ᠰᠤᠷᠭᠠᠨ ᠬᠥᠮᠦᠵᠢᠯ ᠤᠨ ᠶᠠᠮᠤᠨ ᠤ ᠰᠢᠨ᠎ᠡ ᠵᠠᠷᠯᠠᠯ︕
ᠨᠡᠶᠢᠲᠡᠯᠡᠭᠰᠡᠨ ᠴᠠᠭ᠄
2022/9/22
     ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠮᠡᠳᠡᠭᠳᠡᠯ ᠨᠡᠶᠢᠲᠡᠯᠡᠵᠦ᠂ 2022—2025ᠰᠤᠷᠤᠯᠭ᠎ᠠ ᠶᠢᠨ ᠣᠨ ᠤ  ᠳᠤᠮᠳᠠᠳᠤ  ᠪᠠᠭ᠎ᠠ ᠰᠤᠷᠭᠠᠭᠤᠯᠢ ᠶᠢᠨ  ᠰᠤᠷᠤᠭᠴᠢᠳ ᠲᠤ  ᠬᠠᠨᠳᠤᠭᠤᠯᠤᠭᠰᠠᠨ  ᠪᠥᠬᠦ  ᠤᠯᠤᠰ ᠤᠨ ᠴᠢᠨᠠᠷᠲᠠᠶ ᠤᠷᠤᠯᠳᠤᠭᠠᠨ ᠤ  ᠠᠵᠢᠯᠯᠠᠭᠠᠨ ᠤ ᠨᠡᠷᠡᠰ ᠢ ᠨᠡᠶᠢᠲᠡᠯᠡᠪᠡ᠃              ︽︿ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠪᠥᠬᠦ ᠤᠯᠤᠰ ᠤᠨ  ᠴᠢᠨᠠᠷᠲᠠᠶ ᠤᠷᠤᠯᠳᠤᠭᠠᠨ ᠤ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠰᠤᠷᠭᠠᠨ ᠬᠥᠮᠦᠵᠢᠯ ‍ᠤᠨ‌‍ᠶᠠᠮᠤᠨ ᠤ ᠠᠯᠪᠠᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ ᠤᠨ ᠮᠡᠳᠡᠭᠳᠡᠯ︾᠎ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠭᠤᠤᠯᠯᠠᠨ ᠡᠷᠭᠢᠯᠡᠭᠰᠡᠨ ᠨᠢᠭᠡᠴᠡ ᠠᠴᠠ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠵᠦ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠰᠢᠯᠭᠠᠷᠠᠭᠤᠯᠬᠤ ᠪᠣᠭᠤᠮᠲᠠ ᠶᠢ ᠴᠢᠩᠭ᠎ᠠ ᠰᠠᠬᠢᠵᠦ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠬᠢᠮᠡᠯ ᠤᠶᠤᠨᠲᠦ ᠴᠢᠲᠠᠮᠵᠢ ᠶᠢᠨ ᠰᠢᠨ᠎ᠡ ᠶᠢ ᠡᠭᠦᠳᠬᠦ ᠥᠷᠢᠰᠥᠯᠳᠦᠭᠡᠨ ᠵᠡᠷᠭᠡ 45 ᠵᠥᠢᠯ ᠤᠨ ᠤᠷᠤᠯᠳᠤᠭᠠᠨ ᠢ 2022—2025 ᠰᠤᠷᠤᠯᠭ᠎ᠠ ᠶᠢᠨ ᠣᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠨ ᠥᠷᠨᠢᠭᠦᠯᠬᠦ ᠪᠥᠬᠦ ᠤᠯᠤᠰ ᠤᠨ ᠴᠢᠨᠠᠷᠲᠠᠶ ᠤᠷᠤᠯᠳᠤᠭᠠᠨ ᠤ ᠠᠵᠢᠯᠯᠠᠭ᠎ᠠ ᠪᠣᠯᠭᠠᠬᠤ ᠪᠠᠷ ᠲᠥᠯᠥᠪᠯᠡᠵᠦ ᠪᠠᠶᠢᠨ᠎ᠠ᠃ ᠡᠷᠭᠢᠯᠡᠬᠦ ᠴᠠᠭ ᠨᠢ ᠵᠠᠷᠴᠢᠮ ᠳᠡᠭᠡᠷ᠎ᠡ ᠪᠠᠨ 2022 ᠣᠨ ᠤ 9 ᠰᠠᠷ᠎ᠠ ᠠᠴᠠ 2025 ᠣᠨ ᠤ 8  ᠰᠠᠷ᠎ᠠ᠂  ᠲᠣᠰ  ᠬᠤᠭᠤᠴᠠᠭᠠᠨ ᠳᠤ ᠰᠤᠷᠤᠯᠭ᠎ᠠ ᠶᠢᠨ ᠵᠢᠯ ᠪᠦᠷᠢ 1 ᠤᠳᠠᠭ᠎ᠠ ᠠᠴᠠ ᠬᠡᠲᠦᠷᠡᠭᠦᠯᠵᠦ ᠪᠣᠯᠬᠤ ᠥᠬᠡᠶ᠂ ᠨᠡᠶᠢᠲᠡ 3  ᠤᠳᠠᠭ᠎ᠠ ᠠᠴᠠ ᠬᠡᠲᠦᠷᠡᠭᠦᠯᠵᠦ ᠪᠣᠯᠬᠤ ᠥᠬᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号