ᠬᠦᠴᠢᠷᠳᠡᠯᠲᠡᠢ ᠬᠦᠮᠦᠰ ᠲᠤ ᠨᠦᠬᠦᠪᠦᠷᠢ ᠣᠯᠭᠤᠨ᠎ᠠ
ᠨᠡᠶᠢᠲᠡᠯᠡᠭᠰᠡᠨ ᠴᠠᠭ᠄
2022/9/21
     ᠠᠵᠤ ᠠᠬᠤᠶ ᠶᠢ ᠲᠣᠭᠲᠠᠪᠣᠷᠢᠵᠢᠭᠤᠯᠤᠨ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠰᠠᠶᠢᠲᠤᠷ  ᠬᠢᠬᠦ ᠶᠢᠨ ᠲᠥᠯᠥᠭᠡ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠎ ᠤᠨ ᠲᠢᠩᠬᠢᠮ  ᠪᠣᠯᠣᠨ  ᠡᠳ᠋‌‍ᠤᠨ ᠵᠠᠰᠠᠭ ᠤᠨ ᠲᠢᠩᠬᠢᠮ ᠠᠴᠠ ︽ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠠᠮᠢᠶ᠎ᠠ ᠪᠥᠬᠦᠶ ᠠᠵᠢᠯ ᠢ ᠤᠯᠠᠮ ᠴᠢᠩᠭᠠᠳᠬᠠᠬᠤ ᠲᠤᠬᠠᠶ ᠮᠡᠳᠡᠭᠳᠡᠯ︾᠎ ᠢ ᠨᠡᠶᠢᠲᠡᠯᠡᠪᠡ᠃              ︽ᠮᠡᠳᠡᠭᠳᠡᠯ︾᠎ ᠳᠤ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ  ᠰᠠᠭᠤᠷᠢᠨ  ᠳᠡᠭᠡᠷ᠎ᠡ᠂ ᠪᠥᠬᠦ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠲᠣᠣᠷ᠎ᠠ ᠪᠠᠲᠤᠯᠠᠭ᠎ᠠ ᠶᠢᠨ ᠬᠠᠷᠠᠭᠠᠯᠵᠠᠯ ᠬᠦᠷᠳᠡᠵᠦ ᠪᠠᠶᠢᠭ᠎ᠠ  ᠬᠦᠮᠦᠰ᠂ ᠣᠨᠴᠠ ᠬᠦᠴᠢᠷᠳᠡᠯᠳᠡᠢ ᠬᠥᠮᠦᠰ᠂ ᠥᠨᠥᠴᠢᠨ ᠬᠡᠦᠬᠡᠳ ᠵᠢᠴᠢ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠢ  ᠪᠠᠭᠲᠠᠭᠠᠭᠰᠠᠨ165 ᠲᠦᠮᠡ ᠭᠠᠷᠤᠶ ᠬᠦᠴᠢᠷᠳᠡᠯᠲᠡᠢ ᠣᠯᠠᠨ ᠲᠦᠮᠡᠨ ᠳᠤ ᠬᠥᠮᠦᠨ ᠪᠦᠷᠢ ᠶᠢᠨ 100  ᠲᠥᠭᠦᠷᠢᠭ ᠤᠨ  ᠪᠠᠷᠢᠮᠵᠢᠶ᠎ᠠ  ᠎ ᠪᠠᠷ ᠠᠮᠢᠳᠤᠷᠠᠯ ᠤᠨ ᠨᠥᠬᠦᠪᠥᠷᠢ ᠨᠡᠮᠡᠵᠦ ᠦᠭᠬᠦᠨ᠎ᠡ ᠭᠡᠪᠠ᠃            ︽ᠮᠡᠳᠡᠭᠳᠡᠯ︾᠎ ᠳᠤ ᠪᠠᠰᠠ ᠪᠥᠬᠦ ᠣᠷᠣᠨ ᠤ ᠡᠯ᠎ᠡ ᠭᠠᠵᠠᠷ ᠤᠨ ᠬᠢᠨ ᠠᠮᠢᠳᠤᠷᠠᠯ ᠤᠨ ᠨᠥᠬᠦᠪᠥᠷᠢ ᠶᠢ ᠲᠤᠭ᠎ᠠ ᠶᠣᠰᠣᠭᠠᠷ ᠨᠢ  ᠬᠦᠴᠢᠷᠳᠡᠯᠲᠡᠢ  ᠣᠯᠠᠨ  ᠲᠦᠮᠡᠨ  ᠎ ᠳᠤ  ᠣᠯᠭᠤᠬᠤ  ᠬᠡᠷᠡᠭᠲᠡᠶ  ᠭᠡᠵᠦ ᠱᠠᠭᠠᠷᠳᠠᠪᠠ᠃      
 
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号