤᠤᠭᠤᠬᠤ ᠡᠮ ᠢ ᠬᠢᠵᠢᠭ ᠢ ᠡᠮᠴᠢᠯᠡᠨ ᠵᠠᠰᠠᠬᠤ ᠲᠥᠰᠥᠯ ᠳᠤ ᠣᠷᠣᠭᠤᠯᠬᠤ ᠪᠠᠷ ᠲᠣᠭᠲᠠᠭᠰᠠᠨ ᠪᠠᠶᠢᠨ᠎ᠠ᠂ ᠡᠮ ᠡᠮᠨᠡᠯᠭᠡ ᠶᠢᠨ ᠳᠠᠭᠠᠳᠬᠠᠯ ᠳᠤ ᠬᠠᠮᠤᠷᠤᠭᠳᠠᠭᠰᠠᠨ ᠡᠪᠡᠳᠴᠢᠲᠡᠨ ᠡᠨᠡ ᠡᠮ ᠢ ᠬᠡᠷᠡᠭᠯᠡᠬᠦ ᠦᠶ᠎ᠡ ᠳᠤ ᠬᠠᠮᠢᠶᠠᠲᠠᠢ ᠳᠦᠷᠢᠮ ᠲᠣᠭᠲᠠᠭᠠᠯ ᠶᠣᠰᠣᠭᠠᠷ ᠳᠠᠩᠰᠠ ᠶᠢ ᠨᠢ ᠴᠠᠶᠢᠷᠠᠭᠤᠯᠵᠤ ᠥᠭᠬᠦ ᠪᠣᠯᠣᠨ᠎ᠠ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号