ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2022/9/26
     ᠠᠷᠪᠠᠨ ᠵᠢᠯ ᠤᠨ ᠲᠤᠷᠰᠢ᠂ ᠮᠠᠨ ᠤ ᠤᠯᠤᠰ ᠤᠨ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠨᠡᠶᠢᠭᠡᠮ ᠤᠨ ᠪᠠᠲᠤᠯᠠᠭᠠᠨ ᠤ ᠬᠠᠮᠤᠷᠬᠤ ᠬᠡᠪᠴᠢᠶ᠎ᠡ ᠲᠠᠰᠤᠷᠠᠯᠲᠠ ᠦᠭᠡᠢ ᠥᠷᠭᠡᠵᠢᠵᠦ ᠢᠷᠠᠵᠠᠢ᠃ ᠥᠩᠭᠡᠷᠡᠭᠰᠡᠨ ᠠᠷᠪᠠᠨ ᠵᠢᠯ ᠳᠤ᠂ ᠮᠠᠨ ᠤ ᠤᠯᠤᠰ ᠤᠨ ᠬᠤᠲᠠ ᠪᠠᠯᠭᠠᠰᠤᠨ ᠳᠤ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠨ ᠬᠥᠮᠥᠨ ᠤ ᠲᠤᠭ᠎ᠠ ᠳᠤᠮᠳᠠᠴᠢ ᠪᠠᠷ ᠵᠢᠯ ᠪᠦᠷᠢ 1300 ᠲᠦᠮᠡ ᠶᠢ ᠳᠠᠪᠠᠵᠤ᠂ ᠬᠤᠲᠠ ᠪᠠᠯᠭᠠᠰᠤᠨ ᠤ ᠨᠡᠶᠢᠲᠡ 1 ᠳ᠋ᠦᠩᠰᠢᠭᠤᠷ 3000 ᠲᠦᠮᠡᠨ ᠬᠥᠮᠥᠨ ᠳᠤ ᠠᠵᠢᠯ ᠣᠯᠭᠤᠵᠠᠢ᠃      ᠠᠷᠪᠠᠨ ᠵᠢᠯ ᠤᠨ ᠲᠤᠷᠰᠢ᠂ ᠮᠠᠨ ᠤ ᠤᠯᠤᠰ ᠤᠨ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠪᠣᠯᠵᠤ ᠢᠷᠠᠵᠠᠢ᠃ ᠶᠡᠭᠡ ᠳᠡᠭᠡᠳᠦ ᠰᠤᠷᠭᠠᠭᠤᠯᠢ ᠶᠢᠨ 8000 ᠭᠠᠷᠤᠢ ᠲᠦᠮᠡᠨ ᠲᠡᠭᠦᠰᠬᠦ ᠣᠶᠤᠲᠠᠨ ᠤ ᠠᠵᠢᠯ ᠣᠯᠣᠭᠰᠠᠨ ᠶᠡᠷᠦᠩᠬᠡᠢ ᠪᠠᠶᠢᠳᠠᠯ ᠨᠢ ᠲᠣᠭᠲᠠᠭᠤᠨ ᠪᠠᠶᠢᠵᠤ᠂  ᠠᠵᠢᠯᠴᠢᠨ ᠤ ᠶᠡᠷᠦᠩᠬᠡᠢ ᠲᠤᠭ᠎ᠠ ᠨᠡᠮᠡᠭᠳᠡᠭᠡᠳ 2 ᠳ᠋ᠦᠩᠰᠢᠭᠤᠷ 9000 ᠲᠦᠮᠡ ᠳᠤ ᠬᠦᠷᠴᠦ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠬᠥᠯᠥᠰᠦᠨ ᠠᠵᠢᠯ ᠬᠢᠵᠦ ᠪᠠᠶᠢᠭ᠎ᠠ ᠲᠤᠭ᠎ᠠ ᠬᠡᠮᠵᠢᠶ᠎ᠡ ᠨᠢ 3000 ᠲᠦᠮᠡ ᠢᠯᠡᠭᠦᠦ ᠪᠣᠯᠵᠠᠢ᠃ ᠡᠭᠦᠨ ᠤ ᠬᠠᠮᠲᠤ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭᠠᠨ ᠤ ᠰᠢᠰᠲ᠋ᠧᠮ ᠲᠣᠭᠲᠠᠴᠠ ᠶᠢᠨ ᠪᠠᠶᠢᠭᠤᠯᠤᠯᠲᠠ ᠮᠥᠨ ᠲᠦᠷᠭᠡᠰᠴᠡᠢ᠃ ᠮᠠᠨ ᠤ ᠤᠯᠤᠰ ᠨᠢᠭᠡᠨᠲᠡ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠳᠡᠭᠡᠷ᠎ᠡ ᠬᠡᠪᠴᠢᠶ᠎ᠡ ᠪᠠᠷ ᠬᠠᠮᠤᠭ ᠤᠨ ᠶᠡᠭᠡ᠂ ᠦᠢᠯᠡᠳᠦᠯ ᠴᠢᠳᠠᠪᠬᠢ ᠨᠢ ᠬᠠᠮᠤᠭ ᠤᠨ ᠪᠦᠷᠢᠨ ᠲᠥᠬᠦᠷ ᠨᠡᠶᠢᠭᠡᠮ ᠤᠨ ᠪᠠᠲᠤᠯᠠᠭᠠᠨ ᠤ ᠰᠢᠰᠲ᠋ᠧᠮ ᠢ ᠪᠠᠶᠢᠭᠤᠯᠵᠠᠢ᠃ ᠦᠨᠳᠦᠰᠦᠨ ᠨᠠᠰᠤᠵᠢᠯ᠂ ᠠᠵᠢᠯ ᠠᠯᠳᠠᠬᠤ᠂ ᠠᠵᠢᠯ ᠤᠨ ᠰᠢᠷᠬᠠᠲᠤᠯ ᠵᠡᠷᠭᠡ ᠭᠤᠷᠪᠠᠨ ᠲᠥᠷᠥᠯ ᠤᠨ ᠨᠡᠶᠢᠭᠡᠮ ᠤᠨ ᠪᠠᠲᠤᠯᠠᠭᠠᠨ ᠳᠤ ᠣᠷᠣᠯᠴᠠᠭᠰᠠᠨ ᠬᠥᠮᠥᠨ ᠤ ᠲᠤᠭ᠎ᠠ 2022 ᠣᠨ ᠤ 6 ᠳ᠋ᠤᠭᠠᠷ ᠰᠠᠷ᠎ᠠ ᠪᠣᠯᠬᠤ ᠳᠤ᠂ ᠲᠤᠰ ᠲᠤᠰ 10 ᠳ᠋ᠦᠩᠰᠢᠭᠤᠷ 4000 ᠲᠦᠮᠡ᠂ 2 ᠳ᠋ᠦᠩᠰᠢᠭᠤᠷ 3000 ᠲᠦᠮᠡ᠂ 2 ᠳ᠋ᠦᠩᠰᠢᠭᠤᠷ 9000 ᠲᠦᠮᠡ ᠪᠣᠯᠵᠤ᠂ ᠠᠷᠪᠠᠨ ᠵᠢᠯ ᠤᠨ ᠳᠣᠲᠣᠷ᠎ᠠ ᠵᠥᠪᠬᠡᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠳᠠᠷᠤᠢ 2 ᠳ᠋ᠦᠩᠰᠢᠭᠤᠷ 5000 ᠲᠦᠮᠡ ᠨᠡᠮᠡᠭᠳᠡᠵᠡᠢ᠃ ᠪᠠᠲᠤᠯᠠᠭᠠᠨ ᠤ ᠴᠢᠳᠠᠪᠤᠷᠢ ᠨᠢ ᠦᠷᠭᠦᠯᠵᠢᠯᠡᠨ ᠴᠢᠩᠭᠠᠷᠠᠵᠤ᠂ ᠬᠠᠮᠢᠶᠠᠷᠤᠯᠲᠠ ᠶᠢᠨ ᠬᠢᠷᠢ ᠲᠦᠪᠰᠢᠨ ᠨᠢ ᠳᠦᠷᠢᠮᠵᠢᠵᠦ ᠂ ᠪᠠᠷᠢᠮᠵᠢᠶ᠎ᠠ ᠲᠠᠢ ᠪᠣᠯᠵᠤ᠂ ᠴᠢᠮᠡᠭᠡ ᠵᠠᠩᠭᠢᠴᠢᠯᠠᠭᠰᠠᠨ ᠬᠢᠷᠢ ᠲᠦᠪᠰᠢᠨ ᠨᠢ ᠮᠥᠨ ᠢᠯᠡᠷᠬᠡᠢ ᠳᠡᠭᠡᠭᠰᠢᠯᠡᠪᠡ ᠭᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号