878 ᠲᠥᠭᠦᠷᠢᠭ ᠳᠡᠭᠡᠭᠰᠢᠯᠡᠭᠦᠯᠪᠡ︕
ᠨᠡᠶᠢᠲᠡᠯᠡᠭᠰᠡᠨ ᠴᠠᠭ᠄
2022/9/16
     ᠲᠥᠪ ᠤᠨ ᠲᠥᠷᠥ ᠶᠢᠨ ᠪᠠᠶᠢᠭᠤᠯᠭ᠎ᠠ ᠶᠢᠨ ᠣᠷᠣᠨ ᠰᠠᠭᠤᠴᠠ ᠶᠢᠨ ᠪᠠᠯᠠ ᠮᠦᠩᠭᠦᠨ ᠤ  ᠬᠠᠮᠢᠶᠠᠷᠤᠯᠲᠠ   ᠶᠢᠨ ᠲᠥᠪ ︽2022 ᠣᠨ ᠤ ᠣᠷᠣᠨ  ᠰᠠᠭᠤᠴᠠ ᠶᠢᠨ  ᠨᠡᠶᠢᠲᠡ ᠶᠢᠨ  ᠬᠤᠷᠠᠮᠳᠤᠭᠤᠯᠭ᠎ᠠ ᠶᠢᠨ  ᠮᠦᠩᠭᠦᠨ ᠤ ᠲᠤᠰ ᠣᠨ ᠤ ᠰᠠᠷ᠎ᠠ ᠶᠢᠨ ᠲᠤᠰᠢᠶᠠᠵᠤ ᠬᠠᠳᠠᠭᠠᠯᠠᠭᠤᠯᠬᠤ ᠲᠤᠭ᠎ᠠ ᠳᠤ ᠲᠣᠬᠢᠷᠠᠭᠤᠯᠤᠯᠲᠠ ᠬᠢᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠨᠡᠶᠢᠲᠡᠯᠡᠵᠦ᠂ ᠲᠥᠪ ᠤᠨ ᠲᠥᠷᠥ ᠶᠢᠨ ᠪᠠᠶᠢᠭᠤᠯᠭ᠎ᠠ ᠶᠢᠨ 2022 ᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠲᠤᠰ ᠣᠨ ᠤ ᠰᠠᠷ᠎ᠠ ᠶᠢᠨ ᠲᠤᠰᠢᠶᠠᠵᠤ ᠬᠠᠳᠠᠭᠠᠯᠠᠭᠤᠯᠬᠤ ᠲᠤᠭ᠎ᠠ ᠳᠤ ᠲᠣᠬᠢᠷᠠᠭᠤᠯᠤᠯᠲᠠ ᠬᠢᠪᠠ᠂ ᠰᠠᠷ᠎ᠠ ᠶᠢᠨ ᠲᠤᠰᠢᠶᠠᠵᠤ ᠬᠠᠳᠠᠭᠠᠯᠠᠭᠤᠯᠬᠤ ᠲᠤᠭ᠎ᠠ ᠶᠢᠨ ᠳᠡᠭᠡᠳᠦ ᠬᠢᠵᠠᠭᠠᠷ ᠨᠢ 7652 ᠲᠥᠭᠦᠷᠢᠭ ᠪᠣᠯᠤᠨ᠎ᠠ᠃      ᠮᠡᠳᠡᠭᠳᠡᠯ ᠳᠤ ᠲᠤᠲᠤᠷᠬᠠᠶᠢᠯᠠᠬᠰᠠᠨ   ᠨᠢ᠂  2022 ᠣᠨ ᠤ  ᠣᠷᠣᠨ  ᠰᠠᠭᠤᠴᠠ ᠶᠢᠨ  ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠰᠠᠷ᠎ᠠ ᠶᠢᠨ ᠲᠤᠰᠢᠶᠠᠵᠤ ᠬᠠᠳᠠᠭᠠᠯᠠᠭᠤᠯᠬᠤ ᠰᠠᠭᠤᠷᠢ  ᠲᠣᠭᠠᠨ ᠤ ᠳᠡᠭᠡᠳᠦ  ᠬᠢᠵᠠᠭᠠᠷ ᠨᠢ 31884 ᠲᠥᠭᠦᠷᠢᠭ᠂ ᠰᠠᠷ᠎ᠠ ᠶᠢᠨ ᠲᠤᠰᠢᠶᠠᠨ ᠬᠠᠳᠠᠭᠠᠯᠠᠭᠤᠯᠬᠤ ᠰᠠᠭᠤᠷᠢ ᠲᠣᠭᠠᠨ ᠤ ᠳᠤᠤᠷᠠᠳᠤ ᠬᠢᠵᠠᠭᠠᠷ ᠨᠢ 2320 ᠲᠥᠭᠦᠷᠢᠭ ᠪᠣᠯᠤᠨ᠎ᠠ᠃ 2022 ᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠲᠤᠰ ᠣᠨ ᠤ ᠲᠤᠰᠢᠶᠠᠨ ᠬᠠᠳᠠᠭᠠᠯᠠᠭᠤᠯᠬᠤ ᠬᠠᠷᠢᠴᠠᠯ ᠨᠢ ᠮᠥᠨ 5 % ᠠᠴᠠ 12 %᠃ 2022 ᠣᠨ ᠤ 12  ᠰᠠᠷ᠎ᠠ ᠶᠢᠨ 31 ᠤ ᠡᠳᠦᠷ ᠠᠴᠠ  ᠡᠮᠦᠨ᠎ᠡ᠂ ᠠᠵᠤ ᠠᠬᠤᠶᠢᠯᠠᠯ ᠨᠢ ᠬᠢᠵᠢᠭ ᠤᠨ ᠨᠥᠯᠥᠭᠡ ᠠᠴᠠ ᠪᠣᠯᠵᠣ ᠬᠦᠴᠢᠷᠳᠡᠯ ᠲᠠᠢ ᠪᠠᠶᠢᠪᠠᠯ᠂ ᠲᠥᠪ ᠤᠨ ᠲᠥᠷᠥ ᠶᠢᠨ ᠪᠠᠶᠢᠭᠤᠯᠭ᠎ᠠ ᠶᠢᠨ ᠣᠷᠣᠨ ᠰᠠᠭᠤᠴᠠ ᠶᠢᠨ ᠪᠠᠯᠠ ᠮᠦᠩᠭᠦᠨ ᠤ ᠬᠠᠮᠢᠶᠠᠷᠤᠯᠲᠠ ᠶᠢᠨ ᠲᠥᠪ ᠲᠤ ᠭᠤᠶᠤᠴᠢᠯᠠᠯ  ᠭᠠᠷᠭᠠᠵᠤ  ᠪᠣᠯᠤᠨ᠎ᠠ᠂ ᠢᠩᠭᠢᠪᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠤᠶᠢᠰᠢᠯᠠᠭᠤᠯᠤᠨ ᠲᠤᠰᠢᠶᠠᠵᠤ ᠪᠣᠯᠤᠨ᠎ᠠ᠃ ᠨᠢᠭᠡᠨᠲᠡ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠭᠰᠠᠨ ᠨᠢᠭᠡᠴᠡ ᠨᠦᠭᠦᠳ 2022  ᠣᠨ ᠤ  ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠲᠤᠰ ᠣᠨ ᠤ  ᠰᠠᠷ᠎ᠠ ᠶᠢᠨ ᠲᠤᠰᠢᠶᠠᠨ ᠬᠠᠳᠠᠭᠠᠯᠠᠭᠤᠯᠬᠤ ᠲᠤᠭ᠎ᠠ ᠳᠤ ᠲᠣᠬᠢᠷᠠᠭᠤᠯᠤᠯᠲᠠ ᠬᠢᠬᠦ ᠶᠢ ᠬᠡᠪ ᠤᠨ ᠶᠣᠰᠣᠭᠠᠷ ᠦᠷᠨᠢᠭᠦᠯᠦᠨ᠎ᠡ᠂  ᠨᠥᠬᠦᠵᠦ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠴᠢᠬᠤᠯᠠ ᠥᠬᠡᠶ᠃ ᠳᠡᠭᠡᠷ᠎ᠡ ᠳᠤᠷᠠᠳᠤᠭᠰᠠᠨ ᠪᠠᠶᠢᠳᠠᠯ ᠠᠴᠠ ᠭᠠᠳᠠᠨ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠬᠤ ᠳᠤ ᠦᠨᠡᠨᠬᠦ ᠬᠦᠴᠢᠷᠳᠡᠯᠲᠡᠶ ᠨᠢᠭᠡᠴᠡ ᠨᠢ ᠲᠣᠭᠲᠠᠭᠠᠯ ᠶᠣᠰᠣᠭᠠᠷ ᠲᠤᠰᠢᠶᠠᠨ ᠬᠠᠳᠠᠭᠠᠯᠠᠭᠤᠯᠬᠤ ᠬᠠᠷᠢᠴᠠᠯ ᠢᠶᠠᠨ ᠬᠤᠶᠢᠰᠢᠯᠠᠭᠤᠯᠬᠤ ᠪᠤᠶᠤ ᠪᠠᠭᠤᠷᠠᠭᠤᠯᠬᠤ ᠪᠠᠷ ᠭᠤᠶᠤᠴᠢᠯᠠᠵᠤ ᠪᠣᠯᠤᠨ᠎ᠠ᠃ ᠵᠥᠪᠰᠢᠶᠡᠷᠡᠭᠦᠯᠦᠭᠰᠡᠨ ᠤ ᠳᠠᠷᠠᠭ᠎ᠠ᠂ ᠨᠢᠭᠡᠴᠡ ᠠᠴᠠ ᠬᠤᠶᠢᠰᠢᠯᠠᠭᠤᠯᠤᠨ ᠲᠤᠰᠢᠶᠠᠬᠤ ᠪᠤᠶᠤ ᠬᠠᠷᠢᠴᠠᠯ ᠢ ᠨᠢ ᠪᠠᠭᠤᠷᠠᠭᠤᠯᠤᠨ ᠲᠤᠰᠢᠶᠠᠨ ᠬᠠᠳᠠᠭᠠᠯᠠᠭᠤᠯᠬᠤ ᠭᠠᠷᠳᠠᠮ ᠭᠦᠢᠴᠡᠳᠭᠡᠵᠦ ᠪᠣᠯᠤᠨ᠎ᠠ᠃ ᠪᠣᠳᠠᠲᠠᠶ ᠰᠠᠷ᠎ᠠ ᠪᠦᠷᠢ᠂ ᠨᠢᠭᠡᠴᠡ  ᠪᠠ  ᠬᠤᠪᠢ  ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ  ᠲᠤᠰᠢᠶᠠᠵᠤ ᠬᠠᠳᠠᠭᠠᠯᠠᠭᠤᠯᠬᠤ ᠬᠠᠷᠢᠴᠠᠯ ᠢ 12% ᠢᠶᠠᠷ ᠪᠤᠳᠤᠵᠤ᠂ 2022 ᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ  ᠤ ᠰᠠᠷ᠎ᠠ ᠶᠢᠨ ᠲᠤᠰᠢᠶᠠᠵᠤ ᠬᠠᠳᠠᠭᠠᠯᠠᠭᠤᠯᠬᠤ ᠲᠤᠭ᠎ᠠ ᠶᠢᠨ ᠳᠡᠭᠡᠳᠦ  ᠬᠢᠵᠠᠭᠠᠷ ᠢ 2021 ᠣᠨ ᠤ ᠬᠢ ᠠᠴᠠ 878 ᠲᠥᠭᠦᠷᠢᠭ ᠳᠡᠭᠡᠭᠰᠢᠯᠡᠭᠦᠯᠵᠦ᠂ 7652 ᠲᠥᠭᠦᠷᠢᠭ ᠪᠣᠯᠭᠠᠨ ᠲᠣᠬᠢᠷᠠᠭᠤᠯᠵᠤ᠂  ᠠᠵᠢᠯᠲᠠᠨ  ᠠᠵᠢᠯᠴᠢᠨ  ᠪᠠ  ᠨᠢᠭᠡᠴᠡ ᠶᠢᠨ  ᠰᠠᠷ᠎ᠠ ᠶᠢᠨ ᠲᠤᠰᠢᠶᠠᠵᠤ ᠬᠠᠳᠠᠭᠠᠯᠠᠭᠤᠯᠬᠤ ᠲᠤᠭ᠎ᠠ ᠶᠢᠨ ᠳᠡᠭᠡᠳᠦ ᠬᠢᠵᠠᠭᠠᠷ ᠢ ᠴᠥᠮ 3826 ᠲᠥᠭᠦᠷᠢᠭ ᠪᠣᠯᠭᠠᠪᠠ᠃ 2021 ᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ  ᠤ ᠰᠠᠷ᠎ᠠ ᠶᠢᠨ ᠲᠤᠰᠢᠶᠠᠨ ᠬᠠᠳᠠᠭᠠᠯᠠᠭᠤᠯᠬᠤ  ᠲᠣᠭᠠᠨ ᠤ ᠳᠡᠭᠡᠳᠦ ᠬᠢᠵᠠᠭᠠᠷ ᠨᠢ 6774 ᠲᠥᠭᠦᠷᠢᠭ ᠪᠣᠯᠤᠨ᠎ᠠ᠃ ᠲᠥᠪ ᠤᠨ ᠲᠥᠷᠥ ᠶᠢᠨ ᠪᠠᠶᠢᠭᠤᠯᠭ᠎ᠠ ᠶᠢᠨ ᠣᠷᠣᠨ ᠰᠠᠭᠤᠴᠠ ᠶᠢᠨ ᠪᠠᠯᠠ ᠮᠦᠩᠭᠦᠨ ᠤ ᠬᠠᠮᠢᠶᠠᠷᠤᠯᠲᠠ ᠶᠢᠨ ᠲᠥᠪ ᠠᠴᠠ ᠢᠯᠡᠷᠬᠡᠶᠢᠯᠡᠭᠰᠡᠨ ᠨᠢ᠂ ᠡᠯ᠎ᠡ ᠨᠢᠭᠡᠴᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ ᠢᠶᠠᠷ ᠳᠠᠮᠵᠢᠭᠤᠯᠤᠨ ᠰᠠᠷ᠎ᠠ ᠶᠢᠨ ᠲᠤᠰᠢᠶᠠᠨ ᠬᠠᠳᠠᠭᠠᠯᠠᠭᠤᠯᠬᠤ ᠲᠣᠭᠠᠨ ᠤ ᠣᠨ ᠤ ᠲᠣᠬᠢᠷᠠᠭᠤᠯᠤᠯᠲᠠ ᠶᠢ ᠭᠦᠢᠴᠡᠳᠭᠡᠵᠦ ᠪᠣᠯᠤᠨ᠎ᠠ᠂ ᠵᠠᠪᠠᠯ ᠲᠤᠬᠠᠶᠢᠯᠠᠭᠰᠠᠨ ᠠᠵᠢᠯ ᠤᠨ ᠭᠠᠷᠳᠠᠮ ᠭᠦᠢᠴᠡᠳᠭᠡᠬᠦ ᠲᠤᠤᠷ ᠴᠡᠭ ᠲᠤ  ᠬᠦᠷᠴᠦ  ᠭᠦᠢᠴᠡᠳᠭᠡᠬᠦ  ᠴᠢᠬᠤᠯᠠᠲᠠᠶ  ᠪᠣᠯ ᠤᠷᠢᠳᠴᠢᠯᠠᠨ ᠪᠣᠯᠵᠣᠵᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠦᠢᠴᠡᠳᠭᠡᠵᠦ  ᠪᠣᠯᠤᠨ᠎ᠠ᠃ ᠣᠷᠣᠨ ᠰᠠᠭᠤᠴᠠ ᠵᠢᠨ‌ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠣᠨ ᠢᠶᠠᠷ ᠲᠤᠰᠢᠶᠠᠨ ᠬᠠᠳᠠᠭᠠᠯᠠᠬᠤ ᠦᠶᠡᠯᠡᠯ ᠤᠨ ᠬᠤᠭᠤᠴᠠᠭ᠎ᠠ ᠪᠣᠯᠭᠠᠭᠰᠠᠨ ᠨᠢᠭᠡᠴᠡ ᠨᠢ 6 ᠳ᠋ᠤᠭᠠᠷ ᠰᠠᠷ᠎ᠠ ᠶᠢᠨ ᠬᠡᠪ ᠤᠨ ᠬᠤᠷᠢᠶᠠᠩᠭᠤᠶᠢᠯᠠᠨ ᠲᠤᠰᠢᠶᠠᠬᠤ ᠶᠢ  ᠪᠡᠶᠡᠯᠡᠭᠦᠯᠦᠭᠰᠡᠨ ᠤ ᠳᠠᠷᠠᠭ᠎ᠠ᠂ ᠰᠠᠷ᠎ᠠ ᠶᠢᠨ ᠲᠤᠰᠢᠶᠠᠨ ᠬᠠᠳᠠᠭᠠᠯᠠᠭᠤᠯᠬᠤ ᠲᠣᠭᠠᠨ ᠤ ᠣᠨ ᠤ ᠲᠣᠬᠢᠷᠠᠭᠤᠯᠤᠯᠲᠠ ᠶᠢᠨ ᠠᠵᠢᠯ ᠢ ᠥᠷᠨᠢᠭᠦᠯᠬᠦ ᠶᠢᠨ  ᠬᠠᠮᠲᠤ᠂  8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠡᠶᠡᠯᠡᠭᠦᠯᠬᠦ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号