ᠡᠮᠴᠢᠯᠡᠬᠡᠨ ᠤ ᠲᠠᠭᠠᠳᠬᠠᠯ ᠤᠨ ᠰᠦᠢᠳᠭᠡᠯ ᠲᠣᠰᠢᠶᠠᠬᠤ ᠪᠠᠷᠢᠮᠵᠢᠶ᠎ᠠ ᠳᠤ ᠲᠣᠬᠢᠷᠠᠭᠤᠯᠣᠯᠲᠠ ᠬᠢᠪᠡ
ᠨᠡᠶᠢᠲᠡᠯᠡᠭᠰᠡᠨ ᠴᠠᠭ᠄
2022/9/8
     ᠲᠦᠷᠦᠬᠦᠭᠡᠨ᠂ ᠤᠯᠤᠰ ᠤᠨ ᠡᠮᠴᠢᠯᠡᠬᠡᠨ ᠤ ᠪᠠᠲᠣᠯᠠᠭ᠎ᠠ  ᠎ ᠶᠢᠨ  ᠲᠣᠪᠴᠢᠶ᠎ᠠ  ᠎ ᠠᠴᠠ  ︽ᠤᠯᠤᠰ ᠤᠨ  ᠡᠮᠴᠢᠯᠡᠬᠡᠨ  ᠎ ᠤ ᠪᠠᠳᠣᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠣᠳᠠᠯ ᠎ ᠤᠨ  ᠶᠡᠷᠦᠩᠬᠡᠢ  ᠲᠣᠪᠴᠢᠶ᠎ᠠ ᠶᠢᠨ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠪᠠᠳᠣᠯᠠᠭ᠎ᠠ ᠶᠢᠨ ᠠᠵᠢᠯ  ᠎ ᠢ ᠰᠠᠶᠢᠲᠤᠷ ᠬᠢᠬᠦ ᠲᠤᠬᠠᠶ ᠮᠡᠳᠡᠭᠳᠡᠯ︾᠎ ᠢ ᠨᠡᠶᠢᠲᠡᠯᠡᠪᠡ᠃              ︽ᠮᠡᠳᠡᠭᠳᠡᠯ︾᠎ ᠳᠤ᠂  ᠡᠮᠴᠢᠯᠡᠬᠡᠨ  ᠎ ᠤ  ᠵᠠᠷᠤᠳᠠᠯ  ᠎ ᠤᠨ  ᠨᠡᠮᠡᠭᠳᠡᠯ  ᠪᠠ  ᠦᠨᠳᠦᠰᠦᠨ  ᠡᠮᠴᠢᠯᠡᠬᠡᠨ  ᠎ ᠤ  ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠬᠡᠨ ᠤ ᠳᠠᠭᠠᠳᠬᠠᠯ  ᠎ ᠤᠨ  ᠡᠷᠬᠡ  ᠠᠰᠢᠭ  ᠎ ᠢ ᠦᠨᠡᠨᠬᠦ ᠪᠠᠲᠤᠯᠠᠬᠤ ᠶᠢᠨ ᠲᠥᠯᠥᠭᠡ᠂ 2022 ᠣᠨ ᠳᠤ ᠬᠤᠲᠠ  ᠬᠥᠳᠡᠭᠡ  ᠎ ᠶᠢᠨ  ᠰᠠᠭᠤᠭᠠᠯᠢ  ᠠᠷᠠᠳ  ᠎ ᠤᠨ  ᠦᠨᠳᠦᠰᠦᠨ ᠡᠮᠴᠢᠯᠡᠬᠡᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃  ᠡᠬᠦᠨ  ᠎ ᠳᠤ᠂  ᠡᠯ᠎ᠡ ᠱᠠᠲᠤᠨ ᠤ ᠡᠳ᠋ ᠤᠨ ᠵᠠᠰᠠᠭ  ᠎ ᠠᠴᠠ  ᠰᠠᠭᠤᠭᠠᠯᠢ  ᠠᠷᠠᠳ ᠤᠨ  ᠡᠮᠴᠢᠯᠡᠬᠡᠨ  ᠎ ᠤ  ᠳᠠᠭᠠᠳᠬᠠᠯ  ᠎ ᠳᠤ  ᠣᠷᠣᠯᠴᠠᠵᠤ  ᠰᠦᠢᠳᠭᠡᠯ ᠲᠤᠰᠢᠶᠠᠬᠤ ᠳᠤ ᠨᠥᠬᠦᠪᠥᠷᠢ ᠥᠭᠬᠦ ᠡᠷᠴᠢᠮ ᠢᠶᠠᠨ ᠦᠷᠭᠦᠯᠵᠢᠯᠡᠨ  ᠴᠢᠩᠭᠠᠷᠠᠭᠤᠯᠵᠤ᠂  ᠬᠥᠮᠦᠨ  ᠪᠦᠷᠢ  ᠎ ᠳᠤ  ᠳᠤᠮᠳᠠᠴᠢ  ᠎ ᠪᠠᠷ ᠨᠣᠭᠳᠠᠬᠤ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 30 ᠲᠥᠭᠦᠷᠢᠭ ᠦᠰᠭᠡᠵᠦ᠂ ᠬᠥᠮᠦᠨ ᠪᠦᠷᠢ ᠶᠢᠨ ᠪᠠᠷᠢᠮᠵᠢᠶ᠎ᠠ ᠶᠢ ᠵᠢᠯ ᠳᠤ 610 ᠲᠥᠭᠦᠷᠢᠭ ᠠᠴᠠ ᠳᠣᠤᠷ᠎ᠠ ᠪᠠᠶᠢᠯᠭᠠᠬᠤ ᠪᠣᠯᠬᠤ ᠦᠬᠡᠢ᠂ ᠡᠬᠦᠨ ᠤ ᠬᠠᠮᠲᠣ ᠬᠤᠪᠢ ᠬᠥᠮᠦᠨ ᠤ  ᠰᠦᠢᠳᠭᠡᠯ ᠲᠤᠰᠢᠶᠠᠬᠤ ᠪᠠᠷᠢᠮᠵᠢᠶ᠎ᠠ ᠶᠢ ᠴᠦ 30 ᠲᠥᠭᠦᠷᠢᠭ ᠦᠰᠭᠡᠵᠦ᠂ ᠬᠥᠮᠦᠨ ᠪᠦᠷᠢ ᠶᠢᠨ  ᠰᠦᠢᠳᠭᠡᠯ  ᠲᠣᠰᠢᠶᠠᠬᠤ  ᠪᠠᠷᠢᠮᠵᠢᠶ᠎ᠠ  ᠎ ᠶᠢ ᠵᠢᠯ ᠳᠤ 350 ᠲᠥᠭᠦᠷᠢᠭ ᠲᠤ ᠬᠦᠷᠭᠡᠨ᠎ᠡ ᠭᠡᠵᠦ ᠲᠣᠭᠲᠠᠭᠠᠪᠠ᠃            
 
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号