ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹2022︺ 20 ᠳ᠋ᠤᠭᠠᠷ ᠲᠣᠭᠠᠲᠤ᠂ ᠳᠣᠷᠣᠭᠰᠢ ︽ | ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ︽ᠬᠡᠷᠡᠭᠵᠢᠭᠦᠯᠬᠦ | ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠵᠦ | ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ | ᠳᠣᠣᠷᠠᠬᠢ ᠮᠡᠲᠦ ᠪᠠᠷ ᠲᠠᠶᠢᠯᠤᠮᠵᠢ ᠬᠢᠪᠡ᠃ | ᠨᠢᠭᠡ᠂ ︽ᠬᠡᠷᠡᠭᠵᠢᠭᠦᠯᠬᠦ ᠰᠠᠨᠠᠯ︾ ᠳᠤ ᠶᠠᠮᠠᠷ ᠬᠠᠷᠠᠯᠲᠠ ᠶᠢ ᠲᠣᠭᠲᠠᠭᠠᠭᠰᠠᠨ ᠪᠤᠢ︖ | ︽ᠬᠡᠷᠡᠭᠵᠢᠭᠦᠯᠬᠦ ᠰᠠᠨᠠᠯ︾ ᠳᠤ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠡᠷᠭᠡ ᠲᠠᠪᠤᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ | 2025 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ︽ᠰᠦᠯᠵᠢᠶᠡᠨ | ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠣᠶᠢᠷ᠎ᠠ ᠬᠠᠪᠢ ᠳᠤ ᠪᠠᠨ ᠭᠦᠢᠴᠡᠳᠬᠡᠬᠦ᠂ ᠨᠢᠭᠡ ᠯᠡ | ᠤᠳᠠᠭ᠎ᠠ ᠳᠤ ᠭᠦᠢᠴᠡᠳᠬᠡᠬᠦ︾ ᠶᠢ ᠨᠠᠩ ᠲᠥᠬᠦᠮ ᠳᠥᠲᠡ ᠪᠥᠭᠡᠳ ᠲᠦᠷᠭᠡᠨ ᠪᠣᠯᠭᠠᠨ᠎ᠠ᠃ | ᠬᠤᠶᠠᠷ᠂ ︽ᠬᠡᠷᠡᠭᠵᠢᠭᠦᠯᠬᠦ ᠰᠠᠨᠠᠯ︾ ᠳᠤ ᠶᠠᠮᠠᠷ ᠶᠠᠮᠠᠷ ᠡᠭᠦᠷᠭᠡ ᠶᠢ ᠲᠣᠬᠢᠷᠠᠭᠤᠯᠤᠭᠰᠠᠨ ᠪᠤᠢ︖ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ | ᠠᠬᠢᠭᠤᠯᠬᠤ ᠪᠠ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠵᠡᠷᠭᠡ 4 ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | 18 ᠵᠦᠢᠯ ᠤᠨ ᠡᠭᠦᠷᠭᠡ ᠶᠢᠨ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠭᠰᠠᠨ ᠪᠥᠭᠡᠳ ᠬᠠᠷᠢᠭᠤᠴᠠᠯᠭ᠎ᠠ ᠪᠠ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ | ︵ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢ ᠠᠬᠢᠭᠤᠯᠬᠤ ᠲᠠᠯ᠎ᠠ ᠪᠠᠷ᠂ | ᠨᠢᠭᠡ ᠳᠤ᠂ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠶᠢ ᠠᠬᠢᠭᠤᠯᠤᠨ᠎ᠠ᠃ ᠪᠥᠬᠦ ᠣᠷᠣᠨ ᠤ ᠡᠯ᠎ᠡ ᠲᠠᠰ | ᠳᠠᠪᠬᠤᠷᠭ᠎ᠠ ᠶᠢᠨ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ ᠲᠣᠳᠣᠷᠬᠠᠢ | ᠬᠠᠭᠤᠳᠠᠰᠤ ᠶᠢ ᠨᠢᠭᠡᠳᠦᠯᠲᠡᠢ ᠪᠠᠶᠢᠯᠭᠠᠬᠤ ᠶᠢ ᠠᠬᠢᠭᠤᠯᠵᠤ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ | ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠭᠠᠷᠴᠠᠭ ᠲᠤ ᠨᠢᠭᠡᠳᠦᠯᠲᠡᠢ ᠣᠷᠣᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠦᠨᠳᠦᠰᠦᠨ ᠭᠠᠷᠴᠠᠭ᠂ ᠬᠡᠷᠡᠭᠵᠢᠭᠦᠯᠬᠦ ᠲᠣᠳᠣᠷᠬᠠᠢ ᠬᠠᠭᠤᠳᠠᠰᠤ ᠶᠢ ᠬᠢᠨᠠᠨ ᠬᠠᠷᠭᠤᠭᠤᠯᠵᠤ ᠨᠡᠶᠢᠲᠡᠯᠡᠬᠦ ᠪᠠ | ᠬᠥᠳᠡᠯᠦᠩᠭᠦᠢ ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ ᠬᠤᠶᠠᠷ ᠲᠤ᠂ ᠲᠣᠳᠣᠷᠬᠠᠢ ᠬᠠᠭᠤᠳᠠᠰᠤ ᠶᠢ ᠪᠠᠷᠢᠮᠵᠢᠶᠠᠵᠢᠭᠤᠯᠬᠤ ᠶᠢ | ᠬᠡᠷᠡᠭᠵᠢᠭᠦᠯᠦᠨ᠎ᠡ᠃ ᠤᠯᠤᠰ ᠪᠠ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠲᠣᠳᠣᠷᠬᠠᠢ ᠬᠠᠭᠤᠳᠠᠰᠤ ᠶᠢᠨ ᠴᠢᠬᠤᠯᠠ ᠡᠯᠧᠮᠧᠨ᠋ᠲ ᠢ ᠨᠢᠭᠡᠳᠬᠡᠬᠦ ᠶᠢ ᠠᠬᠢᠭᠤᠯᠤᠨ᠎ᠠ᠃ ᠭᠤᠷᠪᠠ ᠳᠤ᠂ ᠪᠠᠷᠢᠮᠵᠢᠶ᠎ᠠ ᠶᠢᠨ | ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠷᠢᠭᠤᠴᠠᠯᠭ᠎ᠠ ᠪᠠ ᠪᠠᠷᠢᠮᠵᠢᠶ᠎ᠠ ᠶᠢᠨ | ᠲᠣᠭᠲᠠᠯᠴᠠᠭ᠎ᠠ ᠶᠢ ᠵᠣᠬᠢᠶᠠᠨ ᠪᠠᠶᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠲᠠᠪᠤᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭᠲᠦ ᠶᠢᠨ ᠳᠦᠷᠢ ᠲᠥᠷᠬᠦ᠂ | ᠦᠢᠯᠡᠴᠢᠯᠡᠭᠡᠨ ᠤ ᠪᠠᠷᠢᠮᠵᠢᠶ᠎ᠠ᠂ ᠰᠢᠯᠭᠠᠨ ᠬᠢᠨᠠᠬᠤ ᠪᠠᠷᠢᠮᠵᠢᠶ᠎ᠠ ᠶᠢ ᠨᠢᠭᠡᠳᠬᠡᠨ᠎ᠡ᠃ | ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠤᠮᠵᠢᠭᠤᠯᠤᠯᠲᠠ ᠶᠢ ᠠᠬᠢᠭᠤᠯᠬᠤ ᠲᠠᠯ᠎ᠠ ᠪᠠᠷ᠂ | ᠨᠢᠭᠡ ᠳᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠵᠢᠷᠤᠮᠵᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠬᠡᠷᠡᠭᠵᠢᠭᠦᠯᠦᠯᠲᠡ ᠶᠢᠨ ᠲᠣᠳᠣᠷᠬᠠᠢ ᠬᠠᠭᠤᠳᠠᠰᠤ ᠶᠢ ᠴᠢᠩᠭ᠎ᠠ ᠵᠢᠷᠣᠮᠯᠠᠵᠣ ᠪᠠᠶᠢᠭᠠᠳ ᠠᠵᠢᠯ ᠶᠠᠪᠤᠳᠠᠯ | ᠭᠦᠢᠴᠡᠳᠬᠡᠬᠦ ᠦᠢᠯᠡᠴᠢᠯᠡᠭᠡ ᠬᠠᠩᠭᠠᠵᠤ᠂ ᠭᠦᠢᠴᠡᠳᠬᠡᠬᠦ ᠭᠤᠭᠴᠤᠭ᠎ᠠ ᠪᠠ ᠭᠤᠶᠤᠴᠢᠯᠠᠬᠤ ᠮᠠᠲ᠋ᠧᠷᠢᠶᠠᠯ ᠢ ᠢᠯᠡᠭᠦᠴᠡ ᠨᠡᠮᠡᠬᠦ | ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠮᠡᠵᠦ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠢ ᠰᠦᠯᠵᠢᠶᠡᠨ ᠳᠤ ᠨᠡᠪᠲᠡᠷᠡᠭᠦᠯᠬᠦ ᠶᠢ ᠠᠬᠢᠭᠤᠯᠵᠤ᠂ | ᠦᠢᠯᠡᠴᠢᠯᠡᠭᠡᠨ ᠤ ᠵᠦᠭᠯᠡᠭᠦᠷ ᠢ ᠢᠯᠡ ᠪᠣᠯᠭᠠᠨ᠂ ᠦᠢᠯᠡᠴᠢᠯᠡᠭᠡᠨ ᠤ ᠨᠥᠬᠦᠴᠡᠯ᠂ ᠴᠤᠪᠤᠷᠠᠯ᠂ ᠴᠠᠭ ᠤᠨ ᠬᠢᠵᠠᠭᠠᠷ ᠪᠠ | ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠬᠦᠴᠦᠨ ᠵᠦᠢᠯ ᠢ ᠲᠣᠳᠣᠷᠬᠠᠶᠢᠯᠠᠵᠤ᠂ ᠠᠵᠤ ᠠᠬᠤᠶᠢᠯᠠᠯ ᠢ ᠠᠯᠪᠠᠳᠠᠵᠤ | ᠪᠠᠶᠢᠭᠠᠳ ᠣᠨᠴᠠ ᠲᠣᠭᠲᠠᠭᠰᠠᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠰᠣᠩᠭᠤᠭᠤᠯᠵᠤ ᠪᠣᠯᠬᠤ ᠦᠭᠡᠢ᠃ | ᠬᠤᠶᠠᠷ ᠲᠤ᠂ ᠦᠢᠯᠡᠴᠢᠯᠡᠭᠡᠨ ᠤ ᠲᠠᠯᠠᠪᠤᠷ ᠢ ᠵᠢᠷᠤᠮᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠯᠠᠪᠤᠷ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠪᠣᠯᠭᠠᠵᠤ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ | ᠲᠥᠪᠯᠡᠷᠡᠭᠦᠯᠦᠨ ᠬᠠᠩᠭᠠᠵᠤ᠂ ᠦᠢᠯᠡᠴᠢᠯᠡᠭᠡᠨ ᠤ ᠴᠣᠩᠬᠤᠪᠴᠢ ᠶᠢ ᠵᠣᠬᠢᠰᠲᠠᠢ ᠲᠣᠬᠢᠷᠠᠭᠤᠯᠤᠨ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ︽ᠶᠡᠷᠦᠩᠬᠡᠶᠢᠯᠡᠭᠰᠡᠨ | ᠨᠢᠭᠡ ᠴᠣᠩᠬᠤᠪᠴᠢ︾ ᠶᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ ᠭᠤᠷᠪᠠ ᠳᠤ᠂ ᠰᠦᠯᠵᠢᠶᠡᠨ ᠳᠡᠭᠡᠷᠡᠬᠢ | ᠦᠢᠯᠡᠴᠢᠯᠡᠭᠡ ᠶᠢ ᠵᠢᠷᠤᠮᠵᠢᠭᠤᠯᠤᠨ᠎ᠠ᠃ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠣᠷᠤᠴᠠ ᠶᠢ ᠨᠢᠭᠡᠳᠦᠯᠲᠡᠢ | ᠲᠥᠯᠥᠪᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡᠳᠦᠯᠲᠡᠢ ᠬᠠᠩᠭᠠᠵᠤ᠂ ᠰᠦᠯᠵᠢᠶᠡᠨ ᠳᠡᠭᠡᠷ᠎ᠡ ᠠᠵᠢᠯ | ᠶᠠᠪᠤᠳᠠᠯ ᠰᠢᠢᠳᠪᠦᠷᠢᠯᠡᠬᠦ ᠳᠤ ︽ᠨᠢᠭᠡ ᠯᠡ ᠤᠳᠠᠭ᠎ᠠ ᠳᠤ ᠳᠠᠩᠰᠠᠯᠠᠭᠤᠯᠬᠤ᠂ ᠤᠯᠠᠨ ᠴᠡᠭ ᠲᠤ ᠬᠠᠷᠢᠯᠴᠠᠨ ᠮᠡᠳᠡᠷᠡᠬᠦ᠂ ᠪᠦᠬᠦ | ᠰᠦᠯᠵᠢᠶ᠎ᠡ ᠳᠤ ᠨᠡᠶᠢᠳᠡᠮ ᠨᠡᠪᠲᠡᠷᠡᠭᠦᠯᠬᠦ︾ ᠶᠢ ᠪᠡᠶᠡᠯᠡᠭᠦᠯᠦᠨ᠎ᠡ᠃ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠲᠤ | ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠶᠠᠪᠤᠳᠠᠯ︾ ᠤᠨ ᠲᠤᠷᠰᠢᠯᠲᠠ ᠶᠢ ᠥᠷᠨᠢᠭᠦᠯᠵᠦ | ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠴᠢᠳᠠᠮᠵᠢ ᠶᠢ ᠨᠡᠮᠡᠭᠳᠡᠭᠦᠯᠦᠨ᠎ᠡ᠃ ᠳᠥᠷᠪᠡ ᠳᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠦᠢᠯᠡᠴᠢᠯᠡᠭᠡ ᠶᠢ ᠵᠢᠷᠤᠮᠵᠢᠭᠤᠯᠤᠨ᠎ᠠ᠃ ᠰᠦᠯᠵᠢᠶᠡᠨ ᠳᠡᠭᠡᠷ᠎ᠡ ᠪᠠ | ᠰᠦᠯᠵᠢᠶᠡᠨ ᠠᠴᠠ ᠭᠠᠳᠠᠨ᠎ᠠ ᠵᠡᠷᠭᠡ ᠳᠤ ᠨᠢ ᠦᠢᠯᠡᠴᠢᠯᠡᠵᠦ᠂ ᠭᠤᠶᠤᠴᠢᠯᠠᠭᠴᠢ ᠰᠦᠯᠵᠢᠶᠡᠨ ᠠᠴᠠ ᠭᠠᠳᠠᠨ᠎ᠠ ᠲᠤᠬᠠᠶᠢᠯᠠᠭᠰᠠᠨ | ᠠᠵᠢᠯ ᠢᠶᠠᠨ ᠭᠦᠢᠴᠡᠳᠬᠡᠬᠦ ᠳᠤ ᠪᠠᠨ᠂ ᠭᠤᠶᠤᠴᠢᠯᠠᠬᠤ ᠮᠠᠲ᠋ᠧᠷᠢᠶᠠᠯ ᠢ ᠤᠷᠢᠳ ᠢᠶᠠᠷ ᠰᠦᠯᠵᠢᠶᠡᠨ ᠳᠡᠭᠡᠷ᠎ᠡ ᠠᠴᠠ ᠪᠣᠯᠵᠣᠬᠤ | ᠪᠤᠶᠤ ᠰᠦᠯᠵᠢᠶᠡᠨ ᠳᠡᠭᠡᠷ᠎ᠡ ᠲᠤᠰᠢᠶᠠᠯᠭᠠᠬᠤ ᠪᠠᠷ ᠠᠯᠪᠠᠳᠠᠵᠤ ᠪᠣᠯᠬᠤ ᠦᠭᠡᠢ᠂ ᠠᠵᠤ ᠠᠬᠤᠶᠢᠯᠠᠯ ᠪᠠ ᠣᠯᠠᠨ ᠲᠦᠮᠡᠨ | ᠭᠦᠢᠴᠡᠳᠬᠡᠬᠦ ᠠᠷᠭ᠎ᠠ ᠵᠠᠮ ᠢᠶᠠᠨ ᠡᠵᠡᠨ ᠮᠡᠳᠡᠨ ᠰᠣᠩᠭᠤᠵᠤ᠂ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ᠂ | ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠲᠠᠪᠤ ᠳᠤ᠂ ᠦᠨᠡᠯᠡᠨ ᠵᠢᠱᠢᠯᠲᠡ ᠥᠷᠨᠢᠭᠦᠯᠬᠦ ᠶᠢ | ᠵᠢᠷᠤᠮᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠲᠠᠪᠴᠠᠩ᠂ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠭᠦᠢᠴᠡᠳ ᠠᠰᠢᠭᠯᠠᠨ᠂ ︽ᠰᠠᠶᠢᠨ ᠮᠠᠭᠤ ᠦᠨᠡᠯᠡᠯᠲᠡ︾ ᠶᠢᠨ | ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ | ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢ ᠠᠬᠢᠭᠤᠯᠬᠤ ᠲᠠᠯ᠎ᠠ ᠪᠠᠷ᠂ ᠨᠢᠭᠡ ᠳᠤ | ᠂ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠤᠨ᠎ᠠ᠃ ︽ᠨᠢᠭᠡ ᠬᠦᠰᠦᠨᠦᠭᠲᠦ ᠬᠠᠭᠤᠳᠠᠰᠤ︾ | ᠪᠠᠷ ᠭᠤᠶᠤᠴᠢᠯᠠᠬᠤ᠂ ︽ᠨᠢᠭᠡ ᠢᠵᠢ ᠮᠠᠲ᠋ᠧᠷᠢᠶᠠᠯ︾ ᠢ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠪᠥᠬᠦ ᠲᠠᠯ᠎ᠠ ᠪᠠᠷ | ᠬᠡᠷᠡᠭᠵᠢᠭᠦᠯᠵᠦ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ ᠲᠤᠰᠬᠠᠢ ᠣᠷᠣᠨ ᠢ ᠲᠠᠰ ᠳᠡᠪᠰᠢᠭᠦᠯᠦᠨ᠂ | ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠤᠰᠢᠶᠠᠬᠤ᠂ ᠴᠣᠩᠬᠤᠪᠴᠢ ᠶᠢᠨ ᠠᠵᠢᠯᠲᠠᠨ ᠤ ᠭᠥᠯᠢᠶᠡᠨ ᠠᠪᠴᠤ ᠰᠢᠢᠳᠪᠦᠷᠢᠯᠡᠬᠦ | ᠴᠢᠳᠠᠮᠵᠢ ᠶᠢ ᠪᠡᠶᠡᠯᠡᠭᠦᠯᠦᠨ᠎ᠡ᠃ ᠬᠤᠶᠠᠷ ᠲᠤ᠂ ︽ᠦᠨᠡᠮᠯᠡᠯ ᠦᠭᠡᠢ ᠪᠠᠷ ᠭᠦᠢᠴᠡᠳᠬᠡᠬᠦ︾ ᠦᠢᠯᠡᠴᠢᠯᠡᠭᠡ ᠶᠢ | ᠳᠡᠯᠭᠡᠷᠡᠭᠦᠯᠦᠨ᠎ᠡ᠃ ᠡᠯᠺᠲᠷᠣᠨ ᠦᠨᠡᠮᠯᠡᠯ ᠤᠨ ᠬᠡᠷᠡᠭᠯᠡᠭᠡᠨ ᠤ ᠬᠦᠷᠢᠶ᠎ᠡ ᠶᠢ ᠥᠷᠭᠡᠳᠬᠡᠬᠦ ᠶᠢ ᠠᠬᠢᠭᠤᠯᠵᠤ᠂ ᠡᠯᠺᠲᠷᠣᠨ | ᠦᠨᠡᠮᠯᠡᠯ ᠪᠣᠯᠣᠨ ᠴᠠᠭᠠᠰᠤᠨ ᠦᠨᠡᠮᠯᠡᠯ ᠤᠨ ᠠᠳᠠᠯᠢᠬᠠᠨ ᠬᠦᠴᠦᠨ ᠲᠠᠢ ᠪᠠᠶᠢᠬᠤ ᠶᠢ ᠲᠣᠳᠣᠷᠬᠠᠶᠢᠯᠠᠵᠤ᠂ ᠴᠤᠭᠯᠠᠭᠤᠯᠤᠭᠰᠠᠨ | ᠡᠯᠺᠲᠷᠣᠨᠦᠨᠡᠮᠯᠡᠯ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠤ ᠪᠣᠳᠠᠲᠠᠢ ᠦᠨᠡᠮᠯᠡᠯ | ᠲᠤᠰᠢᠶᠠᠬᠤ ᠠᠴᠠ ᠬᠡᠯᠲᠦᠷᠢᠭᠦᠯᠬᠦ ᠶᠢ ᠳᠡᠮᠵᠢᠨ᠎ᠡ᠃ ᠭᠤᠷᠪᠠ ᠳᠤ᠂ ︽ᠣᠶᠢᠷ᠎ᠠ ᠬᠠᠪᠢ ᠳᠤ ᠪᠠᠨ ᠭᠦᠢᠴᠡᠳᠬᠡᠬᠦ︾ ᠶᠢ | ᠶᠡᠭᠡ ᠪᠠᠷ ᠬᠡᠷᠡᠭᠵᠢᠭᠦᠯᠦᠨ᠎ᠡ᠃ ᠥᠪᠡᠰᠦᠪᠡᠨ ᠦᠢᠯᠡᠴᠢᠯᠡᠬᠦ ᠲᠡᠭᠦᠰᠬᠡᠯ ᠦᠵᠦᠭᠦᠷ ᠢ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶᠂ ᠬᠦᠷᠢᠶᠡᠯᠡᠩ ᠲᠣᠭᠤᠷᠢᠭ᠂ ᠬᠤᠳᠠᠯᠳᠤᠭᠠᠨ ᠤ ᠲᠠᠯᠠᠪᠤᠷ᠂ ᠠᠰᠠᠷ ᠲᠠᠭᠲᠤ ᠵᠡᠷᠭᠡ ᠲᠠᠯᠠᠪᠤᠷ ᠲᠡᠶᠢᠰᠢ | ᠳᠡᠯᠭᠡᠷᠡᠭᠦᠯᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ︽ᠣᠶᠢᠷ᠎ᠠ ᠬᠠᠪᠢ ᠳᠤ ᠪᠠᠨ ᠭᠦᠢᠴᠡᠳᠬᠡᠬᠦ᠂ | ᠡᠭᠦᠳᠡᠨ ᠡᠮᠦᠨ᠎ᠡ ᠪᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠵᠡᠷᠭᠡ ᠵᠦᠢᠯᠡᠰ ᠢ ᠨᠠᠶᠢᠳᠠᠨ ᠭᠥᠯᠢᠶᠡᠨ ᠠᠪᠴᠤ ᠰᠢᠢᠳᠪᠦᠷᠢᠯᠡᠬᠦ᠂ ᠡᠷᠬᠡ ᠣᠯᠭᠤᠵᠤ | ᠭᠦᠢᠴᠡᠳᠬᠡᠬᠦ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠵᠡᠷᠭᠡ ᠠᠷᠭ᠎ᠠ ᠪᠠᠷ ᠦᠨᠳᠦᠰᠦᠨ ᠱᠠᠲᠤᠨ ᠤ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠲᠤ ᠬᠦᠷᠴᠦ ᠭᠦᠢᠴᠡᠳᠬᠡᠬᠦ ᠶᠢ ᠠᠬᠢᠭᠤᠯᠤᠨ᠎ᠠ᠃ | ᠳᠥᠷᠪᠡ ᠳᠤ᠂ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠠᠬᠢᠭᠤᠯᠤᠨ᠎ᠠ᠃ | ᠠᠵᠤ ᠠᠬᠤᠶᠢᠯᠠᠯ ᠪᠠ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ᠂ ᠬᠤᠷᠤᠭᠤ ᠪᠠᠷ ᠢᠶᠠᠨ ᠭᠦᠢᠴᠡᠳᠬᠡᠬᠦ︾ ᠶᠢ ᠠᠬᠢᠭᠤᠯᠤᠨ᠎ᠠ᠃ ᠲᠠᠪᠤ ᠳᠤ | ᠂ ᠮᠡᠳᠡᠭᠳᠡᠵᠦ ᠠᠮᠠᠯᠠᠬᠤ ᠳᠦᠷᠢᠮ ᠪᠣᠯᠣᠨ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠵᠠᠭᠪᠤᠷ ᠢ | ᠬᠡᠷᠡᠭᠵᠢᠭᠦᠯᠦᠨ᠎ᠡ᠃ ᠮᠡᠳᠡᠭᠳᠡᠵᠦ ᠠᠮᠠᠯᠠᠬᠤ ᠳᠦᠷᠢᠮ ᠪᠠ ᠳᠤᠲᠠᠭᠤᠳᠠᠭᠰᠠᠨ ᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠶᠢ | ᠬᠡᠷᠡᠭᠯᠡᠵᠦ ᠪᠣᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠵᠦ᠂ ᠨᠡᠶᠢᠭᠡᠮ ᠳᠤ ᠨᠢᠭᠡᠳᠦᠯᠲᠡᠢ | ᠨᠡᠶᠢᠲᠡᠯᠡᠨ᠎ᠡ᠃ ᠵᠢᠷᠭᠤᠭ᠎ᠠ ᠳᠤ᠂ ᠣᠶᠤᠨᠴᠢᠯᠠᠭᠰᠠᠨ ᠣᠨᠣᠪᠴᠢᠲᠠᠢ ᠥᠪᠡᠷᠮᠢᠴᠡ ᠣᠨᠴᠠᠯᠢᠭ ᠪᠦᠬᠦᠢ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠦᠨ᠎ᠡ᠃ ︽ᠨᠢᠭᠡ ᠠᠵᠤ ᠠᠬᠤᠶᠢᠯᠠᠯ ᠳᠤ ᠨᠢᠭᠡ ᠲᠠᠩᠰᠠ ᠪᠠᠶᠢᠭᠤᠯᠬᠤ︾ ︽ᠨᠢᠭᠡ ᠬᠥᠮᠥᠨ ᠳᠤ | ᠨᠢᠭᠡ ᠲᠠᠩᠰᠠ ᠪᠠᠶᠢᠭᠤᠯᠬᠤ︾ ᠶᠢ ᠲᠡᠭᠦᠯᠳᠡᠷᠵᠢᠭᠦᠯᠵᠦ᠂ ᠬᠤᠶᠠᠷ ᠬᠡᠮᠵᠢᠯᠲᠦ ᠺᠣᠳ᠋᠂ ᠲᠣᠭᠠᠴᠢᠯᠠᠭᠰᠠᠨ ᠨᠡᠷ᠎ᠡ ᠶᠢᠨ | ᠬᠠᠭᠤᠳᠠᠰᠤ ᠵᠡᠷᠭᠡ ᠠᠬᠤᠢ ᠲᠠᠯᠠᠪᠠᠶ ᠶᠢᠨ ᠬᠡᠷᠡᠭᠯᠡᠯᠲᠡ ᠶᠢ ᠵᠢᠷᠤᠮᠵᠢᠭᠤᠯᠤᠨ ᠥᠷᠭᠡᠳᠬᠡᠵᠦ᠂ ᠥᠪᠡᠷᠮᠢᠴᠡ ᠨᠠᠷᠢᠯᠢᠭ | ᠣᠨᠣᠴᠠᠲᠠᠢ ᠦᠢᠯᠡᠴᠢᠯᠡᠭᠡ ᠶᠢ ᠪᠡᠶᠡᠯᠡᠭᠦᠯᠦᠨ᠎ᠡ᠃ ᠳᠣᠯᠤᠭ᠎ᠠ ᠳᠤ᠂ ᠲᠥᠬᠦᠮ ᠦᠵᠡᠭᠦᠯᠬᠦ ᠨᠡᠩ ᠣᠯᠠᠨ ᠦᠢᠯᠡᠴᠢᠯᠡᠭᠡ ᠶᠢ | ᠬᠠᠩᠭᠠᠨ᠎ᠠ᠃ ᠨᠡᠶᠢᠭᠡᠮ ᠤᠨ ᠦᠢᠯᠡᠴᠢᠯᠡᠭᠡ᠂ ᠨᠡᠶᠢᠭᠡᠮ ᠤᠨ ᠳᠠᠭᠠᠳᠬᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠣᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠭᠤᠣᠯᠳᠠᠯᠭ᠎ᠠ ᠲᠠᠢ ᠬᠦᠷᠢᠶᠡᠨ ᠳᠤ᠂ ︽ᠡᠷᠲᠡ | ᠣᠷᠣᠢ ᠬᠠᠷᠢᠮᠠᠬᠠᠢ ᠴᠢᠨᠠᠷᠲᠠᠢ ᠪᠠᠷ ᠭᠦᠢᠴᠡᠳᠬᠡᠬᠦ︾ ︽ᠦᠳᠡ ᠳᠤ ᠲᠠᠰᠤᠯᠳᠠᠭᠤᠯᠬᠤ ᠦᠭᠡᠢ︾ ︽ᠭᠠᠷᠠᠭ ᠤᠨ | ᠰᠡᠭᠦᠯᠴᠢ ᠳᠤ ᠠᠮᠠᠷᠠᠬᠤ ᠦᠭᠡᠢ︾ ᠵᠡᠷᠭᠡ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠵᠤ᠂ ᠨᠠᠰᠤᠲᠠᠶᠢᠴᠤᠳ᠂ | ᠵᠡᠮᠳᠡᠭᠴᠦᠳ ᠵᠡᠷᠭᠡ ᠣᠨᠴᠠᠭᠠᠢ ᠬᠥᠮᠥᠰ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃ | ︵ᠳᠥᠷᠪᠡ︶ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠡ ᠳᠤ᠂ ᠪᠥᠬᠦ ᠣᠷᠣᠨ ᠤ | ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ︾ 2.0 ᠲᠥᠷᠥᠯ ᠵᠦᠢᠯ ᠢ ᠬᠡᠷᠡᠭᠵᠢᠭᠦᠯᠵᠦ᠂ ︽ᠣᠶᠤᠨᠲᠤ ᠵᠠᠰᠠᠭ ᠤᠨ ᠶᠠᠪᠤᠳᠠᠯ︾ | ᠤᠨ ᠬᠡᠷᠡᠭᠯᠡᠭᠡᠨ ᠤ ᠰᠢᠰᠲ᠋ᠧᠮ ᠢ ᠪᠠᠶᠢᠭᠤᠯᠵᠤ᠂ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠲᠠᠢ | ᠪᠥᠬᠦ ᠲᠠᠯ᠎ᠠ ᠪᠠᠷ ᠵᠣᠯᠭᠠᠭᠤᠯᠤᠨ ᠠᠭᠤᠰᠤᠯᠴᠠᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠤᠷ | ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ | ᠲᠠᠪᠴᠠᠩ ᠤᠨ ᠤᠯᠠᠨ ᠨᠡᠶᠢᠲᠡ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠨᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ | ᠰᠦᠯᠵᠢᠶᠡᠨ ᠠᠴᠠ ᠭᠠᠳᠠᠨ᠎ᠠ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠬᠡᠷᠡᠭᠴᠡᠭᠡ ᠶᠢ ᠪᠥᠬᠦ ᠲᠠᠯ᠎ᠠ ᠪᠠᠷ | ᠲᠤᠯᠭᠠᠭᠤᠷᠢᠯᠠᠵᠤ᠂ ᠰᠢᠯᠵᠢᠮᠡᠯ ᠦᠵᠦᠭᠦᠷ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠂ ︽ᠶᠡᠷᠦᠩᠬᠡᠶᠢᠯᠡᠭᠰᠡᠨ | ᠨᠢᠭᠡ ᠴᠣᠩᠬᠤᠪᠴᠢ︾ ᠶᠢᠨ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠲᠠᠢ ᠵᠣᠯᠭᠠᠭᠤᠯᠵᠤ᠂ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠨ᠎ᠠ ᠶᠢ ᠠᠭᠤᠰᠤᠯᠴᠠᠭᠤᠯᠤᠭᠰᠠᠨ ᠦᠢᠯᠡᠴᠢᠯᠡᠭᠡᠨ ᠤ ᠵᠠᠭᠪᠤᠷ ᠢ ᠬᠠᠩᠭᠠᠨ᠎ᠠ᠃ ᠭᠤᠷᠪᠠ ᠳᠤ᠂ ᠲᠤᠭ᠎ᠠ | ᠪᠠᠷᠢᠮᠲᠠ ᠶᠢ ᠬᠠᠮᠲᠤ ᠳᠤ ᠪᠠᠨ ᠬᠦᠷᠲᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠬᠢᠭᠡᠳ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢ ᠭᠦᠨᠵᠡᠭᠡᠢ ᠵᠣᠯᠭᠠᠭᠤᠯᠬᠤ᠂ ᠳ᠋ᠠᠶᠢᠲ᠋ᠠ ᠶᠢ ᠬᠤᠣᠰ ᠴᠢᠭᠯᠡᠯ ᠢᠶᠠᠷ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ | | ᠭᠤᠷᠪᠠ᠂ ︽ᠬᠡᠷᠡᠭᠵᠢᠭᠦᠯᠬᠦ ᠰᠠᠨᠠᠯ︾ ᠳᠤ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠤᠢ︖ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠡᠩᠨᠡᠭᠡᠨ ᠤ ᠪᠠᠶᠢᠭᠤᠯᠤᠯᠲᠠ᠂ ᠬᠠᠤᠯᠢ ᠪᠠᠷ ᠵᠠᠰᠠᠬᠤ ᠪᠠᠲᠤᠯᠠᠭ᠎ᠠ᠂ | ᠬᠢᠨᠠᠨ ᠵᠢᠯᠤᠭᠤᠳᠴᠤ ᠰᠢᠯᠭᠠᠨ ᠦᠨᠡᠯᠡᠬᠦ᠂ ᠤᠬᠠᠭᠤᠯᠤᠨ ᠳᠡᠯᠭᠡᠷᠡᠭᠦᠯᠬᠦ ᠵᠡᠷᠭᠡ 5 ᠲᠠᠯ᠎ᠠ ᠠᠴᠠ ᠪᠣᠳᠠᠲᠠᠢ ᠠᠵᠢᠯ ᠤᠨ | ᠱᠠᠭᠠᠷᠳᠠᠯᠭ᠎ᠠ ᠳᠤᠷᠠᠳᠪᠠ᠃ ᠳᠡᠭᠡᠷ᠎ᠡ ᠳᠣᠣᠷ᠎ᠠ ᠱᠠᠲᠤ ᠶᠢ ᠬᠤᠯᠪᠣᠭᠰᠠᠨ᠂ ᠱᠠᠲᠤ ᠬᠤᠪᠢᠶᠠᠨ ᠬᠠᠷᠢᠭᠤᠴᠠᠭᠰᠠᠨ᠂ | ᠬᠠᠮᠵᠢᠯᠴᠠᠨ ᠬᠤᠯᠪᠣᠭᠠᠯᠠᠵᠤ ᠬᠥᠳᠡᠯᠦᠯᠴᠡᠭᠰᠡᠨ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠭᠲᠠᠯᠴᠠᠭ᠎ᠠ ᠶᠢ ᠪᠠᠶᠢᠭᠤᠯᠬᠤ ᠳᠤ ᠰᠠᠭᠤᠷᠢᠯᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠡᠵᠡᠩᠨᠡᠯᠲᠡ ᠬᠠᠮᠢᠶᠠᠷᠤᠯᠲᠠ ᠪᠠ ᠶᠡᠷᠦᠩᠬᠡᠶᠢᠯᠡᠭᠰᠡᠨ ᠴᠣᠩᠬᠤᠪᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠢ ᠮᠠᠨ ᠤ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ ᠠᠭᠤᠯᠭ᠎ᠠ ᠳᠤ ᠣᠷᠣᠭᠤᠯᠪᠠ᠃ |